ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠮᠤᠵᠢ ᠠᠯᠤᠰᠯᠠᠭᠰᠠᠨ ᠵᠢᠴᠢ ᠣᠷᠣᠨ᠎ᠤ ᠳᠣᠲᠣᠷᠠᠬᠢ ᠣᠨᠳᠣᠤ ᠭᠠᠵᠠᠷ᠎ᠲᠤ ᠡᠮᠨᠡᠭᠦᠯᠬᠦ ᠬᠠᠮᠢᠶᠠᠷᠤᠯᠲᠠ ᠵᠢᠨ ᠬᠤᠪᠢᠶᠠᠷᠢ ᠰᠢᠰᠲ᠋ᠧᠮ᠎ᠤᠨ ᠠᠵᠢᠯᠯᠠᠭ᠎ᠠ ᠲᠦᠷ ᠵᠣᠭᠰᠣᠬᠤ ᠲᠤᠬᠠᠶ ᠠᠯᠪᠠᠨ ᠵᠠᠷ
ᠨᠡᠶ᠋ᠢᠲᠡᠯᠡᠭᠰᠡᠨ ᠴᠠᠭ᠄ 2023-01-11

   ᠤᠯᠤᠰ᠎ᠤᠨ ᠡᠮᠴᠢᠯᠡᠭᠡᠨ᠎ᠤ ᠳᠠᠭ᠋ᠠᠳᠬᠠᠯ᠂ ᠡᠳ᠋᠎ᠤᠨ ᠵᠠᠰᠠᠭ᠎ᠤᠨ ᠶᠠᠮᠤᠨ᠎ᠤ  ᠦᠨᠳᠦᠰᠦᠨ ᠡᠮᠨᠡᠯᠭᠡ ᠵᠢᠨ ᠳᠠᠭ᠋ᠠᠳᠬᠠᠯ᠎ᠤᠨ ᠮᠤᠵᠢ ᠠᠯᠤᠰᠯᠠᠨ ᠣᠨᠳᠣᠤ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ ᠠᠵᠢᠯ᠎ᠢ ᠤᠯᠠᠮ ᠨᠢᠭᠡ ᠠᠯᠬᠤᠮ ᠰᠠᠢ᠌ᠲᠤᠷ ᠬᠢᠬᠦ ᠲᠤᠬᠠᠶ ᠮᠡᠳᠡᠭᠳᠡᠯ》 (ᠡᠮᠴᠢᠯᠡᠭᠡᠨ᠎ᠤ ᠳᠠᠭ᠋ᠠᠳᠬᠠᠯ ᠲᠠᠷᠬᠠᠭ᠋ᠠᠭᠰᠠᠨ [ 2022 ] 22 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠬᠤ ᠵᠢᠨ ᠲᠥᠯᠥᠭᠡ᠂ ᠤᠯᠤᠰ᠎ᠤᠨ ᠨᠢᠭᠡᠳᠦᠯᠲᠡᠶ ᠪᠠᠢ᠌ᠷᠢᠯᠠᠭᠤᠯᠤᠯᠲᠠ ᠶᠣᠰᠣᠭ᠋ᠠᠷ᠂ ᠥᠪᠥᠷ ᠮᠣᠩᠭᠣᠯ᠎ᠤᠨ ᠣᠨᠳᠣᠤ ᠭᠠᠵᠠᠷ᠎ᠲᠤ ᠡᠮᠨᠡᠭᠦᠯᠬᠦ ᠬᠠᠮᠢᠶᠠᠷᠤᠯᠲᠠ ᠵᠢᠨ ᠬᠤᠪᠢᠶᠠᠷᠢ ᠰᠢᠰᠲ᠋ᠧᠮ᠎ᠢ 2023 ᠣᠨ᠎ᠤ 1 ᠳ᠋ᠦ᠍ᠭᠡᠷ ᠰᠠᠷ᠎ᠠ ᠵᠢᠨ 14᠎ᠤ ᠡᠳᠦᠷ᠎ᠤᠨ 10 ᠴᠠᠭ᠎ᠠᠴᠠ 2023 ᠣᠨ᠎ᠤ 1 ᠳ᠋ᠦ᠍ᠭᠡᠷ ᠰᠠᠷ᠎ᠠ ᠵᠢᠨ 15᠎ᠤ ᠡᠳᠦᠷ᠎ᠤᠨ 24 ᠴᠠᠭ ᠪᠣᠯᠲᠠᠯ᠎ᠠ ᠲᠦᠷ ᠵᠣᠭᠰᠣᠭ᠋ᠠᠵᠤ ᠲᠠᠰ ᠳᠡᠪᠰᠢᠭᠦᠯᠦᠨ᠎ᠡ᠃ ᠰᠢᠰᠲ᠋ᠧᠮ᠎ᠤᠨ ᠲᠠᠰ ᠳᠡᠪᠰᠢᠬᠦ ᠬᠤᠭᠤᠴᠠᠭ᠋ᠠᠨ᠎ᠳᠤ ᠮᠤᠵᠢ ᠠᠯᠤᠰᠯᠠᠭᠰᠠᠨ ᠵᠢᠴᠢ ᠣᠷᠣᠨ᠎ᠤ ᠳᠣᠲᠣᠷᠠᠬᠢ ᠣᠨᠳᠣᠤ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠲᠡᠰᠦᠯᠦᠨ ᠪᠤᠳᠤᠬᠤ ᠪᠣᠶ ᠪᠥᠬᠥᠶ ᠲᠤᠬᠠᠢ᠌ᠯᠠᠭᠰᠠᠨ ᠠᠵᠢᠯ᠎ᠢ ᠲᠦᠷ ᠵᠣᠭᠰᠣᠭ᠋ᠠᠨ᠎ᠠ᠂ ᠡᠭᠦᠨ᠎ᠳᠤ ᠡᠮᠨᠡᠯᠭᠡ᠎ᠳᠤ ᠰᠠᠭᠤᠭᠰᠠᠨ᠂ ᠡᠩ᠎ᠤᠨ ᠡᠭᠦᠳᠡᠨ ᠡᠮᠨᠡᠯᠭᠡ ᠪᠠ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠶ ᠣᠨᠴᠠ ᠴᠢᠨᠠᠷᠲᠠᠶ ᠡᠪᠡᠳᠴᠢᠨ᠎ᠤ ᠵᠠᠷᠤᠳᠠᠯ᠎ᠢ ᠰᠢᠭᠤᠳ ᠳ᠋ᠦᠩᠨᠡᠨ ᠪᠤᠳᠤᠬᠤ ᠵᠢᠴᠢ ᠤᠯᠤᠰ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠦᠢᠯᠡᠴᠢᠯᠡᠭᠡᠨ᠎ᠤ ᠲᠠᠪᠴᠠᠩ᠎ᠤᠨ ᠣᠨᠳᠣᠤ ᠭᠠᠵᠠᠷ᠎ᠲᠤ ᠡᠮᠨᠡᠭᠦᠯᠦᠭᠰᠡᠨ᠎ᠢ ᠳᠠᠩᠰᠠᠯᠠᠬᠤ ᠦᠢᠯᠡᠴᠢᠯᠡᠭᠡ ᠵᠡᠷᠭᠡ ᠪᠠᠭᠲᠠᠨ᠎ᠠ᠃ ᠰᠢᠰᠲ᠋ᠧᠮ᠎ᠤᠨ ᠲᠠᠰ ᠳᠡᠪᠰᠢᠬᠦ ᠬᠤᠭᠤᠴᠠᠭ᠋ᠠᠨ᠎ᠳᠤ ᠰᠢᠭᠤᠳ ᠳ᠋ᠦᠩᠨᠡᠨ ᠪᠤᠳᠤᠬᠤ ᠵᠢᠨ ᠠᠷᠭ᠎ᠠ ᠥᠬᠡᠶ ᠎ᠳᠤ ᠂ ᠬᠠᠮᠢᠶ᠎ᠠ ᠪᠥᠬᠥᠶ ᠡᠮᠴᠢᠯᠡᠭᠡᠨ᠎ᠤ ᠵᠠᠷᠤᠳᠠᠯ᠎ᠢ ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠤᠨ ᠭᠠᠷᠲᠠᠨ ᠭᠦᠢ᠍ᠴᠡᠳᠬᠡᠭᠰᠡᠨ ᠪᠠᠢ᠌ᠭᠤᠯᠤᠮᠵᠢ᠎ᠠᠴᠠ ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠤᠨ ᠲᠣᠭᠲᠠᠭ᠋ᠠᠯ ᠶᠣᠰᠣᠭ᠋ᠠᠷ ᠳᠠᠭ᠋ᠠᠳᠬᠠᠯ᠎ᠳᠤ ᠣᠷᠣᠯᠴᠠᠭᠰᠠᠳ᠎ᠲᠤ ᠬᠥᠯᠥᠰᠦᠯᠡᠨ ᠲᠠᠩᠰᠠ ᠲᠠᠢ᠌ᠯᠬᠤ ᠵᠢ ᠭᠦᠢᠴᠡᠳᠬᠡᠵᠦ ᠥᠭᠭᠦᠨ᠎ᠡ᠃

   ᠲᠣᠰ ᠤᠳᠠᠭ᠋ᠠᠨ᠎ᠤ ᠰᠢᠰᠲ᠋ᠧᠮ᠎ᠤᠨ ᠠᠵᠢᠯᠯᠠᠭ᠎ᠠ ᠵᠣᠭᠰᠣᠭ᠋ᠠᠵᠤ ᠳᠡᠰ ᠳᠡᠪᠰᠢᠭᠦᠯᠬᠦ ᠵᠢᠨ ᠠᠪᠴᠢᠷᠠᠭᠰᠠᠨ ᠨᠥᠯᠥᠭᠡ ᠪᠠ ᠶᠠᠷᠰᠢᠭ ᠲᠦᠪᠡᠭ᠎ᠢ ᠠᠭᠤᠴᠢᠯᠠᠬᠤ ᠪᠤᠯᠪᠠᠤ᠃

 

             ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ

            2023 ᠣᠨ᠎ᠤ1 ᠳ᠋ᠦ᠍ᠭᠡᠷ ᠰᠠᠷ᠎ᠠ ᠵᠢᠨ10᠎ᠤ ᠡᠳᠦᠷ

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠤᠯᠤᠰ᠎ᠠᠴᠠ ᠵᠣᠬᠢᠶᠠᠨ ᠪᠠᠢ᠌ᠭᠤᠯᠤᠭᠰᠠᠨ ᠲᠢᠲᠢᠮᠯᠢᠭ ᠰᠤᠳᠠᠯ᠎ᠤᠨ ᠲᠤᠯᠤᠭ᠋ᠠᠰᠤ ᠵᠢ ᠲᠣᠭᠲᠠᠭᠰᠠᠨ ᠬᠡᠮᠵᠢᠶ᠎ᠡ᠎ᠪᠠᠷ ᠲᠥᠪᠯᠡᠷᠡᠭᠦᠯᠦᠨ ᠬᠤᠳᠠᠯᠳᠤᠨ ᠠᠪᠬᠤ ᠬᠤᠭᠤᠴᠠᠭ᠎ᠠ ᠳᠠᠭᠤᠰᠤᠭ᠋ᠠᠳ ᠦᠷᠭᠦᠯᠵᠢᠯᠡᠨ ᠰᠣᠩᠭᠣᠭᠳᠠᠭᠰᠠᠨ ᠦᠷ᠎ᠡ ᠳ᠋ᠦᠩ᠎ᠢ ᠬᠡᠷᠡᠭᠵᠢᠭᠦᠯᠬᠦ ᠲᠤᠬᠠᠶ ᠮᠡᠳᠡᠭᠳᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ ᠵᠢᠨ 2023 ᠣᠨ᠎ᠤ ᠳᠡᠭᠡᠷ᠎ᠡ ᠬᠠᠭ᠋ᠠᠰ ᠵᠢᠯ᠎ᠤᠨ ᠠᠵᠢᠯ ᠦᠢ᠍ᠯᠡᠰ᠎ᠤᠨ ᠨᠢᠭᠡᠴᠢ ᠵᠢᠨ ᠢᠯᠡ᠎ᠪᠠᠷ ᠠᠵᠢᠯᠲᠠᠨ ᠡᠯᠰᠡᠬᠦ ᠠᠯᠪᠠᠨ ᠵᠠᠷ
ᠥᠪᠡᠷᠲᠡᠭᠡᠨ ᠵᠠᠰᠠᠬᠤ ᠣᠷᠣᠨ᠎ᠤ ᠠᠮᠠᠨ ᠬᠥᠨᠳᠡᠢ ᠵᠢᠨ ᠵᠠᠰᠠᠯᠭ᠎ᠠ ᠵᠢᠨ ᠦᠨ᠎ᠡ ᠬᠠᠩᠰᠢ ᠵᠢᠨ ᠲᠤᠰᠬᠠᠢ᠌ᠯᠠᠨ ᠵᠠᠰᠠᠬᠤ ᠵᠢ ᠨᠠᠢ᠌ᠳᠠᠪᠤᠷᠢᠵᠢᠭᠤᠯᠤᠨ ᠬᠡᠷᠡᠭᠵᠢᠭᠦᠯᠬᠦ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ
ᠴᠢᠰᠤ ᠵᠣᠭᠰᠣᠭ᠋ᠠᠬᠤ ᠮᠠᠲ᠋ᠧᠷᠢᠶᠠᠯ᠎ᠤᠨ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠮᠡᠳᠡᠭᠡ ᠵᠠᠩᠭᠢ ᠵᠢ ᠲᠥᠪᠯᠡᠷᠡᠭᠦᠯᠦᠨ ᠬᠠᠮᠠᠭ᠋ᠠᠯᠠᠬᠤ ᠠᠵᠢᠯ᠎ᠢ ᠥᠷᠨᠢᠭᠦᠯᠬᠦ ᠲᠤᠬᠠᠶ ᠮᠡᠳᠡᠭᠳᠡᠯ
ᠴᠢᠰᠤ ᠵᠣᠭᠰᠣᠭ᠋ᠠᠬᠤ ᠮᠠᠲ᠋ᠧᠷᠢᠶᠠᠯ᠂ ᠤᠷᠢᠳᠴᠢᠯᠠᠨ ᠴᠡᠨᠡᠭᠯᠡᠬᠦ ᠬᠡᠯᠪᠡᠷᠢ ᠵᠢᠨ ᠳᠠᠮᠵᠢᠭᠤᠯᠬᠤ ᠬᠤᠭᠤᠯᠠᠶ ᠵᠢᠨ ᠤᠬᠢᠶᠠᠭᠤᠷ᠂ ᠲᠠᠷᠤᠯᠳᠠᠳᠦ ᠬᠥᠭᠡᠷᠭᠡ ᠵᠢᠨ ᠮᠤᠵᠢ ᠵᠢᠨ ᠬᠤᠭᠤᠷᠣᠨᠳᠣᠬᠢ ᠬᠤᠯᠪᠤᠭ᠋ᠠᠯᠠᠨ ᠲᠥᠪᠯᠡᠷᠡᠭᠦᠯᠦᠨ ᠬᠤᠳᠠᠯᠳᠤᠨ ᠠᠪᠬᠤ ᠠᠵᠢᠯ᠎ᠢ ᠥᠷᠨᠢᠭᠦᠯᠬᠦ ᠲᠤᠬᠠᠶ ᠠᠯᠪᠠᠨ ᠵᠠᠷ
 
            