ᠡᠯ᠎ᠡ ᠠᠢ᠌ᠮᠠᠭ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠳᠤ᠄
《 ᠤᠯᠤᠰ᠎ᠠᠴᠠ ᠵᠣᠬᠢᠶᠠᠨ ᠪᠠᠢ᠌ᠭᠤᠯᠤᠭᠰᠠᠨ ᠲᠢᠲᠢᠮᠯᠢᠭ ᠰᠤᠳᠠᠯ᠎ᠤᠨ ᠲᠤᠯᠤᠭ᠋ᠠᠰᠤ ᠵᠢ ᠲᠣᠭᠲᠠᠭᠰᠠᠨ ᠬᠡᠮᠵᠢᠶ᠎ᠡ᠎ᠪᠠᠷ ᠲᠥᠪᠯᠡᠷᠡᠭᠦᠯᠦᠨ ᠬᠤᠳᠠᠯᠳᠤᠨ ᠠᠪᠬᠤ ᠵᠥᠪᠯᠡᠯᠴᠡᠭᠡᠷ᠎ᠤᠨ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ ᠦᠷᠭᠦᠯᠵᠢᠯᠡᠨ ᠬᠤᠳᠠᠯᠳᠤᠨ ᠠᠪᠬᠤ ᠪᠢᠴᠢᠭ ᠮᠠᠲ᠋ᠧᠷᠢᠶᠠᠯ》 (ᠳ᠋ᠤᠭ᠋ᠠᠷ᠄ GH-HD2022-2)᠎ᠤᠨ ᠬᠠᠮᠢᠶ᠎ᠠ ᠪᠥᠬᠥᠶ ᠲᠣᠭᠲᠠᠭ᠋ᠠᠯ᠎ᠢ ᠦᠨᠳᠦᠰᠦᠯᠡᠨ᠂ ᠡᠳᠦᠭᠡ ᠮᠠᠨ᠎ᠤ ᠣᠷᠣᠨ᠎ᠤ ᠤᠯᠤᠰ᠎ᠠᠴᠠ ᠵᠣᠬᠢᠶᠠᠨ ᠪᠠᠢ᠌ᠭᠤᠯᠤᠭᠰᠠᠨ ᠲᠢᠲᠢᠮᠯᠢᠭ ᠰᠤᠳᠠᠯ᠎ᠤᠨ ᠲᠤᠯᠤᠭ᠋ᠠᠰᠤ ᠵᠢ ᠲᠣᠭᠲᠠᠭᠰᠠᠨ ᠬᠡᠮᠵᠢᠶ᠎ᠡ᠎ᠪᠠᠷ ᠲᠥᠪᠯᠡᠷᠡᠭᠦᠯᠦᠨ ᠬᠤᠳᠠᠯᠳᠤᠨ ᠠᠪᠬᠤ ᠬᠤᠭᠤᠴᠠᠭ᠎ᠠ ᠳᠠᠭᠤᠰᠤᠭ᠋ᠠᠳ ᠦᠷᠭᠦᠯᠵᠢᠯᠡᠨ ᠰᠣᠩᠭᠣᠭᠳᠠᠭᠰᠠᠨ ᠦᠷ᠎ᠡ ᠳ᠋ᠦᠩ᠎ᠢ ᠬᠡᠷᠡᠭᠵᠢᠭᠦᠯᠬᠦ ᠬᠣᠯᠪᠣᠭᠳᠠᠯ ᠪᠥᠬᠥᠶ ᠵᠦᠢᠯᠡᠰ᠎ᠢ ᠳᠣᠤᠷᠠᠬᠢ ᠮᠡᠲᠦ ᠮᠡᠳᠡᠭᠳᠡᠶ᠎ᠡ᠄
ᠨᠢᠭᠡ᠂ ᠬᠡᠷᠡᠭᠵᠢᠭᠦᠯᠬᠦ ᠬᠡᠪᠴᠢᠶ᠎ᠡ ᠪᠠ ᠭᠦᠢ᠍ᠴᠡᠳᠬᠡᠬᠦ ᠴᠠᠭ ᠬᠤᠭᠤᠴᠠᠭ᠎ᠠ
(ᠨᠢᠭᠡ) ᠬᠡᠷᠡᠭᠵᠢᠭᠦᠯᠬᠦ ᠬᠡᠪᠴᠢᠶ᠎ᠡ᠄ ᠠᠯᠪᠠᠨ᠎ᠠᠴᠠ ᠪᠠᠢ᠌ᠭᠤᠯᠤᠭᠰᠠᠨ ᠪᠤᠶ ᠪᠦᠬᠦᠢ ᠡᠮᠴᠢᠯᠡᠭᠡᠨ᠎ᠤ ᠪᠠᠢ᠌ᠭᠤᠯᠤᠮᠵᠢ (ᠴᠡᠷᠢᠭ ᠠᠩᠭᠢ ᠵᠢᠨ ᠡᠮᠴᠢᠯᠡᠭᠡᠨ᠎ᠤ ᠪᠠᠢ᠌ᠭᠤᠯᠤᠮᠵᠢ ᠵᠢ ᠪᠠᠭᠲᠠᠭ᠋ᠠᠨ᠎ᠠ᠂ ᠳᠣᠷᠣᠭᠰᠢ ᠪᠠᠰᠠ ᠠᠳᠠᠯᠢ) ᠪᠣᠯᠤᠨ ᠡᠮᠨᠡᠯᠭᠡ ᠵᠢᠨ ᠳᠠᠭ᠋ᠠᠳᠬᠠᠯ᠎ᠤᠨ ᠲᠣᠭᠲᠠᠭ᠋ᠠᠭᠰᠠᠨ ᠨᠡᠢ᠌ᠭᠡᠮ᠎ᠤᠨ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ᠃
(ᠬᠣᠶᠠᠷ) ᠰᠣᠩᠭᠣᠭᠳᠠᠭᠰᠠᠨ ᠦᠷ᠎ᠡ ᠳ᠋ᠦᠩ᠄ 《ᠤᠯᠤᠰ᠎ᠠᠴᠠ ᠵᠣᠬᠢᠶᠠᠨ ᠪᠠᠢ᠌ᠭᠤᠯᠤᠭᠰᠠᠨ ᠲᠢᠲᠢᠮᠯᠢᠭ ᠰᠤᠳᠠᠯ᠎ᠤᠨ ᠲᠤᠯᠤᠭ᠋ᠠᠰᠤ ᠵᠢ ᠲᠣᠭᠲᠠᠭᠰᠠᠨ ᠬᠡᠮᠵᠢᠶ᠎ᠡ᠎ᠪᠠᠷ ᠲᠥᠪᠯᠡᠷᠡᠭᠦᠯᠦᠨ ᠬᠤᠳᠠᠯᠳᠤᠨ ᠠᠪᠬᠤ ᠬᠤᠭᠤᠴᠠᠭ᠎ᠠ ᠳᠠᠭᠤᠰᠤᠭ᠋ᠠᠳ ᠦᠷᠭᠦᠯᠵᠢᠯᠡᠨ ᠰᠣᠩᠭᠣᠭᠳᠠᠭᠰᠠᠨ ᠦᠢ᠍ᠯᠡᠳᠬᠦᠨ᠎ᠤ ᠨᠡᠷᠡᠰ ᠵᠢᠴᠢ ᠦᠨ᠎ᠡ 》 (ᠳᠠᠭ᠋ᠠᠯᠳᠤᠭᠤᠯᠤᠯ ᠮᠠᠲ᠋ᠧᠷᠢᠶᠠᠯ᠎ᠠᠴᠠ ᠦᠵᠡ) ᠃
(ᠭᠤᠷᠪᠠ) ᠬᠡᠷᠡᠭᠵᠢᠭᠦᠯᠬᠦ ᠴᠠᠭ᠄ 2023 ᠣᠨ᠎ᠤ 2 ᠳ᠋ᠤᠭ᠋ᠠᠷ ᠰᠠᠷ᠎ᠠ ᠵᠢᠨ 15᠎ᠤ ᠡᠳᠦᠷ᠎ᠤᠨ ᠲᠡᠭ ᠴᠠᠭ ᠠᠴᠠ᠃
(ᠲᠦᠷᠪᠡ) ᠬᠤᠳᠠᠯᠳᠤᠨ ᠠᠪᠬᠤ ᠦᠶᠡᠯᠡᠯ᠄ ᠬᠤᠳᠠᠯᠳᠤᠨ ᠠᠪᠬᠤ ᠦᠶᠡᠯᠡᠯ᠎ᠨᠢ 3 ᠵᠢᠯ᠃ ᠬᠤᠳᠠᠯᠳᠤᠨ ᠠᠪᠬᠤ ᠦᠶᠡᠯᠡᠯ᠎ᠤᠨ ᠬᠤᠭᠤᠴᠠᠭ᠋ᠠᠨ᠎ᠳᠤ ᠵᠢᠯ ᠪᠦᠷᠢ ᠬᠤᠳᠠᠯᠳᠤᠨ ᠠᠪᠬᠤ ᠬᠡᠯᠡᠯᠴᠡᠭᠡᠷ ᠲᠣᠭᠲᠠᠭ᠋ᠠᠨ᠎ᠠ᠃
ᠬᠣᠶᠠᠷ᠂ ᠬᠤᠳᠠᠯᠳᠤᠨ ᠠᠪᠬᠤ ᠪᠠ ᠬᠡᠷᠡᠭᠯᠡᠬᠦ
ᠦᠢ᠍ᠯᠡᠳᠪᠦᠷᠢᠯᠡᠬᠦ ᠠᠵᠤ ᠠᠬᠤᠢ᠌ᠯᠠᠯ᠎ᠠᠴᠠ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ ᠵᠶ᠋ᠠᠨ ᠡᠵᠡᠨ ᠮᠡᠳᠡᠨ ᠰᠣᠩᠭᠣᠨ ᠲᠣᠭᠲᠠᠭ᠋ᠠᠬᠤ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠡᠮᠴᠢᠯᠡᠭᠡᠨ᠎ᠤ ᠪᠠᠢ᠌ᠭᠤᠯᠤᠮᠵᠢ᠂ ᠰᠣᠩᠭᠣᠭᠳᠠᠭᠰᠠᠨ ᠠᠵᠤ ᠠᠬᠤᠢ᠌ᠯᠠᠯ ᠪᠣᠯᠤᠨ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ ᠭᠤᠷᠪᠠᠨ ᠲᠠᠯ᠎ᠠ᠎ᠪᠠᠷ ᠵᠶ᠋ᠠᠨ ᠬᠤᠳᠠᠯᠳᠤᠨ ᠠᠪᠬᠤ ᠪᠠ ᠪᠣᠷᠣᠯᠠᠭᠤᠯᠬᠤ ᠵᠥᠪᠯᠡᠯᠴᠡᠭᠡᠷ ᠲᠣᠭᠲᠠᠬᠤ ᠬᠡᠷᠡᠭᠲᠡᠶ ᠃ ᠡᠮᠴᠢᠯᠡᠭᠡᠨ᠎ᠤ ᠪᠠᠢ᠌ᠭᠤᠯᠤᠮᠵᠢ ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶ᠎ᠡ᠎ᠪᠠᠨ ᠪᠡᠶᠡᠯᠡᠭᠦᠯᠦᠭᠰᠡᠨ᠎ᠤ ᠳᠠᠷᠠᠭ᠎ᠠ ᠮᠥᠨ ᠬᠦ᠌ ᠰᠣᠩᠭᠣᠭᠳᠠᠭᠰᠠᠨ ᠲᠥᠷᠥᠯ ᠵᠦᠢᠯ᠎ᠢ ᠤᠷᠢᠳᠠᠪᠠᠷ ᠬᠡᠷᠡᠭᠯᠡᠬᠦ ᠬᠡᠷᠡᠭᠲᠡᠶ᠃ ᠬᠤᠳᠠᠯᠳᠤᠨ ᠠᠪᠬᠤ ᠦᠶᠡᠯᠡᠯ᠎ᠤᠨ ᠬᠤᠭᠤᠴᠠᠭ᠋ᠠᠨ᠎ᠳᠤ᠂ ᠡᠮᠴᠢᠯᠡᠭᠡᠨ᠎ᠤ ᠪᠠᠢ᠌ᠭᠤᠯᠤᠮᠵᠢ᠎ᠨᠢ ᠳᠠᠭ᠋ᠠᠯᠲᠠ ᠦᠢᠯᠡᠴᠢᠯᠡᠭᠡᠨ᠎ᠤ ᠦᠨ᠎ᠡ ᠬᠠᠩᠰᠢ ᠵᠢᠨ ᠶᠣᠰᠣᠭ᠋ᠠᠷ ᠬᠤᠳᠠᠯᠳᠤᠨ ᠠᠪᠬᠤ᠂ ᠬᠡᠷᠡᠭᠯᠡᠬᠦ ᠪᠠ ᠪᠣᠷᠣᠯᠠᠭᠤᠯᠵᠤ᠂ ᠡᠪᠡᠳᠴᠢᠲᠡᠨ᠎ᠳᠤ ᠳᠠᠭ᠋ᠠᠯᠲᠠ ᠦᠢᠯᠡᠴᠢᠯᠡᠭᠡᠨ᠎ᠤ ᠦᠨ᠎ᠡ ᠬᠠᠩᠰᠢ ᠶᠣᠰᠣᠭ᠋ᠠᠷ ᠳ᠋ᠦᠩᠨᠡᠨ ᠪᠤᠳᠤᠬᠤ ᠬᠡᠷᠡᠭᠲᠡᠶ᠃ ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠢ᠎ᠡ᠎ᠠᠴᠠ ᠬᠡᠲᠦᠷᠡᠭᠰᠡᠨ ᠬᠡᠰᠡᠭ᠎ᠢ ᠠᠵᠤ ᠠᠬᠤᠢ᠌ᠯᠠᠯ ᠮᠥᠨ ᠯᠡ ᠰᠣᠩᠭᠣᠭᠳᠠᠭᠰᠠᠨ ᠦᠨ᠎ᠡ᠎ᠪᠠᠷ ᠬᠠᠩᠭ᠋ᠠᠬᠤ ᠬᠡᠷᠡᠭᠲᠡᠢ᠂ ᠲᠡᠪᠴᠢᠬᠦ ᠪᠤᠶᠤ ᠲᠦᠯᠬᠢᠯᠴᠡᠵᠦ ᠪᠣᠯᠬᠤ ᠦᠭᠡᠢ᠂ ᠬᠤᠳᠠᠯᠳᠤᠨ ᠠᠪᠬᠤ ᠦᠶᠡᠯᠡᠯ᠎ᠤᠨ ᠬᠤᠭᠤᠴᠠᠭ᠎ᠠ ᠳᠦᠭᠦᠷᠬᠦ ᠬᠠᠩᠭ᠋ᠠᠨ᠎ᠠ ᠃ ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶᠡᠨ ᠳᠣᠲᠣᠷᠠᠬᠢ ᠦᠢ᠍ᠯᠡᠳᠬᠦᠨ᠎ᠢ ᠠᠵᠤ ᠠᠬᠤᠢ᠌ᠯᠠᠯ᠎ᠤᠨ ᠰᠢᠯᠲᠠᠭ᠋ᠠᠨ᠎ᠠᠴᠠ ᠪᠣᠯᠵᠤ ᠴᠠᠭ ᠲᠤᠬᠠᠶ᠎ᠳᠤᠨᠢ ᠲᠣᠬᠢᠷᠠᠭᠤᠯᠤᠨ ᠬᠦᠷᠭᠡᠵᠦ ᠳᠡᠢ᠌ᠯᠬᠦ ᠦᠭᠡᠢ᠎ᠠᠴᠠ ᠡᠮᠴᠢᠯᠡᠭᠡᠨ᠎ᠳᠤ ᠬᠡᠷᠡᠭᠯᠡᠬᠦ ᠵᠢ ᠨᠥᠯᠥᠭᠡᠯᠡᠪᠡᠯ᠂ ᠡᠮᠴᠢᠯᠡᠭᠡᠨ᠎ᠤ ᠪᠠᠢ᠌ᠭᠤᠯᠤᠮᠵᠢ᠎ᠨᠢ ᠰᠣᠩᠭᠣᠭᠳᠠᠭᠰᠠᠨ ᠠᠵᠤ ᠠᠬᠤᠢ᠌ᠯᠠᠯ᠎ᠯᠤᠭ᠎ᠠ ᠭᠦᠢ᠍ᠴᠡᠳ ᠨᠡᠪᠲᠡᠷᠡᠯᠴᠡᠭᠰᠡᠨᠤ ᠳᠠᠷᠠᠭ᠎ᠠ᠂ ᠦᠨ᠎ᠡ ᠬᠠᠩᠰᠢ᠎ᠨᠢ ᠲᠣᠬᠢᠷᠠᠮᠵᠢᠲᠠᠶ ᠪᠤᠰᠤᠳ ᠰᠣᠩᠭᠣᠭᠳᠠᠭᠰᠠᠨ ᠦᠢ᠍ᠯᠡᠳᠬᠦᠨ᠎ᠢ ᠲᠦᠷ ᠴᠠᠭ ᠰᠣᠩᠭᠣᠵᠤ ᠪᠣᠯᠤᠨ᠎ᠠ᠃ ᠠᠯᠢ ᠨᠢᠭᠡ ᠲᠠᠯ᠎ᠠ᠎ᠨᠢ ᠴᠦ᠍ ᠭᠡᠳ ᠵᠠᠷᠤᠳᠠᠯ᠎ᠤᠨ ᠬᠢᠵᠠᠭ᠋ᠠᠷᠯᠠᠯ᠂ ᠬᠡᠷᠡᠭᠯᠡᠬᠦ ᠦᠢ᠍ᠯᠡᠳᠬᠦᠨ᠎ᠤ ᠬᠡᠪ ᠪᠠᠷᠢᠮᠵᠢᠶ᠎ᠠ ᠪᠠ ᠲᠣᠭ᠎ᠠ ᠬᠡᠮᠵᠢᠶᠡᠨ᠎ᠤ ᠬᠢᠵᠠᠭ᠋ᠠᠷᠯᠠᠯ ᠵᠢᠴᠢ ᠲᠤᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠤᠨ ᠲᠠᠩᠰᠠ ᠪᠠᠢ᠌ᠭᠤᠯᠬᠤ ᠵᠡᠷᠭᠡ᠎ᠪᠠᠷ ᠰᠢᠯᠲᠠᠭ ᠪᠣᠯᠭ᠋ᠠᠵᠤ ᠰᠣᠩᠭᠣᠭᠳᠠᠭᠰᠠᠨ ᠦᠢ᠍ᠯᠡᠳᠬᠦᠨ᠎ᠢ ᠬᠤᠳᠠᠯᠳᠤᠨ ᠠᠪᠬᠤ ᠪᠠ ᠬᠡᠷᠡᠭᠯᠡᠬᠦ ᠵᠢ ᠨᠥᠯᠥᠭᠡᠯᠡᠵᠦ ᠪᠣᠯᠬᠤ ᠦᠭᠡᠢ᠃ ᠰᠣᠩᠭᠣᠭᠳᠠᠭᠰᠠᠨ ᠦᠢᠯᠡᠳᠬᠦᠨ᠎ᠢ ᠥᠪᠡᠷᠲᠡᠭᠡᠨ ᠵᠠᠰᠠᠬᠤ ᠣᠷᠣᠨ᠎ᠠᠴᠠ ᠰᠦᠯᠵᠢᠶᠡᠨ ᠳᠡᠭᠡᠷ᠎ᠡ ᠨᠡᠮᠡᠵᠦ ᠨᠥᠬᠥᠪᠥᠷᠢᠯᠡᠬᠦ ᠵᠢ ᠨᠢᠭᠡᠳᠦᠯᠲᠡᠶ ᠶᠠᠪᠤᠭᠳᠠᠭᠤᠯᠬᠤ ᠵᠢᠨ ᠬᠠᠮᠲᠤ ᠰᠣᠩᠭᠣᠭᠳᠠᠭᠰᠠᠨ ᠦᠨ᠎ᠡ ᠬᠠᠩᠰᠢ᠎ᠪᠠᠷ ᠬᠤᠳᠠᠯᠳᠤᠨ ᠠᠪᠴᠤ ᠬᠡᠷᠡᠭᠯᠡᠨ᠂ ᠰᠣᠩᠭᠣᠭᠳᠠᠭᠰᠠᠨ ᠥᠬᠡᠶ ᠦᠢᠯᠡᠳᠬᠦᠨ᠎ᠢ ᠮᠥᠨ ᠬᠦ᠌ ᠣᠲᠣ ᠵᠢᠨ ᠬᠡᠷᠡᠭᠵᠢᠭᠦᠯᠵᠦ ᠪᠠᠢ᠌ᠭ᠎ᠠ ᠰᠦᠯᠵᠢᠶᠡᠨ᠎ᠳᠤ ᠡᠯᠭᠦᠬᠦ ᠲᠦᠷᠢᠮ ᠶᠣᠰᠣᠭ᠋ᠠᠷ ᠠᠵᠤ ᠠᠬᠤᠢ᠌ᠯᠠᠯ᠎ᠠᠴᠠ ᠰᠦᠯᠵᠢᠶᠡᠨ᠎ᠳᠤ ᠭᠠᠷᠭ᠋ᠠᠨ᠎ᠠ᠃
ᠡᠯ᠎ᠡ ᠰᠣᠩᠭᠣᠭᠳᠠᠭᠰᠠᠨ ᠠᠵᠤ ᠠᠬᠤᠢ᠌ᠯᠠᠯ᠂ ᠡᠮᠴᠢᠯᠡᠭᠡᠨ᠎ᠤ ᠪᠠᠢ᠌ᠭᠤᠯᠤᠮᠵᠢ ᠪᠠ ᠳᠣᠭᠢᠷᠠᠭᠤᠯᠤᠨ ᠬᠦᠷᠭᠡᠬᠦ ᠠᠵᠤ ᠠᠬᠤᠢ᠌ᠯᠠᠯ᠎ᠨᠢ ᠥᠪᠥᠷ ᠮᠣᠩᠭᠣᠯ᠎ᠤᠨ ᠡᠮᠴᠢᠯᠡᠭᠡᠨ᠎ᠤ ᠳᠠᠭ᠋ᠠᠳᠬᠠᠯ᠎ᠤᠨ ᠮᠡᠳᠡᠭᠡ ᠵᠠᠩᠭᠢ ᠵᠢᠨ ᠲᠠᠪᠴᠠᠩ᠎ᠤᠨ ᠬᠣᠷᠣᠭᠳᠠᠯ ᠮᠠᠲ᠋ᠧᠷᠢᠶᠠᠯ ᠳᠠᠭ᠋ᠠᠭ᠋ᠠᠴᠢᠯᠠᠨ ᠬᠤᠳᠠᠯᠳᠤᠨ ᠠᠪᠬᠤ ᠬᠠᠮᠢᠶᠠᠷᠤᠯᠲᠠ ᠵᠢᠨ ᠬᠤᠪᠢᠶᠠᠷᠢ ᠰᠢᠰᠲ᠋ᠧᠮ᠎ᠳᠤ ᠨᠡᠪᠲᠡᠷᠡᠨ ᠂ ᠳᠣᠭᠢᠷᠠᠭᠤᠯᠤᠨ ᠬᠦᠷᠭᠡᠬᠦ ᠬᠠᠷᠢᠴᠠᠭ᠎ᠠ ᠵᠢ ᠨᠤᠲᠠᠯᠠᠬᠤ ᠪᠠ ᠭᠤᠷᠪᠠᠨ ᠲᠠᠯ᠎ᠠ᠎ᠪᠠᠷ ᠵᠶ᠋ᠠᠨ ᠬᠡᠯᠡᠯᠴᠡᠭᠡᠷ ᠲᠣᠭᠲᠠᠬᠤ ᠠᠵᠢᠯ᠎ᠢ ᠲᠣᠭᠲᠠᠭᠰᠠᠨ ᠴᠠᠭ ᠬᠤᠭᠤᠴᠠᠭ᠋ᠠᠨ᠎ᠳᠤ ᠪᠡᠶᠡᠯᠡᠭᠦᠯᠵᠦ ᠪᠣᠯᠤᠨ᠎ᠠ᠃ ᠡᠯ᠎ᠡ ᠲᠠᠯ᠎ᠠ ᠵᠢᠨ᠎ᠬᠢᠨ ᠬᠤᠳᠠᠯᠳᠤᠨ ᠠᠪᠬᠤ ᠭᠡᠷ᠎ᠡ ᠵᠢ ᠴᠢᠩᠭ᠎ᠠ ᠭᠦᠢ᠍ᠴᠡᠳᠬᠡᠬᠦ ᠬᠡᠷᠡᠭᠲᠡᠢ᠂ ᠭᠡᠷ᠎ᠡ ᠵᠢᠨ ᠮᠥᠨ ᠴᠢᠨᠠᠷ᠎ᠤᠨ ᠠᠭᠤᠯᠭ᠎ᠠ᠎ᠠᠴᠠ ᠵᠥᠷᠢᠴᠡᠭᠰᠡᠨ ᠪᠤᠰᠤᠳ ᠭᠡᠷ᠎ᠡ ᠵᠢ ᠳᠠᠬᠢᠨ ᠲᠣᠭᠲᠠᠭ᠋ᠠᠬᠤ ᠪᠤᠶᠤ ᠭᠡᠷ᠎ᠡ᠎ᠠᠴᠠ ᠭᠠᠳᠠᠨᠠᠬᠢ ᠶᠠᠮᠠᠷᠪᠠ ᠠᠰᠢᠭ ᠲᠤᠰᠠ ᠵᠢᠨ ᠴᠢᠨᠠᠷᠲᠠᠢ ᠱᠠᠭ᠋ᠠᠷᠳᠠᠯᠭ᠎ᠠ ᠳᠤᠷᠠᠳᠴᠤ ᠪᠣᠯᠬᠤ ᠦᠭᠡᠢ᠃
ᠭᠤᠷᠪᠠ᠂ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠲᠥᠷᠥ ᠵᠢᠨ ᠪᠣᠳᠣᠯᠭ᠎ᠠ ᠵᠢᠨ ᠵᠣᠯᠭ᠋ᠠᠯᠲᠠ ᠵᠢ ᠰᠠᠢ᠌ᠲᠤᠷ ᠬᠢᠬᠦ ᠬᠡᠷᠡᠭᠲᠡᠶ
ᠤᠯᠤᠰ᠎ᠠᠴᠠ ᠵᠣᠬᠢᠶᠠᠨ ᠪᠠᠢ᠌ᠭᠤᠯᠤᠭᠰᠠᠨ ᠲᠢᠲᠢᠮᠯᠢᠭ ᠰᠤᠳᠠᠯ᠎ᠤᠨ ᠲᠤᠯᠤᠭ᠋ᠠᠰᠤ ᠵᠢ ᠲᠣᠭᠲᠠᠭᠰᠠᠨ ᠬᠡᠮᠵᠢᠶ᠎ᠡ᠎ᠪᠠᠷ ᠲᠥᠪᠯᠡᠷᠡᠭᠦᠯᠦᠨ ᠬᠤᠳᠠᠯᠳᠤᠨ ᠠᠪᠬᠤ᠎ᠳᠤ ᠰᠣᠩᠭᠣᠭᠰᠠᠨ ᠦᠢᠯᠡᠳᠬᠦᠨ᠎ᠨᠢ ᠰᠣᠩᠭᠣᠭᠳᠠᠭᠰᠠᠨ ᠦᠨ᠎ᠡ ( ᠳᠠᠭ᠋ᠠᠯᠲᠠ ᠦᠢᠯᠡᠴᠢᠯᠡᠭᠡᠨ᠎ᠤ ᠦᠨ᠎ᠡ ᠬᠠᠩᠰᠢ ᠪᠠᠭᠲᠠᠨ᠎ᠠ)᠎ᠪᠠᠷ ᠲᠣᠭ᠋ᠠᠴᠠᠭ᠎ᠠ ᠬᠢᠬᠦ ᠪᠠᠷᠢᠮᠵᠢᠶ᠎ᠠ ᠪᠣᠯᠭ᠋ᠠᠵᠤ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠵᠢᠨ ᠲᠣᠭ᠋ᠠᠴᠠᠭ᠎ᠠ ᠬᠢᠬᠦ ᠬᠡᠪᠴᠢᠶᠡᠨ᠎ᠳᠤ ᠪᠥᠬᠥ ᠲᠣᠭ᠎ᠠ᠎ᠪᠠᠷ᠎ᠨᠢ ᠣᠷᠣᠭᠤᠯᠵᠤ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠵᠢ ᠲᠣᠭᠲᠠᠭ᠋ᠠᠭᠰᠠᠨ ᠬᠠᠷᠢᠴᠠᠯ ᠶᠣᠰᠣᠭ᠋ᠠᠷ ᠲᠣᠭ᠋ᠠᠴᠠᠭ᠎ᠠ ᠬᠢᠨ᠎ᠠ᠃ ᠰᠣᠩᠭᠣᠭᠳᠠᠭᠰᠠᠨ ᠦᠢᠯᠡᠳᠬᠦᠨ᠎ᠠᠴᠠ ᠪᠤᠰᠤᠳ ᠲᠢᠲᠢᠮᠯᠢᠭ ᠰᠤᠳᠠᠯ᠎ᠤᠨ ᠲᠤᠯᠤᠭ᠋ᠠᠰᠤᠨᠢ ᠮᠠᠨ᠎ᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠵᠢᠨ ᠲᠣᠭ᠋ᠠᠴᠠᠭ᠎ᠠ ᠬᠢᠬᠦ ᠬᠡᠪᠴᠢᠶᠡᠨ᠎ᠳᠤ ᠬᠠᠷᠢᠶᠠᠯᠠᠭᠳᠠᠪᠠᠯ᠂ ᠪᠣᠳᠠᠲᠠᠶ ᠠᠷᠠᠯᠵᠢᠶᠠᠯᠠᠭᠰᠠᠨ ᠦᠨ᠎ᠡ ᠬᠠᠩᠰᠢ ᠵᠢ ᠦᠨᠳᠦᠰᠦᠯᠡᠨ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠪᠠᠷᠢᠮᠵᠢᠶ᠎ᠠ ᠵᠢ ᠵᠦᠶ ᠵᠣᠬᠢᠰᠲᠠᠶ ᠲᠣᠭᠲᠠᠭ᠋ᠠᠵᠤ᠂ 3 ᠵᠢᠯ᠎ᠤᠨ ᠳᠣᠲᠣᠷ᠎ᠠ ᠲᠣᠭ᠋ᠠᠴᠠᠭ᠎ᠠ ᠬᠢᠬᠦ ᠪᠠᠷᠢᠮᠵᠢᠶ᠎ᠠ᠎ᠳᠤ ᠠᠯᠬᠤᠮ ᠠᠯᠬᠤᠮ ᠵᠶ᠋ᠠᠷ ᠲᠣᠬᠢᠷᠠᠭᠤᠯᠤᠯᠲᠠ ᠬᠢᠵᠦ᠂ ᠲᠡᠭᠦᠨ᠎ᠢ ᠬᠠᠮᠤᠭ᠎ᠤᠨ ᠥᠨᠳᠥᠷ ᠰᠣᠩᠭᠣᠭᠳᠠᠭᠰᠠᠨ ᠦᠨ᠎ᠡ᠎ᠠᠴᠠ ᠬᠡᠲᠦᠷᠡᠭᠦᠯᠬᠦ ᠥᠬᠡᠶ ᠪᠠᠢ᠌ᠯᠭ᠋ᠠᠨ᠎ᠠ᠃ ᠡᠯ᠎ᠡ ᠭᠠᠵᠠᠷ᠎ᠤᠨ᠎ᠬᠢᠨ ᠰᠣᠩᠭᠣᠭᠳᠠᠭᠰᠠᠨ ᠦᠢᠯᠡᠳᠬᠦᠨ᠎ᠤ ᠰᠣᠩᠭᠣᠭᠳᠠᠭᠰᠠᠨ ᠦᠨ᠎ᠡ ᠬᠠᠩᠰᠢ ᠵᠢ ᠦᠨᠳᠦᠰᠦᠯᠡᠨ᠂ ᠡᠯ᠎ᠡ ᠡᠮᠴᠢᠯᠡᠭᠡᠨ᠎ᠤ ᠪᠠᠢ᠌ᠭᠤᠯᠤᠮᠵᠢ ᠬᠢᠭᠡᠳ ᠠᠵᠤ ᠠᠬᠤᠢ᠌ᠯᠠᠯ᠎ᠯᠤᠭ᠎ᠠ ᠵᠥᠪᠳᠡᠯᠴᠡᠨ ᠪᠣᠯᠵᠣᠨ ᠲᠣᠭᠲᠠᠭᠰᠠᠨ ᠬᠤᠳᠠᠯᠳᠤᠨ ᠠᠪᠬᠤ ᠦᠢᠯᠡᠳᠬᠦᠨ ᠵᠢᠴᠢ ᠲᠣᠭ᠎ᠠ ᠬᠡᠮᠵᠢᠶ᠎ᠡ ᠵᠢ ᠦᠨᠳᠦᠰᠦᠯᠡᠨ᠂ ᠵᠥᠪᠳᠡᠯᠴᠡᠨ ᠬᠤᠳᠠᠯᠳᠤᠨ ᠠᠪᠬᠤ ᠵᠣᠭᠣᠰ᠎ᠤᠨ ᠲᠣᠭ᠎ᠠ ᠵᠢ ᠴᠠᠭ ᠲᠤᠬᠠᠶ᠎ᠳᠤᠨᠢ ᠲᠥᠰᠦᠭᠡᠯᠡᠨ ᠪᠤᠳᠤᠬᠤ ᠬᠡᠷᠡᠭᠲᠡᠶ᠃ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠵᠢᠨ ᠶᠡᠷᠦᠩᠬᠡᠶ ᠲᠣᠭ᠎ᠠ ᠵᠢᠨ ᠲᠥᠰᠦᠪ᠎ᠤᠨ ᠬᠠᠮᠢᠶᠠᠷᠤᠯᠲᠠ ᠵᠢᠨ ᠰᠠᠭᠤᠷᠢᠨ ᠳᠡᠭᠡᠷ᠎ᠡ᠂ ᠤᠷᠢᠳᠴᠢᠯᠠᠨ ᠥᠭᠬᠦ ᠲᠣᠭᠲᠠᠴᠠ ᠵᠢ ᠪᠠᠢ᠌ᠭᠤᠯᠵᠤ᠂ ᠡᠮᠴᠢᠯᠡᠭᠡᠨ᠎ᠤ ᠪᠠᠢ᠌ᠭᠤᠯᠤᠮᠵᠢ ᠬᠢᠭᠡᠳ ᠰᠣᠩᠭᠣᠭᠳᠠᠭᠰᠠᠨ ᠠᠵᠤ ᠠᠬᠤᠢ᠌ᠯᠠᠯ᠎ᠨᠢ ᠬᠤᠳᠠᠯᠳᠤᠨ ᠠᠪᠬᠤ ᠵᠥᠪᠯᠡᠯᠴᠡᠭᠡᠷ ᠲᠣᠭᠲᠠᠭᠰᠠᠨ᠎ᠤ ᠳᠠᠷᠠᠭ᠎ᠠ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠵᠢ ᠣᠨ᠎ᠤ ᠵᠥᠪᠳᠡᠯᠴᠡᠬᠡᠷ᠎ᠤᠨ ᠬᠤᠳᠠᠯᠳᠤᠨ ᠠᠪᠬᠤ ᠵᠣᠭᠣᠰ᠎ᠤᠨ ᠲᠣᠭ᠎ᠠ ᠵᠢᠨ 30 %᠎ᠠᠴᠠ ᠳᠣᠤᠷ᠎ᠠ ᠪᠠᠢ᠌ᠯᠭ᠋ᠠᠬᠤ ᠥᠬᠡᠶ᠎ᠪᠠᠷ ᠡᠮᠴᠢᠯᠡᠭᠡᠨ᠎ᠤ ᠪᠠᠢ᠌ᠭᠤᠯᠤᠮᠵᠢ᠎ᠳᠤ ᠤᠷᠢᠳᠴᠢᠯᠠᠨ ᠥᠭᠭᠦᠨ᠎ᠡ᠃ ᠡᠮᠴᠢᠯᠡᠭᠡᠨ᠎ᠤ ᠪᠠᠢ᠌ᠭᠤᠯᠤᠮᠵᠢ᠎ᠨᠢ ᠪᠠᠷᠠᠭ᠋ᠠᠨ᠎ᠤ ᠵᠣᠭᠣᠰ᠎ᠢ ᠥᠭᠬᠦ ᠬᠠᠷᠢᠭᠤᠴᠠᠯᠭ᠎ᠠ ᠵᠢᠨ ᠭᠣᠣᠯ ᠴᠣᠭᠴᠠ ᠪᠣᠯᠤᠭᠰᠠᠨ᠎ᠤ ᠬᠤᠪᠢ᠎ᠳᠤ᠂ ᠠᠵᠤ ᠠᠬᠤᠢ᠌ᠯᠠᠯ᠎ᠯᠤᠭ᠎ᠠ ᠪᠠᠷᠠᠭ᠋ᠠᠨ᠎ᠤ ᠵᠣᠭᠣᠰ᠎ᠢ ᠴᠠᠭ ᠲᠤᠬᠠᠶ᠎ᠳᠤᠨᠢ ᠳ᠋ᠦᠩᠨᠡᠨ ᠪᠣᠳᠣᠵᠤ᠂ ᠳ᠋ᠦᠩᠨᠡᠨ ᠪᠣᠳᠣᠵᠤ ᠳᠠᠭᠤᠰᠬᠠᠬᠤ ᠴᠠᠭ᠎ᠢ ᠪᠠᠷᠠᠭ᠎ᠠ ᠲᠤᠰᠢᠶᠠᠵᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ᠎ᠤ ᠳᠠᠷᠠᠭ᠎ᠠ ᠰᠠᠷ᠎ᠠ ᠵᠢᠨ ᠰᠡᠭᠦᠯᠴᠢ᠎ᠠᠴᠠ ᠬᠡᠲᠦᠷᠡᠭᠦᠯᠵᠦ ᠪᠣᠯᠬᠤ ᠦᠭᠡᠶ᠃
ᠳᠥᠷᠪᠡ᠂ ᠡᠮᠴᠢᠯᠡᠭᠡᠨ᠎ᠤ ᠳᠠᠭ᠋ᠠᠳᠬᠠᠯ᠎ᠤᠨ ᠪᠠᠯᠠ ᠮᠥᠩᠭᠥ ᠵᠢᠨ ᠦᠯᠡᠳᠡᠪᠦᠷᠢ ᠵᠢ ᠦᠯᠡᠳᠡᠭᠡᠨ ᠬᠡᠷᠡᠭᠯᠡᠬᠦ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ᠎ᠠ
ᠡᠯ᠎ᠡ ᠭᠠᠵᠠᠷ᠎ᠤᠳ ᠥᠪᠡᠷᠲᠡᠭᠡᠨ ᠵᠠᠰᠠᠬᠤ ᠣᠷᠣᠨ᠎ᠤ ᠤᠯᠤᠰ᠎ᠠᠴᠠ ᠵᠣᠬᠢᠶᠠᠨ ᠪᠠᠢ᠌ᠭᠤᠯᠤᠨ ᠲᠥᠪᠯᠡᠷᠡᠭᠦᠯᠦᠨ ᠬᠤᠳᠠᠯᠳᠤᠨ ᠠᠪᠬᠤ ᠡᠮᠴᠢᠯᠡᠭᠡᠨ᠎ᠤ ᠳᠠᠭ᠋ᠠᠳᠬᠠᠯ᠎ᠤᠨ ᠪᠠᠯᠠ ᠮᠥᠩᠭᠥ ᠵᠢᠨ ᠦᠯᠡᠳᠡᠪᠦᠷᠢ ᠵᠢ ᠦᠯᠡᠳᠡᠭᠡᠨ ᠬᠡᠷᠡᠭᠯᠡᠬᠦ ᠵᠢ ᠨᠠᠢ᠌ᠳᠠᠪᠤᠷᠢᠵᠢᠭᠤᠯᠤᠭᠰᠠᠨ ᠬᠣᠯᠪᠣᠭᠳᠠᠯ ᠪᠥᠬᠥᠶ ᠠᠷᠭ᠎ᠠ ᠬᠢᠳᠡᠯ ᠵᠶ᠋ᠡᠷ ᠯᠠᠪᠯᠠᠯᠲᠠ ᠪᠣᠯᠭ᠋ᠠᠵᠤ᠂ ᠡᠮᠴᠢᠯᠡᠭᠡᠨ᠎ᠤ ᠳᠠᠭ᠋ᠠᠳᠬᠠᠯ᠎ᠤᠨ ᠪᠠᠯᠠ ᠮᠥᠩᠭᠥ ᠵᠢᠨ ᠦᠯᠡᠳᠡᠪᠦᠷᠢ ᠵᠢ ᠦᠯᠡᠳᠡᠭᠡᠨ ᠬᠡᠷᠡᠭᠯᠡᠬᠦ ᠲᠦᠷᠢᠮ᠎ᠢ ᠲᠡᠭᠦᠯᠳᠡᠷᠵᠢᠭᠦᠯᠬᠦ ᠵᠢᠨ ᠬᠠᠮᠲᠤ᠂ ᠡᠮᠴᠢᠯᠡᠭᠡᠨ᠎ᠤ ᠪᠠᠢ᠌ᠭᠤᠯᠤᠮᠵᠢ ᠵᠢ ᠵᠢᠯᠣᠭᠣᠳᠤᠨ ᠲᠢᠲᠢᠮᠯᠢᠭ ᠰᠤᠳᠠᠯ᠎ᠤᠨ ᠲᠤᠯᠤᠭ᠋ᠠᠰᠤ ᠵᠢᠨ ᠦᠯᠡᠳᠡᠪᠦᠷᠢ ᠵᠢ ᠦᠯᠡᠳᠡᠭᠡᠨ ᠬᠡᠷᠡᠭᠯᠡᠬᠦ ᠳᠣᠲᠣᠭ᠋ᠠᠳᠤ ᠵᠢᠨ ᠰᠢᠯᠭ᠋ᠠᠨ ᠬᠢᠨᠠᠬᠤ ᠠᠷᠭ᠎ᠠ ᠵᠢ ᠲᠡᠭᠦᠯᠳᠡᠷᠵᠢᠭᠦᠯᠵᠦ᠂ ᠤᠷᠮᠠᠰᠢᠭᠤᠯᠬᠤ ᠲᠥᠷᠥ ᠵᠢᠨ ᠪᠣᠳᠣᠯᠭ᠎ᠠ ᠵᠢ ᠡᠮᠨᠡᠯᠭᠡ ᠵᠢᠨ ᠠᠵᠢᠯᠲᠠᠨ᠎ᠳᠤ ᠳᠠᠮᠵᠢᠭᠤᠯᠵᠤ᠂ ᠡᠮᠨᠡᠯᠭᠡ ᠵᠢᠨ ᠠᠵᠢᠯᠲᠠᠨ᠎ᠤ ᠵᠦᠶ ᠵᠣᠬᠢᠰᠲᠠᠶ᠂ ᠵᠢᠷᠤᠮᠵᠢᠯ᠎ᠲᠠᠢ᠂ ᠤᠷᠢᠳᠠᠪᠠᠷ ᠰᠣᠩᠭᠣᠭᠳᠠᠭᠰᠠᠨ ᠦᠢᠯᠡᠳᠬᠦᠨ᠎ᠢ ᠬᠡᠷᠡᠭᠯᠡᠬᠦ ᠵᠢ ᠵᠣᠷᠢᠭᠵᠢᠭᠤᠯᠤᠨ᠎ᠠ᠃
ᠲᠠᠪᠤ᠂ ᠲᠣᠭᠲᠠᠭᠤᠨ ᠪᠥᠭᠡᠳ ᠡᠮᠬᠢ ᠵᠢᠷᠤᠮ᠎ᠲᠠᠢ ᠨᠠᠢ᠌ᠳᠠᠪᠤᠷᠢᠵᠢᠭᠤᠯᠬᠤ ᠵᠢ ᠦᠨᠡᠨᠬᠦ ᠪᠠᠲᠤᠯᠠᠨ᠎ᠠ
( ᠨᠢᠭᠡ) ᠡᠯ᠎ᠡ ᠭᠠᠵᠠᠷ᠎ᠤᠨ᠎ᠬᠢᠨ ᠲᠥᠪᠯᠡᠷᠡᠭᠦᠯᠦᠨ ᠬᠡᠮᠵᠢᠶ᠎ᠡ ᠲᠣᠭᠲᠠᠭ᠋ᠠᠵᠤ ᠬᠤᠳᠠᠯᠳᠤᠨ ᠠᠪᠬᠤ ᠪᠠ ᠬᠡᠷᠡᠭᠯᠡᠬᠦ ᠵᠢᠨ ᠴᠢᠬᠤᠯᠠ ᠠᠴᠢ ᠬᠣᠯᠪᠣᠭᠳᠠᠯ᠎ᠢ ᠭᠦᠨᠵᠡᠭᠡᠶ ᠲᠠᠨᠢᠵᠤ᠂ ᠬᠠᠷᠢᠭᠤᠴᠠᠯᠭ᠋ᠠᠲᠤ ᠰᠡᠳᠬᠢᠯᠭᠡ᠂ ᠡᠭᠦᠷᠭᠡᠲᠦ ᠪᠣᠳᠣᠯ ᠵᠶ᠋ᠠᠨ ᠴᠢᠩᠭ᠋ᠠᠷᠠᠭᠤᠯᠤᠨ᠂ ᠵᠣᠬᠢᠶᠠᠨ ᠪᠠᠢ᠌ᠭᠤᠯᠤᠨ ᠤᠳᠤᠷᠢᠳᠬᠤ᠎ᠪᠠᠨ ᠦᠨᠡᠨᠬᠦ ᠴᠢᠩᠭ᠋ᠠᠳᠬᠠᠵᠤ᠂ ᠬᠠᠮᠢᠶ᠎ᠠ ᠪᠥᠬᠥᠶ ᠢᠵᠢ ᠪᠥᠷᠢᠳᠦᠭᠦᠯᠬᠦ ᠠᠷᠭ᠎ᠠ ᠬᠡᠮᠵᠢᠶ᠎ᠡ ᠵᠢ ᠰᠠᠢ᠌ᠲᠤᠷ ᠨᠠᠢ᠌ᠳᠠᠪᠤᠷᠢᠵᠢᠭᠤᠯᠤᠨ᠂ ᠲᠢᠲᠢᠮᠯᠢᠭ ᠰᠤᠳᠠᠯ᠎ᠤᠨ ᠲᠤᠯᠤᠭ᠋ᠠᠰᠤ ᠵᠢ ᠲᠥᠪᠯᠡᠷᠡᠭᠦᠯᠦᠨ ᠬᠤᠳᠠᠯᠳᠤᠨ ᠠᠪᠬᠤ ᠬᠤᠭᠤᠴᠠᠭ᠎ᠠ ᠳᠠᠭᠤᠰᠤᠭ᠋ᠠᠳ ᠵᠠᠯᠭ᠋ᠠᠨ ᠰᠣᠩᠭᠣᠭᠳᠠᠭᠰᠠᠨ ᠦᠷ᠎ᠡ ᠳ᠋ᠦᠩ᠎ᠢ ᠪᠣᠳᠠᠲᠠᠢ᠌ᠵᠢᠭᠤᠯᠤᠨ ᠬᠡᠷᠡᠭᠵᠢᠭᠦᠯᠬᠦ ᠵᠢ ᠲᠣᠭᠲᠠᠭᠤᠨ ᠵᠶ᠋ᠠᠷ ᠠᠬᠢᠭᠤᠯᠬᠤ ᠬᠡᠷᠡᠭᠲᠡᠶ᠃
( ᠬᠣᠶᠠᠷ ) ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡ᠎ᠪᠠᠷ ᠬᠥᠲᠥᠯᠥᠨ ᠵᠢᠯᠣᠭᠣᠳᠬᠤ ᠵᠢ ᠰᠠᠢ᠌ᠲᠤᠷ ᠬᠢᠵᠦ᠂ ᠡᠯ᠎ᠡ ᠡᠮᠴᠢᠯᠡᠭᠡᠨ᠎ᠤ ᠪᠠᠢ᠌ᠭᠤᠯᠤᠮᠵᠢ ᠪᠠ ᠡᠮᠨᠡᠯᠭᠡ ᠵᠢᠨ ᠠᠵᠢᠯᠲᠠᠨ᠎ᠳᠤ ᠬᠠᠨᠳᠤᠭᠤᠯᠤᠭᠰᠠᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠪᠠ ᠪᠣᠯᠪᠠᠰᠤᠷᠠᠭᠤᠯᠤᠯ᠎ᠢ ᠭᠣᠤᠯᠳᠠᠯᠭ᠎ᠠ᠎ᠲᠠᠢ ᠴᠢᠩᠭ᠋ᠠᠳᠬᠠᠵᠤ᠂ ᠡᠮᠨᠡᠯᠭᠡ ᠵᠢᠨ ᠠᠵᠢᠯᠲᠠᠨ᠎ᠤ ᠵᠥᠪᠰᠢᠶᠡᠷᠡᠬᠦ ᠪᠣᠳᠣᠯ᠎ᠢ ᠭᠦᠨᠵᠡᠭᠡᠢ᠌ᠷᠡᠭᠦᠯᠦᠨ᠂ ᠵᠠᠭ᠋ᠠᠯᠳᠤᠯᠭ᠎ᠠ ᠵᠠᠬᠢᠳᠠᠯ ᠰᠤᠷᠪᠤᠯᠵᠢᠯᠠᠯ᠂ ᠰᠦᠯᠵᠢᠶᠡᠨ᠎ᠤ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠢ ᠨᠢᠭᠲᠠ ᠬᠢᠨᠠᠨ ᠰᠢᠯᠭ᠋ᠠᠵᠤ᠂ ᠶᠠᠷᠢᠶ᠎ᠠ ᠬᠡᠯᠡᠯᠴᠡᠭᠡ᠎ᠪᠠᠷ ᠬᠥᠲᠥᠯᠥᠨ ᠵᠢᠯᠣᠭᠣᠳᠬᠤ᠂ ᠲᠣᠬᠢᠷᠠᠭᠤᠯᠤᠨ ᠡᠵᠡᠮᠳᠡᠬᠦ ᠪᠠ ᠬᠠᠮᠢᠶᠠᠷᠬᠤ ᠠᠵᠢᠯ᠎ᠢ ᠴᠠᠭ ᠲᠤᠬᠠᠶ᠎ᠳᠤᠨᠢ ᠰᠠᠢ᠌ᠲᠤᠷ ᠬᠢᠵᠦ᠂ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠤᠨ ᠪᠦᠬᠦᠯᠢ ᠴᠣᠭᠴᠠ ᠵᠢᠨ ᠲᠣᠭᠲᠠᠭᠤᠨ ᠪᠥᠭᠡᠳ ᠡᠵᠡᠮᠰᠢᠵᠦ ᠪᠣᠯᠬᠣᠷᠢ ᠦᠨᠡᠨᠬᠦ ᠪᠠᠲᠤᠯᠠᠨ᠂ ᠰᠠᠢ᠌ᠨ ᠰᠠᠢ᠌ᠬᠠᠨ ᠨᠡᠢ᠌ᠭᠡᠮ᠎ᠤᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠶ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
2023 ᠣᠨ᠎ᠤ 2 ᠳ᠋ᠤᠭ᠋ᠠᠷ ᠰᠠᠷ᠎ᠠ ᠵᠢᠨ 4᠎ᠤ ᠡᠳᠦᠷ