ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠡᠷᠲᠡᠭᠡᠨ ᠵᠠᠰᠠᠬᠤ ᠣᠷᠣᠨ᠎ᠤ ᠠᠮᠠᠨ ᠬᠥᠨᠳᠡᠢ ᠵᠢᠨ ᠵᠠᠰᠠᠯᠭ᠎ᠠ ᠵᠢᠨ ᠦᠨ᠎ᠡ ᠬᠠᠩᠰᠢ ᠵᠢᠨ ᠲᠤᠰᠬᠠᠢ᠌ᠯᠠᠨ ᠵᠠᠰᠠᠬᠤ ᠵᠢ ᠨᠠᠢ᠌ᠳᠠᠪᠤᠷᠢᠵᠢᠭᠤᠯᠤᠨ ᠬᠡᠷᠡᠭᠵᠢᠭᠦᠯᠬᠦ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2023-04-11

      ᠥᠪᠥᠷ ᠡᠮᠴᠢᠯᠡᠭᠡ ᠪᠠᠳᠤᠯᠠᠭ᠎ᠠ ᠠᠯᠪᠠᠨ ᠥᠰᠥᠭ [2023] 58 ᠳ᠋ᠤᠭ᠋ᠠᠷ ᠲᠣᠭ᠋ᠠᠲᠤ

 

ᠡᠯ᠎ᠡ ᠠᠢ᠌ᠮᠠᠭ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠳᠤ᠄

    ᠠᠮᠠᠨ ᠬᠥᠨᠳᠡᠢ ᠵᠢᠨ ᠵᠠᠰᠠᠯᠭ᠎ᠠ ᠵᠢᠨ ᠡᠮᠴᠢᠯᠡᠭᠡᠨ᠎ᠤ ᠦᠢ᠍ᠯᠡᠴᠢᠯᠡᠭᠡ ᠵᠢᠨ ᠰᠦᠢ᠍ᠳᠬᠡᠯ ᠬᠤᠷᠢᠶᠠᠬᠤ ᠪᠠ ᠬᠣᠷᠣᠭᠳᠠᠯ ᠮᠠᠲ᠋ᠧᠷᠢᠶᠠᠯ᠎ᠤᠨ ᠦᠨ᠎ᠡ ᠬᠠᠩᠰᠢ ᠵᠢ ᠲᠤᠰᠬᠠᠢ᠌ᠯᠠᠨ ᠵᠠᠰᠠᠬᠤ ᠠᠷᠭ᠎ᠠ ᠬᠡᠮᠵᠢᠶ᠎ᠡ ᠵᠢ ᠪᠥᠬᠥ ᠲᠠᠯ᠎ᠠ᠎ᠪᠠᠷ ᠨᠠᠢ᠌ᠳᠠᠪᠦᠷᠢᠵᠢᠭᠤᠯᠵᠦ᠂ ᠥᠷᠭᠡᠨ ᠣᠯᠠᠨ ᠡᠪᠡᠳᠴᠢᠲᠡᠨ᠎ᠳᠤ ᠥᠭᠡᠷᠡᠴᠢᠯᠡᠯᠲᠡ ᠵᠢᠨ ᠦᠷ᠎ᠡ ᠪᠦᠲᠦᠭᠡᠯ᠎ᠢ ᠴᠠᠭ ᠲᠤᠬᠠᠢ᠎ᠳᠤᠨᠢ ᠡᠳ᠋ᠯᠡᠭᠦᠯᠬᠦ ᠵᠢᠨ ᠲᠤᠰᠠᠳᠠ᠂ 《ᠠᠮᠠᠨ ᠬᠥᠨᠳᠡᠢ ᠵᠢᠨ ᠵᠠᠰᠠᠯᠭ᠎ᠠ ᠵᠢᠨ ᠡᠮᠴᠢᠯᠡᠭᠡᠨ᠎ᠤ ᠦᠢ᠍ᠯᠡᠴᠢᠯᠡᠭᠡᠨ᠎ᠤ ᠰᠦᠢ᠍ᠳᠬᠡᠯ ᠬᠤᠷᠢᠶᠠᠬᠤ ᠪᠠ ᠬᠣᠷᠣᠭᠳᠠᠯ ᠮᠠᠲ᠋ᠧᠷᠢᠶᠠᠯ᠎ᠤᠨ ᠦᠨ᠎ᠡ ᠬᠠᠩᠰᠢ ᠵᠢ ᠲᠤᠰᠬᠠᠢ᠌ᠯᠠᠨ   ᠵᠠᠰᠠᠬᠤ ᠵᠢ ᠥᠷᠨᠢᠭᠦᠯᠬᠦ ᠲᠤᠬᠠᠢ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠮᠡᠳᠡᠭᠳᠡᠯ》 (ᠡᠮᠴᠢᠯᠡᠭᠡ ᠪᠠᠳᠤᠯᠠᠭ᠎ᠠ ᠲᠠᠷᠬᠠᠭ᠋ᠠᠭᠰᠠᠨ [2022] 27 ᠳ᠋ᠤᠭ᠋ᠠᠷ ᠲᠣᠭ᠋ᠠᠲᠤ) ᠪᠠ 《ᠠᠮᠠᠨ ᠬᠥᠨᠳᠡᠢ ᠵᠢᠨ ᠵᠠᠰᠠᠯᠭ᠎ᠠ ᠵᠢᠨ ᠦᠨ᠎ᠡ ᠬᠠᠩᠰᠢ ᠵᠢ ᠲᠤᠰᠬᠠᠢ᠌ᠯᠠᠨ ᠵᠠᠰᠠᠬᠤ ᠵᠢ ᠨᠠᠢ᠌ᠳᠠᠪᠤᠷᠢᠵᠢᠭᠤᠯᠤᠨ ᠬᠡᠷᠡᠭᠵᠢᠭᠦᠯᠬᠦ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ》 (ᠡᠮᠴᠢᠯᠡᠭᠡ ᠪᠠᠳᠤᠯᠠᠭ᠎ᠠ ᠦᠨ᠎ᠡ ᠬᠤᠳᠠᠯᠳᠤᠨ ᠠᠪᠬᠤ [2023] 39 ᠳ᠋ᠤᠭᠡᠷ ᠲᠣᠭ᠋ᠠᠲᠤ)᠎ᠤᠨ ᠪᠠᠢ᠌ᠷᠢᠯᠠᠭᠤᠯᠤᠯᠲᠠ ᠲᠣᠬᠢᠷᠠᠭᠤᠯᠤᠯᠲᠠ ᠵᠢ ᠦᠨᠳᠦᠰᠦᠯᠡᠨ᠂ ᠡᠳᠦᠭᠡ ᠬᠣᠯᠪᠣᠭᠳᠠᠯ ᠪᠦᠬᠦᠢ ᠠᠵᠢᠯ᠎ᠤᠨ ᠱᠠᠭ᠋ᠠᠷᠳᠠᠯᠭ᠎ᠠ ᠵᠢ ᠳᠣᠣᠷᠠᠬᠢ ᠮᠡᠲᠦ ᠮᠡᠳᠡᠭᠳᠡᠶ᠎ᠡ᠄

    ᠨᠢᠭᠡ᠂ ᠬᠡᠷᠡᠭᠵᠢᠭᠦᠯᠬᠦ ᠬᠡᠪᠴᠢᠶ᠎ᠡ ᠪᠠ ᠬᠡᠷᠡᠭᠵᠢᠭᠦᠯᠬᠦ ᠴᠠᠭ

   (ᠨᠢᠭᠡ) ᠬᠡᠷᠡᠭᠵᠢᠭᠦᠯᠬᠦ ᠬᠡᠪᠴᠢᠶ᠎ᠡ᠄ ᠠᠯᠪᠠᠨ᠎ᠠᠴᠠ ᠪᠠᠢ᠌ᠭᠤᠯᠤᠭᠰᠠᠨ ᠪᠣᠶ ᠪᠦᠬᠦᠢ ᠡᠮᠴᠢᠯᠡᠭᠡᠨ᠎ᠤ ᠪᠠᠢ᠌ᠭᠤᠯᠤᠮᠵᠢ (ᠴᠡᠷᠢᠭ ᠠᠩᠭᠢ ᠵᠢᠨ ᠡᠮᠴᠢᠯᠡᠭᠡᠨ᠎ᠤ ᠪᠠᠢ᠌ᠭᠤᠯᠤᠮᠵᠢ ᠪᠠᠭᠲᠠᠨ᠎ᠠ᠂ ᠳᠣᠷᠣᠭᠰᠢ ᠠᠳᠠᠯᠢ)᠂ ᠡᠮᠴᠢᠯᠡᠭᠡᠨ᠎ᠤ ᠪᠠᠳᠤᠯᠠᠭ᠎ᠠ ᠵᠢᠨ ᠴᠡᠭ ᠲᠣᠭᠲᠠᠭ᠋ᠠᠭᠰᠠᠨ ᠨᠡᠢ᠌ᠭᠡᠮ᠎ᠠᠴᠠ ᠡᠷᠭᠢᠯᠡᠭᠰᠡᠨ ᠡᠮᠴᠢᠯᠡᠭᠡᠨ᠎ᠤ ᠪᠠᠢ᠌ᠭᠤᠯᠤᠮᠵᠢ ᠵᠢᠨ ᠰᠠᠨᠠᠭ᠋ᠠᠴᠢᠯᠠᠭ᠎ᠠ᠎ᠠᠴᠠ᠎ᠪᠠᠨ ᠣᠷᠣᠯᠴᠠᠬᠤ ᠵᠢ ᠵᠣᠷᠢᠭᠵᠢᠭᠤᠯᠤᠨ᠎ᠠ᠃

   (ᠬᠣᠶᠠᠷ) ᠰᠤᠩᠭᠤᠭᠳᠠᠭᠰᠠᠨ ᠦᠷ᠎ᠡ ᠳ᠋ᠦᠩ᠄ 《ᠠᠮᠠᠨ ᠬᠥᠨᠳᠡᠢ ᠵᠢᠨ ᠵᠠᠰᠠᠯᠭ᠎ᠠ ᠵᠢᠨ ᠰᠢᠰᠲ᠋ᠧᠮ᠎ᠤᠨ ᠮᠤᠵᠢ ᠵᠢᠨ ᠬᠣᠭᠣᠷᠣᠨᠳᠣᠬᠢ ᠬᠣᠯᠪᠣᠭ᠎ᠠ ᠵᠢᠨ ᠲᠥᠪᠯᠡᠷᠡᠩᠭᠦᠢ ᠬᠡᠮᠵᠢᠶ᠎ᠡ᠎ᠲᠠᠢ᠎ᠪᠠᠷ ᠬᠤᠳᠠᠯᠳᠤᠨ ᠠᠪᠬᠤ ᠳᠤᠮᠳᠠᠬᠢ ᠰᠤᠩᠭᠤᠭᠳᠠᠭᠰᠠᠨ ᠲᠥᠷᠥᠯ ᠵᠦᠢ᠍ᠯ᠎ᠤᠨ ᠨᠠᠷᠢᠨ ᠲᠠᠩᠰᠠ》᠂ 《ᠠᠮᠠᠨ ᠬᠥᠨᠳᠡᠢ ᠵᠢᠨ ᠰᠢᠳᠦᠨ ᠲᠢᠲᠢᠮ᠎ᠤᠨ ᠦᠨ᠎ᠡ ᠥᠷᠢᠰᠦᠯᠳᠦᠨ ᠰᠦᠯᠵᠢᠶᠡᠨ᠎ᠳᠤ ᠬᠤᠯᠪᠤᠬᠤ ᠭᠡᠵᠦ ᠪᠠᠢ᠌ᠭ᠎ᠠ ᠦᠷ᠎ᠡ ᠳ᠋ᠦᠩ》 (ᠳᠠᠭ᠋ᠠᠯᠳᠤᠭᠤᠯᠤᠯ 1᠂ 2 ᠎ᠢ ᠨᠠᠷᠢᠪᠴᠢᠯᠠᠨ ᠦᠵᠡᠭᠡᠷᠡᠢ)᠃

   (ᠭᠤᠷᠪᠠ) ᠭᠦᠢ᠍ᠴᠡᠳᠭᠡᠬᠦ ᠴᠠᠭ᠄ 2023 ᠣᠨ᠎ᠤ 4 ᠳ᠋ᠤᠭᠡᠷ ᠰᠠᠷ᠎ᠠ ᠵᠢᠨ 20᠎ᠤ ᠡᠳᠦᠷ᠎ᠤᠨ ᠲᠡᠭ ᠴᠠᠭ᠎ᠠᠴᠠ᠃

   (ᠳᠥᠷᠪᠡ) ᠬᠤᠳᠠᠯᠳᠤᠨ ᠠᠪᠬᠤ ᠦᠶᠡᠯᠡᠯ᠎ᠤᠨ ᠬᠤᠭᠤᠴᠠᠭ᠎ᠠ᠄ ᠬᠤᠳᠠᠯᠳᠤᠨ ᠠᠪᠬᠤ ᠦᠶᠡᠯᠡᠯ᠎ᠤᠨ ᠬᠤᠭᠤᠴᠠᠭ᠎ᠠ᠎ᠨᠢ 3 ᠵᠢᠯ ᠪᠣᠯᠣᠨ᠎ᠠ᠃ ᠬᠤᠳᠠᠯᠳᠤᠨ ᠠᠪᠬᠤ ᠦᠶᠡᠯᠡᠯ᠎ᠤᠨ ᠬᠤᠭᠤᠴᠠᠭ᠋ᠠᠨ᠎ᠳᠤ ᠵᠢᠯ ᠪᠦᠷᠢ ᠬᠤᠳᠠᠯᠳᠤᠨ ᠠᠪᠬᠤ ᠬᠡᠯᠡᠯᠴᠡᠭᠡᠷ ᠲᠣᠭᠲᠠᠭ᠋ᠠᠬᠤ ᠬᠡᠷᠡᠭᠲᠡᠢ᠃

    ᠬᠣᠶᠠᠷ᠂ ᠬᠤᠳᠠᠯᠳᠤᠨ ᠠᠪᠬᠤ ᠪᠠ ᠬᠡᠷᠡᠭᠯᠡᠬᠦ

    ᠰᠤᠩᠭᠤᠭᠳᠠᠭᠰᠠᠨ ᠦᠢ᠍ᠯᠡᠳᠬᠦᠨ᠎ᠢ ᠥᠪᠡᠷᠲᠡᠭᠡᠨ ᠵᠠᠰᠠᠬᠤ ᠣᠷᠣᠨ᠎ᠠᠴᠠ ᠨᠢᠭᠡᠳᠦᠯᠲᠡᠢ ᠨᠡᠮᠡᠵᠦ ᠨᠥᠬᠥᠵᠦ ᠰᠦᠯᠵᠢᠶᠡᠨ᠎ᠳᠤ ᠬᠤᠯᠪᠤᠬᠤ ᠵᠢᠨ ᠬᠠᠮᠲᠤ ᠰᠤᠩᠭᠤᠭᠳᠠᠭᠰᠠᠨ ᠦᠨ᠎ᠡ ᠬᠠᠩᠰᠢ᠎ᠪᠠᠷ ᠬᠤᠳᠠᠯᠳᠤᠨ ᠠᠪᠴᠤ ᠬᠡᠷᠡᠭᠯᠡᠨ᠎ᠡ᠃ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠢ ᠦᠢ᠍ᠯᠡᠳᠪᠦᠷᠢᠯᠡᠯ᠎ᠤᠨ ᠠᠵᠤ ᠠᠬᠤᠢ᠌ᠯᠠᠯ᠎ᠤᠳ ᠡᠵᠡᠨ ᠮᠡᠳᠡᠨ ᠰᠣᠩᠭᠣᠨ ᠲᠣᠭᠲᠠᠭ᠋ᠠᠬᠤ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠦᠷᠢᠵᠢᠭᠤᠯᠤᠨ᠎ᠠ᠂ ᠡᠮᠴᠢᠯᠡᠭᠡᠨ᠎ᠤ ᠪᠠᠢ᠌ᠭᠤᠯᠤᠮᠵᠢ᠂ ᠰᠤᠩᠭᠤᠭᠳᠠᠭᠰᠠᠨ ᠠᠵᠤ ᠠᠬᠤᠢ᠌ᠯᠠᠯ ᠪᠣᠯᠣᠨ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ ᠭᠤᠷᠪᠠᠨ ᠲᠠᠯ᠎ᠠ ᠵᠢᠨ ᠬᠤᠳᠠᠯᠳᠤᠨ ᠠᠪᠬᠤ ᠪᠠ ᠪᠣᠷᠣᠯᠠᠭᠤᠯᠬᠤ ᠵᠥᠪᠯᠡᠯᠴᠡᠭᠡᠷ ᠲᠣᠭᠲᠠᠬᠤ ᠬᠡᠷᠡᠭᠲᠡᠢ᠃ ᠡᠮᠴᠢᠯᠡᠭᠡ ᠵᠢᠨ ᠪᠠᠢ᠌ᠭᠤᠯᠤᠮᠵᠢ ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶ᠎ᠡ᠎ᠪᠠᠨ ᠪᠡᠶᠡᠯᠡᠭᠦᠯᠦᠭᠰᠡᠨ᠎ᠤ ᠲᠠᠷᠠᠭ᠎ᠠ᠂ ᠮᠥᠨ ᠯᠡ ᠰᠤᠩᠭᠤᠭᠳᠠᠭᠰᠠᠨ ᠲᠦᠷᠦᠯ ᠵᠦᠢ᠍ᠯ᠎ᠢ ᠡᠩ ᠲᠡᠷᠢᠭᠦᠨ᠎ᠳᠤ ᠬᠡᠷᠡᠭᠯᠡᠬᠦ ᠬᠡᠷᠡᠭᠲᠡᠢ᠃ ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶ᠎ᠡ᠎ᠠᠴᠠ ᠬᠡᠲᠦᠷᠡᠭᠰᠡᠨ ᠬᠡᠰᠡᠭ᠎ᠢ ᠠᠵᠤ ᠠᠬᠤᠢ᠌ᠯᠠᠯ ᠮᠥᠨ ᠰᠤᠩᠭᠤᠭᠳᠠᠭᠰᠠᠨ ᠦᠨ᠎ᠡ᠎ᠪᠠᠷ ᠬᠠᠩᠭ᠋ᠠᠬᠤ ᠬᠡᠷᠡᠭᠲᠡᠢ᠂ ᠬᠤᠳᠠᠯᠳᠤᠨ ᠠᠪᠬᠤ ᠡᠭᠡᠯᠵᠢᠲᠦ ᠬᠤᠭᠤᠴᠠᠭ᠎ᠠ ᠳᠦᠭᠦᠷᠲᠡᠯ᠎ᠡ ᠲᠡᠪᠴᠢᠵᠦ ᠪᠣᠯᠬᠤ ᠦᠭᠡᠢ᠃ ᠬᠤᠳᠠᠯᠳᠤᠨ ᠠᠪᠬᠤ ᠬᠡᠮᠵᠢᠶ᠎ᠡ ᠵᠢᠨ ᠳᠣᠲᠣᠷᠠᠬᠢ ᠪᠤᠯᠵᠤᠨ ᠲᠤᠭᠳᠠᠭᠰᠠᠨ ᠦᠢ᠍ᠯᠡᠳᠬᠦᠨ᠎ᠢ ᠠᠵᠤ ᠠᠬᠤᠢ᠌ᠯᠠᠯ᠎ᠤᠨ ᠰᠢᠯᠲᠠᠭ᠋ᠠᠨ᠎ᠠᠴᠠ ᠪᠣᠯᠵᠤ ᠴᠠᠭ ᠲᠤᠬᠠᠢ᠎ᠳᠤᠨᠢ ᠲᠣᠬᠢᠷᠠᠭᠤᠯᠤᠨ ᠬᠦᠷᠭᠡᠵᠦ ᠳᠡᠶ᠋ᠢᠯᠬᠦ ᠦᠭᠡᠢ᠎ᠠᠴᠠ ᠪᠣᠯᠵᠤ ᠡᠮᠴᠢᠯᠡᠭᠡᠨ᠎ᠤ ᠬᠡᠷᠡᠭᠯᠡᠯᠲᠡ ᠵᠢ ᠨᠥᠯᠥᠭᠡᠯᠡᠭᠰᠡᠨ ᠪᠠᠢ᠌ᠪᠠᠯ᠂ ᠡᠮᠴᠢᠯᠡᠭᠡᠨ᠎ᠤ ᠪᠠᠢ᠌ᠭᠤᠯᠤᠮᠵᠢ᠎ᠨᠢ ᠰᠤᠩᠭᠤᠭᠳᠠᠭᠰᠠᠨ ᠠᠵᠤ ᠠᠬᠤᠢ᠌ᠯᠠᠯ᠎ᠲᠠᠢ ᠭᠦᠢ᠍ᠴᠡᠳ ᠨᠡᠪᠲᠡᠷᠡᠯᠴᠡᠭᠰᠡᠨ᠎ᠤ ᠲᠠᠷᠠᠭ᠎ᠠ᠂ ᠦᠨ᠎ᠡ ᠬᠠᠩᠰᠢ᠎ᠨᠢ ᠲᠣᠬᠢᠷᠠᠮᠵᠢᠲᠠᠢ ᠪᠤᠰᠤᠳ ᠰᠤᠩᠭᠤᠭᠳᠠᠭᠰᠠᠨ ᠦᠢ᠍ᠯᠡᠳᠬᠦᠨ᠎ᠢ ᠲᠦᠷ ᠴᠠᠭ ᠰᠣᠩᠭᠣᠵᠤ ᠪᠣᠯᠣᠨ᠎ᠠ᠃ ᠠᠯᠢ ᠨᠢᠭᠡ ᠲᠠᠯ᠎ᠠ᠎ᠨᠢ ᠴᠦ᠍ ᠵᠠᠷᠤᠳᠠᠯ᠎ᠢ ᠬᠢᠵᠠᠭ᠋ᠠᠷᠯᠠᠬᠤ᠂ ᠬᠡᠷᠡᠭᠯᠡᠬᠦ ᠦᠢ᠍ᠯᠡᠳᠬᠦᠨ᠎ᠤ ᠬᠡᠪ ᠪᠠᠷᠢᠮᠵᠢᠶ᠎ᠠ ᠲᠣᠭ᠎ᠠ ᠬᠡᠮᠵᠢᠶ᠎ᠡ ᠵᠢ ᠬᠢᠵᠠᠭ᠋ᠠᠷᠯᠠᠬᠤ ᠵᠢᠴᠢ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠤᠨ ᠳᠠᠨᠭ᠌ᠰᠠ ᠪᠠᠢ᠌ᠭᠤᠯᠬᠤ ᠵᠡᠷᠭᠡ᠎ᠪᠠᠷ ᠰᠢᠯᠲᠠᠭ ᠪᠣᠯᠭ᠋ᠠᠵᠤ ᠰᠤᠩᠭᠤᠭᠳᠠᠭᠰᠠᠨ ᠦᠢ᠍ᠯᠡᠳᠬᠦᠨ᠎ᠢ ᠬᠤᠳᠠᠯᠳᠤᠨ ᠠᠪᠬᠤ ᠪᠠ ᠬᠡᠷᠡᠭᠯᠡᠬᠦ ᠵᠢ ᠨᠥᠯᠥᠭᠡᠯᠡᠵᠦ ᠪᠣᠯᠬᠤ ᠦᠭᠡᠢ᠃ ᠰᠤᠩᠭᠤᠭᠳᠠᠭᠰᠠᠨ ᠠᠵᠤ ᠠᠬᠤᠢ᠌ᠯᠠᠯ᠂ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠨᠢ ᠡᠮᠴᠢᠯᠡᠭᠡᠨ᠎ᠤ ᠪᠠᠢ᠌ᠭᠤᠯᠤᠮᠵᠢ ᠵᠢᠨ ᠬᠡᠷᠡᠭᠴᠡᠭᠡ ᠱᠠᠭ᠋ᠠᠷᠳᠠᠯᠭ᠎ᠠ ᠶᠣᠰᠣᠭ᠋ᠠᠷ ᠰᠤᠩᠭᠤᠭᠳᠠᠭᠰᠠᠨ ᠦᠢ᠍ᠯᠡᠳᠬᠦᠨ᠎ᠢ ᠴᠠᠭ ᠲᠤᠬᠠᠢ᠎ᠳᠤᠨᠢ ᠲᠣᠬᠢᠷᠠᠭᠤᠯᠤᠨ ᠬᠦᠷᠭᠡᠵᠦ᠂ ᠮᠡᠰᠡ ᠵᠠᠰᠠᠯ᠎ᠤᠨ ᠲᠤᠰᠬᠠᠢ ᠬᠡᠷᠡᠭᠯᠡᠬᠦ ᠪᠠᠭ᠋ᠠᠵᠢ ᠪᠠ ᠳᠠᠭ᠋ᠠᠯᠲᠠ ᠦᠢ᠍ᠯᠡᠴᠢᠯᠡᠭᠡ ᠵᠢ ᠬᠠᠩᠭ᠋ᠠᠵᠤ᠂ ᠡᠮᠴᠢᠯᠡᠭᠡᠨ᠎ᠳᠤ ᠬᠡᠷᠡᠭᠯᠡᠭᠡ ᠵᠢ ᠪᠠᠲᠤᠯᠠᠬᠤ ᠬᠡᠷᠡᠭᠲᠡᠢ᠃

    ᠡᠯ᠎ᠡ ᠰᠤᠩᠭᠤᠭᠳᠠᠭᠰᠠᠨ ᠠᠵᠤ ᠠᠬᠤᠢ᠌ᠯᠠᠯ᠂ ᠡᠮᠴᠢᠯᠡᠭᠡᠨ᠎ᠤ ᠪᠠᠢ᠌ᠭᠤᠯᠤᠮᠵᠢ ᠪᠠ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠨᠢ ᠥᠪᠥᠷ ᠮᠣᠩᠭᠣᠯ᠎ᠤᠨ ᠡᠮᠴᠢᠯᠡᠭᠡᠨ᠎ᠤ ᠪᠠᠳᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠤᠨ ᠬᠣᠷᠣᠭᠳᠠᠯ ᠮᠠᠲ᠋ᠧᠷᠢᠶᠠᠯ᠎ᠢ ᠲᠦᠪᠯᠡᠷᠡᠭᠦᠯᠦᠨ ᠬᠤᠳᠠᠯᠳᠤᠨ ᠠᠪᠬᠤ ᠬᠠᠮᠢᠶᠠᠷᠤᠯᠲᠠ ᠵᠢᠨ ᠬᠤᠪᠢᠶᠠᠷᠢ ᠰᠢᠰᠲ᠋ᠧᠮ᠎ᠳᠤ ᠣᠷᠣᠵᠤ᠂ ᠲᠣᠭᠲᠠᠭᠰᠠᠨ ᠴᠠᠭ ᠬᠤᠭᠤᠴᠠᠭ᠎ᠠ ᠵᠢᠨ ᠳᠣᠲᠣᠷ᠎ᠠ ᠲᠣᠬᠢᠷᠠᠭᠤᠯᠤᠨ ᠬᠦᠷᠭᠡᠬᠦ ᠬᠠᠷᠢᠴᠠᠭ᠎ᠠ ᠵᠢ ᠨᠤᠲᠠᠯᠠᠬᠤ ᠪᠠ ᠭᠤᠷᠪᠠᠨ ᠲᠠᠯ᠎ᠠ᠎ᠪᠠᠷ ᠵᠶ᠋ᠠᠨ ᠵᠥᠪᠳᠡᠯᠴᠡᠭᠡᠷ᠎ᠲᠤ ᠭᠠᠷ᠎ᠤᠨ ᠥᠰᠥᠭ ᠵᠢᠷᠤᠬᠤ ᠠᠵᠢᠯ᠎ᠢ ᠪᠡᠶᠡᠯᠡᠭᠦᠯᠬᠦ ᠬᠡᠷᠡᠭᠲᠡᠢ᠃ ᠡᠯ᠎ᠡ ᠲᠠᠯ᠎ᠠ ᠵᠢᠨ᠎ᠬᠢᠨ ᠬᠤᠳᠠᠯᠳᠤᠨ ᠠᠪᠬᠤ ᠭᠡᠷ᠎ᠡ ᠵᠢ ᠴᠢᠩᠭ᠎ᠠ ᠬᠡᠷᠡᠭᠵᠢᠭᠦᠯᠬᠦ ᠬᠡᠷᠡᠭᠲᠡᠢ᠂ ᠭᠡᠷ᠎ᠡ ᠵᠢᠨ ᠮᠥᠨ ᠴᠢᠨᠠᠷ᠎ᠤᠨ ᠠᠭᠤᠯᠭ᠎ᠠ᠎ᠠᠴᠠ ᠵᠥᠷᠢᠴᠡᠭᠰᠡᠨ ᠪᠤᠰᠤᠳ ᠭᠡᠷ᠎ᠡ ᠵᠢ ᠲᠠᠬᠢᠵᠤ ᠲᠣᠭᠲᠠᠭ᠋ᠠᠬᠤ ᠪᠤᠶᠤ ᠭᠡᠷ᠎ᠡ᠎ᠠᠴᠠ ᠭᠠᠳᠠᠨᠠᠬᠢ ᠶᠠᠮᠠᠷᠪᠠ ᠠᠰᠢᠭ ᠲᠤᠰᠠ ᠵᠢᠨ ᠴᠢᠨᠠᠷᠲᠠᠢ ᠱᠠᠭ᠋ᠠᠷᠳᠠᠯᠭ᠎ᠠ ᠳᠤᠷᠠᠳᠴᠤ ᠪᠣᠯᠬᠤ ᠦᠭᠡᠢ᠃

    ᠭᠤᠷᠪᠠ᠂ ᠵᠠᠰᠠᠯᠭ᠎ᠠ ᠵᠢᠨ ᠰᠢᠰᠲ᠋ᠧᠮ᠎ᠤᠨ ᠵᠥᠪᠳᠡᠯᠴᠡᠨ ᠬᠤᠳᠠᠯᠳᠤᠨ ᠠᠪᠬᠤ ᠬᠡᠮᠵᠢᠶ᠎ᠡ ᠪᠠ ᠦᠨ᠎ᠡ ᠬᠠᠩᠰᠢ ᠵᠢ ᠲᠣᠭᠲᠠᠭ᠋ᠠᠬᠤ

    ᠡᠮᠴᠢᠯᠡᠭᠡᠨ᠎ᠤ ᠪᠠᠢ᠌ᠭᠤᠯᠤᠮᠵᠢ᠎ᠨᠢ ᠲᠥᠪᠯᠡᠷᠡᠭᠦᠯᠦᠨ ᠬᠤᠳᠠᠯᠳᠤᠨ ᠠᠪᠬᠤ ᠳᠤᠮᠳᠠ ᠪᠦᠲᠦᠭᠡᠭᠳᠡᠬᠦᠨ᠎ᠤ ᠰᠢᠰᠲ᠋ᠧᠮ᠎ᠢ ᠰᠣᠩᠭᠣᠬᠤ᠎ᠳᠠᠭᠠᠨ᠂ ᠠᠳᠠᠯᠢ ᠨᠢᠭᠡᠨ ᠰᠤᠩᠭᠤᠭᠳᠠᠭᠰᠠᠨ ᠪᠦᠲᠦᠭᠡᠭᠳᠡᠬᠦᠨ᠎ᠤ ᠰᠢᠰᠲ᠋ᠧᠮ᠎ᠤᠨ ᠳᠣᠲᠣᠷ᠎ᠠ᠎ᠠᠴᠠ ᠡᠮᠴᠢᠯᠡᠭᠡᠨ᠎ᠤ ᠬᠡᠷᠡᠭᠴᠡᠭᠡ ᠵᠢ ᠦᠨᠳᠦᠰᠦᠯᠡᠨ ᠠᠳᠠᠯᠢ ᠪᠤᠰᠤ ᠬᠡᠪ ᠪᠠᠷᠢᠮᠵᠢᠶ᠎ᠠ᠂ ᠬᠡᠯᠪᠡᠷᠢ ᠮᠠᠶᠢᠭ᠎ᠤᠨ ᠤᠭᠰᠠᠷᠠᠭ᠎ᠠ ᠲᠣᠨᠣᠭ᠎ᠢ ᠰᠣᠩᠭᠣᠨ ᠬᠡᠷᠡᠭᠯᠡᠵᠦ ᠪᠣᠯᠣᠨ᠎ᠠ᠃ ᠵᠠᠰᠠᠯᠭ᠎ᠠ ᠪᠠ ᠰᠡᠯᠪᠢᠨ ᠵᠠᠰᠠᠬᠤ ᠰᠠᠭᠤᠷᠢ ᠥᠷᠲᠡᠭᠡ ᠵᠢ ᠵᠥᠪᠳᠡᠯᠴᠡᠭᠡᠷ ᠵᠶ᠋ᠡᠷ ᠬᠤᠳᠠᠯᠳᠤᠨ ᠠᠪᠬᠤ ᠬᠡᠮᠵᠢᠶ᠎ᠡ᠎ᠪᠠᠷ ᠬᠤᠳᠠᠯᠳᠤᠨ ᠠᠪᠬᠤ ᠵᠢ ᠬᠡᠷᠡᠭᠵᠢᠭᠦᠯᠵᠦ᠂ ᠰᠡᠯᠪᠢᠭ ᠲᠣᠨᠣᠭ᠎ᠤᠨ ᠪᠣᠭᠣᠯᠲᠠ ᠵᠢ ᠵᠥᠪᠳᠡᠯᠴᠡᠭᠡᠷ ᠵᠶ᠋ᠡᠷ ᠬᠤᠳᠠᠯᠳᠤᠨ ᠠᠪᠬᠤ ᠬᠡᠮᠵᠢᠶ᠎ᠡ᠎ᠳᠤ ᠪᠤᠳᠤᠵᠤ ᠣᠷᠣᠭᠤᠯᠬᠤ ᠦᠭᠡᠢ᠃ ᠰᠡᠯᠪᠢᠭ ᠲᠤᠨᠤᠭ᠎ᠤᠨ ᠪᠣᠭᠣᠳᠠᠯ᠎ᠨᠢ ᠪᠣᠳᠠᠲᠤ ᠬᠡᠷᠡᠭᠴᠡᠭᠡ ᠵᠢ ᠦᠨᠳᠦᠰᠦᠯᠡᠨ ᠬᠡᠷᠡᠭᠯᠡᠬᠦ ᠡᠰᠡᠬᠦ᠎ᠪᠠᠨ ᠲᠣᠭᠲᠠᠭ᠋ᠠᠨ᠎ᠠ᠂ ᠬᠡᠷᠪᠡ ᠬᠡᠷᠡᠭᠯᠡᠬᠦ ᠴᠢᠬᠤᠯᠠ᠎ᠲᠠᠢ ᠪᠣᠯ ᠰᠤᠩᠭᠤᠭᠳᠠᠭᠰᠠᠨ ᠦᠢ᠍ᠯᠡᠳᠬᠦᠨ᠎ᠤ ᠰᠢᠰᠲ᠋ᠧᠮ᠎ᠤᠨ ᠳᠣᠲᠣᠷᠠᠬᠢ ᠲᠤᠰ ᠲᠤᠨᠤᠭ᠎ᠤᠨ ᠰᠤᠩᠭᠤᠭᠳᠠᠭᠰᠠᠨ ᠦᠨ᠎ᠡ᠎ᠪᠠᠷ ᠬᠤᠳᠠᠯᠳᠤᠨ ᠠᠪᠤᠨ᠎ᠠ᠃ ᠡᠮᠴᠢᠯᠡᠭᠡᠨ᠎ᠤ ᠪᠠᠢ᠌ᠭᠤᠯᠤᠮᠵᠢ ᠵᠢᠨ ᠲᠤᠰᠬᠠᠢ ᠬᠡᠷᠡᠭᠯᠡᠭᠡᠨ᠎ᠤ ᠪᠤᠰᠤ ᠬᠥᠳᠡᠯᠭᠡᠭᠴᠢ ᠬᠦᠴᠦᠨ᠎ᠤ ᠪᠠᠭ᠋ᠠᠵᠢ ᠵᠢ ᠬᠡᠷᠡᠭᠯᠡᠭᠰᠡᠨ ᠵᠠᠷᠤᠳᠠᠯ᠂ ᠢᠵᠢ ᠪᠦᠷᠢᠳᠦᠭᠦᠯᠬᠦ ᠪᠠᠭ᠋ᠠᠵᠢ᠎ᠠᠴᠠ ᠡᠭᠦᠰᠦᠭᠰᠡᠨ ᠤᠬᠢᠶᠠᠵᠤ ᠠᠷᠢᠭᠤᠳᠬᠠᠬᠤ ᠵᠡᠷᠭᠡ ᠬᠣᠯᠪᠣᠭᠳᠠᠯ ᠪᠦᠬᠦᠢ ᠵᠠᠷᠤᠳᠠᠯ᠎ᠢ ᠲᠣᠭᠲᠠᠭ᠋ᠠᠯ ᠶᠣᠰᠣᠭ᠋ᠠᠷ ᠡᠮᠴᠢᠯᠡᠭᠡᠨ᠎ᠤ ᠪᠠᠢ᠌ᠭᠤᠯᠤᠮᠵᠢ᠎ᠠᠴᠠ ᠡᠭᠦᠷᠭᠡᠯᠡᠨ᠎ᠡ᠃ ᠵᠠᠷᠴᠢᠮ ᠳᠡᠭᠡᠷ᠎ᠡ᠎ᠪᠠᠨ ᠰᠤᠩᠭᠤᠭᠳᠠᠭᠰᠠᠨ ᠵᠠᠰᠠᠯᠭ᠎ᠠ ᠪᠠ ᠰᠡᠯᠪᠢᠨ ᠵᠠᠰᠠᠬᠤ ᠰᠠᠭᠤᠷᠢ ᠲᠠᠪᠴᠠᠩ᠎ᠢ ᠢᠵᠢ ᠪᠦᠷᠢᠳᠦᠭᠦᠯᠦᠨ ᠬᠤᠳᠠᠯᠳᠤᠨ ᠠᠪᠬᠤ ᠬᠡᠷᠡᠭᠲᠡᠢ᠂ ᠡᠮᠴᠢᠯᠡᠭᠡᠨ᠎ᠤ ᠬᠡᠷᠡᠭᠴᠡᠭᠡ᠎ᠠᠴᠠ ᠪᠣᠯᠵᠤ ᠤᠭᠰᠠᠷᠠᠭ᠎ᠠ ᠲᠣᠨᠣᠭ᠎ᠢ ᠲᠤᠰᠠᠭ᠋ᠠᠷ ᠬᠤᠳᠠᠯᠳᠤᠨ ᠠᠪᠬᠤ ᠴᠢᠬᠤᠯᠠᠳᠠᠢ ᠪᠤᠯ ᠲᠤᠰᠠᠭ᠋ᠠᠷ ᠬᠤᠳᠠᠯᠳᠤᠨ ᠠᠪᠴᠤ ᠪᠣᠯᠣᠨ᠎ᠠ᠃ ᠬᠤᠳᠠᠯᠳᠤᠨ ᠠᠪᠬᠤ ᠵᠥᠪᠳᠡᠯᠴᠡᠭᠡᠷ᠎ᠤᠨ ᠬᠡᠮᠵᠢᠶ᠎ᠡ ᠵᠢ ᠪᠡᠶᠡᠯᠡᠭᠦᠯᠦᠭᠰᠡᠨ ᠪᠠᠢ᠌ᠳᠠᠯ᠎ᠢ ᠠᠳᠠᠯᠢ ᠨᠢᠭᠡᠨ ᠦᠢ᠍ᠯᠡᠳᠬᠦᠨ᠎ᠤ ᠰᠢᠰᠲ᠋ᠧᠮ᠎ᠤᠨ ᠵᠠᠰᠠᠯᠭ᠎ᠠ ᠪᠠ ᠵᠠᠰᠠᠨ ᠰᠡᠷᠭᠦᠭᠡᠬᠦ ᠰᠠᠭᠤᠷᠢ ᠲᠠᠪᠴᠠᠩ (ᠰᠤᠩᠭᠤᠭᠳᠠᠭᠰᠠᠨ ᠥᠪᠡᠷᠮᠢᠴᠡ ᠰᠠᠭᠤᠷᠢ ᠲᠠᠪᠴᠠᠩ ᠪᠠᠭᠲᠠᠨ᠎ᠠ) ᠵᠶ᠋ᠠᠷ 1᠄ 1 ᠵᠢᠨ ᠬᠠᠷᠢᠴᠠᠯ ᠵᠶ᠋ᠠᠷ ᠪᠣᠳᠠᠲᠠᠢ ᠬᠤᠳᠠᠯᠳᠤᠨ ᠠᠪᠬᠤ ᠵᠢ ᠪᠡᠶᠡᠯᠡᠭᠦᠯᠦᠭᠰᠡᠨ ᠢᠵᠢ ᠲᠣᠭ᠎ᠠ᠎ᠪᠠᠷ ᠪᠦᠷᠢᠳᠬᠡᠨ᠎ᠡ᠃

    ᠡᠮᠴᠢᠯᠡᠭᠡᠨ᠎ᠤ ᠪᠠᠢ᠌ᠭᠤᠯᠤᠮᠵᠢ ᠬᠢᠭᠡᠳ ᠰᠤᠩᠭᠤᠭᠳᠠᠭᠰᠠᠨ ᠠᠵᠤ ᠠᠬᠤᠢ᠌ᠯᠠᠯ᠎ᠨᠢ 《ᠠᠮᠠᠨ ᠬᠥᠨᠳᠡᠢ ᠵᠢᠨ ᠵᠠᠰᠠᠯᠭ᠎ᠠ ᠵᠢᠨ ᠰᠢᠰᠲ᠋ᠧᠮ᠎ᠤᠨ ᠮᠤᠵᠢ ᠵᠢᠨ ᠬᠣᠭᠣᠷᠣᠨᠳᠣᠬᠢ ᠬᠣᠯᠪᠣᠭ᠎ᠠ ᠵᠢᠨ ᠲᠥᠪᠯᠡᠷᠡᠩᠭᠦᠢ ᠬᠡᠮᠵᠢᠶ᠎ᠡ᠎ᠲᠠᠢ ᠬᠤᠳᠠᠯᠳᠤᠨ ᠠᠪᠬᠤ ᠪᠢᠴᠢᠭ ᠮᠠᠲ᠋ᠧᠷᠢᠶᠠᠯ (LM-OI-2022-1)》᠎ᠢ ᠨᠡᠢ᠌ᠲᠡᠯᠡᠬᠦ᠎ᠠᠴᠠ ᠡᠮᠦᠨ᠎ᠡ ᠨᠢᠭᠡᠨᠲᠡ ᠬᠡᠯᠡᠯᠴᠡᠭᠡᠷ᠎ᠲᠠᠢ ᠪᠣᠯᠤᠭᠰᠠᠨ ᠪᠥᠭᠡᠳ ᠠᠳᠠᠯᠢ ᠨᠢᠭᠡᠨ ᠦᠢ᠍ᠯᠡᠳᠬᠦᠨ᠎ᠤ ᠰᠢᠰᠲ᠋ᠧᠮ᠎ᠤᠨ ᠦᠨ᠎ᠡ ᠬᠠᠩᠰᠢ᠎ᠨᠢ ᠰᠤᠩᠭᠤᠭᠳᠠᠭᠰᠠᠨ ᠦᠨ᠎ᠡ᠎ᠠᠴᠠ ᠳᠣᠣᠷ᠎ᠠ ᠪᠠᠢ᠌ᠪᠠᠯ᠂ ᠤᠤᠯ᠎ᠤᠨ ᠬᠡᠯᠡᠯᠴᠡᠭᠡᠷ᠎ᠲᠤ ᠪᠣᠯᠵᠣᠨ ᠲᠣᠭᠲᠠᠭᠰᠠᠨ ᠦᠨ᠎ᠡ ᠵᠢ ᠦᠷᠭᠦᠯᠵᠢᠯᠡᠨ ᠬᠡᠷᠡᠭᠵᠢᠭᠦᠯᠵᠦ ᠪᠣᠯᠣᠨ᠎ᠠ᠃ ᠰᠤᠩᠭᠤᠭᠳᠠᠭᠰᠠᠨ ᠦᠭᠡᠢ ᠠᠮᠠᠨ ᠬᠥᠨᠳᠡᠢ ᠵᠢᠨ ᠵᠠᠰᠠᠯᠭ᠎ᠠ ᠵᠢᠨ ᠰᠢᠰᠲ᠋ᠧᠮ᠎ᠤᠨ ᠦᠢ᠍ᠯᠡᠳᠬᠦᠨ᠎ᠳᠤ ᠰᠤᠩᠭᠤᠭᠳᠠᠭᠰᠠᠨ ᠦᠢ᠍ᠯᠡᠳᠬᠦᠨ᠎ᠤ ᠤᠭᠰᠠᠷᠠᠭ᠎ᠠ ᠲᠣᠨᠣᠭ᠎ᠢ ᠪᠠᠭᠲᠠᠭ᠋ᠠᠭᠰᠠᠨ ᠪᠠᠢ᠌ᠪᠠᠯ᠂ ᠲᠣᠰ ᠤᠭᠰᠠᠷᠠᠭ᠎ᠠ ᠲᠣᠨᠣᠭ᠎ᠤᠨ ᠰᠤᠩᠭᠤᠭᠳᠠᠭᠰᠠᠨ ᠦᠨ᠎ᠡ ᠬᠠᠩᠰᠢ᠎ᠪᠠᠷ ᠰᠦᠯᠵᠢᠶᠡᠨ᠎ᠳᠤ ᠬᠤᠯᠪᠤᠵᠦ᠂ ᠪᠤᠰᠤᠳ ᠤᠭᠰᠠᠷᠠᠭ᠎ᠠ ᠲᠣᠨᠣᠭ᠎ᠢ ᠥᠪᠡᠷᠲᠡᠭᠡᠨ ᠵᠠᠰᠠᠬᠤ ᠣᠷᠣᠨ᠎ᠠᠴᠠ ᠪᠣᠳᠠᠲᠠᠢ᠎ᠲᠠᠢ᠎ᠪᠠᠨ ᠤᠶᠠᠯᠳᠤᠭᠤᠯᠤᠨ ᠠᠷᠠᠯᠵᠢᠶᠠᠯᠠᠬᠤ ᠦᠨ᠎ᠡ ᠬᠠᠩᠰᠢ ᠵᠡᠷᠭᠡ ᠪᠠᠢ᠌ᠳᠠᠯ᠎ᠲᠠᠢ ᠤᠶᠠᠯᠳᠤᠭᠤᠯᠤᠨ᠂ ᠰᠦᠯᠵᠢᠶᠡᠨ᠎ᠳᠤ ᠡᠯᠭᠦᠬᠦ ᠬᠤᠯᠪᠤᠬᠤ ᠦᠨ᠎ᠡ ᠬᠠᠩᠰᠢ ᠵᠢᠨ ᠥᠨᠳᠥᠷ ᠱᠤᠭᠤᠮ᠎ᠢ ᠵᠦᠢ ᠵᠣᠬᠢᠰᠲᠠᠢ ᠲᠣᠭᠲᠠᠭ᠋ᠠᠵᠤ᠂ ᠬᠠᠮᠢᠶ᠎ᠠ ᠪᠦᠬᠦᠢ ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠪᠠᠢ᠌ᠭ᠋ᠠᠳ ᠦᠨ᠎ᠡ ᠬᠠᠩᠰᠢ ᠵᠢ ᠠᠯᠬᠤᠮ ᠠᠯᠬᠤᠮ ᠵᠶ᠋ᠠᠷ ᠵᠦᠢ ᠵᠣᠬᠢᠰᠲᠠᠢ ᠬᠢᠷᠢ ᠲᠦᠪᠰᠢᠨ᠎ᠳᠤ ᠬᠦᠷᠦᠭᠦᠯᠦᠨ᠎ᠡ᠃

    ᠳᠥᠷᠪᠡ᠂ ᠰᠢᠳᠦᠨ ᠲᠢᠲᠢᠮ᠎ᠢ ᠥᠷᠢᠰᠦᠯᠳᠦᠭᠦᠯᠦᠨ ᠰᠦᠯᠵᠢᠶᠡᠨ᠎ᠳᠤ ᠬᠣᠯᠪᠣᠬᠤ

    ᠰᠧᠴᠤᠸᠠᠨ ᠮᠤᠵᠢ ᠵᠢᠨ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ ᠭᠠᠭᠴᠠ ᠰᠢᠳᠦᠨ᠎ᠤ ᠵᠠᠰᠠᠯᠭ᠎ᠠ ᠵᠢᠨ ᠱᠠᠭ᠋ᠠᠵᠠᠩ ᠰᠢᠳᠦᠨ ᠲᠢᠲᠢᠮ᠎ᠢ ᠥᠷᠢᠰᠦᠯᠳᠦᠭᠦᠯᠦᠨ ᠰᠦᠯᠵᠢᠶᠡᠨ᠎ᠳᠤ ᠣᠷᠣᠭᠤᠯᠵᠤ᠂ ᠳᠤᠮᠳᠠᠴᠢ᠎ᠪᠠᠷ 327 ᠲᠥᠭᠥᠷᠢᠭ᠎ᠤᠨ ᠬᠦᠷᠢᠶᠡᠨ᠎ᠳᠤ ᠣᠷᠣᠭᠤᠯᠵᠤ᠂ ᠬᠠᠮᠤᠭ᠎ᠤᠨ ᠥᠨᠳᠥᠷ᠎ᠲᠡᠭᠡᠨ 656 ᠲᠥᠭᠥᠷᠢᠭ᠎ᠤᠨ ᠬᠦᠷᠢᠶᠡᠨ᠎ᠳᠤ ᠣᠷᠣᠭᠤᠯᠤᠭᠰᠠᠨ ᠪᠠᠢ᠌ᠨ᠎ᠠ᠃ ᠰᠤᠩᠭᠤᠭᠳᠠᠭᠰᠠᠨ ᠦᠭᠡᠢ ᠰᠢᠳᠦᠨ ᠲᠢᠲᠢᠮ᠎ᠤᠨ ᠪᠦᠲᠦᠭᠡᠭᠳᠡᠬᠦᠨ᠎ᠢ ᠥᠪᠡᠷᠲᠡᠭᠡᠨ ᠵᠠᠰᠠᠬᠤ ᠣᠷᠣᠨ᠎ᠠᠴᠠ ᠰᠧᠴᠤᠸᠠᠨ᠎ᠤ ᠰᠢᠳᠦᠨ ᠲᠢᠲᠢᠮ᠎ᠤᠨ ᠥᠷᠢᠰᠦᠯᠳᠦᠭᠡᠨ᠎ᠤ ᠦᠨ᠎ᠡ᠎ᠪᠠᠷ ᠰᠦᠯᠵᠢᠶᠡᠨ᠎ᠳᠤ ᠬᠤᠯᠪᠤᠬᠤ ᠳᠦᠷᠢᠮ ᠵᠶ᠋ᠡᠷ ᠯᠠᠪᠯᠠᠯᠲᠠ ᠪᠣᠯᠭ᠋ᠠᠵᠤ᠂ ᠥᠷᠢᠰᠦᠯᠳᠦᠭᠡᠨ᠎ᠤ ᠦᠨ᠎ᠡ᠎ᠪᠠᠷ ᠰᠦᠯᠵᠢᠶᠡᠨ᠎ᠳᠤ ᠬᠤᠯᠪᠤᠵᠦ ᠬᠡᠷᠡᠭᠵᠢᠭᠦᠯᠬᠦ ᠲᠥᠰᠥᠯ᠎ᠢ ᠲᠣᠭᠲᠠᠭ᠋ᠠᠨ᠎ᠠ᠃ ᠡᠮᠴᠢᠯᠡᠭᠡᠨ᠎ᠤ ᠪᠠᠢ᠌ᠭᠤᠯᠤᠮᠵᠢ᠎ᠨᠤᠭᠤᠳ ᠰᠢᠳᠦᠨ ᠲᠢᠲᠢᠮ ᠵᠶ᠋ᠡᠨ ᠥᠪᠡᠷ ᠵᠶ᠋ᠡᠨ ᠡᠳ᠋ᠰᠢᠭᠦᠯᠦᠨ ᠦᠢ᠍ᠯᠡᠳᠦᠭᠰᠡᠨ ᠪᠠᠢ᠌ᠪᠠᠯ᠂ ᠵᠣᠬᠢᠬᠤ ᠥᠪᠡᠷ᠎ᠤᠨ ᠥᠷᠲᠡᠭ᠎ᠤᠨ ᠪᠤᠴᠠᠭ᠋ᠠᠨ ᠬᠤᠷᠢᠶᠠᠬᠤ ᠨᠣᠷᠮ᠎ᠠ ᠵᠢᠨ ᠶᠣᠰᠣᠭ᠋ᠠᠷ᠂ ᠦᠨ᠎ᠡ ᠥᠷᠢᠰᠦᠯᠳᠦᠨ ᠰᠦᠯᠵᠢᠶᠡᠨ᠎ᠳᠤ ᠬᠤᠯᠪᠤᠭᠰᠠᠨ ᠦᠷ᠎ᠡ ᠳ᠋ᠦᠩ ᠵᠶ᠋ᠡᠷ ᠯᠠᠪᠯᠠᠯᠲᠠ ᠪᠣᠯᠭ᠋ᠠᠵᠤ ᠦᠨ᠎ᠡ ᠬᠠᠩᠰᠢ᠎ᠪᠠᠨ ᠥᠪᠡᠰᠦᠪᠡᠨ ᠲᠣᠭᠲᠠᠭ᠋ᠠᠬᠤ ᠵᠢᠨ ᠬᠠᠮᠲᠤ ᠲᠣᠭᠲᠠᠭ᠋ᠠᠯ ᠶᠣᠰᠣᠭ᠋ᠠᠷ ᠰᠦᠯᠵᠢᠶᠡᠨ᠎ᠳᠤ ᠬᠤᠯᠪᠤᠵᠦ ᠪᠣᠯᠣᠨ᠎ᠠ᠃ ᠪᠤᠰᠤᠳ ᠲᠥᠷᠥᠯ ᠬᠡᠯᠪᠡᠷᠢ ᠵᠢᠨ ᠰᠢᠳᠦᠨ ᠲᠢᠲᠢᠮ᠎ᠢ ᠲᠠᠩ ᠰᠢᠳᠦ᠎ᠪᠠᠷ ᠳᠠᠷᠢᠬᠤ᠎ᠳᠤ ᠬᠡᠷᠡᠭᠯᠡᠬᠦ ᠪᠦᠷᠢᠨ ᠱᠠᠭ᠋ᠠᠵᠠᠩ ᠰᠢᠳᠦᠨ ᠲᠢᠲᠢᠮ᠎ᠤᠨ ᠦᠨ᠎ᠡ᠎ᠪᠠᠷ ᠯᠠᠪᠯᠠᠯᠲᠠ ᠪᠣᠯᠭ᠋ᠠᠵᠤ ᠰᠦᠯᠵᠢᠶᠡᠨ᠎ᠳᠤ ᠬᠤᠯᠪᠤᠨ᠎ᠠ᠃

    ᠲᠠᠪᠤ᠂ ᠪᠥᠬᠥ ᠶᠠᠪᠤᠴᠠ ᠵᠢᠨ ᠲᠣᠬᠢᠷᠠᠭᠤᠯᠤᠯ ᠡᠵᠡᠮᠳᠡᠯ᠎ᠢ ᠪᠥᠬᠥ ᠲᠠᠯ᠎ᠠ᠎ᠪᠠᠷ ᠬᠡᠷᠡᠭᠵᠢᠭᠦᠯᠦᠨ᠎ᠡ

    ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠠᠬᠢ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ᠎ᠨᠤᠭᠤᠳ ᠠᠮᠠᠨ ᠬᠥᠨᠳᠡᠢ ᠵᠢᠨ ᠵᠠᠰᠠᠯᠭ᠎ᠠ ᠵᠢᠨ ᠡᠮᠴᠢᠯᠡᠭᠡᠨ᠎ᠤ ᠦᠢ᠍ᠯᠡᠴᠢᠯᠡᠭᠡᠨ᠎ᠤ ᠰᠦᠢ᠍ᠳᠬᠡᠯ ᠬᠤᠷᠢᠶᠠᠬᠤ᠂ ᠵᠠᠰᠠᠯᠭ᠎ᠠ ᠵᠢᠨ ᠴᠣᠭᠴᠠ ᠵᠢ ᠲᠥᠪᠯᠡᠷᠡᠭᠦᠯᠦᠨ ᠬᠡᠮᠵᠢᠶ᠎ᠡ᠎ᠲᠠᠢ᠎ᠪᠠᠷ ᠬᠤᠳᠠᠯᠳᠤᠨ ᠠᠪᠬᠤ᠂ ᠰᠢᠳᠦᠨ ᠲᠢᠲᠢᠮ᠎ᠢ ᠥᠷᠢᠰᠦᠯᠳᠦᠭᠦᠯᠦᠨ ᠰᠦᠯᠵᠢᠶᠡᠨ᠎ᠳᠤ ᠬᠣᠯᠪᠣᠬᠤ 《ᠭᠤᠷᠪᠠ ᠵᠢ ᠨᠢᠭᠡ ᠴᠣᠭᠴᠠᠵᠢᠭᠤᠯᠬᠤ》 ᠶᠡᠷᠦᠩᠬᠡᠢ᠌ᠯᠡᠨ ᠵᠠᠰᠠᠬᠤ ᠠᠷᠭ᠎ᠠ ᠬᠡᠮᠵᠢᠶ᠎ᠡ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠬᠤ ᠬᠡᠷᠡᠭᠲᠡᠢ᠃ ᠡᠮᠴᠢᠯᠡᠭᠡᠨ᠎ᠤ ᠪᠠᠳᠤᠯᠠᠭ᠎ᠠ ᠵᠢᠨ ᠴᠡᠭ ᠲᠣᠭᠲᠠᠭ᠋ᠠᠭᠰᠠᠨ ᠨᠡᠢ᠌ᠭᠡᠮ᠎ᠠᠴᠠ ᠡᠷᠭᠢᠯᠡᠭᠰᠡᠨ ᠡᠮᠴᠢᠯᠡᠭᠡᠨ᠎ᠤ ᠪᠠᠢ᠌ᠭᠤᠯᠤᠮᠵᠢ᠎ᠨᠤᠭᠤᠳ 《ᠭᠤᠷᠪᠠ ᠵᠢ ᠨᠢᠭᠡ ᠴᠣᠭᠴᠠᠵᠢᠭᠤᠯᠬᠤ》 ᠶᠡᠷᠦᠩᠬᠡᠢ᠌ᠯᠡᠨ ᠵᠠᠰᠠᠬᠤ ᠠᠷᠭ᠎ᠠ ᠬᠡᠮᠵᠢᠶ᠎ᠡ ᠵᠢ ᠢᠳᠡᠪᠬᠢᠲᠡᠢ᠎ᠪᠠᠷ ᠳᠠᠭ᠋ᠠᠬᠤ ᠬᠡᠷᠡᠭᠲᠡᠢ᠃ ᠡᠮᠴᠢᠯᠡᠭᠡᠨ᠎ᠤ ᠪᠠᠢ᠌ᠭᠤᠯᠤᠮᠵᠢ᠎ᠨᠤᠭᠤᠳ ᠰᠦᠢ᠍ᠳᠬᠡᠯ ᠬᠤᠷᠢᠶᠠᠬᠤ ᠦᠢᠯᠡ ᠠᠵᠢᠯᠯᠠᠭ᠎ᠠ ᠵᠢ ᠵᠢᠷᠤᠮᠵᠢᠭᠤᠯᠵᠤ᠂ ᠡᠮᠴᠢᠯᠡᠭᠡᠨ᠎ᠤ ᠦᠢ᠍ᠯᠡᠴᠢᠯᠡᠭᠡ᠂ ᠵᠠᠰᠠᠯᠭ᠎ᠠ ᠵᠢᠨ ᠴᠤᠭᠴᠠ᠂ ᠰᠢᠳᠦᠨ ᠲᠢᠲᠢᠮ᠎ᠢ ᠰᠠᠯᠭ᠋ᠠᠨ ᠰᠦᠢ᠍ᠳᠬᠡᠯ ᠬᠤᠷᠢᠶᠠᠵᠤ᠂ ᠦᠨ᠎ᠡ ᠬᠠᠩᠰᠢ ᠵᠢ ᠢᠯᠡ ᠲᠡᠮᠳᠡᠭᠯᠡᠬᠦ ᠵᠢ ᠬᠡᠷᠡᠭᠵᠢᠭᠦᠯᠬᠦ ᠬᠡᠷᠡᠭᠲᠡᠢ᠃ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠵᠠᠰᠠᠯᠭ᠎ᠠ ᠵᠢᠨ ᠴᠣᠭᠴᠠ ᠵᠢᠨ ᠰᠢᠰᠲ᠋ᠧᠮ ᠪᠠ ᠰᠢᠳᠦᠨ ᠲᠢᠲᠢᠮ᠎ᠤᠨ ᠬᠣᠷᠣᠭᠳᠠᠯ ᠮᠠᠲ᠋ᠧᠷᠢᠶᠠᠯ᠎ᠢ ᠰᠦᠯᠵᠢᠶᠡᠨ᠎ᠳᠤ ᠬᠤᠯᠪᠤᠭᠰᠠᠨ ᠦᠨ᠎ᠡ ᠵᠢᠨ 《ᠵᠥᠷᠢᠶ᠎ᠡ ᠦᠭᠡᠢ ᠨᠣᠷᠮ᠎ᠠ》᠎ᠪᠠᠷ ᠡᠪᠡᠳᠴᠢᠲᠡᠨ᠎ᠠᠴᠠ ᠰᠦᠢ᠍ᠳᠬᠡᠯ ᠬᠤᠷᠢᠶᠠᠨ᠎ᠠ; ᠠᠷᠠᠳ᠎ᠠᠴᠠ ᠡᠵᠡᠩᠨᠡᠭᠰᠡᠨ ᠡᠮᠴᠢᠯᠡᠭᠡᠨ᠎ᠤ ᠪᠠᠳᠤᠯᠠᠭ᠎ᠠ ᠵᠢᠨ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠵᠠᠰᠠᠯᠭ᠎ᠠ ᠵᠢᠨ ᠴᠣᠭᠴᠠ ᠵᠢᠨ ᠰᠢᠰᠲ᠋ᠧᠮ ᠪᠠ ᠰᠢᠳᠦᠨ ᠲᠢᠲᠢᠮ᠎ᠤᠨ ᠬᠣᠷᠣᠭᠳᠠᠯ ᠮᠠᠲ᠋ᠧᠷᠢᠶᠠᠯ᠎ᠢ 《ᠲᠡᠭ ᠵᠥᠷᠢᠶᠡᠲᠦ ᠨᠣᠷᠮ᠎ᠠ》᠎ᠪᠠᠷ ᠪᠣᠷᠣᠯᠠᠭᠤᠯᠬᠤ ᠵᠢ ᠬᠥᠲᠥᠯᠥᠨ ᠵᠢᠯᠣᠭᠣᠳᠤᠨ᠎ᠠ; ᠠᠷᠠᠳ᠎ᠤᠨ ᠡᠵᠡᠩᠨᠡᠯᠲᠡ ᠵᠢᠨ ᠡᠮᠴᠢᠯᠡᠭᠡᠨ᠎ᠤ ᠪᠠᠳᠤᠯᠠᠭ᠎ᠠ ᠵᠢᠨ ᠪᠤᠰᠦ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠵᠠᠰᠠᠯᠭ᠎ᠠ ᠵᠢᠨ ᠰᠢᠰᠲ᠋ᠧᠮ ᠪᠠ ᠰᠢᠳᠦᠨ ᠲᠢᠲᠢᠮ᠎ᠤᠨ ᠬᠣᠷᠣᠭᠳᠠᠯ ᠮᠠᠲ᠋ᠧᠷᠢᠶᠠᠯ᠎ᠢ ᠳᠤᠲᠠᠭᠤ ᠦᠨ᠎ᠡ ᠨᠡᠮᠡᠬᠦ ᠪᠤᠶᠤ ᠦᠨ᠎ᠡ ᠨᠡᠮᠡᠬᠦ ᠦᠭᠡᠢ᠎ᠪᠠᠷ ᠪᠣᠷᠣᠯᠠᠭᠤᠯᠬᠤ ᠵᠢ ᠵᠣᠷᠢᠭᠵᠢᠭᠤᠯᠤᠨ᠎ᠠ᠃ ᠡᠯ᠎ᠡ ᠲᠥᠷᠥᠯ᠎ᠤᠨ ᠡᠮᠴᠢᠯᠡᠭᠡᠨ᠎ᠤ ᠪᠠᠢ᠌ᠭᠤᠯᠤᠮᠵᠢ᠎ᠨᠤᠭᠤᠳ ᠠᠮᠠᠨ ᠬᠥᠨᠳᠡᠢ ᠵᠢᠨ ᠵᠠᠰᠠᠯᠭ᠎ᠠ ᠵᠢᠨ ᠡᠮᠴᠢᠯᠡᠭᠡᠨ᠎ᠤ ᠦᠢ᠍ᠯᠡᠴᠢᠯᠡᠭᠡᠨ᠎ᠤ ᠪᠥᠬᠥ ᠶᠠᠪᠤᠴᠠ᠎ᠪᠠᠷ ᠦᠨ᠎ᠡ ᠬᠠᠩᠰᠢ ᠵᠢ ᠲᠣᠬᠢᠷᠠᠭᠤᠯᠤᠨ ᠡᠵᠡᠮᠳᠡᠬᠦ ᠵᠢ ᠨᠠᠢ᠌ᠳᠠᠪᠤᠷᠢᠵᠢᠭᠤᠯᠤᠭᠰᠠᠨ ᠤᠷᠢᠲᠠᠯ ᠳᠣᠣᠷ᠎ᠠ᠂ ᠡᠪᠡᠳᠴᠢᠲᠡᠨ᠎ᠳᠤ ᠴᠢᠨᠠᠷ ᠰᠠᠢ᠌ᠲᠠᠢ ᠡᠮᠴᠢᠯᠡᠭᠡᠨ᠎ᠤ ᠦᠢ᠍ᠯᠡᠴᠢᠯᠡᠭᠡ ᠬᠠᠩᠭ᠋ᠠᠵᠤ᠂ ᠮᠡᠷᠭᠡᠵᠢᠯ᠎ᠤᠨ ᠬᠥᠳᠡᠯᠮᠦᠷᠢ ᠦᠢ᠍ᠯᠡᠴᠢᠯᠡᠭᠡᠨ᠎ᠤ ᠥᠷᠲᠡᠭ ᠵᠶ᠋ᠡᠷ ᠳᠠᠮᠵᠢᠭᠤᠯᠤᠨ ᠬᠠᠷᠢᠭᠤ ᠬᠠᠷᠠᠮᠵᠢ ᠣᠯᠬᠤ ᠵᠢ ᠰᠠᠨᠠᠭ᠋ᠠᠴᠢᠯᠠᠨ᠎ᠠ᠃

    ᠵᠢᠷᠭᠤᠭ᠎ᠠ᠂ ᠪᠠᠷᠠᠭ᠋ᠠᠨ᠎ᠤ ᠵᠣᠭᠣᠰ᠎ᠢ ᠳ᠋ᠦᠩᠨᠡᠨ ᠪᠤᠳᠤᠬᠤ

    ᠡᠮᠴᠢᠯᠡᠭᠡᠨ᠎ᠤ ᠪᠠᠢ᠌ᠭᠤᠯᠤᠮᠵᠢ ᠵᠢᠨ ᠬᠤᠳᠠᠯᠳᠤᠨ ᠠᠪᠬᠤ ᠶᠠᠪᠤᠴᠠ᠎ᠳᠤ ᠰᠤᠩᠭᠤᠭᠳᠠᠭᠰᠠᠨ ᠪᠦᠲᠦᠭᠡᠭᠳᠡᠬᠦᠨ ᠵᠶ᠋ᠡᠨ ᠣᠯᠣᠭᠰᠠᠨ᠎ᠤ ᠳᠠᠷᠠᠭ᠎ᠠ ᠴᠠᠭ ᠲᠤᠬᠠᠢ᠎ᠳᠤᠨᠢ ᠰᠢᠯᠭ᠋ᠠᠨ ᠪᠠᠢ᠌ᠴᠠᠭ᠋ᠠᠵᠤ ᠬᠥᠮᠥᠷᠭᠡ᠎ᠳᠤ ᠣᠷᠣᠭᠤᠯᠬᠤ ᠵᠢᠨ ᠬᠠᠮᠲᠤ ᠬᠠᠮᠢᠶ᠎ᠠ ᠪᠦᠬᠦᠢ ᠮᠡᠳᠡᠭᠡ ᠵᠠᠩᠭᠢ ᠵᠢ ᠲᠠᠪᠴᠠᠩ᠎ᠳᠤ ᠳᠠᠮᠵᠢᠭᠤᠯᠬᠤ ᠬᠡᠷᠡᠭᠲᠡᠢ᠃ ᠳ᠋ᠦᠩᠨᠡᠨ ᠪᠤᠳᠤᠬᠤ ᠦᠶᠡᠯᠡᠯ᠎ᠤᠨ ᠬᠤᠭᠤᠴᠠᠭ᠋ᠠᠨ᠎ᠳᠤ ᠡᠮᠴᠢᠯᠡᠭᠡᠨ᠎ᠤ ᠪᠠᠢ᠌ᠭᠤᠯᠤᠮᠵᠢ ᠬᠢᠭᠡᠳ ᠠᠵᠤ ᠠᠬᠤᠢ᠌ᠯᠠᠯ ᠪᠠᠷᠠᠭ᠋ᠠᠨ᠎ᠤ ᠵᠣᠭᠣᠰ ᠵᠶ᠋ᠠᠨ ᠴᠠᠭ ᠲᠤᠬᠠᠢ᠎ᠳᠤᠨᠢ ᠳ᠋ᠦᠩᠨᠡᠨ ᠪᠤᠳᠤᠵᠤ ᠳᠠᠭᠤᠰᠬᠠᠬᠤ ᠬᠡᠷᠡᠭᠲᠡᠢ᠂ ᠳ᠋ᠦᠩᠨᠡᠨ ᠪᠤᠳᠤᠵᠤ ᠳᠠᠭᠤᠰᠬᠠᠬᠤ ᠴᠠᠭ᠎ᠢ ᠪᠠᠷᠠᠭ᠎ᠠ ᠲᠤᠰᠢᠶᠠᠵᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ᠎ᠤ ᠳᠠᠷᠠᠭ᠎ᠠ ᠰᠠᠷ᠎ᠠ ᠵᠢᠨ ᠰᠡᠭᠦᠯᠴᠢ᠎ᠠᠴᠠ ᠬᠡᠲᠦᠷᠡᠭᠦᠯᠵᠦ ᠪᠣᠯᠬᠤ ᠦᠭᠡᠢ᠃

    ᠲᠤᠯᠤᠭ᠎ᠠ᠂ ᠯᠠᠪᠳᠠᠭᠤᠨ ᠪᠥᠭᠡᠳ ᠡᠮᠬᠢ ᠵᠢᠷᠤᠮ᠎ᠲᠠᠢ ᠨᠠᠢ᠌ᠳᠠᠪᠤᠷᠢᠵᠢᠭᠤᠯᠬᠤ ᠵᠢ ᠦᠨᠡᠨᠬᠦ ᠪᠠᠲᠤᠯᠠᠬᠤ ᠬᠡᠷᠡᠭᠲᠡᠢ

   (ᠨᠢᠭᠡ) ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠎ᠠ᠃ ᠡᠯ᠎ᠡ ᠭᠠᠵᠠᠷ᠎ᠤᠨ᠎ᠬᠢᠨ ᠠᠮᠠᠨ ᠬᠥᠨᠳᠡᠢ ᠵᠢᠨ ᠵᠠᠰᠠᠯᠭ᠎ᠠ ᠵᠢ ᠲᠤᠰᠬᠠᠢ᠌ᠯᠠᠨ ᠵᠠᠰᠠᠬᠤ ᠪᠠ ᠠᠮᠠᠨ ᠬᠥᠨᠳᠡᠢ ᠵᠢᠨ ᠰᠢᠰᠲ᠋ᠧᠮ᠎ᠤᠨ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ ᠪᠠ ᠬᠡᠷᠡᠭᠯᠡᠬᠦ ᠵᠢᠨ ᠴᠢᠬᠤᠯᠠ ᠠᠴᠢ ᠬᠣᠯᠪᠣᠭᠳᠠᠯ ᠪᠠ ᠭᠣᠣᠯ ᠵᠣᠷᠢᠯᠭ᠎ᠠ ᠵᠢ ᠭᠦᠨᠵᠡᠭᠡᠢ ᠲᠠᠨᠢᠵᠤ᠂ ᠬᠠᠷᠢᠭᠤᠴᠠᠯᠭ᠋ᠠᠲᠤ ᠰᠡᠳᠬᠢᠯᠭᠡ᠂ ᠡᠭᠦᠷᠭᠡᠲᠦ ᠰᠡᠳᠬᠢᠯᠭᠡ᠎ᠪᠠᠨ ᠨᠡᠮᠡᠭᠳᠡᠭᠦᠯᠦᠨ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠦᠨᠡᠨᠬᠦ ᠴᠢᠩᠭ᠋ᠠᠳᠬᠠᠵᠤ᠂ ᠬᠠᠮᠢᠶ᠎ᠠ ᠪᠦᠬᠦᠢ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠵᠢ ᠰᠠᠢ᠌ᠲᠤᠷ ᠨᠠᠢ᠌ᠳᠠᠪᠤᠷᠢᠵᠢᠭᠤᠯᠤᠨ᠂ ᠲᠥᠪᠯᠡᠷᠡᠭᠦᠯᠦᠨ ᠬᠤᠳᠠᠯᠳᠤᠨ ᠠᠪᠬᠤ ᠦᠷ᠎ᠡ ᠳ᠋ᠦᠩ᠎ᠢ ᠪᠣᠳᠠᠲᠠᠢ᠎ᠳᠤ ᠨᠠᠢ᠌ᠳᠠᠪᠤᠷᠢᠵᠢᠭᠤᠯᠤᠨ ᠬᠡᠷᠡᠭᠵᠢᠭᠦᠯᠬᠦ ᠵᠢ ᠲᠣᠭᠲᠠᠭᠤᠨ ᠵᠶ᠋ᠠᠷ ᠠᠬᠢᠭᠤᠯᠬᠤ ᠬᠡᠷᠡᠭᠲᠡᠢ᠃

   (ᠬᠣᠶᠠᠷ) ᠲᠥᠷᠥ ᠵᠢᠨ ᠪᠣᠳᠣᠯᠭ᠎ᠠ ᠵᠢ ᠤᠬᠠᠭᠤᠯᠵᠤ ᠬᠥᠲᠥᠯᠥᠨ ᠵᠢᠯᠤᠭᠣᠳᠬᠤ ᠵᠢ ᠰᠠᠢ᠌ᠲᠤᠷ ᠬᠢᠬᠦ ᠬᠡᠷᠡᠭᠲᠡᠢ᠃ ᠡᠯ᠎ᠡ ᠭᠠᠵᠠᠷ᠎ᠤᠨ᠎ᠬᠢᠨ ᠡᠮᠴᠢᠯᠡᠭᠡ ᠵᠢᠨ ᠪᠠᠢ᠌ᠭᠤᠯᠤᠮᠵᠢ ᠪᠣᠯᠣᠨ ᠡᠪᠡᠳᠴᠢᠲᠡᠨ᠎ᠤ ᠲᠠᠯ᠎ᠠ᠎ᠠᠴᠠ ᠠᠷᠠᠳ᠎ᠲᠤ ᠠᠰᠢᠭ ᠬᠦᠷᠲᠡᠭᠡᠬᠦ ᠲᠦᠷᠦ ᠵᠢᠨ ᠪᠣᠳᠣᠯᠭ᠎ᠠ ᠵᠢ ᠬᠣᠣᠰ ᠴᠢᠭᠯᠡᠯ ᠵᠶ᠋ᠡᠷ ᠨᠠᠪᠲᠠᠷᠡᠭᠦᠯᠵᠦ ᠨᠠᠢ᠌ᠳᠠᠪᠤᠷᠢᠵᠢᠭᠤᠯᠬᠤ ᠬᠡᠷᠡᠭᠲᠡᠢ᠃ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠪᠠ ᠬᠡᠷᠡᠭᠵᠢᠭᠦᠯᠬᠦ ᠲᠣᠬᠢᠷᠠᠭᠤᠯᠤᠯᠲᠠ ᠵᠢ ᠲᠣᠳᠣᠷᠬᠠᠢ᠌ᠯᠠᠨ ᠶᠠᠷᠢᠵᠤ᠂ ᠪᠥᠬᠥ ᠮᠡᠳᠡᠭᠳᠡᠯ᠎ᠢ ᠪᠣᠳᠠᠲᠠᠢ᠌ᠵᠢᠭᠤᠯᠬᠤ᠂ ᠤᠬᠠᠭᠤᠯᠤᠨ ᠲᠠᠢ᠌ᠯᠪᠤᠷᠢᠯᠠᠬᠤ ᠵᠢ ᠪᠣᠳᠠᠲᠠᠢ᠌ᠵᠢᠭᠤᠯᠬᠤ ᠵᠢ ᠦᠨᠡᠨᠬᠦ ᠪᠠᠲᠤᠯᠠᠬᠤ ᠬᠡᠷᠡᠭᠲᠡᠢ᠃ ᠠᠮᠠᠨ ᠬᠥᠨᠳᠡᠢ ᠵᠢᠨ ᠵᠠᠰᠠᠯᠭ᠎ᠠ ᠵᠢᠨ ᠡᠮᠴᠢᠯᠡᠭᠡᠨ᠎ᠤ ᠪᠠᠢ᠌ᠭᠤᠯᠤᠮᠵᠢ ᠵᠢ ᠵᠣᠬᠢᠶᠠᠨ ᠪᠠᠢ᠌ᠭᠤᠯᠵᠤ ᠰᠠᠨᠠᠭ᠋ᠠᠴᠢᠯᠠᠭ᠎ᠠ᠎ᠠᠴᠠ᠎ᠪᠠᠨ ᠲᠣᠰ ᠪᠠᠢ᠌ᠭᠤᠯᠤᠮᠵᠢ ᠵᠢᠨ ᠢᠯᠡᠷᠬᠡᠢ ᠣᠷᠣᠨ ᠪᠦᠰᠡ᠎ᠳᠤ ᠠᠮᠠᠨ ᠬᠥᠨᠳᠡᠢ ᠵᠢᠨ ᠵᠠᠰᠠᠯᠭ᠎ᠠ ᠵᠢᠨ ᠡᠮᠴᠢᠯᠡᠭᠡᠨ᠎ᠤ ᠦᠢ᠍ᠯᠡᠴᠢᠯᠡᠭᠡᠨ᠎ᠤ ᠲᠣᠬᠢᠷᠠᠭᠤᠯᠤᠨ ᠡᠵᠡᠮᠳᠡᠬᠦ ᠬᠠᠷᠠᠯᠲᠠ᠂ ᠵᠠᠰᠠᠯᠭ᠎ᠠ᠂ ᠰᠢᠳᠦᠨ ᠲᠢᠲᠢᠮ᠎ᠤᠨ ᠰᠤᠩᠭᠤᠭᠳᠠᠭᠰᠠᠨ ᠦᠨ᠎ᠡ ᠬᠠᠩᠰᠢ ᠪᠠ ᠠᠰᠠᠭᠤᠨ ᠯᠠᠪᠯᠠᠬᠤ ᠳ᠋ᠢᠶᠠᠩᠬᠤᠸᠠ ᠵᠢ ᠨᠡᠢ᠌ᠲᠡᠯᠡᠬᠦ᠎ᠪᠠᠷ ᠪᠠᠷᠠᠬᠤ ᠦᠭᠡᠢ ᠪᠠᠰᠠ ᠡᠮᠴᠢᠯᠡᠭᠡᠨ᠎ᠤ ᠪᠠᠢ᠌ᠭᠤᠯᠤᠮᠵᠢ ᠵᠢᠨ ᠪᠣᠳᠠᠲᠠᠢ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠢᠯᠡ ᠨᠡᠢ᠌ᠲᠡᠯᠡᠵᠦ᠂ ᠡᠪᠡᠳᠴᠢᠲᠡᠨ᠎ᠤ ᠠᠳᠠᠯᠢᠳᠬᠠᠨ ᠬᠠᠷᠭᠤᠭᠤᠯᠬᠤ᠎ᠳᠤ ᠲᠥᠬᠥᠮ ᠦᠵᠡᠭᠦᠯᠦᠨ᠂ ᠡᠪᠡᠳᠴᠢᠲᠡᠨ᠎ᠤ ᠬᠢᠨᠠᠯᠲᠠ ᠲᠠᠯᠪᠢᠬᠤ ᠵᠢ ᠬᠦᠯᠢᠶᠡᠨ᠎ᠡ᠃ ᠡᠮᠴᠢᠯᠡᠭᠡ ᠵᠢᠨ ᠪᠠᠢ᠌ᠭᠤᠯᠤᠮᠵᠢ ᠪᠠ ᠡᠪᠡᠳᠴᠢᠲᠡᠨ᠎ᠳᠤ ᠥᠭᠭᠦᠭᠰᠡᠨ ᠨᠢᠭᠡ ᠬᠤᠪᠢ ᠵᠠᠬᠢᠳᠠᠯ (ᠳᠠᠭ᠋ᠠᠯᠳᠤᠭᠤᠯᠤᠯ 3᠂ 4)᠎ᠢ ᠡᠮᠴᠢᠯᠡᠭᠡ ᠵᠢᠨ ᠪᠠᠢ᠌ᠭᠤᠯᠤᠮᠵᠢ ᠵᠢᠨ ᠰᠦᠢ᠍ᠳᠬᠡᠯ ᠬᠤᠷᠢᠶᠠᠬᠤ ᠴᠣᠩᠬᠣᠨ᠎ᠳᠤ ᠨᠠᠭ᠋ᠠᠬᠤ ᠵᠢᠨ ᠬᠠᠮᠲᠤ ᠡᠪᠡᠳᠴᠢᠲᠡᠨ᠎ᠳᠤ ᠲᠠᠷᠬᠠᠭ᠋ᠠᠬᠤ ᠠᠵᠢᠯ᠎ᠢ ᠪᠠᠢ᠌ᠷᠢᠯᠠᠭᠤᠯᠬᠤ ᠬᠡᠷᠡᠭᠲᠡᠢ᠃ 4 ᠳ᠋ᠤᠭᠡᠷ ᠰᠠᠷ᠎ᠠ ᠵᠢᠨ 20᠎ᠤ ᠡᠳᠦᠷ᠎ᠠᠴᠠ ᠡᠬᠢᠯᠡᠨ᠂ ᠡᠯ᠎ᠡ ᠭᠠᠵᠠᠷ᠎ᠤᠨ᠎ᠬᠢᠨ ᠠᠯᠪᠠᠨ᠎ᠤ ᠰᠦᠯᠵᠢᠶ᠎ᠡ ᠵᠢᠨ ᠢᠯᠡ ᠭᠠᠵᠠᠷ᠎ᠲᠤ ᠲᠤᠰ ᠣᠷᠣᠨ ᠪᠦᠰᠡ ᠵᠢᠨ ᠠᠮᠠᠨ ᠬᠥᠨᠳᠡᠢ ᠵᠢᠨ ᠲᠠᠷᠢᠮᠠᠯ᠎ᠤᠨ ᠡᠮᠴᠢᠯᠡᠭᠡᠨ᠎ᠤ ᠪᠠᠢ᠌ᠭᠤᠯᠤᠮᠵᠢ ᠵᠢᠨ ᠨᠡᠷᠡᠰ᠎ᠢ ᠤᠷᠲᠤ ᠬᠤᠭᠤᠴᠠᠭ᠎ᠠ᠎ᠪᠠᠷ ᠨᠡᠢ᠌ᠲᠡᠯᠡᠵᠦ᠂ ᠡᠭᠦᠨ᠎ᠳᠤ ᠡᠮᠴᠢᠯᠡᠭᠡᠨ᠎ᠤ ᠪᠠᠢ᠌ᠭᠤᠯᠤᠮᠵᠢ ᠵᠢᠨ ᠮᠡᠳᠡᠭᠡ ᠵᠠᠩᠭᠢ (ᠨᠡᠷᠡᠢ᠌ᠳᠦᠯ᠂ ᠬᠠᠶᠢᠭ᠂ ᠬᠠᠷᠢᠯᠴᠠᠬᠤ ᠠᠷᠭ᠎ᠠ ᠮᠠᠶᠢᠭ ᠵᠡᠷᠭᠡ)᠂ ᠲᠤᠰᠬᠠᠢ᠌ᠯᠠᠨ ᠵᠠᠰᠠᠯᠲᠠ᠎ᠳᠤ ᠣᠷᠣᠯᠴᠠᠬᠤ ᠡᠰᠡᠬᠦ᠂ ᠪᠥᠬᠥ ᠶᠠᠪᠤᠴᠠ ᠵᠢᠨ ᠲᠣᠬᠢᠷᠠᠭᠤᠯᠤᠯ ᠡᠵᠡᠮᠳᠡᠯ᠎ᠤᠨ ᠠᠮᠠᠯᠠᠯᠲᠠ ᠵᠢᠨ ᠪᠢᠴᠢᠭ᠎ᠲᠤ ᠭᠠᠷ᠎ᠤᠨ ᠥᠰᠥᠭ ᠵᠢᠷᠤᠬᠤ ᠡᠰᠡᠬᠦ᠂ ᠰᠤᠩᠭᠤᠭᠳᠠᠭᠰᠠᠨ ᠵᠠᠰᠠᠯᠭ᠎ᠠ ᠵᠢᠨ ᠰᠢᠰᠲ᠋ᠧᠮ ᠪᠠ ᠰᠢᠳᠦᠨ ᠲᠢᠲᠢᠮ᠎ᠢ ᠬᠡᠷᠡᠭᠯᠡᠬᠦ᠂ ᠭᠠᠳᠠᠭᠰᠢ ᠵᠠᠷᠯᠠᠨ ᠨᠡᠢ᠌ᠲᠡᠯᠡᠬᠦ ᠵᠡᠷᠭᠡ ᠵᠢ ᠪᠠᠭᠲᠠᠭ᠋ᠠᠵᠤ᠂ ᠡᠪᠡᠳᠴᠢᠲᠡᠨ᠎ᠳᠤ ᠡᠪᠡᠳᠴᠢᠨ ᠦᠵᠡᠭᠦᠯᠬᠦ ᠵᠢᠯᠣᠭᠣᠳᠤᠮᠵᠢ ᠬᠠᠩᠭ᠋ᠠᠵᠤ᠂ ᠪᠥᠬᠥ ᠶᠠᠪᠤᠴᠠ ᠵᠢᠨ ᠲᠣᠬᠢᠷᠠᠭᠤᠯᠤᠯ ᠡᠵᠡᠮᠳᠡᠯ᠎ᠢ ᠬᠦᠯᠢᠶᠡᠬᠦ᠂ ᠡᠮᠴᠢᠯᠡᠭᠡᠨ᠎ᠤ ᠪᠠᠢ᠌ᠭᠤᠯᠤᠮᠵᠢ᠎ᠳᠤ ᠵᠣᠬᠢᠬᠤ ᠰᠡᠷᠡᠮᠵᠢ ᠵᠢᠨ ᠲᠡᠮᠳᠡᠭ ᠲᠤᠬᠢᠷᠠᠭᠤᠯᠬᠤ ᠵᠡᠷᠭᠡ ᠠᠷᠭ᠎ᠠ ᠮᠠᠶᠢᠭ ᠵᠶ᠋ᠠᠷ ᠦᠨ᠎ᠡ ᠬᠠᠩᠰᠢ ᠵᠢᠨ ᠲᠦᠭᠰᠢᠭᠦᠷᠢ ᠵᠢ ᠰᠠᠨᠠᠭᠤᠯᠬᠤ ᠬᠡᠷᠡᠭᠲᠡᠢ᠃ ᠢᠯᠡᠴᠢᠯᠡᠨ ᠵᠠᠭ᠋ᠠᠯᠳᠤᠬᠤ ᠠᠷᠭ᠎ᠠ ᠵᠠᠮ᠎ᠢ ᠵᠡᠷᠭᠡ᠎ᠳᠤᠨᠢ ᠢᠯᠡ ᠪᠣᠯᠭ᠋ᠠᠵᠤ᠂ ᠡᠪᠡᠳᠴᠢᠲᠡᠨ᠎ᠤ ᠡᠮᠴᠢᠯᠡᠭᠡᠨ᠎ᠤ ᠪᠠᠢ᠌ᠭᠤᠯᠤᠮᠵᠢ ᠵᠢᠨ ᠦᠨ᠎ᠡ ᠬᠠᠩᠰᠢ ᠪᠠ ᠰᠦᠢ᠍ᠳᠬᠡᠯ ᠬᠤᠷᠢᠶᠠᠬᠤ ᠠᠰᠠᠭᠤᠳᠠᠯ᠎ᠤᠨ ᠲᠤᠬᠠᠢ ᠬᠠᠷᠢᠭᠤ ᠲᠤᠰᠬᠠᠯ᠎ᠢ ᠭᠥᠯᠢᠶᠡᠨ ᠠᠪᠬᠤ ᠵᠢᠨ ᠬᠠᠮᠲᠤ ᠵᠦᠢ ᠵᠣᠬᠢᠰ ᠦᠭᠡᠢ ᠦᠨ᠎ᠡ ᠬᠠᠩᠰᠢ ᠵᠢᠨ ᠦᠢᠯᠡ ᠠᠵᠢᠯᠯᠠᠭ᠎ᠠ ᠵᠢ ᠴᠠᠭ ᠲᠤᠬᠠᠢ᠎ᠳᠤᠨᠢ ᠵᠠᠯᠠᠷᠠᠭᠤᠯᠬᠤ ᠬᠡᠷᠡᠭᠲᠡᠢ᠃

    ᠨᠠᠢ᠍ᠮᠠ᠂ ᠲᠤᠰᠬᠠᠢ᠌ᠯᠠᠨ ᠵᠠᠰᠠᠯᠲᠠ ᠵᠢᠨ 《ᠡᠷᠭᠢᠵᠦ ᠬᠠᠷᠠᠬᠤ》 ᠵᠢ ᠥᠷᠨᠢᠭᠦᠯᠦᠨ᠎ᠡ

   6 ᠳ᠋ᠤᠭ᠋ᠠᠷ ᠰᠠᠷ᠎ᠠ᠎ᠠᠴᠠ ᠡᠬᠢᠯᠡᠨ᠂ ᠡᠯ᠎ᠡ ᠭᠠᠵᠠᠷ᠎ᠤᠨ᠎ᠬᠢᠨ ᠠᠮᠠᠨ ᠬᠥᠨᠳᠡᠢ ᠵᠢᠨ ᠵᠠᠰᠠᠯᠭ᠎ᠠ ᠵᠢᠨ ᠲᠤᠰᠬᠠᠢ᠌ᠯᠠᠨ ᠵᠠᠰᠠᠯᠲᠠ ᠵᠢᠨ 《ᠡᠷᠭᠢᠵᠦ ᠬᠠᠷᠠᠬᠤ》 ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠲᠣᠰ ᠣᠷᠣᠨ ᠪᠦᠰᠡ ᠵᠢᠨ ᠳᠣᠲᠣᠷᠠᠬᠢ ᠦᠨ᠎ᠡ ᠬᠠᠩᠰᠢ ᠵᠢᠨ ᠨᠡᠷᠡᠰ᠎ᠤᠨ ᠵᠢᠭᠰᠠᠭ᠋ᠠᠯᠲᠠ ᠵᠢᠨ ᠡᠮᠦᠨ᠎ᠡ ᠪᠠᠢ᠌ᠭ᠎ᠠ᠂ ᠣᠯᠠᠨ ᠲᠦᠮᠡᠨ᠎ᠤ ᠵᠠᠭ᠋ᠠᠯᠳᠤᠵᠤ ᠢᠯᠡᠴᠢᠯᠡᠨ ᠮᠡᠳᠡᠭᠦᠯᠦᠭᠰᠡᠨ ᠡᠮᠴᠢᠯᠡᠭᠡᠨ᠎ᠤ ᠪᠠᠢ᠌ᠭᠤᠯᠤᠮᠵᠢ ᠵᠢ ᠭᠣᠣᠯᠳᠠᠯᠭ᠎ᠠ᠎ᠲᠠᠢ ᠪᠠᠢ᠌ᠴᠠᠭ᠋ᠠᠬᠤ      ᠬᠡᠷᠡᠭᠲᠡᠢ᠃ ᠲᠤᠰᠬᠠᠢ ᠵᠠᠰᠠᠯᠲᠠ᠎ᠳᠤ ᠣᠷᠣᠯᠴᠠᠬᠤ᠎ᠪᠠᠷ ᠠᠮᠠᠯᠠᠭᠰᠠᠨ ᠡᠮᠴᠢᠯᠡᠭᠡᠨ᠎ᠤ ᠪᠠᠢ᠌ᠭᠤᠯᠤᠮᠵᠢ᠎ᠳᠤ ᠴᠢᠭᠯᠡᠭᠦᠯᠦᠨ᠂ ᠲᠡᠳᠡᠨ᠎ᠤ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠪᠥᠬᠥ ᠶᠠᠪᠤᠴᠠ ᠵᠢ ᠲᠣᠬᠢᠷᠠᠭᠤᠯᠤᠨ ᠡᠵᠡᠮᠳᠡᠬᠦ ᠬᠠᠷᠠᠯᠲᠠ ᠵᠢ ᠴᠢᠩᠭ᠎ᠠ ᠬᠡᠷᠡᠭᠵᠢᠭᠦᠯᠦᠭᠰᠡᠨ ᠡᠰᠡᠬᠦ᠂ ᠰᠢᠨ᠎ᠡ᠎ᠪᠠᠷ ᠲᠣᠭᠲᠠᠭ᠋ᠠᠭᠰᠠᠨ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠢᠷᠢ ᠬᠡᠮᠵᠢᠶ᠎ᠡ᠂ ᠲᠠᠷᠢᠮᠠᠯ᠎ᠤᠨ ᠪᠡᠶ᠎ᠡ ᠪᠠ ᠰᠢᠳᠦᠨ ᠲᠢᠲᠢᠮ᠎ᠤᠨ ᠬᠣᠷᠣᠭᠳᠠᠯ ᠮᠠᠲ᠋ᠧᠷᠢᠶᠠᠯ᠎ᠳᠤ ᠢᠯᠡ ᠦᠨ᠎ᠡ ᠬᠠᠳᠠᠭᠰᠠᠨ ᠡᠰᠡᠬᠦ᠂ ᠤᠷᠭᠤᠮᠠᠯ᠎ᠤᠨ ᠶᠠᠰᠤᠨ᠎ᠤ ᠦᠢ᠍ᠯᠡᠴᠢᠯᠡᠭᠡᠨ᠎ᠤ ᠬᠡᠮᠵᠢᠶ᠎ᠡ ᠬᠡᠪ᠎ᠤᠨ ᠪᠤᠰᠤ᠎ᠪᠠᠷ ᠨᠡᠮᠡᠭᠳᠡᠭᠰᠡᠨ ᠡᠰᠡᠬᠦ ᠵᠡᠷᠭᠡ ᠪᠠᠢ᠌ᠳᠠᠯ᠎ᠢ ᠭᠣᠣᠯᠳᠠᠯᠭ᠎ᠠ᠎ᠲᠠᠢ ᠠᠩᠬᠠᠷᠴᠤ᠂ ᠠᠰᠠᠭᠤᠳᠠᠯ ᠣᠷᠣᠰᠢᠵᠤ ᠪᠠᠢ᠌ᠭ᠎ᠠ ᠡᠮᠴᠢᠯᠡᠭᠡᠨ᠎ᠤ ᠪᠠᠢ᠌ᠭᠤᠯᠤᠮᠵᠢ ᠵᠢ ᠰᠢᠮᠳᠠᠭᠤᠯᠤᠨ ᠴᠡᠭᠴᠡᠯᠡᠨ ᠰᠠᠢ᠌ᠵᠢᠷᠠᠭᠤᠯᠬᠤ ᠠᠵᠢᠯ᠎ᠢ ᠰᠠᠢ᠌ᠲᠤᠷ ᠬᠢᠬᠦ ᠬᠡᠷᠡᠭᠲᠡᠢ᠃ ᠪᠠᠢ᠌ᠴᠠᠭ᠋ᠠᠯᠲᠠ᠎ᠪᠠᠷ ᠣᠯᠵᠤ ᠮᠡᠳᠡᠭᠰᠡᠨ ᠳᠠᠪᠬᠤᠷ ᠰᠦᠢ᠍ᠳᠬᠡᠯ ᠬᠤᠷᠢᠶᠠᠬᠤ᠂ ᠦᠨ᠎ᠡ ᠬᠠᠩᠰᠢ ᠵᠢᠨ ᠮᠡᠬᠡᠯᠡᠯ ᠬᠢᠬᠦ᠂ ᠬᠤᠳᠠᠯ ᠬᠠᠭᠤᠷᠮᠠᠭ ᠤᠬᠠᠭᠤᠯᠭ᠎ᠠ ᠬᠢᠬᠦ᠂ ᠮᠠᠭᠤ᠎ᠪᠠᠷ ᠰᠠᠢ᠌ᠨ᠎ᠢ ᠣᠷᠣᠯᠠᠭᠤᠯᠬᠤ ᠵᠡᠷᠭᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠰᠦᠪᠡᠭᠴᠢ ᠵᠢ ᠴᠠᠭ ᠲᠤᠬᠠᠢ᠎ᠳᠤᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠮᠡᠳᠡᠭᠳᠡᠵᠦ᠂ ᠴᠠᠭ ᠲᠤᠬᠠᠢ᠎ᠳᠤᠨᠢ ᠵᠣᠬᠢᠴᠠᠭᠤᠯᠤᠨ ᠨᠡᠪᠲᠡᠷᠡᠯᠴᠡᠵᠦ᠂ ᠴᠠᠭ ᠲᠤᠬᠠᠢ᠎ᠳᠤᠨᠢ ᠰᠢᠢ᠍ᠳᠪᠦᠷᠢᠯᠡᠬᠦ ᠬᠡᠷᠡᠭᠲᠡᠢ᠃

 

ᠳᠠᠭ᠋ᠠᠯᠳᠤᠭᠤᠯᠤᠯ᠄

    1.《ᠠᠮᠠᠨ ᠬᠥᠨᠳᠡᠢ ᠵᠢᠨ ᠵᠠᠰᠠᠯᠭ᠎ᠠ ᠵᠢᠨ ᠰᠢᠰᠲ᠋ᠧᠮ᠎ᠤᠨ ᠮᠤᠵᠢ ᠵᠢᠨ ᠬᠣᠭᠣᠷᠣᠨᠳᠣᠬᠢ ᠬᠣᠯᠪᠣᠭ᠎ᠠ ᠵᠢᠨ ᠲᠥᠪᠯᠡᠷᠡᠩᠭᠦᠢ ᠬᠡᠮᠵᠢᠶ᠎ᠡ᠎ᠲᠠᠢ᠎ᠪᠠᠷ ᠬᠤᠳᠠᠯᠳᠤᠨ ᠠᠪᠬᠤ ᠳᠤᠮᠳᠠᠬᠢ ᠰᠤᠩᠭᠤᠭᠳᠠᠭᠰᠠᠨ ᠲᠥᠷᠥᠯ ᠵᠦᠢ᠍ᠯ᠎ᠤᠨ ᠨᠠᠷᠢᠨ ᠲᠠᠩᠰᠠ》

    2.《ᠠᠮᠠᠨ ᠬᠥᠨᠳᠡᠢ ᠵᠢᠨ ᠰᠢᠳᠦᠨ ᠲᠢᠲᠢᠮ᠎ᠤᠨ ᠦᠨ᠎ᠡ ᠥᠷᠢᠰᠦᠯᠳᠦᠨ ᠰᠦᠯᠵᠢᠶᠡᠨ᠎ᠳᠤ ᠬᠤᠯᠪᠤᠬᠤ ᠭᠡᠵᠦ ᠪᠠᠢ᠌ᠭ᠎ᠠ ᠦᠷ᠎ᠡ ᠳ᠋ᠦᠩ》

    3.  ᠥᠷᠭᠡᠨ ᠣᠯᠠᠨ  ᠠᠮᠠᠨ ᠬᠥᠨᠳᠡᠢ ᠵᠢᠨ ᠵᠠᠰᠠᠯᠭ᠎ᠠ ᠵᠢᠨ ᠡᠪᠡᠳᠴᠢᠲᠡᠨ᠎ᠳᠤ ᠥᠭᠭᠦᠭᠰᠡᠨ ᠨᠢᠭᠡ ᠬᠤᠪᠢ ᠵᠠᠬᠢᠳᠠᠯ
    4. ᠡᠮᠴᠢᠯᠡᠭᠡᠨ᠎ᠤ ᠪᠠᠢ᠌ᠭᠤᠯᠤᠮᠵᠢ᠎ᠳᠤ ᠥᠭᠭᠦᠭᠰᠡᠨ  ᠨᠢᠭᠡ ᠬᠤᠪᠢ ᠵᠠᠬᠢᠳᠠᠯ
    5. ᠡᠯ᠎ᠡ ᠱᠠᠲᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠠᠰᠠᠭᠤᠨ ᠯᠠᠪᠯᠠᠬᠤ ᠤᠲᠠᠰᠤ

 

         ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ

        2023 ᠣᠨ᠎ᠤ 4 ᠳ᠋ᠤᠭᠡᠷ ᠰᠠᠷ᠎ᠠ ᠵᠢᠨ 11᠎ᠤ ᠡᠳᠦᠷ

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠴᠢᠰᠤ ᠵᠣᠭᠰᠣᠭ᠋ᠠᠬᠤ ᠮᠠᠲ᠋ᠧᠷᠢᠶᠠᠯ᠎ᠤᠨ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠮᠡᠳᠡᠭᠡ ᠵᠠᠩᠭᠢ ᠵᠢ ᠲᠥᠪᠯᠡᠷᠡᠭᠦᠯᠦᠨ ᠬᠠᠮᠠᠭ᠋ᠠᠯᠠᠬᠤ ᠠᠵᠢᠯ᠎ᠢ ᠥᠷᠨᠢᠭᠦᠯᠬᠦ ᠲᠤᠬᠠᠶ ᠮᠡᠳᠡᠭᠳᠡᠯ
ᠴᠢᠰᠤ ᠵᠣᠭᠰᠣᠭ᠋ᠠᠬᠤ ᠮᠠᠲ᠋ᠧᠷᠢᠶᠠᠯ᠂ ᠤᠷᠢᠳᠴᠢᠯᠠᠨ ᠴᠡᠨᠡᠭᠯᠡᠬᠦ ᠬᠡᠯᠪᠡᠷᠢ ᠵᠢᠨ ᠳᠠᠮᠵᠢᠭᠤᠯᠬᠤ ᠬᠤᠭᠤᠯᠠᠶ ᠵᠢᠨ ᠤᠬᠢᠶᠠᠭᠤᠷ᠂ ᠲᠠᠷᠤᠯᠳᠠᠳᠦ ᠬᠥᠭᠡᠷᠭᠡ ᠵᠢᠨ ᠮᠤᠵᠢ ᠵᠢᠨ ᠬᠤᠭᠤᠷᠣᠨᠳᠣᠬᠢ ᠬᠤᠯᠪᠤᠭ᠋ᠠᠯᠠᠨ ᠲᠥᠪᠯᠡᠷᠡᠭᠦᠯᠦᠨ ᠬᠤᠳᠠᠯᠳᠤᠨ ᠠᠪᠬᠤ ᠠᠵᠢᠯ᠎ᠢ ᠥᠷᠨᠢᠭᠦᠯᠬᠦ ᠲᠤᠬᠠᠶ ᠠᠯᠪᠠᠨ ᠵᠠᠷ
ᠤᠷᠢᠳᠴᠢᠯᠠᠨ ᠴᠡᠨᠡᠭᠯᠡᠬᠦ ᠵᠠᠯᠠᠭᠤᠷ ᠬᠤᠭᠤᠯᠠᠶ᠋ᠢᠲᠤ ᠤᠬᠢᠶᠠᠭᠤᠷ᠂ ᠳᠠᠷᠤᠯᠲᠠᠲᠤ ᠬᠥᠭᠡᠷᠭᠡ ᠵᠢᠨ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠮᠡᠳᠡᠭᠡ ᠵᠠᠩᠭᠢ ᠵᠢ ᠲᠥᠪᠯᠡᠷᠡᠭᠦᠯᠦᠨ ᠬᠠᠮᠠᠭ᠋ᠠᠯᠠᠬᠤ ᠠᠵᠢᠯ᠎ᠢ ᠥᠷᠨᠢᠭᠦᠯᠬᠦ ᠲᠤᠬᠠᠶ ᠮᠡᠳᠡᠭᠳᠡᠯ
2023 ᠣᠨ᠎ᠤ ᠮᠠᠨᠵᠤᠤᠷ ᠬᠤᠲᠠ ᠵᠢᠨ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠵᠦ ᠬᠠᠷᠭᠤᠭᠤᠯᠤᠨ ᠪᠠᠢ᠌ᠴᠠᠭ᠋ᠠᠭᠰᠠᠨ ᠨᠡᠷᠡᠰ᠎ᠢ ᠨᠡᠢ᠍ᠲᠡᠯᠡᠬᠦ ᠲᠤᠬᠠᠶ ᠮᠡᠳᠡᠭᠳᠡᠯ
ᠤᠯᠤᠰ᠎ᠠᠴᠠ ᠲᠥᠪᠯᠡᠷᠡᠭᠦᠯᠦᠨ ᠬᠤᠳᠠᠯᠳᠤᠨ ᠠᠪᠬᠤ ᠲᠢᠲᠢᠮ ᠰᠤᠳᠠᠯ᠎ᠤᠨ ᠲᠤᠯᠭ᠋ᠠᠭᠤᠷᠢ ᠵᠢᠨ ᠡᠮ ᠡᠮᠨᠡᠯᠭᠡ ᠵᠢᠨ ᠳᠠᠭ᠋ᠠᠳᠬᠠᠯ᠎ᠤᠨ ᠰᠢᠭᠤᠳ ᠳ᠋ᠦᠩᠨᠡᠨ ᠪᠤᠳᠤᠬᠤ ᠠᠵᠢᠯ᠎ᠤᠨ ᠶᠠᠷᠢᠯᠴᠠᠬᠤ ᠬᠤᠷᠠᠯ᠎ᠢ ᠬᠤᠷᠠᠯᠳᠤᠭᠤᠯᠬᠤ ᠲᠤᠬᠠᠶ ᠮᠡᠳᠡᠭᠳᠡᠯ
 
            