ᠤᠯᠤᠰ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠰᠤᠷᠠᠭ ᠵᠠᠩᠭᠢ ᠵᠢᠨ ᠲᠠᠪᠴᠠᠩ᠎ᠤᠨ 《 ᠰᠣᠷᠠᠭ ᠵᠠᠩᠭᠢ ᠵᠢᠨ ᠰᠢᠰᠲ᠋ᠧᠮ᠎ᠤᠨ ᠲᠠᠮᠪᠤᠷᠠᠯᠠᠴᠠ ᠰᠡᠷᠬᠦᠭᠡᠬᠦ ᠲᠥᠷᠢᠮᠵᠢᠯ》᠎ᠤᠨ GB/T20988-2007 ᠪᠦᠲᠦᠭᠡᠨ ᠪᠠᠢ᠌ᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ᠂ 2023 ᠣᠨ᠎ᠤ 1 ᠳ᠋ᠦ᠍ᠭᠡᠷ ᠰᠠᠷ᠎ᠠ ᠵᠢᠨ 6᠎ᠤ ᠡᠳᠦᠷ (ᠭᠠᠷᠠᠭ᠎ᠤᠨ ᠲᠠᠪᠤᠨ)᠎ᠤᠨ 21 ᠴᠠᠭ᠎ᠠᠴᠠ 2023 ᠣᠨ᠎ᠤ 1 ᠳ᠋ᠦ᠍ᠭᠡᠷ ᠰᠠᠷ᠎ᠠ ᠵᠢᠨ 7᠎ᠤ ᠡᠳᠦᠷ (ᠭᠠᠷᠠᠭ᠎ᠤᠨ ᠵᠢᠷᠭᠤᠭ᠋ᠠᠨ)᠎ᠤᠨ 7 ᠴᠠᠭ ᠪᠣᠯᠲᠠᠯ᠎ᠠ ᠭᠣᠣᠯ ᠪᠡᠯᠡᠳᠬᠡᠯ ᠲᠣᠭ᠎ᠠ ᠪᠠᠷᠢᠮᠲᠠ ᠵᠢᠨ ᠲᠥᠪ ᠳᠠᠮᠪᠤᠷᠠᠯᠢ ᠠᠷᠭ᠋ᠠᠴᠠᠭ᠋ᠠᠬᠤ ᠰᠣᠷᠢᠯᠲᠠ ᠬᠢᠬᠦ᠎ᠪᠠᠷ ᠲᠣᠭᠲᠠᠪᠠ᠃ ᠰᠣᠷᠢᠯᠲᠠ ᠵᠢᠨ ᠬᠤᠭᠤᠴᠠᠭ᠋ᠠᠨ᠎ᠳᠤ ᠡᠮ ᠡᠮᠨᠡᠯᠭᠡ ᠵᠢᠨ ᠳᠠᠭ᠋ᠠᠳᠬᠠᠯ᠎ᠤᠨ ᠰᠤᠷᠠᠭ ᠵᠠᠩᠭᠢ ᠵᠢᠨ ᠲᠠᠪᠴᠠᠩ᠎ᠤᠨ ᠠᠵᠢᠯᠯᠠᠭ᠎ᠠ ᠵᠢ ᠲᠦᠷ ᠵᠣᠭᠰᠣᠭ᠋ᠠᠵᠤ᠂ ᠪᠣᠶ ᠪᠦᠬᠦᠢ ᠡᠮ ᠡᠮᠨᠡᠯᠭᠡ ᠵᠢᠨ ᠳᠠᠭ᠋ᠠᠳᠬᠠᠯ᠎ᠤᠨ ᠲᠤᠬᠠᠢ᠌ᠯᠠᠭᠰᠠᠨ ᠠᠵᠢᠯ (ᠪᠥᠬᠥ ᠣᠷᠣᠨ᠎ᠤ ᠪᠣᠶ ᠪᠦᠬᠦᠢ ᠡᠮ ᠡᠮᠨᠡᠯᠭᠡ ᠵᠢᠨ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠲᠤᠬᠠᠢ᠌ᠯᠠᠭᠰᠠᠨ ᠠᠵᠢᠯ᠂ ᠡᠮ ᠡᠮᠨᠡᠯᠭᠡ ᠵᠢᠨ ᠳᠠᠭ᠋ᠠᠳᠬᠠᠯ᠎ᠤᠨ ᠺᠠᠷᠲ ᠬᠡᠷᠡᠭᠯᠡᠬᠦ᠂ ᠡᠯᠧᠺᠲᠷᠣᠨ ᠡᠮ ᠡᠮᠨᠡᠯᠭᠡ ᠵᠢᠨ ᠳᠠᠭ᠋ᠠᠳᠬᠠᠯ᠎ᠤᠨ ᠭᠡᠷᠡᠴᠢ ᠪᠠᠷᠢᠮᠲᠠ ᠵᠢ ᠬᠡᠷᠡᠭᠯᠡᠬᠦ᠂ ᠡᠮᠨᠡᠯᠭᠡ᠎ᠠᠴᠠ ᠭᠠᠷᠬᠤ ᠪᠠ ᠡᠮᠨᠡᠯᠭᠡ᠎ᠳᠤ ᠣᠷᠣᠬᠤ ᠵᠢ ᠳᠠᠩᠰᠠᠯᠠᠬᠤ᠂ ᠣᠨᠳᠣᠣ ᠭᠠᠵᠠᠷ᠎ᠲᠤ ᠡᠮᠴᠢᠯᠡᠬᠦᠯᠵᠦ ᠰᠦᠯᠵᠢᠶ᠎ᠡ᠎ᠪᠠᠷ ᠳᠠᠩᠰᠠ ᠴᠠᠢ᠌ᠷᠠᠭᠤᠯᠬᠤ ᠵᠡᠷᠭᠡ) ᠤᠨ ᠦᠢ᠍ᠯᠡᠴᠢᠯᠡᠭᠡ ᠵᠢ ᠲᠦᠷ ᠵᠤᠭᠰᠤᠭ᠋ᠠᠨ᠎ᠠ᠃ 2023 ᠣᠨ᠎ᠤ 1 ᠳ᠋ᠦ᠍ᠭᠡᠷ ᠰᠠᠷ᠎ᠠ ᠵᠢᠨ 7᠎ᠤ ᠡᠳᠦᠷ (ᠭᠠᠷᠠᠭ᠎ᠤᠨ ᠵᠢᠷᠭᠤᠭ᠋ᠠᠨ)᠎ᠤᠨ 7 ᠴᠠᠭ᠎ᠲᠤ ᠡᠮ ᠡᠮᠨᠡᠯᠭᠡ ᠵᠢᠨ ᠳᠠᠭ᠋ᠠᠳᠬᠠᠯ᠎ᠤᠨ ᠰᠤᠷᠠᠭ ᠵᠠᠩᠭᠢ ᠵᠢᠨ ᠲᠠᠪᠴᠠᠩ ᠬᠡᠪ᠎ᠤᠨ ᠪᠠᠢ᠌ᠳᠠᠯ ᠵᠶ᠋ᠠᠨ ᠰᠡᠷᠭᠦᠭᠡᠨ᠎ᠡ ᠃ ᠡᠯ᠎ᠡ ᠵᠦᠢ᠍ᠯ᠎ᠤᠨ ᠲᠤᠬᠠᠢ᠌ᠯᠠᠭᠰᠠᠨ ᠠᠵᠢᠯ᠎ᠢ ᠲᠦᠷ ᠵᠤᠭᠰᠤᠭ᠋ᠠᠭᠰᠠᠨ ᠬᠤᠭᠤᠴᠠᠭ᠋ᠠᠨ ᠳᠠᠬᠢ ᠠᠪᠴᠢᠷᠠᠭᠰᠠᠨ ᠶᠠᠷᠰᠢᠭ ᠲᠦᠪᠡᠭ᠎ᠢ ᠠᠭᠤᠴᠢᠯᠠᠬᠤ ᠪᠣᠯᠪᠠᠤ᠃