《 ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠮᠴᠢᠯᠡᠭᠡᠨ᠎ᠤ ᠳᠠᠭ᠋ᠠᠳᠬᠠᠯ᠎ᠤᠨ ᠡᠷᠬᠢᠯᠡᠨ ᠭᠦᠢ᠍ᠴᠡᠳᠭᠡᠬᠦ ᠵᠦᠢ᠍ᠯᠡᠰ᠎ᠢ ᠠᠶ᠋ᠢᠮᠠᠭ ᠬᠤᠲᠠ᠎ᠳᠤ ᠡᠷᠬᠡ ᠣᠯᠭᠣᠨ ᠳᠠᠭ᠋ᠠᠭ᠋ᠠᠯᠭ᠋ᠠᠨ ᠭᠦᠢ᠍ᠴᠡᠳᠬᠡᠯᠭᠡᠬᠦ ᠲᠤᠬᠠᠶ ᠮᠡᠳᠡᠭᠳᠡᠯ》 (ᠦᠪᠦᠷ ᠮᠣᠩᠭᠤᠯ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠠᠯᠪᠠᠨ᠎ᠤ [ 2022 ] 22 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠠᠴᠠ ᠡᠮᠴᠢᠯᠡᠭᠡᠨ᠎ᠤ ᠪᠠᠶ᠋ᠢᠭᠤᠯᠤᠮᠵᠢ ᠵᠢᠨ ᠲᠣᠭᠲᠠᠭ᠋ᠠᠭᠰᠠᠨ ᠡᠮᠨᠡᠯᠭᠡ ᠵᠢᠨ ᠴᠡᠭ ᠵᠶ᠋ᠡᠷ ᠵᠥᠪᠯᠡᠨ ᠬᠠᠮᠢᠶᠠᠷᠬᠤ ᠪᠠ ᠵᠢᠵᠢᠭᠯᠡᠨ ᠬᠤᠳᠠᠯᠳᠤᠬᠤ ᠲᠣᠭᠲᠠᠭ᠋ᠠᠭᠰᠠᠨ ᠡᠮ᠎ᠤᠨ ᠳᠡᠯᠭᠡᠭᠦᠷ᠎ᠤᠨ ᠵᠥᠪᠯᠡᠨ ᠬᠠᠮᠢᠶᠠᠷᠬᠤ ᠵᠢ ᠭᠤᠶᠤᠴᠢᠯᠠᠭᠰᠠᠨ ᠵᠦᠢ᠍ᠯᠡᠰ᠎ᠢ ᠬᠥᠬᠡᠬᠤᠲᠠ ᠵᠢᠨ ᠡᠮᠴᠢᠯᠡᠭᠡᠨ᠎ᠤ ᠳᠠᠭ᠋ᠠᠳᠬᠠᠯ᠎ᠤᠨ ᠡᠷᠬᠢᠯᠡᠨ ᠭᠦᠢ᠍ᠴᠡᠳᠭᠡᠬᠦ ᠰᠠᠯᠠᠭ᠎ᠠ ᠮᠥᠴᠢᠷ᠎ᠲᠤ ᠳᠠᠭ᠋ᠠᠭ᠋ᠠᠯᠭ᠋ᠠᠨ ᠭᠦᠢ᠍ᠴᠡᠳᠭᠡᠯᠭᠡᠵᠦ᠂ ᠳᠠᠬᠢᠨ ᠬᠢᠨᠠᠨ ᠬᠠᠷᠭᠤᠭᠤᠯᠬᠤ ᠵᠢ ᠲᠤᠰᠠᠭ᠋ᠠᠷ ᠭᠥᠯᠢᠶᠡᠨ ᠠᠪᠬᠤ ᠦᠭᠡᠢ᠃
ᠬᠥᠬᠡᠬᠤᠲᠠ ᠵᠢᠨ ᠲᠣᠭᠲᠠᠭᠰᠠᠨ ᠴᠡᠭ᠎ᠤᠨ ᠬᠡᠪᠴᠢᠶᠡᠨ᠎ᠳᠠᠬᠢ ᠡᠮ ᠡᠮᠨᠡᠯᠭᠡ ᠵᠢᠨ ᠪᠠᠢ᠍ᠭᠤᠯᠤᠮᠵᠢ᠎ᠳᠤ ᠨᠢᠭᠡᠨᠲᠡ ᠣᠷᠣᠭᠤᠯᠤᠭᠰᠠᠨ ᠪᠠᠢ᠌ᠪᠠᠯ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠲᠣᠭᠲᠠᠭᠰᠠᠨ ᠴᠢᠭ᠎ᠲᠤ ᠬᠠᠮᠢᠶᠠᠷᠤᠭᠤᠯᠬᠤ᠎ᠪᠠᠷ ᠭᠤᠶᠤᠴᠢᠯᠠᠬᠤ ᠭᠡᠪᠡᠯ᠂ ᠬᠥᠬᠡᠬᠤᠲᠠ ᠵᠢᠨ ᠬᠠᠮᠢᠶ᠎ᠠ ᠪᠥᠬᠦᠶ ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠬᠡᠯᠡᠯᠴᠡᠭᠡᠷ ᠵᠶ᠋ᠡᠷ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠬᠡᠯᠡᠯᠴᠡᠭᠡᠷ ᠲᠣᠭᠲᠠᠵᠤ᠂ ᠲᠣᠭᠲᠠᠭᠰᠠᠨ ᠴᠡᠭ᠎ᠤᠨ ᠬᠡᠪᠴᠢᠶᠡᠨ᠎ᠳᠤ ᠰᠢᠭᠤᠳ ᠣᠷᠣᠭᠤᠯᠵᠤ᠂ ᠬᠠᠮᠢᠶ᠎ᠠ ᠪᠥᠬᠦᠶ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠪᠠ ᠲᠤᠬᠠᠶ ᠵᠢᠨ ᠭᠠᠵᠠᠷ᠎ᠲᠤᠨᠢ ᠰᠢᠯᠭ᠋ᠠᠨ ᠬᠤᠷᠢᠶᠠᠬᠤ ᠴᠢᠬᠤᠯᠠ ᠥᠬᠡᠶ᠃
ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠥᠪᠳᠡᠯᠴᠡᠬᠡᠷ᠎ᠨᠢ ᠰᠦᠯᠵᠢᠶᠡᠨ ᠳᠡᠭᠡᠷ᠎ᠡ ᠭᠠᠷᠤᠨ ᠥᠰᠥᠭ ᠵᠢᠷᠤᠬᠤ ᠠᠷᠭ᠎ᠠ ᠮᠠᠶᠢᠭ᠎ᠢ ᠠᠪᠴᠤ᠂ ᠡᠯ᠎ᠡ ᠡᠮ ᠡᠮᠨᠡᠯᠭᠡ ᠵᠢᠨ ᠪᠠᠢ᠍ᠭᠤᠯᠤᠮᠵᠢ᠎ᠨᠢ 《ᠲᠣᠭᠲᠠᠭ᠋ᠠᠭᠰᠠᠨ ᠡᠮ ᠡᠮᠨᠡᠯᠭᠡ ᠵᠢᠨ ᠪᠠᠢ᠍ᠭᠤᠯᠤᠮᠵᠢ ᠵᠢᠨ ᠭᠤᠶᠤᠴᠢᠯᠠᠨ ᠮᠡᠳᠡᠭᠦᠯᠬᠦ ᠠᠵᠢᠯᠯᠠᠭ᠋ᠠᠨ᠎ᠤ ᠶᠠᠪᠤᠴᠠ》 ᠵᠢ ᠨᠠᠷᠢᠨ ᠬᠢᠨᠠᠮᠠᠭ᠋ᠠᠶ ᠵᠢᠷᠤᠮᠯᠠᠨ ᠠᠵᠢᠯᠯᠠᠭᠤᠯᠵᠤ᠂ ᠨᠢᠭᠡᠳᠦᠯᠲᠡᠶ ᠲᠥᠯᠥᠪᠯᠡᠬᠦ ᠣᠷᠣᠨ᠎ᠢ 《ᠥᠪᠡᠷᠲᠡᠭᠡᠨ ᠵᠠᠰᠠᠬᠤ ᠣᠷᠣᠨ ᠣᠷᠣᠨ᠎ᠤ ᠲᠣᠰ ᠱᠠᠲᠤ》 ᠵᠢ ᠰᠣᠩᠭᠤᠵᠤ᠂ ᠵᠥᠪᠯᠡᠯᠴᠡᠭᠡᠷ᠎ᠤᠨ ᠲᠥᠷᠥᠯ ᠬᠡᠯᠪᠡᠷᠢ ᠵᠢ ᠪᠣᠳᠠᠲᠠᠶ ᠪᠠᠨ ᠦᠨᠳᠦᠰᠦᠯᠡᠨ ᠰᠣᠩᠭᠤᠨ᠂ ᠰᠦᠯᠵᠢᠶᠡᠨ᠎ᠳᠤ ᠳᠠᠮᠵᠢᠭᠤᠯᠬᠤ ᠦᠶ᠎ᠡ᠎ᠳᠤ ᠬᠥᠬᠡᠬᠤᠲᠠ ᠵᠢᠨ ᠡᠮ ᠡᠮᠨᠡᠯᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡᠨ᠎ᠤ ᠬᠡᠯᠡᠯᠴᠡᠭᠡᠷ ᠵᠶ᠋ᠠᠨ ᠬᠠᠮᠲᠤᠳᠤᠨᠢ ᠳᠠᠮᠵᠢᠭᠤᠯᠬᠤ ᠬᠡᠷᠡᠭᠲᠡᠶ᠃
ᠯᠠᠪᠯᠠᠬᠤ ᠤᠲᠠᠰᠤ᠄ 6606240
ᠳᠠᠭ᠋ᠠᠯᠳᠤᠭᠤᠯᠤᠯ᠄ 《ᠲᠣᠭᠲᠠᠭ᠋ᠠᠭᠰᠠᠨ ᠡᠮ ᠡᠮᠨᠡᠯᠭᠡ ᠵᠢᠨ ᠪᠠᠢ᠍ᠭᠤᠯᠤᠮᠵᠢ ᠵᠢᠨ ᠭᠤᠶᠤᠴᠢᠯᠠᠨ ᠮᠡᠳᠡᠭᠦᠯᠬᠦ ᠠᠵᠢᠯᠯᠠᠭ᠋ᠠᠨ᠎ᠤ ᠶᠠᠪᠤᠴᠠ》
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡᠨ᠎ᠤ ᠲᠦᠪ
2023 ᠣᠨ᠎ᠤ3 ᠳ᠋ᠤᠭ᠋ᠠᠷ ᠰᠠᠷ᠎ᠠ ᠵᠢᠨ1᠎ᠤ ᠡᠳᠦᠷ