ᠠᠵᠢᠯ᠎ᠤᠨ ᠬᠡᠷᠡᠭᠴᠡᠭᠡ ᠪᠠ ᠬᠤᠯᠪᠣᠭᠳᠠᠯ ᠪᠥᠬᠦᠶ ᠲᠣᠭᠲᠠᠭ᠋ᠠᠯ᠎ᠢ ᠦᠨᠳᠦᠰᠦᠯᠡᠵᠦ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ 2023 ᠣᠨ᠎ᠤ ᠳᠡᠭᠡᠷ᠎ᠡ ᠬᠠᠭ᠋ᠠᠰ ᠵᠢᠯ᠎ᠤᠨ ᠠᠵᠢᠯ ᠦᠢ᠍ᠯᠡᠰ᠎ᠤᠨ ᠨᠢᠭᠡᠴᠢ ᠵᠢᠨ 1 ᠠᠵᠢᠯᠲᠠᠨ ᠡᠯᠰᠡᠨ᠎ᠡ᠃
ᠨᠢᠭᠡ᠂ ᠪᠠᠶ᠋ᠢᠭᠤᠯᠭ᠎ᠠ ᠵᠢᠨ ᠲᠣᠪᠴᠢ ᠲᠠᠨᠢᠯᠴᠠᠭᠤᠯᠭ᠎ᠠ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠲᠥᠪ ᠪᠣᠯ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠬᠠᠷᠢᠶ᠎ᠠ ᠵᠢᠩᠬᠢᠨᠢ ᠭᠠᠵᠠᠷ᠎ᠤᠨ ᠲᠠᠰ᠎ᠤᠨ ᠨᠡᠶ᠋ᠢᠲᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ ᠮᠦᠨ᠃ ᠭᠤᠤᠯ ᠡᠭᠦᠷᠭᠡ ᠬᠠᠷᠢᠭᠤᠴᠠᠯᠭ᠎ᠠ᠎ᠨᠢ᠄ ᠪᠥᠬᠦ ᠣᠷᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠠᠭ᠋ᠠᠭ᠋ᠠᠴᠢᠯᠠᠯᠲᠠ ᠵᠠᠷᠯᠠᠨ ᠲᠥᠪᠯᠡᠷᠡᠭᠦᠯᠦᠨ ᠬᠤᠳᠠᠯᠳᠤᠨ ᠠᠪᠬᠤ᠂ ᠪᠠᠷᠠᠭ᠋ᠠᠨ᠎ᠤ ᠵᠣᠭᠤᠰ᠎ᠢ ᠳ᠋ᠦᠩᠨᠡᠨ ᠪᠤᠳᠤᠬᠤ ᠵᠡᠷᠭᠡ ᠠᠵᠢᠯ ᠶᠠᠪᠤᠳᠠᠯ᠎ᠤᠨ ᠴᠢᠨᠠᠷᠲᠠᠶ ᠠᠵᠢᠯ᠎ᠢ ᠡᠭᠦᠷᠭᠡᠯᠡᠨ᠎ᠡ; ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ ᠵᠡᠷᠭᠡ ᠵᠢᠨ ᠦᠨ᠎ᠡ ᠬᠠᠩᠰᠢ ᠵᠢ ᠬᠢᠨᠠᠨ ᠰᠢᠯᠭ᠋ᠠᠬᠤ ᠲᠤᠰᠠᠯᠠᠬᠤ ᠴᠢᠨᠠᠷᠲᠠᠶ ᠠᠵᠢᠯ᠎ᠢ ᠥᠷᠨᠢᠭᠦᠯᠦᠨ᠎ᠡ; ᠲᠤᠭ᠎ᠠ ᠪᠠᠷᠢᠮᠲᠠ ᠵᠢ ᠪᠦᠷᠢᠳᠬᠡᠨ ᠵᠠᠳᠠᠯᠬᠤ᠂ ᠬᠠᠮᠢᠶ᠎ᠠ ᠪᠦᠬᠦᠢ ᠲᠤᠬᠠᠶ᠋ᠢᠯᠠᠭᠰᠠᠨ ᠠᠵᠢᠯ᠎ᠤᠨ ᠪᠤᠯᠪᠠᠰᠤᠷᠠᠯ ᠡᠷᠬᠢᠯᠡᠬᠦ ᠵᠡᠷᠭᠡ ᠠᠵᠢᠯ᠎ᠢ ᠡᠭᠦᠷᠭᠡᠯᠡᠨ᠎ᠡ᠃
ᠬᠤᠶᠠᠷ᠂ ᠤᠷᠢᠭᠳᠠᠭᠰᠠᠳ᠎ᠤᠨ ᠦᠨᠳᠦᠰᠦᠨ ᠨᠥᠬᠦᠴᠡᠯ
1. ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠬᠠᠷᠢᠶ᠎ᠠ᠎ᠲᠠᠢ ᠪᠠᠢ᠍ᠬᠤ᠃
2. ᠪᠦᠭᠦᠲᠠ ᠨᠠᠶ᠋ᠢᠷᠠᠮᠲᠠᠬᠤ ᠳᠣᠮᠲᠠᠲᠤ ᠠᠷᠠᠣᠠ ᠤᠯᠤᠰ᠎ᠤᠨ ᠣᠢ᠍ᠠᠲᠣᠰᠣᠠ ᠬᠠᠣᠯᠢ ᠪᠠ ᠬᠠᠣᠯᠢ ᠴᠠᠭ᠋ᠠᠵᠠ ᠵᠢ ᠵᠢᠷᠤᠮᠯᠠᠵᠤ᠂ ᠳᠣᠮᠲᠠᠲᠤ ᠤᠯᠤᠰ᠎ᠤᠨ ᠡᠪ ᠬᠠᠮᠲᠤ ᠨᠠᠮ᠎ᠤᠨ ᠣᠲᠣᠷᠢᠲᠣᠯᠭ᠎ᠠ ᠪᠠ ᠨᠠᠶ᠋ᠢᠭᠡᠮ ᠵᠢᠷᠣᠮᠲᠤ ᠪᠠᠶ᠋ᠢᠭᠤᠯᠣᠯᠢ ᠬᠦᠷᠢᠶᠡᠯᠡᠨ᠎ᠡ᠃
3. ᠨᠠᠮ᠎ᠤᠨ ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢ ᠪᠠᠷᠢᠮᠲᠠᠯᠠᠵᠤ᠂ ᠵᠥᠪ ᠣᠨᠣᠪᠴᠢᠲᠠᠢ ᠤᠯᠤᠰ᠎ᠤᠨ ᠦᠵᠡᠯᠲᠡ᠂ ᠲᠡᠦᠬᠡ ᠵᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠲᠠᠬᠤᠨ᠎ᠤ ᠦᠵᠡᠯᠲᠡ ᠵᠢ ᠪᠠᠲᠤ ᠪᠠᠬᠢ ᠪᠤᠢ ᠪᠣᠯᠭ᠋ᠠᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠤᠬᠠᠮᠰᠠᠷ᠎ᠠᠴᠠ᠎ᠪᠠᠨ ᠬᠠᠮᠠᠭ᠋ᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠨ᠎ᠠ;
4. ᠵᠠᠩ ᠰᠤᠷᠲᠠᠯ ᠲᠥᠪᠯᠡᠭᠦᠨ᠂ ᠨᠡᠯᠢᠶᠡᠳ ᠴᠢᠩᠭ᠎ᠠ ᠠᠵᠢᠯ ᠣᠶ᠋ᠢᠯᠠᠰᠴᠢ ᠰᠡᠳᠬᠢᠯᠭᠡ ᠪᠠ ᠬᠠᠷᠢᠭᠤᠴᠠᠯᠭ᠋ᠠᠲᠤ ᠰᠡᠳᠬᠢᠯᠭᠡ᠎ᠲᠠᠢ ᠪᠠᠶ᠋ᠢᠬᠤ ᠬᠡᠷᠡᠭᠲᠡᠶ᠃
5. ᠨᠠᠰᠤ᠎ᠨᠢ ᠡᠩ᠎ᠤᠨ ᠪᠠᠶ᠋ᠢᠳᠠᠯ᠎ᠳᠤ 18 ᠨᠠᠰᠤᠨ᠎ᠠᠴᠠ ᠳᠡᠭᠡᠭᠰᠢ᠂ 35 ᠨᠠᠰᠤᠨ᠎ᠠᠴᠠ ᠳᠣᠷᠣᠭᠰᠢ ᠪᠠᠶ᠋ᠢᠬᠤ᠂ ᠳᠤᠬᠠᠶ᠋ᠢᠯᠠᠪᠠᠯ 1987 ᠣᠨ᠎ᠤ 3 ᠰᠠᠷ᠎ᠠ ᠵᠢᠨ 21᠎ᠤ ᠡᠳᠦᠷ (ᠪᠠᠭᠲᠠᠬᠤ ᠦᠭᠡᠢ)᠎ᠠᠴᠠ 2005 ᠣᠨ᠎ᠤ 3 ᠳ᠋ᠤᠭ᠋ᠠᠷ ᠰᠠᠷ᠎ᠠ ᠵᠢᠨ 21᠎ᠤ ᠡᠳᠦᠷ (ᠪᠠᠭᠲᠠᠨ᠎ᠠ)᠎ᠤᠨ ᠬᠤᠭᠤᠴᠠᠭ᠋ᠠᠨ᠎ᠳᠤ ᠲᠥᠷᠥᠭᠰᠡᠨ ᠪᠠᠶ᠋ᠢᠬᠤ᠂ 《ᠠᠵᠢᠯᠲᠠᠨ ᠡᠯᠰᠡᠬᠦ ᠠᠵᠢᠯ᠎ᠤᠨ ᠪᠠᠶ᠋ᠢᠷᠢ ᠵᠢᠨ ᠬᠦᠰᠦᠨᠦᠭᠲᠦ》᠎ᠪᠠᠷ ᠪᠣᠲᠠᠲᠠᠢ ᠪᠠᠷᠢᠮᠵᠢᠶ᠎ᠠ ᠪᠣᠯᠭ᠋ᠠᠨ᠎ᠠ᠃
6. ᠠᠵᠢᠯ᠎ᠤᠨ ᠪᠠᠶ᠋ᠢᠷᠢ ᠵᠢᠨ ᠬᠡᠷᠡᠭᠰᠡᠬᠦ ᠰᠤᠷᠤᠯᠭ᠎ᠠ ᠵᠢᠨ ᠨᠠᠮᠲᠠᠷ᠂ ᠲᠤᠰᠬᠠᠶ ᠮᠡᠷᠭᠡᠵᠢᠯ ᠪᠤᠶᠤ ᠮᠡᠷᠭᠡᠵᠢᠯ ᠴᠢᠳᠠᠪᠤᠷᠢ ᠵᠢᠨ ᠨᠥᠬᠦᠴᠡᠯ᠃
7. ᠠᠵᠢᠯ᠎ᠤᠨ ᠪᠠᠶ᠋ᠢᠷᠢ ᠵᠢᠨ ᠱᠠᠭ᠋ᠠᠷᠳᠠᠯᠭ᠎ᠠ᠎ᠳᠤ ᠨᠡᠶ᠋ᠢᠴᠡᠬᠦ ᠪᠡᠶ᠎ᠡ ᠮᠠᠬᠠᠪᠣᠳ᠎ᠤᠨ ᠨᠥᠬᠦᠴᠡᠯ᠃
8. ᠠᠵᠢᠯ᠎ᠤᠨ ᠪᠠᠶ᠋ᠢᠷᠢ ᠵᠢᠨ ᠬᠡᠷᠡᠭᠰᠡᠬᠦ ᠪᠤᠰᠤᠳ ᠨᠥᠬᠦᠴᠡᠯ᠃
9. ᠳᠣᠣᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ ᠤᠷᠢᠭᠳᠠᠵᠤ ᠪᠣᠯᠬᠤ ᠦᠭᠡᠢ᠄
ᠰᠤᠷᠤᠯᠴᠠᠵᠤ ᠪᠠᠶ᠋ᠢᠭ᠎ᠠ ᠡᠩ᠎ᠤᠨ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠪᠦᠬᠦᠯᠢ ᠡᠳᠦᠷ᠎ᠤᠨ ᠳᠦᠷᠢᠮᠲᠦ ᠲᠤᠰᠬᠠᠢ ᠮᠡᠷᠭᠡᠵᠢᠯ᠎ᠤᠨ ᠰᠤᠷᠤᠭᠴᠢ᠂ ᠵᠢᠩᠬᠢᠨᠢ ᠠᠩᠭᠢ ᠵᠢᠨ ᠰᠤᠷᠤᠭᠴᠢ᠂ ᠠᠰᠫᠢᠷᠠᠨᠲ (2023 ᠣᠨ᠎ᠤ 12 ᠰᠠᠷ᠎ᠠ ᠵᠢᠨ ᠰᠡᠭᠦᠯᠴᠢ᠎ᠠᠴᠠ ᠡᠮᠦᠨ᠎ᠡ ᠲᠡᠭᠦᠰᠬᠦ ᠲᠤᠰ ᠵᠢᠯ᠎ᠤᠨ ᠲᠡᠭᠦᠰᠬᠦ ᠰᠤᠷᠤᠬ᠍ᠴᠢ ᠵᠢ ᠪᠠᠭᠲᠠᠭ᠋ᠠᠬᠤ ᠦᠭᠡᠢ); ᠲᠤᠷᠰᠢᠨ ᠬᠡᠷᠡᠭᠯᠡᠬᠦ ᠬᠤᠭᠤᠴᠠᠭ᠋ᠠᠨ᠎ᠳᠤ ᠪᠠᠶ᠋ᠢᠭ᠎ᠠ ᠪᠠ ᠦᠢ᠍ᠯᠡᠴᠢᠯᠡᠬᠦ ᠬᠠᠮᠤᠭ᠎ᠤᠨ ᠳᠣᠣᠷᠠᠳᠤ ᠵᠠᠬ᠎ᠠ ᠵᠢᠨ ᠬᠤᠭᠤᠴᠠᠭ᠎ᠠ᠎ᠨᠢ ᠲᠤᠯᠤᠭ᠋ᠠᠳᠤᠢ ᠠᠯᠪᠠᠨ ᠪᠠᠶ᠋ᠢᠭᠤᠯᠭ᠎ᠠ᠂ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ; ᠶᠠᠯ᠎ᠠ ᠬᠢᠭᠰᠡᠨ᠎ᠠᠴᠠ ᠪᠣᠯᠵᠤ ᠡᠷᠡᠭᠦᠦ ᠵᠢᠨ ᠰᠢᠢ᠍ᠳᠬᠡᠯ ᠣᠯᠣᠭᠰᠠᠨ ᠬᠥᠮᠥᠰ᠂ ᠠᠯᠪᠠᠨ ᠲᠤᠰᠢᠶᠠᠯ᠎ᠠᠴᠠ᠎ᠪᠠᠨ ᠬᠥᠭᠡᠭᠡᠭᠳᠡᠭᠰᠡᠨ ᠬᠥᠮᠥᠰ᠂ ᠬᠤᠯᠪᠣᠭ᠋ᠠᠯᠠᠨ ᠵᠠᠯᠬᠠᠭ᠋ᠠᠨ ᠴᠡᠭᠡᠷᠯᠡᠭᠦᠯᠬᠦ ᠢᠲᠡᠭᠡᠯ ᠠᠯᠳᠠᠬᠰᠠᠨ ᠡᠲᠡᠭᠡᠳ᠎ᠲᠤ ᠬᠠᠤᠯᠢ ᠶᠤᠰᠤᠭ᠋ᠠᠷ ᠤᠷᠤᠬᠰᠠᠨ ᠬᠥᠮᠦᠰ; ᠠᠯᠪᠠᠲᠠᠨ ᠡᠯᠰᠡᠨ ᠰᠢᠯᠭ᠋ᠠᠯᠲᠠ ᠪᠤᠶᠤ ᠠᠵᠢᠯ ᠦᠢ᠍ᠯᠡᠰ᠎ᠤᠨ ᠨᠢᠭᠡᠴᠢ ᠵᠢᠨ ᠢᠯᠡ᠎ᠪᠠᠷ ᠠᠵᠢᠯᠲᠠᠨ ᠤᠷᠢᠵᠤ ᠡᠯᠰᠡᠬᠦ ᠶᠠᠪᠤᠴᠠ᠎ᠳᠤ ᠭᠡᠮ ᠬᠢᠭᠰᠡᠨ ᠵᠡᠷᠭᠡ ᠡᠯᠰᠡᠨ ᠬᠡᠷᠡᠭᠯᠡᠬᠦ (ᠤᠷᠢᠨ ᠬᠡᠷᠡᠭᠯᠡᠬᠦ) ᠰᠠᠬᠢᠯᠭ᠎ᠠ ᠪᠠᠲᠤ ᠵᠢ ᠬᠦᠨᠳᠦ ᠨᠣᠴᠢᠲᠠᠢ ᠵᠥᠷᠢᠴᠡᠭᠰᠡᠨ ᠦᠢ᠍ᠯᠡ ᠠᠵᠢᠯᠯᠠᠭ᠎ᠠ᠎ᠲᠠᠢ ᠪᠥᠭᠡᠳ ᠰᠢᠯᠭ᠋ᠠᠬᠤ ᠵᠢ ᠬᠤᠷᠢᠬᠯᠠᠬᠰᠠᠨ ᠬᠤᠭᠤᠴᠠᠭ᠋ᠠᠨ᠎ᠳᠤ ᠪᠠᠶ᠋ᠢᠭ᠎ᠠ ᠬᠥᠮᠥᠨ; ᠴᠡᠷᠢᠭ᠎ᠤᠨ ᠠᠯᠪᠠ ᠬᠠᠭ᠋ᠠᠵᠤ ᠪᠠᠶ᠋ᠢᠭ᠎ᠠ ᠬᠥᠮᠦᠰ; ᠤᠷᠢᠭᠳᠠᠭᠰᠠᠨᠤ ᠳᠠᠷᠤᠢ᠎ᠳᠤ ᠬᠠᠷᠢᠴᠠᠭ᠎ᠠ ᠪᠥᠬᠦᠢ ᠠᠵᠢᠯ᠎ᠤᠨ ᠪᠠᠶ᠋ᠢᠷᠢ᠎ᠠᠴᠠ ᠵᠠᠶ᠋ᠢᠯᠠᠬᠤ ᠨᠥᠬᠦᠴᠡᠯ ᠪᠥᠷᠢᠯᠳᠦᠬᠦ ᠬᠥᠮᠥᠰ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠳᠣᠬᠲᠠᠭ᠋ᠠᠬᠰᠠᠨ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠵᠶ᠋ᠠᠷ ᠤᠷᠢᠬᠳᠠᠵᠤ ᠪᠣᠯᠬᠤ ᠦᠭᠡᠢ ᠪᠤᠰᠤᠳ ᠪᠠᠶ᠋ᠢᠳᠠᠯ ᠪᠥᠬᠦᠢ ᠬᠥᠮᠦᠰ᠃
ᠭᠤᠷᠪᠠ᠂ ᠠᠵᠢᠯᠲᠠᠨ ᠡᠯᠰᠡᠬᠦ ᠠᠵᠢᠯ᠎ᠤᠨ ᠪᠠᠶ᠋ᠢᠷᠢ ᠵᠢᠴᠢ ᠨᠥᠬᠦᠴᠡᠯ
1. ᠠᠵᠢᠯᠲᠠᠨ ᠡᠯᠰᠡᠬᠦ ᠠᠵᠢᠯ᠎ᠤᠨ ᠪᠠᠶ᠋ᠢᠷᠢ ᠵᠢ 《ᠥᠪᠥᠷ ᠮᠣᠩᠭᠤᠯ᠎ᠤᠨ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ ᠵᠢᠨ 2023 ᠣᠨ᠎ᠤ ᠳᠡᠭᠡᠷ᠎ᠡ ᠬᠠᠭ᠋ᠠᠰ ᠵᠢᠯ᠎ᠤᠨ ᠠᠵᠢᠯ ᠦᠢ᠍ᠯᠡᠰ᠎ᠤᠨ ᠨᠢᠭᠡᠴᠢ ᠵᠢᠨ ᠢᠯᠡ᠎ᠪᠠᠷ ᠠᠵᠢᠯᠲᠠᠨ ᠡᠯᠰᠡᠬᠦ ᠠᠵᠢᠯ᠎ᠤᠨ ᠪᠠᠶ᠋ᠢᠷᠢ ᠵᠢᠨ ᠬᠦᠰᠦᠨᠦᠭᠲᠦ》 (ᠳᠣᠷᠣᠭᠰᠢ 《ᠠᠵᠢᠯᠲᠠᠨ ᠡᠯᠰᠡᠬᠦ ᠠᠵᠢᠯ᠎ᠤᠨ ᠪᠠᠶ᠋ᠢᠷᠢ ᠵᠢᠨ ᠬᠦᠰᠦᠨᠦᠭᠲᠦ》 ᠭᠡᠵᠦ ᠲᠣᠪᠴᠢᠯᠠᠨ᠎ᠠ)᠎ᠳᠤ ᠨᠠᠷᠢᠪᠴᠢᠯᠠᠨ ᠦᠵᠡᠭᠡᠷᠡᠶ᠃ ᠡᠭᠦᠨ᠎ᠳᠤ ᠤᠷᠢᠭᠳᠠᠭᠰᠠᠳ᠎ᠤᠨ ᠰᠤᠷᠤᠯᠭ᠎ᠠ ᠵᠢᠨ ᠨᠠᠮᠲᠠᠷ᠂ ᠡᠷᠳᠡᠮ᠎ᠤᠨ ᠴᠣᠯᠠ ᠣᠯᠤᠭᠰᠠᠨ ᠬᠠᠮᠤᠭ᠎ᠤᠨ ᠰᠡᠭᠦᠯᠴᠢ ᠵᠢᠨ ᠡᠳᠦᠷ ᠬᠤᠭᠤᠴᠠᠭ᠎ᠠ ᠵᠢ 2023 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠵᠶ᠋ᠠᠷ ᠬᠢᠵᠠᠭ᠋ᠠᠷᠯᠠᠨ᠎ᠠ᠃ ᠪᠤᠰᠤᠳ ᠬᠢᠷᠢ ᠭᠡᠮ᠎ᠤᠨ ᠨᠥᠬᠦᠴᠡᠯ᠎ᠤᠨ ᠬᠦᠷᠲᠡᠭᠰᠡᠨ ᠴᠠᠭ ᠬᠤᠭᠤᠴᠠᠭ᠎ᠠ᠎ᠨᠢ 2023 ᠣᠨ᠎ᠤ 3 ᠰᠠᠷ᠎ᠠ ᠵᠢᠨ 21᠎ᠤ ᠡᠳᠦᠷ᠎ᠠᠴᠠ ᠡᠮᠦᠨ᠎ᠡ (《ᠠᠵᠢᠯᠲᠠᠨ ᠡᠯᠰᠡᠬᠦ ᠠᠵᠢᠯ᠎ᠤᠨ ᠪᠠᠶ᠋ᠢᠷᠢ ᠵᠢᠨ ᠬᠦᠰᠦᠨᠦᠭᠲᠦ》᠎ᠳᠤ ᠱᠠᠭ᠋ᠠᠷᠳᠠᠭᠰᠠᠨ ᠬᠢᠷᠢ ᠬᠡᠮ᠎ᠤᠨ ᠨᠥᠬᠦᠴᠡᠯ᠎ᠢ ᠪᠠᠭᠲᠠᠭ᠋ᠠᠨ᠎ᠠ) ᠪᠠᠶ᠋ᠢᠬᠤ᠎ᠪᠠᠷ ᠱᠠᠭ᠋ᠠᠷᠳᠠᠨ᠎ᠠ᠃
《ᠠᠵᠢᠯᠲᠠᠨ ᠡᠯᠰᠡᠬᠦ ᠠᠵᠢᠯ᠎ᠤᠨ ᠪᠠᠶ᠋ᠢᠷᠢ ᠵᠢᠨ ᠬᠦᠰᠦᠨᠦᠭᠲᠦ》᠎ᠳᠤ ᠱᠠᠭ᠋ᠠᠷᠳᠠᠭᠰᠠᠨ ᠲᠤᠰᠬᠠᠶ ᠮᠡᠷᠭᠡᠵᠢᠯ᠎ᠤᠨ ᠲᠥᠷᠥᠯ ᠢᠯᠭ᠋ᠠᠯ ᠪᠤᠶᠤ ᠲᠤᠰᠬᠠᠶ ᠮᠡᠷᠭᠡᠵᠢᠯ ᠵᠡᠷᠭᠡ ᠵᠢ ᠭᠤᠤᠯᠳᠠᠭᠤ ᠰᠤᠷᠭ᠋ᠠᠨ ᠬᠥᠮᠦᠵᠢᠯ᠎ᠤᠨ ᠶᠠᠮᠤᠨ᠎ᠤ ᠲᠣᠭᠲᠠᠭ᠋ᠠᠭᠰᠠᠨ ᠣᠲᠣ ᠵᠢᠨ ᠬᠡᠷᠡᠭᠵᠢᠭᠦᠯᠵᠦ ᠪᠠᠶ᠋ᠢᠭ᠎ᠠ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠲᠤᠰᠬᠠᠶ ᠮᠡᠷᠭᠡᠵᠢᠯ᠎ᠤᠨ ᠭᠠᠷᠴᠠᠭ᠎ᠤᠨ ᠲᠣᠬᠢᠷᠠᠭᠤᠯᠤᠯᠲᠠ᠎ᠪᠠᠷ ᠯᠠᠪᠯᠠᠯᠲᠠ ᠪᠤᠯᠭ᠋ᠠᠨ᠎ᠠ᠃ ᠤᠷᠢᠭᠳᠠᠬᠤ ᠬᠥᠮᠦᠰ ᠨᠡᠷ᠎ᠡ ᠮᠡᠳᠡᠭᠦᠯᠬᠦ᠎ᠳᠡᠭᠡᠨ ᠲᠤᠰ ᠬᠥᠮᠦᠨ᠎ᠤ ᠰᠤᠷᠭ᠋ᠠᠭᠤᠯᠢ ᠲᠡᠭᠦᠰᠦᠭᠰᠡᠨ ᠦᠨᠡᠮᠯᠡᠯ ᠳᠡᠭᠡᠷᠡᠬᠢ ᠲᠤᠰᠬᠠᠶ ᠮᠡᠷᠭᠡᠵᠢᠯ᠎ᠤᠨ ᠨᠡᠷᠡᠶ᠋ᠢᠳᠦᠯ᠎ᠢ ᠦᠨᠡᠨ ᠪᠣᠳᠠᠲᠠᠶ᠎ᠪᠠᠷ ᠲᠠᠬᠯᠠᠨ ᠪᠢᠴᠢᠬᠦ ᠬᠡᠷᠡᠭᠲᠡᠶ᠃ ᠬᠤᠶᠠᠳᠤᠭ᠋ᠠᠷ ᠡᠷᠳᠡᠮ᠎ᠤᠨ ᠴᠣᠯᠠ᠂ ᠬᠤᠶᠠᠷ ᠡᠷᠳᠡᠮ᠎ᠤᠨ ᠴᠣᠯᠠ᠂ ᠬᠠᠪᠰᠤᠷᠤᠭᠤᠯᠤᠨ ᠰᠤᠷᠤᠬᠰᠠᠨ ᠡᠷᠳᠡᠮ᠎ᠤᠨ ᠴᠣᠯᠠ ᠵᠢᠨ ᠲᠤᠰᠬᠠᠶ ᠮᠡᠷᠭᠡᠵᠢᠯ᠎ᠲᠠᠢ ᠪᠠᠶ᠋ᠢᠪᠠᠯ᠂ ᠬᠤᠯᠪᠤᠬᠳᠠᠬᠤ ᠡᠷᠳᠡᠮ᠎ᠤᠨ ᠴᠣᠯᠠ ᠵᠢᠨ ᠦᠨᠡᠮᠯᠡᠯ ᠳᠡᠭᠡᠷᠡᠬᠢ ᠲᠤᠰᠬᠠᠶ ᠮᠡᠷᠭᠡᠵᠢᠯ᠎ᠤᠨ ᠨᠡᠷᠡᠶ᠋ᠢᠳᠦᠯ᠎ᠢ ᠬᠠᠮᠲᠤᠳᠤᠨᠢ ᠦᠨᠡᠨ ᠪᠣᠳᠠᠲᠠᠶ᠎ᠪᠠᠷ ᠲᠠᠭᠯᠠᠨ ᠪᠢᠴᠢᠬᠦ ᠬᠡᠷᠡᠭᠲᠡᠶ᠃ ᠣᠲᠣ ᠵᠢᠨ ᠬᠡᠷᠡᠭᠵᠢᠭᠦᠯᠵᠦ ᠪᠠᠶ᠋ᠢᠭ᠎ᠠ ᠲᠤᠰᠬᠠᠶ ᠮᠡᠷᠭᠡᠵᠢᠯ᠎ᠤᠨ ᠭᠠᠷᠴᠠᠭ᠎ᠲᠤ ᠪᠦᠷᠢᠨ ᠬᠠᠮᠤᠷᠴᠤ ᠳᠡᠶ᠋ᠢᠯᠦᠭᠡᠳᠦᠶ ᠵᠠᠷᠢᠮ ᠳᠡᠭᠡᠳᠦ ᠰᠤᠷᠭ᠋ᠠᠭᠤᠯᠢ ᠵᠢᠨ ᠥᠪᠡᠰᠦᠪᠡᠨ ᠪᠠᠶ᠋ᠢᠭᠤᠯᠤᠭᠰᠠᠨ ᠲᠤᠰᠬᠠᠶ ᠮᠡᠷᠭᠡᠵᠢᠯ᠂ ᠰᠢᠨ᠎ᠡ᠎ᠪᠠᠷ ᠪᠣᠶ ᠪᠣᠯᠤᠭᠰᠠᠨ ᠰᠢᠨᠵᠢᠯᠡᠭᠡᠨ᠎ᠤ ᠰᠠᠯᠠᠭ᠎ᠠ᠂ ᠭᠠᠳᠠᠭ᠋ᠠᠳᠤ ᠵᠢᠨ ᠰᠤᠷᠭ᠋ᠠᠨ ᠬᠥᠮᠦᠵᠢᠯ᠎ᠤᠨ ᠰᠢᠨᠵᠢᠯᠡᠭᠡᠨ᠎ᠤ ᠰᠠᠯᠠᠭ᠎ᠠ ᠵᠡᠷᠭᠡ ᠵᠢ ᠤᠷᠢᠭᠳᠠᠬᠤ ᠬᠥᠮᠦᠰ ᠦᠨᠡᠨ ᠮᠥᠨ ᠵᠶ᠋ᠠᠷ᠎ᠨᠢ ᠲᠠᠭᠯᠠᠨ ᠪᠢᠴᠢᠵᠦ᠂ ᠬᠢᠷᠢ ᠬᠡᠮ᠎ᠢ ᠬᠢᠨᠠᠨ ᠪᠠᠶ᠋ᠢᠴᠠᠭ᠋ᠠᠬᠤ ᠠᠵᠢᠯᠲᠠᠨ ᠠᠵᠢᠯ᠎ᠤᠨ ᠪᠠᠶ᠋ᠢᠷᠢ ᠵᠢᠨ ᠲᠤᠰᠬᠠᠶ ᠮᠡᠷᠭᠡᠵᠢᠯ᠎ᠤᠨ ᠱᠠᠭ᠋ᠠᠷᠳᠠᠯᠭ᠎ᠠ᠎ᠳᠤ ᠨᠡᠶ᠋ᠢᠴᠡᠬᠦ ᠡᠰᠡᠬᠦ ᠵᠢ ᠠᠩᠬ᠎ᠠ ᠠᠯᠬᠤᠮ ᠮᠠᠭ᠋ᠠᠳᠯᠠᠬᠤ᠎ᠳᠤ ᠲᠥᠬᠥᠮ ᠦᠵᠡᠭᠦᠯᠦᠨ᠎ᠡ᠃ ᠲᠤᠰᠬᠠᠶ ᠮᠡᠷᠭᠡᠵᠢᠯ ᠵᠡᠷᠭᠡ ᠪᠤᠰᠤᠳ ᠨᠥᠬᠦᠴᠡᠯ᠎ᠳᠤ ᠨᠡᠶ᠋ᠢᠴᠡᠭᠰᠡᠨ ᠤᠷᠢᠲᠠᠯ ᠳᠣᠤᠷ᠎ᠠ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠵᠢᠨ ᠪᠡᠯᠡᠳᠬᠡᠯ ᠮᠠᠰᠲ᠋ᠧᠷ (ᠮᠠᠰᠲ᠋ᠧᠷ)᠎ᠤᠨ ᠠᠩᠭᠢ᠎ᠠᠴᠠ ᠲᠡᠭᠦᠰᠦᠭᠰᠡᠳ ᠤᠷᠢᠭᠳᠠᠬᠤ ᠰᠤᠷᠤᠯᠭ᠎ᠠ ᠵᠢᠨ ᠨᠠᠮᠲᠠᠷ᠎ᠢ ᠶᠡᠭᠡ ᠰᠤᠷᠭ᠋ᠠᠭᠤᠯᠢ ᠵᠢᠨ ᠵᠢᠩᠬᠢᠨᠢ ᠠᠩᠭᠢ᠎ᠪᠠᠷ ᠱᠠᠭ᠋ᠠᠷᠳᠠᠬᠰᠠᠨ ᠠᠵᠢᠯ᠎ᠤᠨ ᠪᠠᠶ᠋ᠢᠷᠢ᠎ᠳᠤ ᠨᠡᠷ᠎ᠡ ᠮᠡᠳᠡᠭᠦᠯᠵᠦ ᠪᠣᠯᠤᠨ᠎ᠠ᠂ ᠳᠡᠭᠡᠳᠦ ᠵᠡᠷᠭᠡ ᠵᠢᠨ ᠠᠵᠢᠯᠴᠢᠨ᠎ᠤ ᠠᠩᠭᠢ᠎ᠠᠴᠠ ᠲᠡᠭᠦᠰᠦᠭᠰᠡᠳ ᠤᠷᠢᠭᠳᠠᠬᠤ ᠰᠤᠷᠤᠯᠭ᠎ᠠ ᠵᠢᠨ ᠨᠠᠮᠲᠠᠷ᠎ᠢ ᠶᠡᠭᠡ ᠰᠤᠷᠭ᠋ᠠᠭᠤᠯᠢ ᠵᠢᠨ ᠲᠤᠰᠬᠠᠶ ᠮᠡᠷᠭᠡᠵᠢᠯ᠎ᠤᠨ ᠠᠩᠭᠢ᠎ᠪᠠᠷ ᠱᠠᠭ᠋ᠠᠷᠳᠠᠬᠰᠠᠨ ᠠᠵᠢᠯ᠎ᠤᠨ ᠪᠠᠶ᠋ᠢᠷᠢ᠎ᠳᠤ ᠨᠡᠷ᠎ᠡ ᠮᠡᠳᠡᠭᠦᠯᠵᠦ ᠪᠣᠯᠤᠨ᠎ᠠ᠃
2. ᠪᠦᠬᠦᠯᠢ ᠡᠳᠦᠷ᠎ᠤᠨ ᠳᠦᠷᠢᠮᠲᠦ ᠲᠤᠰᠬᠠᠢ ᠮᠡᠷᠭᠡᠵᠢᠯ᠎ᠤᠨ ᠠᠩᠭᠢ᠂ ᠵᠢᠩᠬᠢᠨᠢ ᠠᠩᠭᠢ᠂ ᠠᠰᠫᠢᠷᠠᠨᠲ᠎ᠤᠨ ᠰᠤᠷᠭ᠋ᠠᠭᠤᠯᠢ᠎ᠳᠤ ᠰᠤᠷᠤᠯᠴᠠᠵᠤ ᠪᠠᠶ᠋ᠢᠭ᠎ᠠ ᠬᠤᠭᠤᠴᠠᠭ᠋ᠠᠨ᠎ᠳᠤ᠎ᠪᠠᠨ ᠣᠷᠣᠯᠴᠠᠭᠰᠠᠨ ᠨᠡᠶ᠋ᠢᠭᠡᠮ᠎ᠤᠨ ᠦᠢ᠍ᠯᠡᠳᠦᠯᠭᠡ ᠵᠢᠨ ᠥᠩᠭᠡᠷᠡᠯᠲᠡ ᠵᠢ ᠠᠵᠢᠯ᠎ᠤᠨ ᠥᠩᠭᠡᠷᠡᠯᠲᠡ᠎ᠪᠠᠷ ᠦᠵᠡᠬᠦ ᠦᠭᠡᠢ᠃
ᠳᠥᠷᠪᠡ᠂ ᠤᠷᠢᠵᠤ ᠭᠡᠷᠡᠭᠯᠡᠬᠦ ᠳᠡᠰ ᠳᠠᠷᠠᠭ᠋ᠠᠯᠠᠯ
ᠲᠣᠰ ᠤᠳᠠᠭ᠎ᠠ ᠢᠯᠡ᠎ᠪᠠᠷ ᠤᠷᠢᠵᠤ ᠡᠯᠰᠡᠬᠦ᠎ᠳᠡᠭᠡᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠂ ᠬᠢᠷᠢ ᠬᠡᠮ᠎ᠤᠨ ᠠᠩᠬᠠᠨ᠎ᠤ ᠬᠢᠨᠠᠨ ᠪᠠᠶ᠋ᠢᠴᠠᠭ᠋ᠠᠯᠲᠠ ᠵᠢᠴᠢ ᠰᠦᠢ᠍ᠳᠬᠡᠯ ᠲᠤᠰᠢᠶᠠᠬᠤ᠂ ᠪᠢᠴᠢᠭ᠎ᠤᠨ ᠰᠢᠯᠭ᠋ᠠᠯᠲᠠ᠂ ᠬᠢᠷᠢ ᠬᠡᠮ᠎ᠤᠨ ᠳᠠᠬᠢᠨ ᠬᠢᠨᠠᠨ ᠪᠠᠶ᠋ᠢᠴᠠᠭ᠋ᠠᠯᠲᠠ᠂ ᠨᠢᠭᠤᠷᠲᠠᠨ ᠰᠢᠯᠭ᠋ᠠᠬᠤ᠂ ᠪᠡᠶ᠎ᠡ ᠵᠢᠨ ᠪᠠᠶ᠋ᠢᠴᠠᠭ᠋ᠠᠯᠲᠠ ᠬᠢᠬᠦ᠂ ᠰᠢᠨᠵᠢᠯᠡᠨ ᠪᠠᠶ᠋ᠢᠴᠠᠭ᠋ᠠᠬᠤ᠂ ᠵᠠᠷᠯᠠᠨ ᠨᠡᠶ᠋ᠢᠲᠡᠯᠡᠬᠦ᠂ ᠤᠷᠢᠵᠤ ᠬᠡᠷᠡᠭᠯᠡᠬᠦ ᠵᠡᠷᠭᠡ ᠲᠠᠰ ᠳᠠᠷᠠᠭ᠋ᠠᠯᠠᠯ ᠵᠶ᠋ᠠᠷ ᠶᠠᠪᠤᠬᠳᠠᠨ᠎ᠠ᠃
1. ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ
(1) ᠨᠡᠷ᠎ᠡ ᠮᠡᠳᠡᠭᠦᠯᠬᠦ ᠴᠠᠭ᠄ 2023 ᠣᠨ᠎ᠤ 3 ᠳ᠋ᠤᠭ᠋ᠠᠷ ᠰᠠᠷ᠎ᠠ ᠵᠢᠨ 21᠎ᠤ ᠡᠳᠦᠷ᠎ᠤᠨ 9᠄ 00 – 3 ᠳ᠋ᠤᠭ᠋ᠠᠷ ᠰᠠᠷ᠎ᠠ ᠵᠢᠨ 27᠎ᠤ ᠡᠳᠦᠷ᠎ᠤᠨ 17᠄ 00 ᠴᠠᠭ; ᠬᠢᠷᠢ ᠬᠡᠮ᠎ᠤᠨ ᠠᠩᠬᠠᠨ᠎ᠤ ᠬᠢᠨᠠᠨ ᠪᠠᠶ᠋ᠢᠴᠠᠭ᠋ᠠᠯᠲᠠ ᠳᠠᠭᠤᠰᠬᠤ ᠴᠠᠭ ᠪᠣᠯ 2023 ᠣᠨ᠎ᠤ 3 ᠳ᠋ᠤᠭ᠋ᠠᠷ ᠰᠠᠷ᠎ᠠ ᠵᠢᠨ 28᠎ᠤ ᠡᠳᠦᠷ᠎ᠤᠨ 17᠄ 00 ᠴᠠᠭ ᠪᠣᠯᠤᠨ᠎ᠠ; ᠰᠦᠢ᠍ᠳᠬᠡᠯ ᠲᠤᠰᠢᠶᠠᠬᠤ ᠡᠴᠦᠰ᠎ᠤᠨ ᠴᠠᠭ ᠪᠣᠯ 2023 ᠣᠨ᠎ᠤ 3 ᠳ᠋ᠤᠭ᠋ᠠᠷ ᠰᠠᠷ᠎ᠠ ᠵᠢᠨ 28᠎ᠤ ᠡᠳᠦᠷ᠎ᠤᠨ 24᠄ 00 ᠴᠠᠭ᠃ ᠨᠡᠷ᠎ᠡ ᠮᠡᠳᠡᠭᠦᠯᠦᠭᠡᠳ ᠰᠦᠢ᠍ᠳᠬᠡᠯ ᠲᠤᠰᠢᠶᠠᠭᠰᠠᠨ᠎ᠤ ᠳᠠᠷᠠᠭ᠎ᠠ ᠬᠡᠷᠪᠡ ᠪᠢᠷ᠎ᠤᠨ ᠰᠢᠯᠭ᠋ᠠᠯᠲᠠ ᠬᠢᠬᠦ ᠬᠠᠷᠢᠴᠠᠯ᠎ᠳᠤ ᠬᠦᠷᠴᠦ ᠳᠡᠶ᠋ᠢᠯᠬᠦ ᠥᠬᠡᠶ ᠪᠣᠯ ᠡᠯᠰᠡᠬᠦ ᠬᠥᠮᠦᠨ᠎ᠤ ᠲᠤᠭ᠎ᠠ ᠵᠢ ᠵᠣᠬᠢᠴᠠᠩᠭᠤᠶ᠎ᠪᠠᠷ ᠬᠠᠰᠤᠬᠤ ᠪᠤᠶᠤ ᠰᠢᠯᠭ᠋ᠠᠯᠲᠠ ᠬᠢᠬᠦ ᠵᠢ ᠬᠦᠴᠦᠨ ᠥᠬᠡᠶ ᠪᠣᠯᠭ᠋ᠠᠵᠤ᠂ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠨᠡᠶ᠋ᠢᠲᠡᠯᠡᠨ᠎ᠡ᠃ ᠰᠢᠯᠭ᠋ᠠᠯᠲᠠ ᠬᠢᠬᠦ ᠬᠠᠷᠢᠴᠠᠯ᠎ᠳᠤ ᠬᠦᠷᠦᠭᠰᠡᠨ ᠥᠬᠡᠶ᠎ᠠᠴᠠ ᠪᠣᠯᠵᠣ ᠰᠢᠯᠭ᠋ᠠᠭᠤᠯᠬᠤ ᠠᠵᠢᠯ᠎ᠤᠨ ᠪᠠᠶ᠋ᠢᠷᠢ᠎ᠨᠢ ᠬᠦᠴᠦᠨ ᠥᠬᠡᠶ ᠪᠤᠯᠤᠬᠰᠠᠨ ᠤᠷᠢᠭᠳᠠᠭᠰᠠᠳ ᠠᠵᠢᠯ᠎ᠤᠨ ᠪᠠᠶ᠋ᠢᠷᠢ᠎ᠪᠠᠨ ᠥᠭᠡᠷᠡᠴᠢᠯᠡᠨ ᠮᠡᠳᠡᠭᠦᠯᠬᠦ ᠪᠤᠶᠤ ᠨᠡᠷ᠎ᠡ ᠮᠡᠳᠡᠭᠦᠯᠬᠦ ᠦᠭᠡᠢ ᠪᠠᠶ᠋ᠢᠵᠤ ᠪᠣᠯᠤᠨ᠎ᠠ᠂ ᠥᠭᠡᠷᠡᠴᠢᠯᠡᠨ ᠮᠡᠳᠡᠭᠦᠯᠬᠦ ᠴᠠᠭ᠎ᠨᠢ᠄ 2023 ᠣᠨ᠎ᠤ 3 ᠳ᠋ᠤᠭ᠋ᠠᠷ ᠰᠠᠷ᠎ᠠ ᠵᠢᠨ 31᠎ᠤ ᠡᠳᠦᠷ᠎ᠤᠨ 14᠄ 00 - 17᠄ 00 ᠴᠠᠭ; ᠥᠭᠡᠷᠡᠴᠢᠯᠡᠨ ᠮᠡᠳᠡᠭᠦᠯᠬᠦ ᠬᠢᠷᠢ ᠬᠡᠮ᠎ᠤᠨ ᠠᠩᠬᠠᠨ᠎ᠤ ᠬᠢᠨᠠᠨ ᠪᠠᠶ᠋ᠢᠴᠠᠭ᠋ᠠᠯᠲᠠ ᠳᠠᠭᠤᠰᠬᠤ ᠴᠠᠭ ᠪᠣᠯ 2023 ᠣᠨ᠎ᠤ 3 ᠳ᠋ᠤᠭ᠋ᠠᠷ ᠰᠠᠷ᠎ᠠ ᠵᠢᠨ 31᠎ᠤ ᠡᠳᠦᠷ᠎ᠤᠨ 18᠄ 00 ᠴᠠᠭ᠃
(2) ᠨᠡᠷ᠎ᠡ ᠮᠡᠳᠡᠭᠦᠯᠬᠦ ᠠᠷᠭ᠎ᠠ ᠮᠠᠶᠢᠭ᠄ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠷᠭ᠎ᠠ ᠮᠠᠶᠢᠭ ᠵᠶ᠋ᠠᠷ ᠶᠠᠪᠤᠬᠳᠠᠨ᠎ᠠ᠃ ᠨᠡᠷ᠎ᠡ ᠮᠡᠳᠡᠭᠦᠯᠬᠦ ᠰᠦᠯᠵᠢᠶ᠎ᠡ᠄ ᠥᠪᠥᠷ ᠮᠣᠩᠭᠤᠯ᠎ᠤᠨ ᠠᠵᠢᠯᠲᠠᠨ᠎ᠤ ᠶᠠᠪᠤᠳᠠᠯ᠎ᠤᠨ ᠰᠢᠯᠭ᠋ᠠᠯᠲᠠ ᠵᠢᠨ ᠰᠦᠯᠵᠢᠶ᠎ᠡ (ᠰᠦᠯᠵᠢᠶᠡᠨ᠎ᠤ ᠬᠠᠶᠢᠭ http://www.impta.com.cn)
(3) ᠤᠷᠢᠭᠳᠠᠬᠤ ᠬᠦᠮᠦᠨ ᠨᠢᠭᠡ ᠪᠦᠷᠢ ᠵᠥᠪᠬᠡᠨ ᠨᠢᠭᠡ ᠠᠵᠢᠯ᠎ᠤᠨ ᠪᠠᠶ᠋ᠢᠷᠢ᠎ᠳᠤ ᠨᠡᠷ᠎ᠡ ᠮᠡᠳᠡᠭᠦᠯᠦᠨ᠎ᠡ᠃ ᠨᠡᠷ᠎ᠡ ᠮᠡᠳᠡᠭᠦᠯᠬᠦ ᠦᠶ᠎ᠡ᠎ᠳᠤ ᠤᠷᠢᠬᠳᠠᠬᠤ ᠬᠥᠮᠦᠰ᠎ᠠᠴᠠ ᠤᠷᠢᠳᠠᠪᠠᠷ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ 《ᠰᠢᠯᠭ᠋ᠠᠭᠤᠯᠤᠭᠴᠢ ᠵᠢᠨ ᠦᠨᠡᠨᠴᠢ ᠢᠲᠡᠭᠡᠮᠵᠢ ᠵᠢᠨ ᠠᠮᠠᠯᠠᠯᠲᠠ ᠵᠢᠨ ᠪᠢᠴᠢᠭ》᠎ᠲᠤ ᠭᠠᠷᠤᠨ ᠥᠰᠥᠭ ᠵᠢᠷᠤᠵᠤ᠂ ᠳᠠᠷᠠᠭ᠎ᠠ᠎ᠨᠢ ᠱᠠᠭ᠋ᠠᠷᠳᠠᠯᠭ᠎ᠠ ᠶᠣᠰᠣᠭ᠋ᠠᠷ 《ᠨᠡᠷ᠎ᠡ ᠮᠡᠳᠡᠭᠦᠯᠬᠦ ᠳᠠᠩᠰᠠᠯᠠᠯ᠎ᠤᠨ ᠬᠦᠰᠦᠨᠦᠭᠲᠦ》 ᠵᠢᠨ ᠮᠡᠳᠡᠭᠡ ᠵᠠᠩᠭᠢ ᠵᠢ ᠲᠠᠬᠯᠠᠨ ᠪᠢᠴᠢᠬᠦ ᠵᠢᠨ ᠬᠠᠮᠲᠤ ᠲᠣᠰ ᠬᠥᠮᠦᠨ᠎ᠤ ᠣᠶ᠋ᠢᠷ᠎ᠠ ᠵᠢᠨ ᠬᠤᠭᠤᠴᠠᠭ᠋ᠠᠨ᠎ᠳᠤ ᠳᠠᠲᠠᠭᠤᠯᠤᠬᠰᠠᠨ ᠵᠥᠪ ᠲᠠᠯ᠎ᠠ ᠵᠢᠨ 2 ᠢᠮᠠᠬᠤ ᠵᠢᠨ ᠪᠤᠳᠤᠬ᠎ᠲᠤ ᠭᠡᠷᠡᠯ ᠵᠢᠷᠤᠭ (jpg ᠬᠡᠯᠪᠡᠷᠢ᠂ ᠶᠡᠭᠡ ᠪᠠᠭ᠎ᠠ᠎ᠨᠢ 20KB᠎ᠠᠴᠠ ᠳᠣᠷᠣᠭᠰᠢ ᠪᠠᠶ᠋ᠢᠬᠤ ᠬᠡᠷᠡᠭᠲᠡᠶ) ᠵᠶ᠋ᠠᠨ ᠳᠠᠮᠵᠢᠭᠤᠯᠤᠨ᠎ᠠ᠃
(4) ᠤᠷᠢᠬᠳᠠᠬᠤ ᠬᠥᠮᠦᠰ ᠲᠣᠪᠴᠢ ᠨᠠᠮᠲᠠᠷ ᠵᠶ᠋ᠠᠨ ᠲᠠᠬᠯᠠᠨ ᠪᠢᠴᠢᠬᠦ ᠦᠶ᠎ᠡ᠎ᠳᠤ ᠲᠤᠰᠬᠠᠶ ᠮᠡᠷᠭᠡᠵᠢᠯ᠎ᠤᠨ ᠠᠩᠭᠢ (ᠵᠢᠩᠬᠢᠨᠢ ᠠᠩᠭᠢ)᠎ᠠᠴᠠ ᠲᠡᠭᠦᠰᠦᠭᠰᠡᠨ᠎ᠠᠴᠠ ᠣᠳᠣ ᠪᠤᠯᠲᠠᠯᠠᠬᠢ ᠠᠯᠢᠪᠠ ᠥᠩᠭᠡᠷᠡᠯᠲᠡ᠎ᠪᠠᠨ ᠲᠠᠬᠯᠠᠨ ᠪᠢᠴᠢᠵᠦ᠂ ᠴᠠᠭ ᠬᠤᠭᠤᠴᠠᠭ᠎ᠠ ᠵᠢ᠎ᠨᠢ ᠲᠠᠰᠤᠯᠳᠠᠭᠤᠯᠬᠤ ᠪᠤᠶᠤ ᠬᠤᠭᠤᠰᠤᠨ ᠤᠷᠬᠢᠵᠤ ᠪᠣᠯᠬᠤ ᠦᠭᠡᠢ᠂ ᠱᠠᠭ᠋ᠠᠷᠳᠠᠯᠭ᠎ᠠ ᠶᠣᠰᠣᠭ᠋ᠠᠷ ᠲᠠᠬᠯᠠᠨ ᠪᠢᠴᠢᠭᠰᠡᠨ ᠦᠭᠡᠢ ᠪᠤᠶᠤ ᠴᠠᠭ᠎ᠨᠢ ᠲᠠᠰᠤᠯᠤᠭᠳᠠᠭᠰᠠᠨ ᠪᠠᠶ᠋ᠢᠪᠠᠯ ᠬᠢᠨᠠᠨ ᠪᠠᠶ᠋ᠢᠴᠠᠭ᠋ᠠᠯᠲᠠ ᠵᠢ ᠥᠩᠭᠡᠷᠡᠭᠡᠬᠦ ᠦᠭᠡᠢ᠃
ᠰᠤᠷᠤᠯᠴᠠᠭᠰᠠᠨ ᠥᠩᠭᠡᠷᠡᠯᠲᠡ᠄ ᠰᠤᠷᠭ᠋ᠠᠭᠤᠯᠢ (ᠲᠤᠰᠬᠠᠶ ᠮᠡᠷᠭᠡᠵᠢᠯ᠎ᠤᠨ ᠠᠩᠭᠢ᠂ ᠵᠢᠩᠬᠢᠨᠢ ᠠᠩᠭᠢ ᠪᠠ ᠠᠰᠫᠢᠷᠠᠨᠲ)᠎ᠳᠤ ᠤᠷᠤᠬᠰᠠᠨ ᠡᠬᠢᠯᠡᠯ ᠲᠡᠭᠦᠰᠬᠡᠯ᠎ᠤᠨ ᠣᠨ ᠰᠠᠷ᠎ᠠ᠂ ᠰᠤᠷᠤᠯᠴᠠᠬᠰᠠᠨ ᠶᠡᠭᠡ ᠳᠡᠭᠡᠳᠦ ᠰᠤᠷᠭ᠋ᠠᠭᠤᠯᠢ᠂ ᠳᠡᠭᠡᠳᠦ ᠰᠤᠷᠭ᠋ᠠᠭᠤᠯᠢ ᠰᠠᠯᠪᠤᠷᠢ᠂ ᠲᠤᠰᠬᠠᠶ ᠮᠡᠷᠭᠡᠵᠢᠯ᠂ ᠡᠷᠳᠡᠮ᠎ᠤᠨ ᠴᠣᠯᠠ (ᠬᠤᠶᠠᠷᠳᠡᠬᠢ ᠡᠷᠳᠡᠮ᠎ᠤᠨ ᠴᠣᠯᠠ᠂ ᠬᠤᠶᠠᠷ ᠡᠷᠳᠡᠮ᠎ᠤᠨ ᠴᠣᠯᠠ᠂ ᠬᠠᠪᠰᠤᠷᠤᠭᠤᠯᠤᠨ ᠰᠤᠷᠤᠬᠰᠠᠨ ᠡᠷᠳᠡᠮ᠎ᠤᠨ ᠴᠣᠯᠠ ᠵᠢᠴᠢ ᠲᠤᠰᠬᠠᠶ ᠮᠡᠷᠭᠡᠵᠢᠯ᠎ᠢ ᠪᠠᠭᠲᠠᠭ᠋ᠠᠨ᠎ᠠ) ᠵᠢ ᠲᠠᠬᠯᠠᠨ ᠪᠢᠴᠢᠨ᠎ᠡ᠃
ᠠᠵᠢᠯ᠎ᠤᠨ ᠲᠣᠪᠴᠢ ᠨᠠᠮᠲᠠᠷ᠄ 2023 ᠣᠨ᠎ᠤ 3 ᠳ᠋ᠤᠭ᠋ᠠᠷ ᠰᠠᠷ᠎ᠠ ᠵᠢᠨ 21᠎ᠤ ᠡᠳᠦᠷ ᠪᠣᠯᠲᠠᠯᠠᠬᠢ ᠠᠵᠢᠯ᠎ᠤᠨ ᠥᠩᠭᠡᠷᠡᠯᠲᠡ᠎ᠪᠠᠨ ᠲᠠᠬᠯᠠᠨ ᠪᠢᠴᠢᠵᠦ᠂ ᠠᠵᠢᠯ᠎ᠤᠨ ᠡᠬᠢᠯᠡᠯ ᠲᠡᠭᠦᠰᠬᠡᠯ᠎ᠤᠨ ᠣᠨ ᠰᠠᠷ᠎ᠠ᠂ ᠠᠵᠢᠯᠯᠠᠬᠰᠠᠨ ᠪᠤᠶᠤ ᠦᠢ᠍ᠯᠡᠴᠢᠯᠡᠭᠰᠡᠨ ᠨᠢᠭᠡᠴᠢ᠂ ᠡᠷᠬᠢᠯᠡᠭᠰᠡᠨ ᠠᠵᠢᠯ ᠵᠶ᠋ᠠᠨ ᠲᠠᠬᠯᠠᠨ ᠪᠢᠴᠢᠨ᠎ᠡ᠃ ᠠᠵᠢᠯ ᠦᠢ᠍ᠯᠡᠰ᠎ᠤᠨ ᠨᠢᠭᠡᠴᠢ᠎ᠳᠤ ᠤᠷᠤᠨ ᠲᠣᠭ᠋ᠠᠨ᠎ᠤ ᠳᠤᠲᠤᠷ᠎ᠠ ᠤᠷᠢᠬᠳᠠᠵᠤ ᠠᠵᠢᠯᠯᠠᠬᠰᠠᠨ ᠪᠣᠯ 《ᠲᠤᠷᠰᠢᠨ ᠬᠡᠷᠡᠭᠯᠡᠬᠦ ᠬᠤᠭᠤᠴᠠᠭ᠎ᠠ ᠥᠩᠭᠡᠷᠡᠭᠰᠡᠨ》 ᠭᠡᠵᠦ ᠲᠣᠳᠣᠷᠬᠠᠶ᠋ᠢᠯᠠᠬᠤ ᠬᠡᠷᠡᠭᠲᠡᠶ᠃
ᠠᠵᠢᠯ ᠣᠯᠤᠭ᠋ᠠᠳᠤᠶ ᠥᠩᠭᠡᠷᠡᠯᠲᠡ᠄ ᠠᠵᠢᠯ ᠣᠯᠤᠭ᠋ᠠᠳᠤᠶ ᠬᠤᠭᠤᠴᠠᠭ᠋ᠠᠨ᠎ᠳᠠᠬᠢ ᠥᠩᠭᠡᠷᠡᠯᠲᠡ ᠵᠢ ᠡᠬᠢᠯᠡᠯ ᠲᠡᠭᠦᠰᠬᠡᠯ᠎ᠤᠨ ᠣᠨ ᠰᠠᠷ᠎ᠠ ᠵᠢ ᠲᠠᠭᠯᠠᠨ ᠪᠢᠴᠢᠬᠦ ᠵᠢᠨ ᠬᠠᠮᠲᠤ 《ᠠᠵᠢᠯ ᠬᠦᠯᠢᠶᠡᠭᠰᠡᠨ》 ᠭᠡᠵᠦ ᠲᠣᠳᠣᠷᠬᠠᠶ᠋ᠢᠯᠠᠨ᠎ᠠ᠃
(5) ᠤᠷᠢᠬᠳᠠᠬᠤ ᠬᠥᠮᠦᠰ᠎ᠨᠢ ᠪᠢᠴᠢᠭ᠎ᠤᠨ ᠰᠢᠯᠭ᠋ᠠᠯᠲᠠ ᠵᠢᠨ ᠴᠡᠭ᠎ᠢ ᠥᠪᠡᠰᠦᠪᠡᠨ ᠰᠣᠩᠭᠤᠬᠤ ᠵᠢᠨ ᠬᠠᠮᠲᠤ ᠨᠡᠷ᠎ᠡ ᠮᠡᠳᠡᠭᠦᠯᠬᠦ ᠦᠶ᠎ᠡ᠎ᠳᠡᠭᠡᠨ ᠳᠤᠶᠢᠵᠤ ᠨᠣᠲᠠᠯᠠᠨ᠎ᠠ᠃ ᠪᠢᠷ᠎ᠤᠨ ᠰᠢᠯᠭ᠋ᠠᠯᠲᠠ ᠵᠢᠨ ᠭᠠᠵᠠᠷ ᠵᠶ᠋ᠠᠨ ᠰᠣᠩᠭᠤᠨ ᠲᠣᠭᠲᠠᠭ᠋ᠠᠭᠰᠠᠨ᠎ᠤ ᠳᠠᠷᠠᠭ᠎ᠠ ᠬᠤᠪᠢᠷᠠᠭᠤᠯᠵᠤ ᠪᠣᠯᠬᠤ ᠦᠭᠡᠢ᠃
(6) ᠤᠷᠢᠬᠳᠠᠬᠤ ᠬᠥᠮᠦᠰ ᠲᠠᠬᠯᠠᠨ ᠪᠢᠴᠢᠭᠰᠡᠨ ᠮᠡᠳᠡᠭᠡ ᠵᠠᠩᠭᠢ ᠨᠢᠭᠡ ᠪᠥᠷᠢ᠎ᠪᠠᠨ ᠳᠠᠬᠢᠨ ᠳᠠᠪᠲᠠᠨ ᠬᠠᠷᠭᠤᠭᠤᠯᠤᠨ ᠬᠢᠨᠠᠵᠤ ᠪᠠᠷᠠᠭ᠋ᠠᠳ ᠴᠥᠮ ᠪᠤᠷᠤᠭᠤ ᠦᠭᠡᠢ ᠪᠣᠯᠪᠠᠯ ᠳᠣᠶᠢᠵᠤ ᠲᠤᠰᠢᠶᠠᠨ᠎ᠠ᠃ ᠮᠡᠳᠡᠭᠡ ᠵᠠᠩᠭᠢ᠎ᠪᠠᠨ ᠲᠤᠰᠢᠶᠠᠭᠰᠠᠨ᠎ᠤ ᠳᠠᠷᠠᠭ᠎ᠠ᠂ ᠨᠡᠷ᠎ᠡ ᠮᠡᠳᠡᠭᠦᠯᠦᠭᠴᠢ ᠵᠢᠨ ᠣᠪᠣᠭ ᠨᠡᠷ᠎ᠡ ᠪᠣᠯᠣᠨ ᠪᠡᠶ᠎ᠡ ᠵᠢᠨ ᠦᠨᠡᠮᠯᠡᠯ᠎ᠤᠨ ᠨᠤᠮᠧᠷ᠎ᠢ ᠵᠠᠰᠠᠬᠤ ᠵᠢᠨ ᠠᠷᠭ᠎ᠠ ᠦᠭᠡᠢ ᠪᠣᠯᠣᠨ᠎ᠠ᠃ ᠨᠡᠷ᠎ᠡ ᠮᠡᠳᠡᠭᠦᠯᠦᠭᠰᠡᠳ ᠰᠦᠢ᠍ᠳᠬᠡᠯ ᠲᠤᠰᠢᠶᠠᠭ᠋ᠠᠳ ᠪᠥᠲᠦᠭᠰᠡᠨᠤ ᠳᠠᠷᠠᠭ᠎ᠠ᠂ 《ᠨᠡᠷ᠎ᠡ ᠮᠡᠳᠡᠭᠦᠯᠬᠦ ᠳᠠᠩᠰᠠᠯᠠᠬᠤ ᠬᠦᠰᠦᠨᠦᠭᠲᠦ》 ᠵᠢ ᠴᠠᠭ ᠲᠤᠬᠠᠶ᠎ᠳᠤᠨᠢ ᠳᠠᠷᠤᠮᠠᠯᠯᠠᠵᠤ ᠠᠪᠬᠤ ᠵᠢᠨ ᠬᠠᠮᠲᠤ ᠲᠣᠬᠢᠲᠠᠶ ᠬᠠᠳᠠᠭ᠋ᠠᠯᠠᠬᠤ ᠬᠡᠷᠡᠭᠲᠡᠶ᠃
2. ᠬᠢᠷᠢ ᠭᠡᠮ᠎ᠤᠨ ᠠᠩᠬᠠᠨ᠎ᠤ ᠬᠢᠨᠠᠨ ᠪᠠᠶ᠋ᠢᠴᠠᠭ᠋ᠠᠯᠲᠠ ᠵᠢᠴᠢ ᠰᠦᠢ᠍ᠳᠬᠡᠯ ᠲᠤᠰᠢᠶᠠᠬᠤ
(1) ᠬᠢᠷᠢ ᠬᠡᠮ᠎ᠤᠨ ᠠᠩᠬᠠᠨ᠎ᠤ ᠬᠢᠨᠠᠨ ᠪᠠᠶ᠋ᠢᠴᠠᠭ᠋ᠠᠯᠲᠠ ᠵᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠬᠠᠷᠢᠭᠤᠴᠠᠵᠤ᠂ ᠰᠦᠯᠵᠢᠶᠡᠨ ᠳᠡᠭᠡᠷ᠎ᠡ ᠭᠦᠢ᠍ᠴᠡᠳᠬᠡᠨ᠎ᠡ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ ᠤᠷᠢᠭᠳᠠᠭᠰᠠᠳ ᠨᠡᠷ᠎ᠡ ᠮᠡᠳᠡᠭᠦᠯᠦᠭᠰᠡᠨ᠎ᠤ ᠳᠠᠷᠠᠭ᠎ᠠ 2 ᠡᠳᠦᠷ᠎ᠤᠨ ᠳᠣᠲᠣᠷ᠎ᠠ ᠬᠢᠨᠠᠨ ᠪᠠᠶ᠋ᠢᠴᠠᠭ᠋ᠠᠬᠰᠠᠨ ᠰᠠᠨᠠᠯ ᠵᠶ᠋ᠠᠨ ᠳᠤᠷᠠᠳᠤᠨ᠎ᠠ᠃ ᠬᠢᠨᠠᠨ ᠪᠠᠶ᠋ᠢᠴᠠᠭ᠋ᠠᠯᠲᠠ ᠵᠢ ᠦᠩᠭᠡᠷᠡᠭᠡᠭᠰᠡᠨ ᠦᠭᠡᠶ ᠪᠠᠶ᠋ᠢᠪᠠᠯ ᠬᠢᠷᠢ ᠭᠡᠮ᠎ᠤᠨ ᠬᠢᠨᠠᠨ ᠬᠠᠷᠭᠤᠭᠤᠯᠬᠤ ᠪᠤᠯᠤᠩ᠎ᠳᠤ ᠤᠴᠢᠷ ᠰᠢᠯᠲᠠᠭ᠋ᠠᠨ ᠵᠶ᠋ᠠᠨ ᠲᠣᠪᠴᠢ ᠲᠣᠳᠣᠷᠬᠠᠶ᠋ᠢᠯᠠᠬᠤ ᠬᠡᠷᠡᠭᠲᠡᠶ; ᠲᠠᠬᠯᠠᠨ ᠮᠡᠳᠡᠭᠦᠯᠦᠭᠰᠡᠨ ᠮᠡᠳᠡᠭᠡ ᠵᠠᠩᠬᠢ᠎ᠨᠢ ᠪᠦᠷᠢᠨ ᠪᠤᠰᠤ ᠪᠤᠶᠤ ᠮᠠᠳᠠᠭ᠎ᠲᠠᠢ ᠪᠠᠶ᠋ᠢᠪᠠᠯ ᠴᠠᠭ ᠲᠤᠬᠠᠢᠳᠤᠨᠢ ᠤᠷᠢᠬᠳᠠᠬᠰᠠᠳᠲᠤ ᠪᠤᠴᠠᠭ᠋ᠠᠨ ᠦᠭᠴᠦ ᠨᠥᠬᠦᠪᠦᠷᠢᠯᠡᠬᠦᠯᠬᠦ ᠪᠤᠶᠤ ᠲᠤᠳᠤᠷᠬᠠᠶ᠋ᠢᠯᠠᠭᠤᠯᠤᠨᠠ᠃
(2) 《ᠠᠵᠢᠯᠲᠠᠨ ᠡᠯᠰᠡᠬᠦ ᠠᠵᠢᠯ᠎ᠤᠨ ᠪᠠᠶ᠋ᠢᠷᠢ ᠵᠢᠨ ᠬᠦᠰᠦᠨᠦᠭᠲᠦ》᠎ᠳᠤ ᠬᠤᠯᠪᠣᠭᠳᠠᠬᠤ ᠬᠠᠮᠢᠶ᠎ᠠ ᠪᠥᠬᠦᠶ ᠰᠤᠷᠤᠯᠭ᠎ᠠ ᠵᠢᠨ ᠨᠠᠮᠲᠠᠷ᠂ ᠰᠢᠨᠵᠢᠯᠡᠭᠡᠨ᠎ᠤ ᠰᠠᠯᠠᠭ᠎ᠠ᠂ ᠲᠤᠰᠬᠠᠶ ᠮᠡᠷᠭᠡᠵᠢᠯ ᠵᠡᠷᠭᠡ ᠬᠢᠷᠢ ᠬᠡᠮ᠎ᠤᠨ ᠨᠥᠬᠦᠴᠡᠯ᠎ᠤᠨ ᠲᠠᠯ᠎ᠠ ᠵᠢᠨ ᠠᠰᠠᠭᠤᠳᠠᠯ᠎ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠬᠠᠷᠢᠭᠤᠴᠠᠨ ᠲᠠᠶ᠋ᠢᠯᠪᠤᠷᠢᠯᠠᠨ᠎ᠠ᠃
(3) ᠤᠷᠢᠬᠳᠠᠬᠤ ᠬᠥᠮᠦᠰ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠭᠰᠡᠨ ᠮᠡᠳᠡᠭᠡ ᠵᠠᠩᠭᠢ᠎ᠪᠠᠨ ᠠᠮᠵᠢᠯᠲᠠ᠎ᠲᠠᠶ ᠲᠤᠰᠢᠶᠠᠭᠰᠠᠨ᠎ᠤ ᠳᠠᠷᠠᠭ᠎ᠠ ᠠᠩᠬᠠᠨ᠎ᠤ ᠬᠢᠨᠠᠯᠲᠠ ᠵᠢᠨ ᠦᠷ᠎ᠡ ᠳ᠋ᠦᠩ ᠵᠶ᠋ᠠᠨ ᠴᠠᠭ ᠲᠤᠬᠠᠶ᠎ᠳᠤᠨᠢ ᠪᠠᠶ᠋ᠢᠴᠠᠭ᠋ᠠᠨ ᠯᠠᠪᠯᠠᠬᠤ ᠬᠡᠷᠡᠭᠲᠡᠶ᠃ ᠠᠩᠬᠠᠨ᠎ᠤ ᠬᠢᠨᠠᠯᠲᠠ ᠥᠩᠭᠡᠷᠡᠬᠦ᠎ᠳᠤ ᠬᠦᠷᠪᠡᠯ᠂ ᠠᠵᠢᠯ᠎ᠤᠨ ᠪᠠᠶ᠋ᠢᠷᠢ᠎ᠪᠠᠨ ᠳᠠᠬᠢᠨ ᠬᠤᠪᠢᠷᠠᠭᠤᠯᠵᠤ ᠪᠣᠯᠬᠤ ᠦᠭᠡᠶ᠃
(4) ᠠᠩᠬᠠᠨ᠎ᠤ ᠬᠢᠨᠠᠯᠲᠠ ᠵᠢ ᠥᠩᠭᠡᠷᠡᠭᠰᠡᠨ ᠬᠥᠮᠥᠨ ᠡᠷᠬᠡᠪᠰᠢ ᠱᠠᠭ᠋ᠠᠷᠳᠠᠯᠭ᠎ᠠ ᠶᠣᠰᠣᠭ᠋ᠠᠷ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠰᠦᠢ᠍ᠳᠬᠡᠯ ᠵᠶ᠋ᠠᠨ ᠲᠤᠰᠢᠶᠠᠨ᠎ᠠ᠃ ᠰᠦᠢ᠍ᠳᠬᠡᠯ ᠵᠶ᠋ᠠᠨ ᠲᠤᠰᠢᠶᠠᠬᠰᠠᠨᠤ ᠳᠠᠷᠤᠢ᠎ᠳᠤ ᠨᠡᠷ᠎ᠡ ᠮᠡᠳᠡᠭᠦᠯᠦᠭᠰᠡᠨ᠎ᠢ ᠨᠤᠲᠠᠯᠠᠨ᠎ᠠ᠃ ᠰᠢᠯᠭ᠋ᠠᠯᠲᠠ ᠵᠢᠨ ᠰᠦᠢ᠍ᠳᠬᠡᠯ 120 ᠲᠥᠭᠦᠷᠢᠭ (ᠬᠥᠮᠦᠨ ᠪᠦᠷᠢ ᠲᠦᠷᠦᠯ ᠪᠦᠷᠢ᠎ᠳᠤ 50 ᠲᠥᠭᠦᠷᠢᠭ᠂ ᠨᠡᠷ᠎ᠡ ᠮᠡᠳᠡᠭᠦᠯᠬᠦ ᠰᠦᠢ᠍ᠳᠬᠡᠯ 20 ᠲᠥᠭᠦᠷᠢᠭ)᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠲᠠᠨ᠎ᠤ ᠶᠠᠪᠤᠳᠠᠯ᠎ᠤᠨ ᠰᠢᠯᠭ᠋ᠠᠯᠲᠠ ᠵᠢᠨ ᠬᠦᠷᠢᠶᠡᠯᠡᠩ᠎ᠳᠤ ᠨᠠᠶ᠋ᠢᠳᠠᠵᠤ᠂ ᠥᠪᠡᠷᠲᠡᠭᠡᠨ ᠵᠠᠰᠠᠬᠤ ᠣᠷᠣᠨ᠎ᠤ ᠣᠲᠣ ᠵᠢᠨ ᠬᠡᠷᠡᠭᠵᠢᠭᠦᠯᠵᠦ ᠪᠠᠶ᠋ᠢᠭ᠎ᠠ ᠬᠤᠯᠪᠣᠭᠳᠠᠯ ᠪᠥᠬᠦᠶ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃ ᠰᠦᠢ᠍ᠳᠬᠡᠯ ᠲᠤᠰᠢᠶᠠᠬᠤ ᠴᠠᠭ ᠳᠠᠭᠤᠰᠬᠤ᠎ᠠᠴᠠ ᠡᠮᠦᠨ᠎ᠡ ᠰᠦᠢ᠍ᠳᠬᠡᠯ ᠵᠶ᠋ᠠᠨ ᠲᠤᠰᠢᠶᠠᠬᠰᠠᠨ ᠦᠭᠡᠢ ᠪᠠᠶ᠋ᠢᠪᠠᠯ ᠰᠢᠯᠭ᠋ᠠᠯᠲᠠ᠎ᠳᠤ ᠨᠡᠷ᠎ᠡ ᠮᠡᠳᠡᠭᠦᠯᠬᠦ᠎ᠪᠠᠨ ᠪᠤᠯᠢᠬᠰᠠᠨ ᠵᠶ᠋ᠠᠷ ᠦᠵᠡᠵᠦ᠂ ᠪᠢᠴᠢᠭ᠎ᠤᠨ ᠰᠢᠯᠭ᠋ᠠᠯᠲᠠ᠎ᠳᠤ ᠣᠷᠤᠯᠴᠠᠬᠰᠠᠨ ᠦᠭᠡᠢ ᠪᠠᠶ᠋ᠢᠪᠠᠯ ᠰᠦᠢ᠍ᠳᠬᠡᠯ᠎ᠢ ᠪᠤᠴᠠᠭ᠋ᠠᠬᠤ ᠦᠭᠡᠶ᠃
2023 ᠣᠨ᠎ᠳᠤ ᠪᠦᠬᠦᠯᠢ ᠡᠳᠦᠷ᠎ᠤᠨ ᠳᠦᠷᠢᠮᠲᠦ ᠡᠩ᠎ᠤᠨ ᠳᠡᠭᠡᠳᠦ ᠵᠡᠷᠭᠡ ᠵᠢᠨ ᠰᠤᠷᠭ᠋ᠠᠭᠤᠯᠢ᠎ᠠᠴᠠ ᠲᠡᠭᠦᠰᠦᠭᠰᠡᠳ (ᠲᠤᠰᠬᠠᠶ ᠮᠡᠷᠭᠡᠵᠢᠯ᠎ᠤᠨ ᠠᠩᠭᠢ᠂ ᠵᠢᠩᠬᠢᠨᠢ ᠠᠩᠭᠢ᠂ ᠠᠰᠫᠢᠷᠠᠨᠲ ᠪᠠᠭᠲᠠᠨ᠎ᠠ) ᠰᠢᠯᠭ᠋ᠠᠯᠲᠠ᠎ᠳᠤ ᠣᠷᠤᠯᠴᠠᠬᠤ ᠨᠡᠷ᠎ᠡ ᠮᠡᠳᠡᠭᠦᠯᠬᠦ ᠰᠦᠢ᠍ᠳᠬᠡᠯ ᠲᠤᠰᠢᠶᠠᠬᠤ ᠥᠬᠡᠶ ᠪᠠᠶ᠋ᠢᠵᠤ ᠪᠣᠯᠤᠨ᠎ᠠ᠂ 2022 ᠣᠨ᠎ᠳᠤ ᠪᠦᠬᠦᠯᠢ ᠡᠳᠦᠷ᠎ᠤᠨ ᠳᠦᠷᠢᠮᠲᠦ ᠡᠩ᠎ᠤᠨ ᠳᠡᠭᠡᠳᠦ ᠵᠡᠷᠭᠡ ᠵᠢᠨ ᠰᠤᠷᠭ᠋ᠠᠭᠤᠯᠢ᠎ᠠᠴᠠ ᠲᠡᠭᠦᠰᠦᠭᠰᠡᠳ (ᠲᠤᠰᠬᠠᠶ ᠮᠡᠷᠭᠡᠵᠢᠯ᠎ᠤᠨ ᠠᠩᠭᠢ᠂ ᠵᠢᠩᠬᠢᠨᠢ ᠠᠩᠭᠢ᠂ ᠠᠰᠫᠢᠷᠠᠨᠲ ᠪᠠᠭᠲᠠᠨ᠎ᠠ)᠎ᠠᠴᠠ ᠨᠡᠷ᠎ᠡ ᠮᠡᠳᠡᠭᠦᠯᠬᠦ ᠰᠦᠢ᠍ᠳᠬᠡᠯ᠎ᠢ ᠬᠠᠭ᠋ᠠᠰ ᠵᠶ᠋ᠠᠷ ᠬᠠᠰᠤᠵᠤ ᠬᠤᠷᠢᠶᠠᠨ᠎ᠠ᠂ ᠡᠨᠡ ᠬᠤᠶᠠᠷ ᠲᠥᠷᠥᠯ᠎ᠤᠨ ᠤᠷᠢᠬᠳᠠᠬᠤ ᠬᠥᠮᠦᠰ ᠰᠢᠯᠭ᠋ᠠᠯᠲᠠ᠎ᠳᠤ ᠨᠡᠷ᠎ᠡ ᠮᠡᠳᠡᠭᠦᠯᠬᠦ ᠰᠦᠢ᠍ᠳᠬᠡᠯ᠎ᠢ ᠬᠠᠰᠤᠵᠤ ᠬᠡᠯᠲᠦᠷᠢᠭᠦᠯᠬᠦ᠎ᠳᠤ ᠤᠷᠢᠳᠠᠪᠠᠷ ᠲᠤᠰᠢᠶᠠᠵᠤ ᠳᠠᠷᠠᠭ᠎ᠠ᠎ᠨᠢ ᠪᠤᠴᠠᠭ᠋ᠠᠬᠤ ᠠᠷᠭ᠎ᠠ ᠮᠠᠶᠢᠭ ᠵᠶ᠋ᠠᠷ ᠶᠠᠪᠤᠭᠳᠠᠭᠤᠯᠤᠨ᠎ᠠ᠃ ᠤᠷᠢᠬᠳᠠᠬᠤ ᠬᠥᠮᠦᠰ ᠪᠢᠷ᠎ᠤᠨ ᠰᠢᠯᠭ᠋ᠠᠯᠲᠠ ᠳᠠᠭᠤᠰᠤᠭᠰᠠᠨ᠎ᠤ ᠳᠠᠷᠠᠭ᠎ᠠ 20 ᠡᠳᠦᠷ᠎ᠤᠨ ᠳᠣᠲᠣᠷ᠎ᠠ᠂ ᠨᠡᠷ᠎ᠡ ᠮᠡᠳᠡᠭᠦᠯᠬᠦ ᠰᠦᠯᠵᠢᠶᠡᠨ᠎ᠤ ᠦᠷᠲᠡᠭᠡᠨ᠎ᠠᠴᠠ 《ᠨᠡᠷ᠎ᠡ ᠮᠡᠳᠡᠭᠦᠯᠬᠦ ᠵᠠᠷᠤᠳᠠᠯ᠎ᠢ ᠬᠠᠰᠤᠵᠤ ᠬᠡᠯᠲᠦᠷᠢᠭᠦᠯᠬᠦ ᠭᠤᠶᠤᠴᠢᠯᠠᠯ᠎ᠤᠨ ᠬᠦᠰᠦᠨᠦᠭᠲᠦ》 ᠵᠢ ᠪᠠᠭᠤᠯᠭ᠋ᠠᠨ ᠠᠪᠴᠤ ᠲᠠᠬᠯᠠᠨ ᠪᠢᠴᠢᠬᠦ ᠪᠥᠭᠡᠳ ᠲᠣᠰ ᠬᠥᠮᠦᠨ᠎ᠤ ᠪᠡᠶ᠎ᠡ ᠵᠢᠨ ᠦᠨᠡᠮᠯᠡᠯ ᠪᠠ ᠲᠡᠭᠦᠰᠦᠭᠰᠡᠨ ᠦᠨᠡᠮᠯᠡᠯ (2023 ᠣᠨ᠎ᠤ ᠲᠤᠰ ᠵᠢᠯ᠎ᠤᠨ ᠲᠡᠭᠦᠰᠦᠭᠰᠡᠨ ᠰᠤᠷᠤᠬ᠍ᠴᠢ ᠲᠡᠭᠦᠰᠬᠦ ᠦᠨᠡᠮᠯᠡᠯ ᠵᠶ᠋ᠠᠨ ᠣᠯᠤᠭᠰᠠᠨ ᠥᠬᠡᠶ ᠪᠣᠯ᠂ ᠳᠡᠭᠡᠳᠦ ᠰᠤᠷᠭ᠋ᠠᠭᠤᠯᠢ (ᠰᠠᠯᠪᠤᠷᠢ) ᠪᠠ ᠰᠤᠷᠭ᠋ᠠᠭᠤᠯᠢ ᠵᠢᠨ ᠬᠢᠴᠢᠶᠡᠯ ᠬᠥᠮᠦᠵᠢᠯ᠎ᠤᠨ ᠭᠠᠵᠠᠷ (ᠰᠤᠳᠤᠯᠬᠤ ᠰᠣᠷᠣᠭᠴᠢ ᠵᠢᠨ ᠳᠡᠭᠡᠳᠦ ᠰᠤᠷᠭ᠋ᠠᠭᠤᠯᠢ᠂ ᠭᠠᠵᠠᠷ)᠎ᠤᠨ ᠠᠯᠪᠠᠨ ᠲᠠᠮᠠᠭ᠎ᠠ ᠳᠠᠷᠤᠬᠰᠠᠨ ᠭᠡᠷᠡᠴᠢ)᠎ᠤᠨ ᠤᠭ ᠮᠠᠲ᠋ᠧᠷᠢᠶᠠᠯ ᠵᠢᠴᠢ ᠬᠠᠭᠤᠯᠪᠤᠷᠢ (ᠨᠡᠷ᠎ᠡ ᠮᠡᠳᠡᠭᠦᠯᠦᠭᠰᠡᠨ ᠳ᠋ᠤᠭ᠋ᠠᠷ ᠪᠠ ᠬᠠᠷᠢᠯᠴᠠᠬᠤ ᠤᠲᠠᠰᠤ᠎ᠪᠠᠨ ᠲᠤᠳᠤᠷᠬᠠᠶ᠋ᠢᠯᠠᠨ᠎ᠠ)᠎ᠪᠠᠨ ᠠᠪᠴᠤ᠂ ᠠᠵᠢᠯ᠎ᠤᠨ ᠡᠳᠦᠷ᠎ᠲᠤ ᠣᠶ᠋ᠢᠷ᠎ᠠ ᠬᠠᠪᠢ ᠵᠢᠨ ᠠᠵᠢᠯᠲᠠᠨ᠎ᠤ ᠶᠠᠪᠤᠳᠠᠯ᠎ᠤᠨ ᠰᠢᠯᠭ᠋ᠠᠯᠲᠠ ᠵᠢᠨ ᠪᠠᠶ᠋ᠢᠭᠤᠯᠤᠮᠵᠢ᠎ᠳᠤ ᠬᠦᠷᠴᠦ ᠬᠢᠨᠠᠨ ᠬᠠᠷᠭᠤᠭᠤᠯᠵᠤ ᠨᠣᠲᠠᠯᠠᠭ᠋ᠠᠳ ᠰᠦᠢ᠍ᠳᠬᠡᠯ ᠵᠶ᠋ᠠᠨ ᠪᠤᠴᠠᠭ᠋ᠠᠨ ᠠᠪᠬᠤ ᠭᠠᠷᠳᠠᠮ ᠭᠦᠢ᠍ᠴᠡᠳᠬᠡᠨ᠎ᠡ᠃ ᠰᠦᠢ᠍ᠳᠬᠡᠯ᠎ᠢ᠎ᠨᠢ ᠬᠠᠰᠤᠵᠤ ᠬᠡᠯᠲᠦᠷᠢᠭᠦᠯᠬᠦ ᠬᠥᠮᠦᠰ᠎ᠤᠨ ᠰᠦᠢ᠍ᠳᠬᠡᠯ᠎ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠲᠠᠨ᠎ᠤ ᠶᠠᠪᠤᠳᠠᠯ᠎ᠤᠨ ᠰᠢᠯᠭ᠋ᠠᠯᠲᠠ ᠵᠢᠨ ᠬᠦᠷᠢᠶᠡᠯᠡᠩ ᠰᠦᠯᠵᠢᠶᠡᠨ ᠳᠡᠭᠡᠷᠡᠬᠢ ᠪᠠᠩᠬᠢ᠎ᠪᠠᠷ ᠳᠠᠮᠵᠢᠭᠤᠯᠤᠨ ᠤᠷᠢᠬᠳᠠᠬᠤ ᠬᠥᠮᠦᠰ᠎ᠤᠨ ᠰᠦᠢ᠍ᠳᠬᠡᠯ ᠲᠤᠰᠢᠶᠠᠭᠰᠠᠨ ᠪᠠᠩᠬᠢ ᠵᠢᠨ ᠳᠠᠩᠰᠠᠨ᠎ᠳᠤ ᠠᠶᠠᠨᠳᠠᠭ᠋ᠠᠨ ᠪᠤᠴᠠᠭ᠋ᠠᠨ᠎ᠠ᠃
ᠮᠠᠯᠵᠢᠬᠤ ᠲᠠᠷᠢᠶᠠᠯᠠᠬᠤ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ (ᠲᠥᠷᠥ ᠵᠢᠨ ᠪᠣᠳᠣᠯᠭ᠎ᠠ ᠬᠦᠷᠲᠡᠬᠦ) ᠪᠠ ᠬᠢᠨᠠᠨ ᠰᠢᠯᠭ᠋ᠠᠬᠤ ᠡᠷᠦᠬᠡ᠂ ᠬᠤᠲᠠ ᠬᠥᠳᠡᠭᠡ ᠵᠢᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠲᠡᠵᠦ ᠪᠠᠶ᠋ᠢᠭ᠎ᠠ ᠭᠡᠷ ᠪᠦᠯᠢ ᠵᠢᠨ ᠤᠷᠢᠬᠳᠠᠬᠤ ᠬᠥᠮᠦᠰ᠎ᠨᠢ ᠨᠡᠷ᠎ᠡ ᠮᠡᠳᠡᠭᠦᠯᠬᠦ ᠰᠦᠢ᠍ᠳᠭᠡᠯ ᠲᠤᠰᠢᠶᠠᠬᠤ ᠦᠭᠡᠢ ᠪᠠᠶ᠋ᠢᠵᠤ ᠪᠣᠯᠣᠨ᠎ᠠ᠃ ᠡᠨᠡ ᠬᠤᠶᠠᠷ ᠲᠥᠷᠥᠯ᠎ᠤᠨ ᠤᠷᠢᠬᠳᠠᠬᠤ ᠬᠥᠮᠦᠰ᠎ᠨᠢ ᠰᠠᠭᠤᠭ᠎ᠠ ᠭᠠᠵᠠᠷ᠎ᠤᠨ ᠬᠤᠰᠢᠭᠤ ᠰᠢᠶᠠᠨ (ᠬᠤᠲᠠ᠂ ᠲᠣᠭᠤᠷᠢᠭ)᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶᠠᠨ᠎ᠤ ᠭᠠᠷᠭ᠋ᠠᠭᠰᠠᠨ ᠶᠠᠳᠠᠭᠤ᠎ᠠᠴᠠ ᠠᠩᠭᠢᠵᠢᠷᠠᠭᠤᠯᠬᠤ (ᠲᠥᠷᠥ ᠵᠢᠨ ᠪᠣᠳᠣᠯᠭ᠎ᠠ ᠭᠥᠷᠳᠡᠬᠦ) ᠪᠠ ᠬᠢᠨᠠᠨ ᠰᠢᠯᠭ᠋ᠠᠬᠤ ᠡᠷᠦᠬᠡ ᠵᠢᠨ ᠭᠡᠷᠡᠴᠢ᠂ ᠶᠠᠳᠠᠭᠤ᠎ᠠᠴᠠ ᠠᠩᠭᠢᠵᠢᠷᠠᠭᠤᠯᠬᠤ (ᠲᠥᠷᠥ ᠵᠢᠨ ᠪᠣᠳᠣᠯᠭ᠎ᠠ ᠭᠥᠷᠳᠡᠬᠦ) ᠪᠠ ᠬᠢᠨᠠᠨ ᠰᠢᠯᠭ᠋ᠠᠬᠤ ᠡᠷᠦᠬᠡ ᠵᠢᠨ ᠬᠡᠷ ᠪᠦᠯᠢ ᠵᠢᠨ ᠦᠨᠳᠦᠰᠦᠨ ᠪᠠᠶ᠋ᠢᠳᠠᠯ᠎ᠤᠨ ᠲᠠᠩᠰᠠ ᠡᠪᠬᠡᠮᠡᠯ᠎ᠤᠨ ᠺᠠᠷᠲ᠎ᠤᠨ ᠬᠠᠭᠤᠯᠪᠤᠷᠢ᠂ ᠰᠠᠭᠤᠭ᠎ᠠ ᠭᠠᠵᠠᠷ᠎ᠤᠨ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠭᠠᠷᠭ᠋ᠠᠵᠤ ᠥᠭᠭᠦᠭᠰᠡᠨ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠭᠡᠷᠡᠴᠢ ᠪᠤᠶᠤ ᠳᠣᠤᠷ᠎ᠠ ᠪᠠᠲᠤᠯᠠᠭ᠎ᠠ ᠵᠢᠨ ᠬᠠᠭᠤᠯᠪᠤᠷᠢ ᠤᠷᠢᠬᠳᠠᠬᠤ ᠬᠥᠮᠦᠰ᠎ᠤᠨ ᠪᠡᠶ᠎ᠡ ᠵᠢᠨ ᠦᠨᠡᠮᠯᠡᠯ᠎ᠤᠨ ᠬᠠᠭᠤᠯᠪᠤᠷᠢ (ᠨᠡᠷ᠎ᠡ ᠮᠡᠳᠡᠭᠦᠯᠦᠭᠰᠡᠨ ᠳ᠋ᠤᠭ᠋ᠠᠷ ᠪᠠ ᠬᠠᠷᠢᠯᠴᠠᠬᠤ ᠤᠲᠠᠰᠤ᠎ᠪᠠᠨ ᠲᠣᠳᠤᠷᠬᠠᠶ᠋ᠢᠯᠠᠨᠠ)᠎ᠲᠠᠢ ᠬᠠᠮᠲᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠲᠠᠨ᠎ᠤ ᠶᠠᠪᠤᠳᠠᠯ᠎ᠤᠨ ᠰᠢᠯᠭ᠋ᠠᠯᠲᠠ ᠵᠢᠨ ᠬᠦᠷᠢᠶᠡᠯᠡᠩ (ᠡᠯᠧᠺᠳ᠋ᠷᠤᠨ ᠰᠢᠤᠳᠠᠨ᠎ᠤ ᠬᠠᠶ᠋ᠢᠷᠴᠠᠭ᠄ imptasybtf@126.com)᠎ᠲᠤ ᠡᠯᠧᠺᠳ᠋ᠷᠤᠨ ᠰᠢᠤᠳᠠᠨ᠎ᠤ ᠵᠦᠢ᠍ᠯ ᠪᠣᠯᠭ᠋ᠠᠨ ᠢᠯᠡᠭᠡᠨ᠎ᠡ᠂ ᠢᠯᠡᠭᠡᠬᠦ ᠴᠠᠭ᠎ᠨᠢ 2023 ᠣᠨ᠎ᠤ 3 ᠳ᠋ᠤᠭ᠋ᠠᠷ ᠰᠠᠷ᠎ᠠ ᠵᠢᠨ 28᠎ᠤ ᠡᠳᠦᠷ᠎ᠤᠨ 24᠄ 00 ᠴᠠᠭ ᠪᠤᠯᠲᠠᠯ᠎ᠠ᠂ ᠬᠢᠨᠠᠨ ᠬᠠᠷᠭᠤᠭᠤᠯᠵᠤ ᠨᠤᠲᠠᠯᠠᠭᠰᠠᠨ᠎ᠤ ᠳᠠᠷᠠᠭ᠎ᠠ᠂ ᠨᠡᠷ᠎ᠡ ᠮᠡᠳᠡᠭᠦᠯᠬᠦ ᠰᠦᠢ᠍ᠳᠭᠡᠯ ᠲᠤᠰᠢᠶᠠᠬᠤ ᠥᠬᠡᠶ ᠪᠠᠶ᠋ᠢᠵᠤ ᠪᠣᠯᠤᠨ᠎ᠠ᠃
(5) ᠨᠡᠷ᠎ᠡ ᠮᠡᠳᠡᠭᠦᠯᠦᠭᠰᠡᠨ ᠤᠷᠢᠬᠳᠠᠬᠤ ᠬᠥᠮᠦᠰ ᠨᠡᠷ᠎ᠡ ᠮᠡᠳᠡᠭᠦᠯᠬᠦ ᠰᠦᠯᠵᠢᠶᠠᠨ᠎ᠳᠤ ᠭᠠᠷᠴᠤ ᠰᠢᠯᠭ᠋ᠠᠭᠤᠯᠬᠤ ᠵᠥᠪᠰᠢᠶᠡᠷᠡᠯ᠎ᠤᠨ ᠦᠨᠡᠮᠯᠡᠯ ᠵᠶ᠋ᠠᠨ ᠥᠪᠡᠰᠦᠪᠡᠨ ᠪᠠᠭᠤᠯᠭ᠋ᠠᠨ ᠠᠪᠴᠤ ᠲᠠᠷᠤᠮᠠᠯᠯᠠᠨ᠎ᠠ᠂ ᠰᠢᠯᠭ᠋ᠠᠭᠤᠯᠬᠤ ᠵᠥᠪᠰᠢᠶᠡᠷᠡᠯ᠎ᠤᠨ ᠦᠨᠡᠮᠯᠡᠯ᠎ᠤᠨ ᠲᠠᠷᠤᠮᠠᠯᠯᠠᠬᠤ ᠴᠠᠭ᠎ᠨᠢ᠄ 2023 ᠣᠨ᠎ᠤ 5 ᠳ᠋ᠤᠭ᠋ᠠᠷ ᠰᠠᠷ᠎ᠠ ᠵᠢᠨ 4᠎ᠤ ᠡᠳᠦᠷ᠎ᠤᠨ 10᠄ 00 - 2023 ᠣᠨ᠎ᠤ 5 ᠳ᠋ᠤᠭ᠋ᠠᠷ ᠰᠠᠷ᠎ᠠ ᠵᠢᠨ 7᠎ᠤ ᠡᠳᠦᠷ᠎ᠤᠨ 9᠄ 00 ᠴᠠᠭ᠃
3. ᠪᠢᠴᠢᠭ᠎ᠤᠨ ᠰᠢᠯᠭ᠋ᠠᠯᠲᠠ
(1) ᠪᠢᠴᠢᠭ᠎ᠤᠨ ᠰᠢᠯᠭ᠋ᠠᠯᠲᠠ ᠬᠢᠬᠦ ᠬᠠᠷᠢᠴᠠᠯ (ᠰᠦᠢ᠍ᠳᠬᠡᠯ ᠲᠤᠰᠢᠶᠠᠬᠰᠠᠨ ᠬᠥᠮᠦᠨ᠎ᠤ ᠲᠤᠭ᠎ᠠ ᠬᠢᠭᠡᠳ ᠠᠵᠢᠯ᠎ᠤᠨ ᠪᠠᠶ᠋ᠢᠷᠢ ᠵᠢᠨ ᠤᠷᠢᠬᠤ ᠲᠥᠯᠥᠪᠯᠡᠭᠡ ᠵᠢᠨ ᠲᠣᠭ᠋ᠠᠨ᠎ᠤ ᠬᠠᠷᠢᠴᠠᠯ) 3᠄ 1᠎ᠠᠴᠠ ᠪᠠᠭ᠎ᠠ ᠪᠠᠶ᠋ᠢᠵᠤ ᠪᠣᠯᠬᠤ ᠦᠭᠡᠢ᠃
(2) ᠪᠢᠴᠢᠭ᠎ᠤᠨ ᠰᠢᠯᠭ᠋ᠠᠯᠲᠠ᠎ᠳᠤ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠢᠯᠭ᠋ᠠᠯᠲᠠ ᠵᠢᠨ ᠬᠠᠭᠤᠳᠠᠰᠤ ᠵᠢ ᠰᠤᠩᠭᠤᠭᠰᠠᠨ ᠤᠷᠢᠬᠳᠠᠬᠤ ᠬᠥᠮᠦᠰ ᠡᠷᠬᠡᠪᠰᠢ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠵᠶ᠋ᠠᠷ ᠲᠣᠳᠣᠷᠬᠠᠶ᠋ᠢᠯᠠᠨ᠎ᠠ) ᠵᠢ ᠰᠣᠩᠭᠤᠭᠰᠠᠨ ᠬᠥᠮᠥᠰ ᠡᠷᠬᠡᠪᠰᠢ ᠮᠣᠩᠭᠤᠯ ᠦᠭᠡ ᠬᠡᠯᠡ ᠦᠰᠦᠭ ᠪᠢᠴᠢᠭ ᠵᠶ᠋ᠠᠷ ᠬᠠᠷᠢᠭᠤᠯᠤᠨ᠎ᠠ᠃ ᠠᠳᠠᠯᠢ ᠲᠥᠷᠥᠯ᠎ᠤᠨ ᠰᠢᠯᠭ᠋ᠠᠯᠲᠠ ᠵᠢᠨ ᠬᠠᠭᠤᠳᠠᠰᠤ᠎ᠳᠤ ᠬᠤᠶᠠᠷ ᠪᠤᠶᠤ ᠬᠤᠶᠠᠷ᠎ᠠᠴᠠ ᠳᠡᠭᠡᠭᠰᠢᠬᠢ ᠦᠭᠡ ᠬᠡᠯᠡ ᠦᠰᠦᠭ ᠪᠢᠴᠢᠭ ᠵᠶ᠋ᠠᠷ ᠬᠠᠷᠢᠭᠤᠯᠤᠭᠰᠠᠨ ᠪᠣᠯ ᠲᠡᠭ ᠬᠤᠪᠢ ᠣᠯᠭᠤᠬᠤ᠎ᠪᠠᠷ ᠰᠢᠢ᠍ᠳᠪᠦᠷᠢᠯᠡᠨ᠎ᠡ᠃
(3) ᠪᠢᠴᠢᠭ᠎ᠤᠨ ᠰᠢᠯᠭ᠋ᠠᠯᠲᠠ ᠵᠢᠨ ᠴᠠᠭ ᠪᠠ ᠬᠢᠴᠢᠶᠡᠯ ᠲᠥᠷᠥᠯ᠄ 2023 ᠣᠨ᠎ᠤ 5 ᠳ᠋ᠤᠭ᠋ᠠᠷ ᠰᠠᠷ᠎ᠠ ᠵᠢᠨ 7᠎ᠤ ᠡᠳᠦᠷ᠎ᠤᠨ ᠦᠳᠡ ᠵᠢᠨ ᠡᠮᠦᠨ᠎ᠡ
08᠄ 30 - 10᠄ 00 《ᠠᠵᠢᠯ ᠮᠡᠷᠭᠡᠵᠢᠯ᠎ᠤᠨ ᠴᠢᠳᠠᠪᠤᠷᠢ ᠵᠢᠨ ᠬᠠᠨᠳᠤᠯᠭ᠋ᠠᠲᠤ ᠰᠢᠯᠭ᠋ᠠᠯᠲᠠ》
10᠄ 00 - 12᠄ 00 《ᠶᠡᠷᠦᠩᠬᠡᠢ᠍ᠯᠡᠭᠰᠡᠨ ᠬᠡᠷᠡᠭᠯᠡᠭᠡᠨ᠎ᠤ ᠴᠢᠳᠠᠪᠤᠷᠢ》
ᠰᠢᠯᠭ᠋ᠠᠯᠲᠠ ᠵᠢᠨ ᠬᠢᠴᠢᠶᠡᠯ ᠲᠥᠷᠥᠯ᠎ᠨᠢ 《ᠠᠵᠢᠯ ᠮᠡᠷᠭᠡᠵᠢᠯ᠎ᠤᠨ ᠴᠢᠳᠠᠪᠤᠷᠢ ᠵᠢᠨ ᠬᠠᠨᠳᠤᠯᠭ᠋ᠠᠲᠤ ᠰᠢᠯᠭ᠋ᠠᠯᠲᠠ》 ᠪᠠ 《ᠶᠡᠷᠦᠩᠬᠡᠶ᠋ᠢᠯᠡᠭᠰᠡᠨ ᠬᠡᠷᠡᠭᠯᠡᠭᠡᠨ᠎ᠤ ᠴᠢᠳᠠᠪᠤᠷᠢ》 ᠭᠡᠬᠦ ᠬᠤᠶᠠᠷ ᠬᠢᠴᠢᠶᠡᠯ ᠲᠥᠷᠥᠯ᠂ ᠰᠢᠯᠭ᠋ᠠᠯᠲᠠ ᠵᠢᠨ ᠬᠠᠭᠤᠳᠠᠰᠤ᠎ᠨᠢ ᠬᠤᠶᠠᠷ ᠰᠢᠯᠭ᠋ᠠᠯᠲᠠ ᠵᠢᠨ ᠬᠢᠴᠢᠶᠡᠯ ᠲᠥᠷᠥᠯ᠎ᠤᠨ ᠬᠠᠮᠲᠤᠷᠠᠭᠰᠠᠨ ᠳᠡᠪᠲᠡᠷ᠂ ᠪᠦᠷᠢᠨ ᠬᠤᠪᠢ᠎ᠨᠢ ᠲᠣᠰ ᠲᠣᠰ 150 ᠬᠤᠪᠢ ᠪᠣᠯᠤᠨ᠎ᠠ᠃ ᠰᠢᠯᠭ᠋ᠠᠯᠲᠠ ᠵᠢᠨ ᠲᠥᠷᠥᠯ ᠵᠦᠢ᠍ᠯ᠎ᠢ 《ᠠᠵᠢᠯᠲᠠᠨ ᠡᠯᠰᠡᠬᠦ ᠠᠵᠢᠯ᠎ᠤᠨ ᠪᠠᠶ᠋ᠢᠷᠢ ᠵᠢᠨ ᠬᠦᠰᠦᠨᠦᠭᠲᠦ》᠎ᠳᠤ ᠨᠠᠷᠢᠪᠴᠢᠯᠠᠨ ᠦᠵᠡᠭᠡᠷᠡᠢ᠃ ᠪᠣᠶ ᠪᠥᠬᠦᠶ ᠤᠷᠢᠬᠳᠠᠬᠤ ᠬᠥᠮᠦᠰ ᠴᠥᠮ ᠵᠣᠬᠢᠴᠠᠩᠭᠤᠶ ᠲᠥᠷᠥᠯ ᠢᠯᠭ᠋ᠠᠯ᠎ᠤᠨ ᠬᠤᠶᠠᠷ ᠲᠥᠷᠥᠯ᠎ᠤᠨ ᠰᠢᠯᠭ᠋ᠠᠯᠲᠠ᠎ᠳᠤ ᠣᠷᠣᠯᠴᠠᠬᠤ ᠬᠡᠷᠡᠭᠲᠡᠢ᠂ ᠰᠢᠯᠭ᠋ᠠᠯᠲᠠ ᠵᠢᠨ ᠬᠡᠪᠴᠢᠶ᠎ᠡ ᠵᠢ 《ᠠᠵᠢᠯ ᠦᠢ᠍ᠯᠡᠰ᠎ᠤᠨ ᠨᠢᠭᠡᠴᠢ ᠵᠢᠨ ᠢᠯᠡ᠎ᠪᠠᠷ ᠤᠷᠢᠵᠤ ᠡᠯᠰᠡᠬᠦ ᠲᠥᠷᠥᠯ ᠬᠤᠪᠢᠶᠠᠭᠰᠠᠨ ᠰᠢᠯᠭ᠋ᠠᠯᠲᠠ ᠵᠢᠨ ᠣᠯᠠᠨ ᠨᠡᠶ᠋ᠢᠲᠡ ᠵᠢᠨ ᠬᠢᠴᠢᠶᠡᠯ ᠲᠥᠷᠥᠯ᠎ᠤᠨ ᠪᠢᠴᠢᠭ᠎ᠤᠨ ᠰᠢᠯᠭ᠋ᠠᠯᠲᠠ ᠵᠢᠨ ᠰᠢᠯᠭ᠋ᠠᠯᠲᠠ ᠵᠢᠨ ᠬᠥᠲᠥᠯᠪᠦᠷᠢ》 (2022 ᠣᠨ᠎ᠤ ᠬᠡᠪᠯᠡᠯ)᠎ᠪᠠᠷ ᠪᠠᠷᠢᠮᠵᠢᠶ᠎ᠠ ᠪᠤᠯᠭ᠋ᠠᠨ᠎ᠠ᠃
(4) ᠪᠢᠴᠢᠭ᠎ᠤᠨ ᠰᠢᠯᠭ᠋ᠠᠯᠲᠠ ᠵᠢᠨ ᠭᠠᠵᠠᠷ᠄ ᠪᠣᠳᠠᠲᠠᠶ ᠭᠠᠵᠠᠷ᠎ᠢ ᠰᠢᠯᠭ᠋ᠠᠭᠤᠯᠬᠤ ᠵᠥᠪᠰᠢᠶᠡᠷᠡᠯ᠎ᠤᠨ ᠦᠨᠡᠮᠯᠡᠯ᠎ᠳᠤ ᠦᠵᠡᠭᠡᠷᠡᠢ᠃ ᠪᠥᠬᠦ ᠣᠷᠣᠨ᠎ᠳᠤ 12 ᠰᠢᠯᠭ᠋ᠠᠯᠲᠠ ᠵᠢᠨ ᠲᠣᠭᠤᠷᠢᠭ᠎ᠢ ᠲᠣᠰ ᠲᠣᠰ ᠲᠣᠬᠢᠷᠠᠭᠤᠯᠤᠨ᠎ᠠ᠄ ᠣᠷᠣᠨ᠎ᠤ ᠰᠢᠭᠤᠳ ᠬᠠᠷᠢᠶ᠎ᠠ (ᠬᠥᠬᠡᠬᠤᠲᠠ)᠂ ᠪᠤᠭᠤᠲᠤ ᠬᠤᠲᠠ᠂ ᠬᠥᠯᠥᠨ ᠪᠤᠶ᠋ᠢᠷ ᠬᠤᠲᠠ (ᠮᠠᠨᠵᠤᠤᠷ ᠬᠤᠲᠠ ᠵᠢ ᠪᠠᠭᠲᠠᠭ᠋ᠠᠨ᠎ᠠ)᠂ ᠬᠢᠩᠭ᠋ᠠᠨ ᠠᠶ᠋ᠢᠮᠠᠭ᠂ ᠲᠦᠩᠯᠢᠶᠣᠤ ᠬᠤᠲᠠ᠂ ᠤᠯᠠᠭ᠋ᠠᠨᠬᠠᠳᠠ ᠬᠤᠲᠠ᠂ ᠰᠢᠯᠢ ᠵᠢᠨ ᠭᠤᠤᠯ ᠠᠶ᠋ᠢᠮᠠᠭ (ᠡᠷᠢᠶᠡᠨ ᠬᠤᠲᠠ ᠵᠢ ᠪᠠᠭᠲᠠᠭ᠋ᠠᠨ᠎ᠠ) ᠤᠯᠠᠭ᠋ᠠᠨᠴᠠᠪ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ᠂ ᠦᠬᠠᠶ ᠬᠤᠲᠠ ᠪᠣᠯᠤᠨ ᠠᠯᠠᠱ᠌ᠠ ᠠᠶ᠋ᠢᠮᠠᠭ᠎ᠤᠨ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠰᠠᠭᠤᠭ᠎ᠠ ᠭᠠᠵᠠᠷ᠃
(5) ᠤᠷᠢᠭᠲᠠᠬᠤ ᠬᠦᠮᠦᠰ ᠡᠷᠬᠡᠪᠰᠢ ᠬᠤᠪᠢ ᠬᠦᠮᠦᠨ᠎ᠤ ᠬᠦᠴᠦᠨ ᠪᠦᠭᠦᠢ ᠪᠡᠶ᠎ᠡ ᠵᠢᠨ ᠦᠨᠡᠮᠯᠡᠯ (ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ᠂ ᠳᠦᠷ ᠴᠠᠭ᠎ᠤᠨ ᠪᠡᠶ᠎ᠡ ᠵᠢᠨ ᠦᠨᠡᠮᠯᠡᠯ᠂ ᠫᠠᠰᠫᠤᠷᠲ ᠪᠤᠶᠤ ᠨᠡᠶ᠋ᠢᠬᠡᠮ᠎ᠤᠨ ᠪᠠᠲᠤᠯᠠᠭ᠎ᠠ ᠵᠢᠨ ᠺᠠᠷᠲ) ᠪᠤᠯᠤᠨ ᠰᠢᠯᠭ᠋ᠠᠭᠤᠯᠬᠤ ᠵᠥᠪᠰᠢᠶᠡᠷᠡᠯ᠎ᠤᠨ ᠦᠨᠡᠮᠯᠡᠯ ᠵᠶ᠋ᠠᠷ ᠵᠶ᠋ᠠᠨ ᠰᠢᠯᠭ᠋ᠠᠯᠲᠠ᠎ᠳᠤ ᠤᠷᠤᠯᠴᠠᠨ᠎ᠠ᠃
(6) ᠪᠢᠴᠢᠭ᠎ᠤᠨ ᠰᠢᠯᠭ᠋ᠠᠯᠲᠠ ᠵᠢᠨ ᠬᠢᠷᠢ ᠪᠦᠲᠦᠮᠵᠢ = (《ᠠᠵᠢᠯ ᠮᠡᠷᠭᠡᠵᠢᠯ᠎ᠤᠨ ᠴᠢᠳᠠᠪᠤᠷᠢ ᠵᠢᠨ ᠬᠠᠨᠳᠤᠯᠭ᠋ᠠᠲᠤ ᠰᠢᠯᠭ᠋ᠠᠯᠲᠠ》 ᠵᠢᠨ ᠣᠯᠣᠭᠰᠠᠨ ᠬᠤᠪᠢ + 《ᠶᠡᠷᠦᠩᠬᠡᠶ ᠬᠡᠷᠡᠭᠯᠡᠭᠡᠨ᠎ᠤ ᠴᠢᠳᠠᠪᠤᠷᠢ》 ᠵᠢᠨ ᠣᠯᠣᠭᠰᠠᠨ ᠬᠤᠪᠢ) ÷ 3 + ᠲᠦᠷᠦ ᠵᠢᠨ ᠪᠤᠳᠤᠯᠭ᠎ᠠ ᠵᠢᠨ ᠬᠤᠪᠢ ᠵᠢ ᠨᠡᠮᠡᠨ᠎ᠡ᠃
(7) ᠮᠣᠩᠭᠤᠯ ᠦᠨᠳᠦᠰᠦᠲᠡᠨ᠂ ᠳᠠᠭᠤᠷ ᠦᠨᠳᠦᠰᠦᠲᠡᠨ᠂ ᠣᠷᠴᠣᠨ ᠦᠨᠳᠦᠰᠦᠲᠡᠨ᠂ ᠡᠸᠡᠩᠬᠢ ᠦᠨᠳᠦᠰᠦᠲᠡᠨ᠎ᠤ ᠤᠷᠢᠬᠳᠠᠬᠤ ᠬᠥᠮᠦᠰ᠎ᠢ ᠪᠢᠴᠢᠭ᠎ᠤᠨ ᠰᠢᠯᠭ᠋ᠠᠯᠲᠠ ᠵᠢᠨ ᠬᠢᠷᠢ ᠪᠦᠲᠦᠮᠵᠢ ᠵᠢ ᠳ᠋ᠦᠩᠨᠡᠨ ᠪᠣᠳᠣᠭᠰᠠᠨᠤ ᠳᠠᠷᠠᠭ᠎ᠠ 2.5 ᠬᠤᠪᠢ ᠨᠡᠮᠡᠨ᠎ᠡ᠃
(8) ᠪᠢᠴᠢᠭ᠎ᠤᠨ ᠰᠢᠯᠭ᠋ᠠᠯᠲᠠ ᠳᠠᠭᠤᠰᠤᠭᠰᠠᠨ᠎ᠤ ᠳᠠᠷᠠᠭ᠎ᠠ᠂ ᠪᠢᠴᠢᠭ᠎ᠤᠨ ᠰᠢᠯᠭ᠋ᠠᠯᠲᠠ ᠵᠢᠨ ᠬᠠᠮᠤᠭ ᠳᠣᠤᠷ᠎ᠠ ᠬᠢᠷᠢ ᠲᠡᠩᠴᠡᠭᠦ ᠬᠤᠪᠢ ᠵᠢᠨ ᠱᠤᠭᠤᠮ᠎ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠠᠴᠠ ᠰᠤᠳᠤᠯᠤᠨ ᠲᠣᠭᠲᠠᠭ᠋ᠠᠨ᠎ᠠ᠃ ᠤᠷᠢᠬᠳᠠᠬᠤ ᠬᠥᠮᠦᠰ᠎ᠤᠨ ᠪᠢᠴᠢᠭ᠎ᠤᠨ ᠰᠢᠯᠭ᠋ᠠᠯᠲᠠ ᠵᠢᠨ ᠬᠢᠷᠢ ᠪᠦᠲᠦᠮᠵᠢ᠂ ᠪᠢᠴᠢᠭ᠎ᠤᠨ ᠰᠢᠯᠭ᠋ᠠᠯᠲᠠ ᠵᠢᠨ ᠬᠠᠮᠤᠭ᠎ᠤᠨ ᠳᠣᠣᠷᠠᠳᠤ ᠬᠢᠷᠢ ᠲᠡᠩᠴᠡᠭᠦ ᠬᠤᠪᠢ ᠵᠢᠨ ᠱᠤᠭᠤᠮ᠎ᠢ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠨᠡᠶ᠋ᠢᠲᠡᠯᠡᠨ᠎ᠡ᠃
4. ᠬᠢᠷᠢ ᠬᠡᠮ᠎ᠤᠨ ᠲᠠᠭᠢᠨ ᠬᠢᠨᠠᠨ ᠪᠠᠶ᠋ᠢᠴᠠᠭ᠋ᠠᠯᠲᠠ
(1) ᠬᠢᠷᠢ ᠬᠡᠮ᠎ᠤᠨ ᠳᠠᠬᠢᠨ ᠬᠢᠨᠠᠨ ᠪᠠᠶ᠋ᠢᠴᠠᠭ᠋ᠠᠯᠲᠠ ᠵᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠪᠡᠶᠡᠯᠡᠭᠦᠯᠦᠨ᠎ᠡ᠃ ᠬᠢᠷᠢ ᠭᠡᠮ᠎ᠢ ᠳᠠᠬᠢᠨ ᠬᠢᠨᠠᠬᠤ ᠪᠠ ᠨᠢᠭᠤᠷᠳᠠᠨ ᠰᠢᠯᠭ᠋ᠠᠬᠤ ᠬᠤᠯᠪᠣᠭᠳᠠᠯ ᠪᠦᠬᠦᠢ ᠱᠠᠭ᠋ᠠᠷᠳᠠᠯᠭ᠎ᠠ ᠵᠢ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠤᠷᠢᠳᠴᠢᠯᠠᠨ ᠵᠠᠷᠯᠠᠨ᠎ᠠ᠃
(2) ᠪᠢᠴᠢᠭ᠎ᠤᠨ ᠰᠢᠯᠭ᠋ᠠᠯᠲᠠ ᠵᠢᠨ ᠬᠢᠷᠢ ᠪᠦᠲᠦᠮᠵᠢ᠎ᠨᠢ ᠬᠢᠷᠢ ᠲᠡᠩᠴᠡᠬᠦ ᠬᠠᠮᠤᠭ᠎ᠤᠨ ᠳᠣᠣᠷᠠᠳᠤ ᠬᠤᠪᠢ ᠵᠢᠨ ᠱᠤᠭᠤᠮ᠎ᠳᠤ ᠬᠦᠷᠦᠭᠰᠡᠨ ᠤᠷᠢᠬᠳᠠᠬᠤ ᠬᠥᠮᠦᠰ᠎ᠤᠨ ᠳᠣᠲᠣᠷ᠎ᠠ ᠠᠵᠢᠯ᠎ᠤᠨ ᠪᠠᠶ᠋ᠢᠷᠢ ᠨᠢᠭᠡ ᠪᠦᠷᠢ ᠵᠢᠨ ᠤᠷᠢᠬᠳᠠᠬᠤ ᠬᠥᠮᠦᠰ᠎ᠤᠨ ᠪᠢᠴᠢᠭ᠎ᠤᠨ ᠰᠢᠯᠭ᠋ᠠᠯᠲᠠ ᠵᠢᠨ ᠬᠢᠷᠢ ᠪᠦᠲᠦᠮᠵᠢ ᠵᠢ ᠥᠨᠳᠥᠷ᠎ᠠᠴᠠ ᠳᠣᠤᠷ᠎ᠠ ᠬᠦᠷᠲᠡᠯᠡᠬᠢ ᠳᠡᠰ ᠳᠠᠷᠠᠭ᠋ᠠᠯᠠᠯ ᠪᠠ 3᠄ 1 ᠵᠢᠨ ᠬᠠᠷᠢᠴᠠᠯ ᠵᠶ᠋ᠠᠷ ᠬᠢᠷᠢ ᠬᠡᠮ᠎ᠢ ᠳᠠᠬᠢᠨ ᠬᠢᠨᠠᠨ ᠪᠠᠶ᠋ᠢᠴᠠᠭ᠋ᠠᠬᠤ ᠬᠡᠪᠴᠢᠶᠡᠨ᠎ᠳᠤ ᠣᠷᠣᠬᠤ ᠬᠥᠮᠦᠰ᠎ᠢ ᠲᠣᠭᠲᠠᠭ᠋ᠠᠨ᠎ᠠ᠃ ᠪᠢᠴᠢᠭ᠎ᠤᠨ ᠰᠢᠯᠭ᠋ᠠᠯᠲᠠ ᠵᠢᠨ ᠬᠢᠷᠢ ᠪᠦᠲᠦᠮᠵᠢ᠎ᠨᠢ ᠵᠡᠷᠭᠡᠴᠡᠭᠰᠡᠨ ᠪᠦᠭᠡᠳ 3᠄ 1᠎ᠠᠴᠠ ᠬᠡᠲᠦᠷᠡᠭᠰᠡᠨ ᠪᠠᠶ᠋ᠢᠪᠠᠯ ᠬᠢᠷᠢ ᠬᠡᠮ᠎ᠢ ᠳᠠᠬᠢᠨ ᠬᠢᠨᠠᠬᠤ ᠬᠡᠪᠴᠢᠶᠡᠨ᠎ᠳᠤ ᠣᠷᠣᠭᠤᠯᠵᠤ᠂ ᠪᠢᠴᠢᠭ᠎ᠤᠨ ᠰᠢᠯᠭ᠋ᠠᠯᠲᠠ ᠵᠢᠨ ᠬᠢᠷᠢ ᠪᠦᠲᠦᠮᠵᠢ᠎ᠨᠢ ᠬᠢᠷᠢ ᠲᠡᠩᠴᠡᠬᠦ ᠬᠠᠮᠤᠭ᠎ᠤᠨ ᠳᠣᠣᠷᠠᠳᠤ ᠬᠤᠪᠢ ᠵᠢᠨ ᠱᠤᠭᠤᠮ᠎ᠳᠤ ᠬᠥᠷᠥᠭᠰᠡᠨ ᠬᠥᠮᠥᠰ᠎ᠨᠢ 3᠄ 1᠎ᠳᠤ ᠬᠦᠷᠬᠦ ᠦᠭᠡᠢ ᠪᠠᠶ᠋ᠢᠪᠠᠯ ᠪᠣᠳᠠᠲᠠᠶ ᠬᠥᠮᠦᠨ᠎ᠤ ᠲᠤᠭ᠎ᠠ᠎ᠪᠠᠷ ᠬᠢᠷᠢ ᠬᠡᠮ᠎ᠢ ᠳᠠᠬᠢᠨ ᠬᠢᠨᠠᠬᠤ᠎ᠳᠤ ᠣᠷᠣᠬᠤ ᠬᠥᠮᠥᠰ᠎ᠤᠨ ᠬᠡᠪᠴᠢᠶ᠎ᠡ ᠵᠢ ᠲᠣᠭᠲᠠᠭ᠋ᠠᠨ᠎ᠠ᠃ ᠡᠯᠡᠰᠬᠦ ᠲᠥᠯᠥᠪᠯᠡᠭᠡ᠎ᠳᠤ ᠲᠣᠬᠢᠷᠠᠭᠤᠯᠤᠯᠲᠠ ᠬᠢᠬᠦ ᠪᠤᠶᠤ ᠨᠡᠷ᠎ᠡ ᠮᠡᠳᠡᠭᠦᠯᠵᠦ ᠰᠢᠯᠭ᠋ᠠᠭᠤᠯᠬᠤ ᠬᠥᠮᠥᠨ ᠭᠠᠷᠤᠭᠰᠠᠨ ᠦᠭᠡᠢ᠎ᠠᠴᠠ ᠪᠣᠯᠵᠤ ᠬᠠᠰᠤᠭᠳᠠᠭᠰᠠᠨ ᠠᠵᠢᠯ᠎ᠤᠨ ᠪᠠᠶ᠋ᠢᠷᠢ ᠵᠢ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠨᠡᠶ᠋ᠢᠲᠡᠯᠡᠨ᠎ᠡ᠃
(3) ᠬᠢᠷᠢ ᠬᠡᠮ᠎ᠢ ᠳᠠᠬᠢᠨ ᠬᠢᠨᠠᠨ ᠪᠠᠶ᠋ᠢᠴᠠᠭ᠋ᠠᠬᠤ᠎ᠳᠤ ᠤᠷᠢᠬᠳᠠᠬᠤ ᠬᠥᠮᠦᠰ᠎ᠤᠨ ᠲᠠᠭᠯᠠᠨ ᠮᠡᠳᠡᠭᠦᠯᠦᠭᠰᠡᠨ ᠮᠡᠳᠡᠭᠡ ᠵᠠᠩᠭᠢ ᠵᠢᠨ ᠦᠨᠡᠨ ᠪᠣᠳᠠᠲᠠᠶ ᠣᠨᠣᠪᠴᠢᠲᠠᠶ ᠪᠠᠶ᠋ᠢᠬᠤ ᠡᠰᠡᠬᠦ᠂ ᠤᠷᠢᠬᠳᠠᠬᠤ ᠬᠥᠮᠦᠰ᠎ᠤᠨ ᠠᠵᠢᠯ᠎ᠤᠨ ᠪᠠᠶ᠋ᠢᠷᠢ ᠵᠢᠨ ᠵᠣᠬᠢᠴᠠᠩᠭᠤᠶ ᠬᠢᠷᠢ ᠬᠡᠮ᠎ᠤᠨ ᠨᠥᠬᠥᠴᠡᠯ᠎ᠳᠤ ᠨᠡᠶ᠋ᠢᠴᠡᠬᠦ ᠡᠰᠡᠬᠦ ᠵᠢ ᠭᠣᠤᠯᠳᠠᠯᠭ᠎ᠠ᠎ᠲᠠᠢ᠎ᠪᠠᠷ ᠬᠢᠨᠠᠨ ᠪᠠᠶ᠋ᠢᠴᠠᠭ᠋ᠠᠨ᠎ᠠ᠃ ᠤᠷᠢᠭᠳᠠᠬᠤ ᠨᠥᠬᠦᠴᠡᠯ᠎ᠳᠤ ᠨᠡᠶ᠋ᠢᠴᠡᠬᠦ ᠥᠬᠡᠶ᠂ ᠬᠤᠪᠢ ᠬᠥᠮᠦᠨ ᠦᠨᠳᠦᠰᠦᠲᠡᠨ᠎ᠤ ᠲᠤᠬᠠᠢ ᠮᠡᠳᠡᠭᠡ ᠵᠠᠩᠭᠢ᠎ᠪᠠᠨ ᠪᠤᠷᠤᠭᠤ ᠲᠠᠭᠯᠠᠭᠰᠠᠨ᠎ᠠᠴᠠ ᠪᠣᠯᠵᠣ ᠬᠤᠪᠢ ᠨᠡᠮᠡᠬᠦ᠂ ᠲᠠᠭᠯᠠᠨ ᠮᠡᠳᠡᠭᠦᠯᠦᠭᠰᠡᠨ ᠬᠤᠪᠢ ᠬᠥᠮᠦᠨ᠎ᠤ ᠮᠡᠳᠡᠭᠡ ᠵᠠᠩᠭᠢ᠎ᠨᠢ ᠪᠣᠳᠠᠲᠠᠢ ᠭᠡᠷᠡᠴᠢ ᠦᠨᠡᠮᠯᠡᠯ᠎ᠲᠠᠢ᠎ᠪᠠᠨ ᠨᠡᠶ᠋ᠢᠴᠡᠬᠦ ᠥᠬᠡᠶ ᠵᠢᠴᠢ ᠴᠢᠬᠤᠯᠠ ᠮᠡᠳᠡᠭᠡ ᠵᠠᠩᠭᠢ᠎ᠪᠠᠨ ᠨᠢᠭᠤᠨ ᠳᠠᠯᠳᠠᠯᠠᠭᠰᠠᠨ ᠪᠤᠶᠤ ᠬᠤᠳᠠᠯ ᠬᠠᠭᠤᠷᠮᠠᠭ ᠭᠡᠷᠡᠴᠢ ᠮᠠᠲ᠋ᠧᠷᠢᠶᠠᠯ ᠬᠠᠩᠭ᠋ᠠᠭᠰᠠᠨ ᠵᠡᠷᠭᠡ ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠶ ᠪᠠᠶ᠋ᠢᠪᠠᠯ᠂ ᠨᠢᠭᠤᠷᠳᠠᠨ ᠰᠢᠯᠭ᠋ᠠᠬᠤ ᠰᠢᠯᠭ᠋ᠠᠯᠲᠠ᠎ᠳᠤ ᠣᠷᠣᠯᠴᠠᠬᠤ ᠬᠢᠷᠢ ᠬᠡᠮ᠎ᠢ᠎ᠨᠢ ᠬᠦᠴᠦᠨ ᠥᠬᠡᠶ ᠪᠣᠯᠭ᠋ᠠᠨ᠎ᠠ᠃
(4) ᠬᠢᠷᠢ ᠭᠡᠮ᠎ᠤᠨ ᠳᠠᠬᠢᠨ ᠬᠢᠨᠠᠬᠤ ᠬᠡᠪᠴᠢᠶᠡᠨ᠎ᠳᠤ ᠤᠷᠤᠭᠰᠠᠨ ᠤᠷᠢᠭᠳᠠᠬᠤ ᠬᠥᠮᠦᠰ ᠲᠣᠭᠲᠠᠭᠰᠠᠨ ᠴᠠᠭ ᠪᠠ ᠭᠠᠵᠠᠷ᠎ᠲᠤ ᠬᠢᠷᠢ ᠭᠡᠮ᠎ᠤᠨ ᠳᠠᠬᠢᠨ ᠬᠢᠨᠠᠨ ᠪᠠᠶ᠋ᠢᠴᠠᠭ᠋ᠠᠯᠲᠠ᠎ᠳᠤ ᠤᠷᠤᠯᠴᠠᠨ᠎ᠠ᠃ ᠲᠣᠭᠲᠠᠭᠰᠠᠨ ᠴᠠᠭ᠎ᠨᠢ ᠳᠠᠭᠤᠰᠬᠤ᠎ᠠᠴᠠ ᠡᠮᠦᠨ᠎ᠡ ᠬᠢᠷᠢ ᠭᠡᠮ᠎ᠤᠨ ᠳᠠᠬᠢᠨ ᠬᠢᠨᠠᠨ ᠪᠠᠶ᠋ᠢᠴᠠᠭ᠋ᠠᠯᠲᠠ᠎ᠳᠤ ᠣᠷᠣᠯᠴᠠᠭᠰᠠᠨ ᠦᠭᠡᠶ ᠪᠠᠶ᠋ᠢᠪᠠᠯ ᠨᠢᠭᠤᠷᠳᠠᠨ ᠰᠢᠯᠭ᠋ᠠᠬᠤ ᠬᠢᠷᠢ ᠭᠡᠮ᠎ᠢ᠎ᠨᠢ ᠬᠦᠴᠦᠨ ᠦᠭᠡᠶ ᠪᠣᠯᠭ᠋ᠠᠨ᠎ᠠ᠃
5. ᠨᠢᠭᠤᠷᠳᠠᠨ ᠰᠢᠯᠭ᠋ᠠᠬᠤ
(1) ᠨᠢᠭᠤᠷᠳᠠᠨ ᠰᠢᠯᠭ᠋ᠠᠬᠤ ᠪᠦᠷᠢᠨ ᠬᠤᠪᠢ᠎ᠨᠢ 100 ᠬᠤᠪᠢ᠃ ᠪᠦᠲᠦᠴᠡᠴᠢᠯᠯᠡᠭᠰᠡᠨ ᠨᠢᠭᠤᠷᠳᠠᠨ ᠰᠢᠯᠭ᠋ᠠᠯᠲᠠ᠎ᠪᠠᠷ ᠶᠠᠪᠤᠭᠳᠠᠭᠤᠯᠤᠨ᠎ᠠ᠃
(2) ᠨᠢᠭᠤᠷᠳᠠᠨ ᠰᠢᠯᠭ᠋ᠠᠬᠤ᠎ᠳᠤ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ᠎ᠪᠠᠷ ᠬᠠᠷᠢᠭᠤᠯᠵᠤ ᠪᠤᠯᠤᠨ᠎ᠠ᠂ ᠪᠠᠰᠠ ᠮᠤᠩᠭᠤᠯ ᠬᠡᠯᠡ᠎ᠪᠠᠷ ᠬᠠᠷᠢᠭᠤᠯᠵᠤ ᠪᠤᠯᠤᠨ᠎ᠠ (ᠤᠷᠢᠬᠳᠠᠬᠤ ᠬᠥᠮᠦᠰ᠎ᠨᠢ ᠡᠷᠬᠡᠪᠰᠢ ᠬᠢᠷᠢ ᠬᠡᠮ᠎ᠢ ᠳᠠᠬᠢᠨ ᠬᠢᠨᠠᠬᠤ ᠦᠶ᠎ᠡ᠎ᠳᠤ ᠶᠠᠮᠠᠷ ᠬᠡᠯᠡ᠎ᠪᠠᠷ ᠬᠠᠷᠢᠭᠤᠯᠬᠤ᠎ᠪᠠᠨ ᠠᠵᠢᠯᠲᠠᠳ᠎ᠳᠤ ᠲᠣᠳᠣᠷᠬᠠᠶ᠋ᠢᠯᠠᠬᠤ ᠵᠢᠨ ᠬᠠᠮᠲᠤ ᠨᠢᠭᠤᠷᠲᠠᠨ ᠰᠢᠯᠭ᠋ᠠᠬᠤ ᠮᠡᠳᠡᠭᠳᠡᠯ᠎ᠤᠨ ᠪᠢᠴᠢᠭ ᠳᠡᠭᠡᠷ᠎ᠡ ᠲᠣᠳᠣᠷᠬᠠᠶ᠋ᠢᠯᠠᠨ ᠪᠢᠴᠢᠬᠦ ᠬᠡᠷᠡᠭᠲᠡᠢ) ᠭᠡᠪᠡᠴᠦ ᠵᠥᠪᠬᠡᠨ ᠨᠢᠭᠡ ᠯᠡ ᠲᠦᠷᠦᠯ᠎ᠤᠨ ᠬᠡᠯᠡ᠎ᠪᠠᠷ ᠬᠠᠷᠢᠭᠤᠯᠵᠤ ᠪᠣᠯᠣᠨ᠎ᠠ᠂ ᠬᠤᠯᠢᠯᠳᠤᠭᠤᠯᠤᠨ ᠬᠡᠷᠡᠭᠯᠡᠵᠦ ᠪᠣᠯᠬᠤ ᠦᠭᠡᠢ᠃ ᠱᠠᠭ᠋ᠠᠷᠳᠠᠯᠭ᠎ᠠ ᠶᠣᠰᠣᠭ᠋ᠠᠷ ᠬᠠᠷᠢᠭᠤᠯᠠᠭᠰᠠᠨ ᠦᠭᠡᠢ ᠪᠠᠶ᠋ᠢᠪᠠᠯ ᠲᠡᠭ ᠬᠤᠪᠢ ᠣᠯᠭᠤᠬᠤ᠎ᠪᠠᠷ ᠰᠢᠢ᠍ᠳᠪᠦᠷᠢᠯᠡᠨ᠎ᠡ᠃
(3) ᠪᠦᠲᠦᠴᠡᠴᠢᠯᠡᠨ ᠨᠢᠭᠤᠷᠲᠠᠨ ᠰᠢᠯᠭ᠋ᠠᠬᠤ ᠦᠶ᠎ᠡ᠎ᠳᠤ᠂ ᠪᠤᠲᠠᠲᠠᠢ ᠣᠷᠤᠯᠴᠠᠭᠰᠠᠨ ᠬᠦᠮᠦᠨ᠎ᠤ ᠲᠤᠭ᠎ᠠ᠎ᠨᠢ ᠲᠤᠰ ᠠᠵᠢᠯ᠎ᠤᠨ ᠪᠠᠶ᠋ᠢᠷᠢ ᠵᠢᠨ ᠠᠵᠢᠯᠲᠠᠨ ᠡᠯᠰᠡᠬᠦ ᠲᠤᠭ᠎ᠠ᠎ᠲᠠᠢ ᠲᠡᠩᠴᠡᠭᠦᠦ ᠪᠣᠶᠣ ᠲᠣᠭ᠋ᠠᠨ᠎ᠠᠴᠠ᠎ᠨᠢ ᠴᠦᠬᠡᠨ ᠪᠣᠯᠣᠭᠰᠠᠨ ᠪᠣᠯ ᠲᠤᠰ ᠠᠵᠢᠯ᠎ᠤᠨ ᠪᠠᠶ᠋ᠢᠷᠢ ᠵᠢᠨ ᠰᠢᠯᠭ᠋ᠠᠭᠤᠯᠤᠭᠴᠢ ᠵᠢᠨ ᠨᠢᠭᠤᠷᠲᠠᠨ ᠰᠢᠯᠭ᠋ᠠᠭᠰᠠᠨ ᠬᠢᠷᠢ ᠪᠦᠲᠦᠮᠵᠢ᠎ᠨᠢ ᠡᠷᠬᠡᠪᠰᠢ ᠲᠣᠰ ᠬᠦᠮᠦᠨ᠎ᠤ ᠨᠢᠭᠤᠷᠲᠠᠨ ᠰᠢᠯᠭ᠋ᠠᠬᠤ ᠰᠢᠯᠭ᠋ᠠᠯᠲᠠ᠎ᠳᠤ ᠣᠷᠣᠯᠴᠠᠭᠰᠠᠨ ᠲᠠᠯᠠᠪᠠᠢ (ᠠᠳᠠᠯᠢ ᠰᠢᠯᠭ᠋ᠠᠯᠲᠠ ᠵᠢᠨ ᠰᠡᠳᠦᠪ᠂ ᠠᠳᠠᠯᠢ ᠰᠢᠯᠭ᠋ᠠᠭᠴᠢ ᠲᠤᠰᠢᠶᠠᠯᠲᠠᠨ᠎ᠤ ᠳᠤᠭᠤᠶ᠋ᠢᠯᠠᠩ᠎ᠳᠤ ᠬᠦᠷᠦᠭᠰᠡᠨ ᠪᠠᠶ᠋ᠢᠪᠠᠯ) ᠵᠢᠨ ᠪᠦᠬᠦ ᠰᠢᠯᠭ᠋ᠠᠭᠤᠯᠤᠭᠴᠢ ᠵᠢᠨ ᠨᠢᠭᠤᠷᠳᠡᠨ ᠰᠢᠯᠭ᠋ᠠᠬᠤ ᠰᠢᠯᠭ᠋ᠠᠯᠲᠠ ᠵᠢᠨ ᠳᠤᠮᠳᠠᠴᠢ ᠬᠢᠷᠢ ᠪᠦᠲᠦᠮᠵᠢ᠎ᠳᠤ ᠬᠥᠷᠥᠭᠰᠡᠨ ᠪᠠᠶ᠋ᠢᠪᠠᠯ ᠰᠠᠶᠢ ᠳᠠᠷᠠᠭ᠋ᠠᠴᠢ ᠵᠢᠨ ᠠᠯᠬᠤᠮ᠎ᠳᠤ ᠣᠷᠣᠵᠤ ᠪᠣᠯᠤᠨ᠎ᠠ᠃
(4) ᠤᠷᠢᠬᠳᠠᠬᠤ ᠬᠥᠮᠦᠰ᠎ᠤᠨ ᠰᠢᠯᠭ᠋ᠠᠯᠲᠠ ᠵᠢᠨ ᠶᠡᠷᠦᠩᠬᠡᠶ ᠬᠢᠷᠢ ᠪᠦᠲᠦᠮᠵᠢ ᠵᠢ ᠪᠤᠳᠤᠬᠤ ᠲᠣᠮᠢᠶ᠎ᠠ᠎ᠨᠢ᠄ ᠰᠢᠯᠭ᠋ᠠᠯᠲᠠ ᠵᠢᠨ ᠶᠡᠷᠦᠩᠬᠡᠶ ᠬᠢᠷᠢ ᠪᠦᠲᠦᠮᠵᠢ = ᠪᠢᠴᠢᠭ᠎ᠤᠨ ᠰᠢᠯᠭ᠋ᠠᠯᠲᠠ ᠵᠢᠨ ᠬᠢᠷᠢ ᠪᠦᠲᠦᠮᠵᠢ × 60% + ᠨᠢᠭᠤᠷᠳᠠᠨ ᠰᠢᠯᠭ᠋ᠠᠭᠰᠠᠨ ᠬᠢᠷᠢ ᠪᠦᠲᠦᠮᠵᠢ × 40% ᠪᠣᠯᠤᠨ᠎ᠠ᠃ ᠤᠷᠢᠭᠳᠠᠬᠤ ᠬᠥᠮᠦᠰ᠎ᠤᠨ ᠰᠢᠯᠭ᠋ᠠᠯᠲᠠ ᠵᠢᠨ ᠬᠢᠷᠢ ᠪᠦᠲᠦᠮᠵᠢ ᠪᠠ ᠰᠢᠯᠭ᠋ᠠᠯᠲᠠ ᠵᠢᠨ ᠶᠡᠷᠦᠩᠬᠡᠶ ᠬᠢᠷᠢ ᠪᠦᠲᠦᠮᠵᠢ ᠵᠢ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠨᠡᠶ᠋ᠢᠲᠡᠯᠡᠨ᠎ᠡ᠃
6. ᠪᠡᠶ᠎ᠡ ᠵᠢᠨ ᠪᠠᠶ᠋ᠢᠴᠠᠭ᠋ᠠᠯᠲᠠ ᠪᠠ ᠬᠢᠨᠠᠨ ᠪᠠᠶ᠋ᠢᠴᠠᠭ᠋ᠠᠬᠤ
ᠠᠵᠢᠯ᠎ᠤᠨ ᠪᠠᠶ᠋ᠢᠷᠢ ᠨᠢᠭᠡ ᠪᠦᠷᠢ ᠵᠢᠨ ᠤᠷᠢᠭᠳᠠᠬᠤ ᠬᠥᠮᠦᠰ᠎ᠤᠨ ᠰᠢᠯᠭ᠋ᠠᠯᠲᠠ ᠵᠢᠨ ᠶᠡᠷᠦᠩᠬᠡᠶ ᠬᠢᠷᠢ ᠪᠦᠲᠦᠮᠵᠢ ᠵᠢ ᠥᠨᠳᠥᠷ᠎ᠠᠴᠠ ᠳᠣᠤᠷ᠎ᠠ ᠬᠦᠷᠲᠡᠯᠡᠬᠢ ᠳᠡᠰ ᠳᠠᠷᠠᠭ᠋ᠠᠯᠠᠯ ᠪᠠ ᠲᠣᠰ ᠠᠵᠢᠯ᠎ᠤᠨ ᠪᠠᠶ᠋ᠢᠷᠢ ᠵᠢᠨ ᠪᠣᠳᠠᠲᠠᠶ ᠤᠷᠢᠨ ᠡᠯᠰᠡᠬᠦ ᠲᠥᠯᠥᠪᠯᠡᠭᠡ ᠵᠢᠨ ᠲᠤᠭ᠎ᠠ᠎ᠲᠠᠢ ᠲᠡᠩᠴᠡᠬᠦ ᠲᠤᠭ᠎ᠠ᠎ᠪᠠᠷ ᠪᠡᠶ᠎ᠡ ᠵᠢᠨ ᠪᠠᠶ᠋ᠢᠴᠠᠭ᠋ᠠᠯᠲᠠ ᠪᠠ ᠬᠢᠨᠠᠨ ᠪᠠᠶ᠋ᠢᠴᠠᠭ᠋ᠠᠬᠤ ᠬᠡᠪᠴᠢᠶᠡᠨ᠎ᠳᠤ ᠣᠷᠣᠬᠤ ᠵᠢᠱ᠌ᠢᠭᠳᠡᠭᠴᠢ ᠵᠢ ᠲᠣᠭᠲᠠᠭ᠋ᠠᠨ᠎ᠠ᠃ ᠠᠳᠠᠯᠢ ᠨᠢᠭᠡ ᠠᠵᠢᠯ᠎ᠤᠨ ᠪᠠᠶ᠋ᠢᠷᠢ ᠵᠢᠨ ᠪᠡᠶ᠎ᠡ ᠵᠢᠨ ᠪᠠᠶ᠋ᠢᠴᠠᠭ᠋ᠠᠯᠲᠠ ᠬᠢᠬᠦ ᠬᠢᠨᠠᠨ ᠪᠠᠶ᠋ᠢᠴᠠᠭ᠋ᠠᠬᠤ ᠬᠡᠪᠴᠢᠶᠡᠨ᠎ᠳᠤ ᠤᠷᠤᠭᠰᠠᠨ ᠵᠢᠱ᠌ᠢᠭᠳᠡᠭᠴᠢ ᠵᠢᠨ ᠬᠠᠮᠤᠭ᠎ᠤᠨ ᠡᠴᠦᠰ᠎ᠤᠨ ᠨᠢᠭᠡ ᠬᠥᠮᠥᠨ᠎ᠤ ᠰᠢᠯᠭ᠋ᠠᠯᠲᠠ ᠵᠢᠨ ᠶᠡᠷᠦᠩᠬᠡᠶ ᠬᠢᠷᠢ ᠪᠦᠲᠦᠮᠵᠢ᠎ᠨᠢ ᠵᠡᠷᠭᠡᠴᠡᠭᠰᠡᠨ ᠪᠤᠶᠤ ᠲᠣᠰ ᠠᠵᠢᠯ᠎ᠤᠨ ᠪᠠᠶ᠋ᠢᠷᠢ ᠵᠢᠨ ᠪᠣᠳᠠᠲᠠᠶ ᠤᠷᠢᠨ ᠡᠯᠰᠡᠬᠦ ᠲᠥᠯᠥᠪᠯᠡᠭᠡ ᠵᠢᠨ ᠲᠤᠭ᠎ᠠ᠎ᠠᠴᠠ ᠬᠡᠲᠦᠷᠡᠭᠰᠡᠨ ᠪᠠᠶ᠋ᠢᠪᠠᠯ᠂ ᠪᠢᠴᠢᠭ᠎ᠤᠨ ᠰᠢᠯᠭ᠋ᠠᠯᠲᠠ ᠵᠢᠨ ᠬᠢᠷᠢ ᠪᠦᠲᠦᠮᠵᠢ ᠵᠢᠨ ᠶᠡᠭᠡ ᠪᠠᠭ᠎ᠠ᠎ᠪᠠᠷ ᠵᠢᠭᠰᠠᠭ᠋ᠠᠵᠤ᠂ ᠤᠷᠢᠨ ᠡᠯᠰᠡᠬᠦ ᠲᠤᠭ᠎ᠠ᠎ᠲᠠᠢ ᠲᠡᠩᠴᠡᠭᠦᠦ ᠲᠤᠭ᠎ᠠ᠎ᠪᠠᠷ ᠪᠡᠶ᠎ᠡ ᠵᠢᠨ ᠪᠠᠶ᠋ᠢᠴᠠᠭ᠋ᠠᠯᠲᠠ ᠪᠠ ᠬᠢᠨᠠᠨ ᠪᠠᠶ᠋ᠢᠴᠠᠭ᠋ᠠᠬᠤ ᠬᠡᠪᠴᠢᠶᠡᠨ᠎ᠳᠤ ᠣᠷᠣᠬᠤ ᠵᠢᠱ᠌ᠢᠭᠳᠡᠭᠴᠢ ᠵᠢ ᠲᠣᠭᠲᠠᠭ᠋ᠠᠨ᠎ᠠ; ᠪᠢᠴᠢᠭ᠎ᠤᠨ ᠰᠢᠯᠭ᠋ᠠᠯᠲᠠ ᠵᠢᠨ ᠬᠢᠷᠢ ᠪᠦᠲᠦᠮᠵᠢ᠎ᠨᠢ ᠴᠦ᠍ ᠠᠳᠠᠯᠢ ᠪᠠᠶ᠋ᠢᠪᠠᠯ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠨᠡᠮᠡᠵᠦ ᠰᠢᠯᠭ᠋ᠠᠵᠤ ᠰᠢᠯᠭ᠋ᠠᠯᠲᠠ ᠵᠢ ᠵᠣᠬᠢᠶᠠᠨ ᠪᠠᠶ᠋ᠢᠭᠤᠯᠵᠤ (ᠨᠡᠮᠡᠬᠦ ᠰᠢᠯᠭ᠋ᠠᠬᠤ ᠬᠡᠯᠪᠡᠷᠢ ᠵᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠪᠣᠳᠠᠲᠠᠶ ᠪᠠᠶ᠋ᠢᠳᠠᠯ ᠵᠶ᠋ᠠᠨ ᠦᠨᠳᠦᠰᠦᠯᠡᠨ ᠲᠣᠭᠲᠠᠭ᠋ᠠᠨ᠎ᠠ)᠂ ᠤᠷᠢᠨ ᠡᠯᠰᠡᠬᠦ ᠲᠤᠭ᠎ᠠ᠎ᠲᠠᠢ ᠲᠡᠩᠴᠡᠭᠦᠦ ᠲᠤᠭ᠎ᠠ᠎ᠪᠠᠷ ᠪᠡᠶ᠎ᠡ ᠵᠢᠨ ᠪᠠᠶ᠋ᠢᠴᠠᠭ᠋ᠠᠯᠲᠠ ᠪᠠ ᠬᠢᠨᠠᠨ ᠪᠠᠶ᠋ᠢᠴᠠᠭ᠋ᠠᠬᠤ ᠬᠡᠪᠴᠢᠶᠡᠨ᠎ᠳᠤ ᠣᠷᠣᠬᠤ ᠵᠢᠱ᠌ᠢᠭᠳᠡᠭᠴᠢ ᠵᠢ ᠲᠣᠭᠲᠠᠭ᠋ᠠᠨ᠎ᠠ᠃
(1) ᠪᠡᠶ᠎ᠡ ᠵᠢᠨ ᠪᠠᠶ᠋ᠢᠴᠠᠭ᠋ᠠᠯᠲᠠ
ᠪᠡᠶ᠎ᠡ ᠵᠢᠨ ᠪᠠᠶ᠋ᠢᠴᠠᠭ᠋ᠠᠯᠲᠠ ᠵᠢ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠤ ᠶᠠᠪᠤᠳᠠᠯ᠎ᠤᠨ ᠶᠡᠷᠦᠩᠬᠡᠶ᠋ᠢᠯᠡᠭᠰᠡᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠢᠭ᠋ᠠᠨ ᠲᠣᠭᠲᠠᠭ᠋ᠠᠭᠰᠠᠨ ᠡᠮᠴᠢᠯᠡᠭᠡᠨ᠎ᠤ ᠪᠡᠶ᠎ᠡ ᠵᠢᠨ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠳᠤ ᠬᠢᠵᠦ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠬᠠᠷᠢᠭᠤᠴᠠᠨ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ᠃ ᠪᠡᠶ᠎ᠡ ᠵᠢᠨ ᠪᠠᠶ᠋ᠢᠴᠠᠭ᠋ᠠᠯᠲᠠ ᠵᠢ ᠠᠯᠪᠠᠲᠠᠨ ᠡᠯᠰᠡᠬᠦ ᠪᠡᠶ᠎ᠡ ᠵᠢᠨ ᠪᠠᠶ᠋ᠢᠴᠠᠭ᠋ᠠᠯᠲᠠ ᠵᠢᠨ ᠬᠤᠯᠪᠣᠭᠳᠠᠯ ᠪᠦᠬᠦᠢ ᠲᠣᠭᠲᠠᠭ᠋ᠠᠯ ᠵᠶ᠋ᠠᠷ ᠯᠠᠪᠯᠠᠯᠲᠠ ᠪᠣᠯᠭ᠋ᠠᠨ ᠬᠡᠷᠡᠭᠵᠢᠭᠦᠯᠦᠨ᠎ᠡ᠃ ᠪᠡᠶ᠎ᠡ ᠵᠢᠨ ᠪᠠᠶ᠋ᠢᠴᠠᠭ᠋ᠠᠯᠲᠠ ᠵᠢᠨ ᠠᠵᠢᠯ᠎ᠢ ᠨᠢᠭᠤᠷᠳᠠᠨ ᠰᠢᠯᠭ᠋ᠠᠭᠰᠠᠨ ᠰᠢᠯᠭ᠋ᠠᠯᠲᠠ ᠵᠢᠨ ᠬᠢᠷᠢ ᠪᠦᠲᠦᠮᠵᠢ ᠵᠢ ᠨᠡᠶ᠋ᠢᠲᠡᠯᠡᠭᠰᠡᠨ᠎ᠤ ᠳᠠᠷᠠᠭ᠎ᠠ ᠨᠢᠭᠡ ᠰᠠᠷ᠎ᠠ ᠵᠢᠨ ᠳᠣᠲᠣᠷ᠎ᠠ ᠳᠠᠭᠤᠰᠬᠠᠨ᠎ᠠ᠃ ᠤᠷᠢᠬᠳᠠᠬᠤ ᠬᠥᠮᠦᠰ ᠪᠡᠶ᠎ᠡ ᠵᠢᠨ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠥᠬᠡᠶ ᠪᠤᠶᠤ ᠪᠡᠶ᠎ᠡ ᠵᠢᠨ ᠪᠠᠶ᠋ᠢᠴᠠᠭ᠋ᠠᠯᠲᠠ ᠵᠢᠨ ᠶᠠᠪᠤᠴᠠ᠎ᠳᠤ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ᠂ ᠴᠢᠬᠤᠯᠠ ᠡᠪᠡᠳᠴᠢᠨ᠎ᠤ ᠲᠡᠦᠬᠡ ᠵᠡᠷᠭᠡ᠎ᠪᠠᠨ ᠨᠢᠭᠤᠨ ᠳᠠᠯᠳᠠᠯᠠᠭᠰᠠᠨ᠎ᠠᠴᠠ ᠪᠣᠯᠵᠣ ᠪᠡᠶ᠎ᠡ ᠵᠢᠨ ᠪᠠᠶ᠋ᠢᠴᠠᠭ᠋ᠠᠯᠲᠠ ᠵᠢᠨ ᠦᠷ᠎ᠡ ᠳ᠋ᠦᠩ᠎ᠨᠢ ᠦᠨᠡᠨ ᠪᠣᠳᠠᠲᠠᠶ ᠪᠢᠰᠢ ᠪᠣᠯᠪᠠᠯ ᠤᠷᠢᠭᠳᠠᠨ ᠡᠯᠰᠡᠭᠳᠡᠬᠦ ᠬᠢᠷᠢ ᠬᠡᠮ᠎ᠢ᠎ᠨᠢ ᠬᠦᠴᠦᠨ ᠥᠬᠡᠶ ᠪᠣᠯᠭ᠋ᠠᠨ᠎ᠠ᠃
(2) ᠬᠢᠨᠠᠨ ᠪᠠᠶ᠋ᠢᠴᠠᠭ᠋ᠠᠬᠤ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ᠎ᠠᠴᠠ ᠪᠡᠶ᠎ᠡ ᠵᠢᠨ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠬᠥᠮᠦᠰ᠎ᠲᠤ ᠬᠢᠨᠠᠨ ᠪᠠᠶ᠋ᠢᠴᠠᠭ᠋ᠠᠯᠲᠠ ᠬᠢᠵᠦ᠂ 2᠎ᠠᠴᠠ ᠳᠡᠭᠡᠭᠰᠢ ᠪᠦᠷᠢᠯᠳᠦᠬᠦᠨ᠎ᠲᠠᠢ ᠬᠢᠨᠠᠨ ᠪᠠᠶ᠋ᠢᠴᠠᠭ᠋ᠠᠬᠤ ᠳᠤᠭᠤᠢ᠍ᠯᠠᠩ ᠪᠠᠶ᠋ᠢᠭᠤᠯᠤᠨ᠎ᠠ᠃ ᠬᠢᠨᠠᠨ ᠪᠠᠶ᠋ᠢᠴᠠᠭ᠋ᠠᠬᠤ ᠠᠵᠢᠯ᠎ᠨᠢ ᠤᠯᠤᠰ ᠲᠥᠷᠥ ᠵᠢᠨ ᠪᠠᠷᠢᠮᠵᠢᠶ᠎ᠠ ᠵᠢ ᠳᠣᠪᠤᠶ᠋ᠢᠯᠭ᠋ᠠᠵᠤ᠂ ᠬᠢᠨᠠᠨ ᠪᠠᠶ᠋ᠢᠴᠠᠭ᠋ᠠᠬᠤ ᠠᠭᠤᠯᠭ᠎ᠠ᠎ᠳᠤ ᠭᠤᠤᠯᠳᠠᠭᠤ ᠤᠷᠢᠬᠳᠠᠬᠤ ᠬᠥᠮᠦᠰ᠎ᠤᠨ ᠦᠵᠡᠯ ᠰᠠᠨᠠᠭ᠎ᠠ ᠤᠯᠤᠰ ᠲᠥᠷᠥ ᠵᠢᠨ ᠢᠯᠡᠷᠡᠯ᠂ ᠶᠣᠰᠣ ᠮᠣᠷᠠᠯ ᠵᠠᠩ ᠰᠤᠷᠲᠠᠯ᠂ ᠴᠢᠳᠠᠪᠤᠷᠢ ᠬᠡᠪ ᠪᠣᠯᠪᠠᠰᠤᠷᠠᠯ᠂ ᠰᠤᠷᠤᠯᠴᠠᠯᠭ᠎ᠠ ᠪᠠ ᠠᠵᠢᠯ᠎ᠤᠨ ᠢᠯᠡᠷᠡᠯ᠂ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠢᠷᠤᠮᠯᠠᠬᠤ᠂ ᠠᠷᠢᠭᠤᠨ ᠴᠢᠬᠡᠴᠢ᠎ᠪᠠᠷ ᠪᠡᠶ᠎ᠡ᠎ᠪᠠᠨ ᠪᠠᠷᠢᠬᠤ ᠵᠢᠴᠢ ᠵᠠᠶ᠋ᠢᠯᠠᠬᠤ ᠴᠢᠬᠤᠯᠠᠲᠠᠢ ᠡᠰᠡᠬᠦ ᠵᠡᠷᠭᠡ ᠲᠠᠯ᠎ᠠ ᠵᠢᠨ ᠪᠠᠶ᠋ᠢᠳᠠᠯ᠎ᠢ ᠪᠠᠭᠲᠠᠭ᠋ᠠᠵᠤ᠂ ᠡᠩ᠎ᠤᠨ ᠪᠠᠶ᠋ᠢᠳᠠᠯ᠎ᠳᠤ ᠲᠤᠰᠬᠠᠶ ᠶᠠᠷᠢᠯᠴᠠᠬᠤ᠂ ᠲᠤᠬᠠᠶ ᠵᠢᠨ ᠭᠠᠵᠠᠷ᠎ᠲᠤᠨᠢ ᠰᠤᠷᠪᠤᠯᠵᠢᠯᠠᠬᠤ᠂ ᠠᠵᠢᠯᠲᠠᠨ᠎ᠤ ᠶᠠᠪᠤᠳᠠᠯ᠎ᠤᠨ ᠲᠠᠩᠰᠠ ᠡᠪᠬᠡᠮᠡᠯ᠎ᠢ᠎ᠨᠢ ᠬᠢᠨᠠᠨ ᠪᠠᠶ᠋ᠢᠴᠠᠭ᠋ᠠᠬᠤ᠂ ᠨᠡᠶ᠋ᠢᠭᠡᠮ᠎ᠤᠨ ᠢᠲᠡᠭᠡᠮᠵᠢ ᠵᠢᠨ ᠲᠡᠮᠳᠡᠭᠯᠡᠯ᠎ᠢ ᠪᠠᠶ᠋ᠢᠴᠠᠭ᠋ᠠᠨ ᠯᠠᠪᠯᠠᠬᠤ᠂ ᠬᠢᠨᠠᠨ ᠪᠠᠶ᠋ᠢᠴᠠᠭ᠋ᠠᠬᠤ ᠠᠵᠢᠯᠲᠠᠨ᠎ᠲᠠᠢ ᠨᠢᠭᠤᠷᠳᠠᠨ ᠶᠠᠷᠢᠯᠴᠠᠬᠤ ᠵᠡᠷᠭᠡ ᠠᠷᠭ᠎ᠠ ᠮᠠᠶᠢᠭ᠎ᠢ ᠠᠪᠬᠤ ᠵᠢᠨ ᠬᠠᠮᠲᠤ ᠪᠣᠳᠠᠲᠠᠶ ᠬᠢᠨᠠᠨ ᠪᠠᠶ᠋ᠢᠴᠠᠭ᠋ᠠᠭᠰᠠᠨ ᠳ᠋ᠦᠩᠨᠡᠯᠲᠡ ᠭᠠᠷᠭ᠋ᠠᠨ᠎ᠠ᠃ ᠪᠣᠳᠠᠲᠠᠶ ᠬᠢᠨᠠᠨ ᠪᠠᠶ᠋ᠢᠴᠠᠭ᠋ᠠᠬᠤ ᠴᠠᠭ᠂ ᠠᠷᠭ᠎ᠠ ᠮᠠᠶᠢᠭ ᠵᠡᠷᠭᠡ ᠵᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠠᠴᠠ ᠲᠣᠭᠲᠠᠭ᠋ᠠᠨ᠎ᠠ᠃ ᠤᠷᠢᠭᠳᠠᠬᠤ ᠬᠥᠮᠦᠰ ᠬᠢᠨᠠᠨ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠦᠭᠡᠢ ᠪᠠᠶ᠋ᠢᠪᠠᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ ᠰᠤᠳᠤᠯᠤᠨ ᠲᠣᠭᠲᠠᠭ᠋ᠠᠵᠤ᠂ ᠤᠷᠢᠭᠳᠠᠨ ᠡᠯᠰᠡᠭᠳᠡᠬᠦ ᠬᠡᠷᠡᠭᠯᠡᠬᠦ ᠬᠢᠷᠢ ᠬᠡᠮ᠎ᠢ᠎ᠨᠢ ᠬᠦᠴᠦᠨ ᠦᠭᠡᠢ ᠪᠤᠯᠭ᠋ᠠᠨ᠎ᠠ᠃
7. ᠢᠯᠡ ᠵᠠᠷᠯᠠᠬᠤ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠤᠷᠢᠬᠳᠠᠬᠤ ᠬᠥᠮᠦᠰ᠎ᠤᠨ ᠰᠢᠯᠭ᠋ᠠᠯᠲᠠ ᠵᠢᠨ ᠶᠡᠷᠦᠩᠬᠡᠶ ᠬᠢᠷᠢ ᠪᠦᠲᠦᠮᠵᠢ ᠵᠢᠴᠢ ᠪᠡᠶ᠎ᠡ ᠵᠢᠨ ᠪᠠᠶ᠋ᠢᠴᠠᠭ᠋ᠠᠯᠲᠠ ᠪᠠ ᠬᠢᠨᠠᠨ ᠪᠠᠶ᠋ᠢᠴᠠᠭ᠋ᠠᠭᠰᠠᠨ ᠦᠷ᠎ᠡ ᠳ᠋ᠦᠩ᠎ᠢ ᠦᠨᠳᠦᠰᠦᠯᠡᠨ ᠤᠷᠢᠵᠤ ᠬᠡᠷᠡᠭᠯᠡᠬᠦ ᠬᠥᠮᠦᠰ᠎ᠢ ᠲᠣᠭᠲᠠᠭ᠋ᠠᠨ᠎ᠠ᠃ ᠤᠷᠢᠵᠤ ᠬᠡᠷᠡᠭᠯᠡᠬᠦ᠎ᠪᠠᠷ ᠪᠠᠶ᠋ᠢᠭ᠎ᠠ ᠬᠥᠮᠦᠰ᠎ᠤᠨ ᠨᠡᠷᠡᠰ᠎ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠢᠯᠡ᠎ᠪᠠᠷ ᠵᠠᠷᠯᠠᠨ ᠨᠡᠶ᠋ᠢᠲᠡᠯᠡᠵᠦ᠂ ᠵᠠᠷᠯᠠᠨ ᠨᠡᠶ᠋ᠢᠲᠡᠯᠡᠬᠦ ᠬᠤᠭᠤᠴᠠᠭ᠎ᠠ᠎ᠨᠢ 5 ᠠᠵᠢᠯᠯᠠᠬᠤ ᠡᠳᠦᠷ᠃
8 ᠤᠷᠢᠵᠤ ᠬᠡᠷᠡᠭᠯᠡᠬᠦ
ᠵᠠᠷᠯᠠᠨ ᠨᠡᠶ᠋ᠢᠲᠡᠯᠡᠬᠦ ᠬᠤᠭᠤᠴᠠᠭ᠎ᠠ᠎ᠨᠢ ᠳᠠᠭᠤᠰᠲᠠᠯ᠎ᠠ ᠣᠨᠳᠣᠤ ᠰᠠᠨᠠᠯ ᠦᠭᠡᠶ ᠪᠣᠯ ᠲᠣᠭᠲᠠᠭ᠋ᠠᠯ ᠶᠣᠰᠣᠭ᠋ᠠᠷ ᠤᠷᠢᠵᠤ ᠬᠡᠷᠡᠭᠯᠡᠬᠦ ᠭᠠᠷᠳᠠᠮ ᠭᠦᠢ᠍ᠴᠡᠳᠬᠡᠨ᠎ᠡ᠃ ᠬᠦᠮᠦᠨ ᠬᠡᠷᠡᠭᠯᠡᠬᠦ ᠨᠢᠭᠡᠴᠢ᠎ᠨᠢ ᠤᠷᠢᠭᠳᠠᠬᠤ ᠬᠦᠮᠦᠰ᠎ᠲᠠᠢ ᠤᠷᠢᠵᠤ ᠬᠡᠷᠡᠭᠯᠡᠬᠦ ᠭᠡᠷ᠎ᠡ ᠳᠣᠬᠲᠠᠭ᠋ᠠᠨᠠ᠃ ᠤᠷᠢᠵᠤ ᠬᠡᠷᠡᠭᠯᠡᠬᠦ ᠭᠡᠷ᠎ᠡ᠎ᠳᠤ ᠬᠥᠮᠦᠨ ᠬᠡᠷᠡᠭᠯᠡᠬᠦ ᠨᠢᠭᠡᠴᠢ᠎ᠨᠢ ᠤᠷᠢᠨ ᠬᠡᠷᠡᠭᠯᠡᠬᠦ ᠬᠥᠮᠦᠰ᠎ᠯᠦᠭᠡ ᠲᠤᠷᠰᠢᠨ ᠬᠡᠷᠡᠭᠯᠡᠬᠦ ᠬᠤᠭᠤᠴᠠᠭ᠎ᠠ ᠵᠢ ᠪᠣᠯᠵᠣᠨ ᠲᠣᠭᠲᠠᠭ᠋ᠠᠨ᠎ᠠ᠃ ᠬᠥᠮᠦᠨ ᠬᠡᠷᠡᠭᠯᠡᠬᠦ ᠨᠢᠭᠡᠴᠢ ᠠᠩᠬ᠎ᠠ ᠤᠳᠠᠭ᠎ᠠ ᠠᠵᠢᠯ ᠣᠯᠵᠤ ᠪᠠᠶ᠋ᠢᠭ᠎ᠠ ᠰᠢᠨ᠎ᠡ᠎ᠪᠠᠷ ᠤᠷᠢᠨ ᠬᠡᠷᠡᠭᠯᠡᠭᠰᠡᠨ ᠬᠥᠮᠦᠰ᠎ᠯᠦᠭᠡ ᠲᠣᠭᠲᠠᠭ᠋ᠠᠬᠤ ᠤᠷᠢᠵᠤ ᠬᠡᠷᠡᠭᠯᠡᠬᠦ ᠭᠡᠷ᠎ᠡ ᠵᠢᠨ ᠬᠤᠭᠤᠴᠠᠭ᠎ᠠ᠎ᠨᠢ 3 ᠵᠢᠯ᠎ᠠᠴᠠ ᠳᠡᠭᠡᠭᠰᠢ ᠪᠠᠶ᠋ᠢᠪᠠᠯ᠂ ᠲᠤᠷᠰᠢᠨ ᠬᠡᠷᠡᠭᠯᠡᠬᠦ ᠬᠤᠭᠤᠴᠠᠭ᠎ᠠ᠎ᠨᠢ 12 ᠰᠠᠷ᠎ᠠ ᠪᠣᠯᠤᠨ᠎ᠠ᠃ ᠲᠤᠷᠰᠢᠨ ᠬᠡᠷᠡᠭᠯᠡᠬᠦ ᠬᠤᠭᠤᠴᠠᠭ᠎ᠠ ᠵᠢ ᠤᠷᠢᠵᠤ ᠬᠡᠷᠡᠭᠯᠡᠬᠦ ᠭᠡᠷ᠎ᠡ ᠵᠢᠨ ᠬᠤᠭᠤᠴᠠᠭ᠋ᠠᠨ᠎ᠳᠤ ᠪᠠᠭᠲᠠᠭ᠋ᠠᠵᠤ᠂ ᠲᠤᠷᠰᠢᠨ ᠬᠡᠷᠡᠭᠯᠡᠬᠦ ᠬᠤᠭᠤᠴᠠᠭ᠎ᠠ᠎ᠨᠢ ᠳᠦᠭᠦᠷᠦᠭᠡᠳ ᠬᠢᠷᠢ ᠲᠡᠩᠴᠡᠭᠰᠡᠨ ᠪᠠᠶ᠋ᠢᠪᠠᠯ ᠵᠢᠩᠬᠢᠨᠢ᠎ᠪᠠᠷ ᠤᠷᠢᠵᠤ ᠬᠡᠷᠡᠭᠯᠡᠨ᠎ᠡ᠃
ᠤᠷᠢᠭᠳᠠᠬᠤ ᠬᠥᠮᠦᠰ᠎ᠤᠨ ᠬᠢᠷᠢ ᠭᠡᠮ᠎ᠤᠨ ᠬᠢᠨᠠᠨ ᠪᠠᠶ᠋ᠢᠴᠠᠭ᠋ᠠᠯᠲᠠ ᠵᠢ ᠠᠵᠢᠯ ᠦᠢ᠍ᠯᠡᠰ᠎ᠤᠨ ᠨᠢᠭᠡᠴᠢ ᠵᠢᠨ ᠢᠯᠡ᠎ᠪᠠᠷ ᠤᠷᠢᠵᠤ ᠬᠡᠷᠡᠭᠯᠡᠬᠦ ᠪᠦᠬᠦ ᠶᠠᠪᠤᠴᠠ᠎ᠳᠤ ᠲᠤᠭᠤᠰᠢᠯᠠᠭᠤᠯᠤᠨ᠎ᠠ᠃ ᠤᠷᠢᠬᠤ᠎ᠪᠠᠷ ᠲᠥᠯᠥᠪᠯᠡᠵᠦ ᠪᠠᠶ᠋ᠢᠭ᠎ᠠ ᠬᠥᠮᠦᠰ᠎ᠲᠤ ᠳᠣᠤᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠤᠷᠢᠭᠳᠠᠨ ᠡᠯᠰᠡᠭᠳᠡᠬᠦ ᠬᠢᠷᠢ ᠭᠡᠮ᠎ᠢ᠎ᠨᠢ ᠬᠦᠴᠦᠨ ᠦᠭᠡᠶ ᠪᠣᠯᠭ᠋ᠠᠨ᠎ᠠ᠄
(1) ᠲᠣᠰ ᠵᠢᠯ ᠲᠡᠭᠦᠰᠬᠦ ᠰᠤᠷᠤᠭᠴᠢᠳ ᠲᠡᠭᠦᠰᠬᠦ ᠦᠨᠡᠮᠯᠡᠯ᠂ ᠡᠷᠳᠡᠮ᠎ᠤᠨ ᠴᠣᠯᠠ ᠵᠢᠨ ᠦᠨᠡᠮᠯᠡᠯ ᠵᠶ᠋ᠠᠨ ᠲᠣᠬᠲᠠᠬᠰᠠᠨ ᠬᠤᠭᠤᠴᠠᠭ᠋ᠠᠨ᠎ᠳᠤ ᠣᠯᠵᠤ ᠳᠡᠶ᠋ᠢᠯᠦᠭᠰᠡᠨ ᠦᠭᠡᠢ;
(2) ᠤᠷᠢᠬᠳᠠᠬᠤ ᠬᠥᠮᠦᠰ᠎ᠢ ᠲᠣᠰ ᠤᠳᠠᠭ᠋ᠠᠨ᠎ᠤ ᠢᠯᠡ᠎ᠪᠠᠷ ᠤᠷᠢᠵᠤ ᠬᠡᠷᠡᠭᠯᠡᠬᠦ᠎ᠳᠤ ᠤᠷᠢᠨ ᠬᠡᠷᠡᠭᠯᠡᠬᠦ ᠳᠠᠩᠰᠠᠯᠠᠯ᠎ᠤᠨ ᠭᠠᠷᠳᠠᠮ ᠭᠦᠢ᠍ᠴᠡᠳᠬᠡᠬᠦ᠎ᠠᠴᠠ ᠡᠮᠦᠨ᠎ᠡ ᠪᠤᠰᠤᠳ ᠠᠵᠢᠯ ᠦᠢ᠍ᠯᠡᠰ᠎ᠤᠨ ᠨᠢᠭᠡᠴᠢ᠎ᠳᠤ ᠤᠷᠢᠭᠳᠠᠨ ᠬᠡᠷᠡᠭᠯᠡᠭᠳᠡᠭᠰᠡᠨ ᠮᠥᠷᠲᠡᠭᠡᠨ ᠲᠤᠷᠰᠢᠨ ᠬᠡᠷᠡᠭᠯᠡᠬᠦ ᠬᠤᠭᠤᠴᠠᠭ᠎ᠠ᠎ᠨᠢ ᠳᠦᠭᠦᠷᠦᠭᠡᠳᠦᠢ (ᠣᠷᠣᠨ ᠲᠣᠭ᠋ᠠᠨ᠎ᠤ ᠳᠣᠲᠣᠷ᠎ᠠ ᠤᠷᠢᠵᠤ ᠬᠡᠷᠡᠭᠯᠡᠬᠦ᠂ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠤ ᠶᠠᠪᠤᠳᠠᠯ᠎ᠤᠨ ᠶᠡᠷᠦᠩᠬᠡᠶ᠋ᠢᠯᠡᠭᠰᠡᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠳᠠᠩᠰᠠᠯᠠᠭᠤᠯᠬᠤ ᠪᠤᠶᠤ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠵᠶ᠋ᠠᠷ ᠪᠠᠷᠢᠮᠵᠢᠶ᠎ᠠ ᠪᠣᠯᠭ᠋ᠠᠨ᠎ᠠ)᠂ ᠡᠰᠡᠬᠦᠯ᠎ᠡ ᠠᠯᠪᠠᠲᠠᠨ ᠡᠯᠰᠡᠬᠦ ᠰᠢᠯᠭ᠋ᠠᠯᠲᠠ᠎ᠳᠤ ᠰᠢᠨ᠎ᠡ᠎ᠪᠠᠷ ᠡᠯᠰᠡᠭᠳᠡᠭᠰᠡᠨ ᠪᠠᠶ᠋ᠢᠪᠠᠯ (ᠡᠯᠰᠡᠨ ᠬᠡᠷᠡᠭᠯᠡᠬᠦ ᠵᠢ ᠭᠤᠣᠯᠯᠠᠨ ᠬᠠᠮᠢᠶᠠᠷᠬᠤ ᠪᠠᠶ᠋ᠢᠭᠤᠯᠭ᠎ᠠ ᠵᠢᠨ ᠡᠯᠰᠡᠨ ᠬᠡᠷᠡᠭᠯᠡᠬᠦ ᠳᠠᠩᠰᠠᠯᠠᠯ ᠪᠤᠶᠤ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠵᠶ᠋ᠠᠷ ᠪᠠᠷᠢᠮᠵᠢᠶ᠎ᠠ ᠪᠣᠯᠭ᠋ᠠᠨ᠎ᠠ) ᠡᠨᠡ ᠤᠳᠠᠭ᠋ᠠᠨ᠎ᠤ ᠤᠷᠢᠭᠳᠠᠨ ᠡᠯᠰᠡᠭᠳᠡᠬᠦ ᠬᠢᠷᠢ ᠭᠡᠮ᠎ᠢ᠎ᠨᠢ ᠬᠠᠰᠤᠨ᠎ᠠ;
(3) ᠲᠤᠷᠰᠢᠨ ᠬᠡᠷᠡᠭᠯᠡᠬᠦ ᠬᠤᠭᠤᠴᠠᠭ᠋ᠠᠨ᠎ᠳᠤ ᠪᠤᠶᠤ ᠬᠤᠭᠤᠴᠠᠭ᠎ᠠ᠎ᠨᠢ ᠳᠦᠭᠦᠷᠦᠭᠰᠡᠨ ᠪᠠᠶ᠋ᠢᠲᠠᠯ᠎ᠠ ᠬᠢᠨᠠᠨ ᠰᠢᠯᠭ᠋ᠠᠭ᠋ᠠᠳ ᠬᠢᠷᠢ ᠲᠡᠩᠴᠡᠭᠰᠡᠨ ᠦᠭᠡᠶ᠃
(4) ᠢᠯᠡ᠎ᠪᠠᠷ ᠤᠷᠢᠬᠤ ᠶᠠᠪᠤᠴᠠ᠎ᠳᠤ ᠮᠡᠳᠡᠭᠡ ᠵᠠᠩᠭᠢ᠎ᠨᠢ ᠦᠨᠡᠨ ᠪᠣᠳᠠᠲᠠᠢ ᠪᠢᠰᠢ᠂ ᠨᠥᠬᠦᠴᠡᠯ᠎ᠳᠤ ᠨᠡᠶ᠋ᠢᠴᠡᠬᠦ ᠦᠭᠡᠢ᠂ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠬᠤ ᠵᠡᠷᠭᠡ᠎ᠨᠢ ᠤᠷᠢᠨ ᠬᠡᠷᠡᠭᠯᠡᠬᠦ ᠵᠢ ᠨᠥᠯᠦᠭᠡᠯᠡᠨ᠎ᠡ᠃
ᠲᠠᠪᠤ᠂ ᠪᠤᠰᠤᠳ ᠱᠠᠭ᠋ᠠᠷᠳᠠᠯᠭ᠎ᠠ
1. ᠲᠣᠰ ᠤᠳᠠᠭ᠋ᠠᠨ᠎ᠤ ᠠᠵᠢᠯᠲᠠᠨ ᠡᠯᠰᠡᠬᠦ ᠡᠯ᠎ᠡ ᠭᠤᠭᠴᠣᠭ᠋ᠠᠨ᠎ᠳᠤ ᠳᠤᠲᠠᠭᠳᠠᠯ ᠭᠠᠷᠪᠠᠯ ᠲᠠᠰ ᠳᠠᠷᠠᠭ᠋ᠠᠯᠠᠨ ᠨᠥᠬᠦᠪᠦᠷᠢᠯᠡᠵᠦ᠂ ᠵᠥᠪᠬᠡᠨ 1 ᠯᠠ ᠤᠳᠠᠭ᠎ᠠ ᠳᠠᠷᠠᠭ᠋ᠠᠯᠠᠨ ᠨᠥᠬᠦᠪᠦᠷᠢᠯᠡᠵᠦ᠂ ᠨᠥᠬᠦᠪᠦᠷᠢᠯᠡᠭᠳᠡᠵᠦ ᠣᠷᠣᠭᠰᠠᠨ ᠰᠢᠯᠭ᠋ᠠᠭᠤᠯᠤᠭᠴᠢ᠎ᠳᠤ ᠤᠲᠠᠰᠤ᠎ᠪᠠᠷ ᠮᠡᠳᠡᠭᠳᠡᠨ᠎ᠡ᠃ ᠤᠷᠢᠵᠤ ᠬᠡᠷᠡᠭᠯᠡᠬᠦ ᠳᠠᠩᠰᠠᠯᠠᠯ᠎ᠤᠨ ᠭᠠᠷᠳᠠᠮ᠎ᠢ ᠭᠦᠢ᠍ᠴᠡᠳᠬᠡᠭᠰᠡᠨ᠎ᠤ ᠳᠠᠷᠠᠭ᠎ᠠ᠂ ᠤᠷᠢᠭᠰᠠᠨ ᠡᠯᠰᠡᠭᠳᠡᠬᠦ᠎ᠪᠠᠨ ᠪᠤᠯᠢᠭᠰᠠᠨ ᠪᠤᠶᠤ ᠬᠠᠰᠤᠭᠳᠠᠭᠰᠠᠨ᠎ᠠᠴᠠ ᠪᠣᠯᠣᠭᠰᠠᠨ ᠠᠵᠢᠯ᠎ᠤᠨ ᠪᠠᠶ᠋ᠢᠷᠢ ᠵᠢᠨ ᠬᠤᠭᠤᠰᠣᠨ ᠣᠷᠣᠨ ᠲᠤᠭ᠎ᠠ ᠵᠢ ᠳᠠᠬᠢᠵᠤ ᠨᠥᠬᠦᠪᠥᠷᠢᠯᠡᠬᠦ ᠦᠭᠡᠶ᠃
2. ᠤᠷᠢᠭᠳᠠᠬᠤ ᠬᠥᠮᠦᠰ ᠢᠯᠡ᠎ᠪᠠᠷ ᠤᠷᠢᠬᠤ ᠳᠤᠮᠳᠠ ᠰᠠᠬᠢᠯᠭ᠎ᠠ ᠪᠠᠲᠤ ᠳᠦᠷᠢᠮ ᠲᠣᠭᠲᠠᠭ᠋ᠠᠯ᠎ᠠᠴᠠ ᠵᠥᠷᠢᠴᠡᠭᠰᠡᠨ ᠪᠠᠶ᠋ᠢᠪᠠᠯ᠂ 《ᠠᠵᠢᠯ ᠦᠢ᠍ᠯᠡᠰ᠎ᠤᠨ ᠨᠢᠭᠡᠴᠢ ᠵᠢᠨ ᠢᠯᠡ᠎ᠪᠠᠷ ᠤᠷᠢᠨ ᠬᠡᠷᠡᠭᠯᠡᠬᠦ ᠵᠢᠨ ᠰᠠᠬᠢᠯᠭ᠎ᠠ ᠪᠠᠲᠤ ᠳᠦᠷᠢᠮ ᠲᠣᠭᠲᠠᠭ᠋ᠠᠯ᠎ᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠰᠢᠢ᠍ᠳᠪᠦᠷᠢᠯᠡᠬᠦ ᠲᠣᠭᠲᠠᠭ᠋ᠠᠯ》᠎ᠤᠨ ᠬᠤᠯᠪᠣᠭᠳᠠᠯ ᠪᠦᠬᠦᠢ ᠵᠦᠢ᠍ᠯ ᠵᠤᠷᠪᠤᠰ᠎ᠤᠨ ᠲᠣᠭᠲᠠᠭ᠋ᠠᠯ ᠶᠣᠰᠣᠭ᠋ᠠᠷ ᠤᠷᠢᠭᠳᠠᠬᠤ ᠬᠥᠮᠦᠰ᠎ᠤᠨ ᠦᠨᠡᠨᠴᠢ ᠢᠲᠡᠭᠡᠮᠵᠢ ᠵᠢᠨ ᠳᠠᠩᠰᠠ ᠡᠪᠬᠡᠮᠡᠯ᠎ᠳᠤ ᠲᠡᠮᠳᠡᠭᠯᠡᠨ ᠤᠷᠤᠭᠤᠯᠤᠨ᠎ᠠ᠃
3. ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠬᠠᠮᠢᠶ᠎ᠠ ᠪᠦᠬᠦᠢ ᠲᠣᠭᠲᠠᠭ᠋ᠠᠯ᠎ᠢ ᠴᠢᠩᠭ᠎ᠠ ᠵᠢᠷᠤᠮᠯᠡᠵᠦ᠂ ᠵᠠᠶ᠋ᠢᠯᠠᠬᠤ ᠳᠦᠷᠢᠮ᠎ᠢ ᠬᠡᠷᠡᠭᠵᠢᠭᠦᠯᠦᠨ᠎ᠡ᠃
4. ᠲᠣᠰ ᠤᠳᠠᠭ᠋ᠠᠨ᠎ᠤ ᠢᠯᠡ᠎ᠪᠠᠷ ᠠᠵᠢᠯᠲᠠᠨ ᠡᠯᠰᠡᠬᠦ ᠠᠯᠪᠠᠨ ᠵᠠᠷ᠎ᠲᠤ ᠰᠢᠢ᠍ᠳᠪᠦᠷᠢᠯᠡᠵᠦ ᠳᠠᠭᠤᠰᠤᠭ᠋ᠠᠳᠤᠶ ᠤᠴᠢᠷ ᠶᠠᠪᠤᠳᠠᠯ ᠵᠢᠴᠢ ᠬᠤᠯᠪᠣᠭᠳᠠᠯ ᠪᠥᠬᠦᠶ ᠮᠡᠳᠡᠭᠡ ᠵᠠᠩᠭᠢ ᠵᠢ ᠥᠪᠥᠷ ᠮᠣᠩᠭᠤᠯ᠎ᠤᠨ ᠠᠵᠢᠯᠲᠠᠨ᠎ᠤ ᠶᠠᠪᠤᠳᠠᠯ᠎ᠤᠨ ᠰᠢᠯᠭ᠋ᠠᠯᠲᠠ ᠵᠢᠨ ᠰᠦᠯᠵᠢᠶᠡᠨ ᠳᠡᠭᠡᠷ᠎ᠡ ᠴᠠᠭ ᠲᠤᠬᠠᠶ᠎ᠳᠤᠨᠢ ᠨᠡᠶ᠋ᠢᠲᠡᠯᠡᠨ᠎ᠡ᠂ ᠠᠩᠬᠠᠷᠤᠯ᠎ᠳᠠᠭᠠᠨ ᠠᠪᠤᠭ᠋ᠠᠷᠠᠢ᠃
ᠵᠢᠷᠭᠤᠭ᠎ᠠ᠂ ᠬᠠᠷᠢᠯᠴᠠᠬᠤ ᠠᠷᠭ᠎ᠠ ᠬᠡᠯᠪᠡᠷᠢ
ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 0471 - 6606227 (ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ)
ᠲᠥᠷᠥ ᠵᠢᠨ ᠪᠣᠳᠣᠯᠭ᠎ᠠ ᠵᠢᠨ ᠠᠰᠠᠭᠤᠨ ᠯᠠᠪᠯᠠᠬᠤ ᠤᠲᠠᠰᠤ᠄ 0471 - 4908351᠂ 6606283 (ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ)
ᠰᠦᠯᠵᠢᠶ᠎ᠡ᠎ᠪᠠᠷ ᠮᠡᠳᠡᠭᠦᠯᠬᠦ ᠮᠡᠷᠭᠡᠵᠢᠯ᠎ᠤᠨ ᠯᠠᠪᠯᠠᠬᠤ ᠤᠲᠠᠰᠤ᠄ 0471 - 6601168᠂ 6600198 (ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠲᠠᠨ᠎ᠤ ᠶᠠᠪᠤᠳᠠᠯ᠎ᠤᠨ ᠰᠢᠯᠭ᠋ᠠᠯᠲᠠ ᠵᠢᠨ ᠬᠦᠷᠢᠶᠡᠯᠡᠩ)
ᠲᠣᠰ ᠠᠯᠪᠠᠨ ᠵᠠᠷ᠎ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠬᠠᠷᠢᠭᠤᠴᠠᠨ ᠲᠠᠶ᠋ᠢᠯᠪᠤᠷᠢᠯᠠᠨ᠎ᠠ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
2023 ᠣᠨ᠎ᠤ 3 ᠳ᠋ᠤᠭ᠋ᠠᠷ ᠰᠠᠷ᠎ᠠ ᠵᠢᠨ 14᠎ᠤ ᠡᠳᠦᠷ