ᠡᠯ᠎ᠡ ᠬᠣᠯᠪᠣᠭᠳᠠᠯ ᠪᠦᠬᠦᠢ ᠠᠵᠤ ᠠᠬᠤᠢ᠌ᠯᠠᠯ᠄
ᠠᠵᠢᠯ᠎ᠤᠨ ᠲᠣᠬᠢᠷᠠᠭᠤᠯᠤᠯᠲᠠ ᠶᠣᠰᠣᠭ᠋ᠠᠷ᠂ 2023 ᠣᠨ᠎ᠤ 5 ᠰᠠᠷ᠎ᠠ ᠵᠢᠨ 9᠎ᠤ ᠡᠳᠦᠷ᠎ᠠᠴᠠ ᠡᠬᠢᠯᠡᠨ ᠴᠢᠰᠤ ᠵᠣᠭᠰᠣᠭ᠋ᠠᠬᠤ ᠮᠠᠲ᠋ᠧᠷᠢᠶᠠᠯ᠎ᠤᠨ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠮᠡᠳᠡᠭᠡ ᠵᠠᠩᠭᠢ ᠵᠢ ᠲᠥᠪᠯᠡᠷᠡᠭᠦᠯᠦᠨ ᠬᠠᠮᠠᠭ᠋ᠠᠯᠠᠬᠤ ᠠᠵᠢᠯ᠎ᠢ ᠥᠷᠨᠢᠭᠦᠯᠦᠨ᠎ᠡ᠃ ᠡᠳᠦᠭᠡ ᠬᠣᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠶ᠎ᠡ᠄
ᠨᠢᠭᠡ᠂ ᠠᠵᠤ ᠠᠬᠤᠢ᠌ᠯᠠᠯ᠎ᠤᠨ ᠬᠦᠷᠢᠶ᠎ᠡ ᠬᠡᠪᠴᠢᠶ᠎ᠡ
ᠴᠢᠰᠤ ᠵᠣᠭᠰᠣᠭ᠋ᠠᠬᠤ ᠮᠠᠲ᠋ᠧᠷᠢᠶᠠᠯ᠎ᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠦᠢ᠍ᠯᠡᠳᠬᠦᠨ᠎ᠤ ᠬᠠᠤᠯᠢ ᠶᠣᠰᠣᠨ᠎ᠤ ᠬᠢᠷᠢ ᠴᠢᠳᠠᠮᠵᠢ ᠵᠢ ᠣᠯᠤᠭᠰᠠᠨ ᠡᠮᠴᠢᠯᠡᠭᠡ ᠵᠢᠨ ᠪᠠᠭ᠋ᠠᠵᠢ ᠬᠡᠷᠡᠭᠰᠡᠯ ᠤᠨ ᠳᠠᠩᠰᠠᠯᠠᠭᠤᠯᠤᠭᠴᠢ ᠬᠠᠮᠠᠭ᠋ᠠᠯᠠᠬᠤ ᠠᠵᠤ ᠠᠬᠤᠶ᠋ᠢᠯᠠᠯ ᠵᠶ᠋ᠠᠷ ᠣᠷᠣᠯᠴᠠᠵᠤ ᠪᠣᠯᠤᠨ᠎ᠠ᠃ ᠡᠭᠦᠨ᠎ᠳᠤ᠂ ᠬᠢᠯᠢ ᠵᠢᠨ ᠭᠠᠳᠠᠨᠠᠬᠢ ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠳᠠᠩᠰᠠᠯᠠᠭᠤᠯᠤᠭᠴᠢ᠎ᠨᠢ ᠮᠠᠨ᠎ᠤ ᠤᠯᠤᠰ᠎ᠤᠨ ᠬᠢᠯᠢ ᠵᠢᠨ ᠳᠣᠲᠣᠷᠠᠬᠢ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠢ ᠵᠢᠭ᠋ᠠᠨ ᠲᠣᠭᠲᠠᠭ᠋ᠠᠵᠤ ᠲᠡᠭᠦᠨ᠎ᠢ ᠵᠣᠬᠢᠴᠠᠭᠤᠯᠤᠨ ᠵᠣᠬᠢᠴᠠᠩᠭᠤᠶ ᠬᠠᠤᠯᠢ ᠴᠠᠭ᠋ᠠᠵᠠ ᠵᠢᠨ ᠡᠭᠦᠷᠭᠡ ᠵᠢ ᠭᠦᠢ᠍ᠴᠡᠳᠬᠡᠯᠭᠡᠵᠦ᠂ ᠲᠡᠭᠦᠨ ᠵᠶ᠋ᠠᠷ ᠬᠠᠮᠠᠭ᠋ᠠᠯᠠᠭᠤᠯᠬᠤ ᠠᠵᠤ ᠠᠬᠤᠶ᠋ᠢᠯᠠᠯ ᠪᠣᠯᠭ᠋ᠠᠬᠤ ᠬᠡᠷᠡᠭᠲᠡᠶ᠃ ᠠᠳᠠᠯᠢ ᠨᠢᠭᠡᠨ ᠡᠮᠨᠡᠯᠭᠡ ᠵᠢᠨ ᠪᠠᠭ᠋ᠠᠵᠢ ᠬᠡᠷᠡᠭᠰᠡᠯ᠎ᠤᠨ ᠳᠠᠩᠰᠠᠯᠠᠭᠤᠯᠤᠭᠰᠠᠨ ᠦᠨᠡᠮᠯᠡᠯ᠎ᠤᠨ ᠦᠢ᠍ᠯᠡᠳᠬᠦᠨ᠎ᠢ ᠠᠳᠠᠯᠢ ᠪᠤᠰᠤ ᠠᠵᠤ ᠠᠬᠤᠶ᠋ᠢᠯᠠᠯ᠎ᠳᠤ ᠨᠠᠶ᠋ᠢᠳᠠᠨ ᠬᠠᠮᠠᠭ᠋ᠠᠯᠠᠵᠤ ᠪᠣᠯᠬᠤ ᠦᠭᠡᠶ᠃
ᠬᠣᠶᠠᠷ᠂ ᠬᠠᠮᠠᠭ᠋ᠠᠯᠠᠬᠤ ᠠᠷᠭ᠎ᠠ ᠮᠠᠶᠢᠭ ᠵᠢᠴᠢ ᠴᠠᠭ ᠬᠤᠭᠤᠴᠠᠭ᠋ᠠᠨ᠎ᠤ ᠲᠣᠬᠢᠷᠠᠭᠤᠯᠤᠯᠲᠠ
ᠬᠣᠯᠪᠣᠭᠳᠠᠯ ᠪᠦᠬᠦᠢ ᠠᠵᠤ ᠠᠬᠤᠶ᠋ᠢᠯᠠᠯ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠠᠭ᠋ᠠᠭ᠋ᠠᠴᠢᠯᠠᠨ ᠬᠤᠳᠠᠯᠳᠤᠨ ᠠᠪᠬᠤ ᠬᠠᠮᠢᠶᠠᠷᠤᠯᠲᠠ ᠵᠢᠨ ᠬᠤᠪᠢᠶᠠᠷᠢ ᠰᠢᠰᠲ᠋ᠧᠮ (ᠳᠣᠷᠣᠭᠰᠢ 《ᠰᠢᠰᠲ᠋ᠧᠮ》 ᠭᠡᠵᠦ ᠲᠣᠪᠴᠢᠯᠠᠨ᠎ᠠ᠄ ᠰᠦᠯᠵᠢᠶᠡᠨ᠎ᠤ ᠬᠠᠶᠢᠭ ᠄ (https://ylbzj.nmg.gov.cn/ggfw/hallEnter/#/unitLogin?action=getAuthCodeInit&authCode=6c216f35-9d89-4f3
b-973f-11d5e1225354)᠎ᠳᠤ ᠨᠡᠪᠲᠡᠷᠡᠵᠦ ᠂ 《ᠬᠤᠷᠣᠭᠳᠠᠯ ᠮᠠᠲ᠋ᠧᠷᠢᠶᠠᠯ᠎ᠤᠨ ᠳᠠᠭ᠋ᠠᠭ᠋ᠠᠴᠢᠯᠠᠯᠲᠠ ᠵᠠᠷᠯᠠᠬᠤ 》 ᠬᠡᠰᠡᠭ ᠲᠤ᠂ ᠲᠣᠰ ᠠᠵᠤ ᠠᠬᠤᠶ᠋ᠢᠯᠠᠯ᠎ᠤᠨ ᠴᠢᠰᠤ ᠵᠣᠭᠰᠣᠭ᠋ᠠᠬᠤ ᠮᠠᠲ᠋ᠧᠷᠢᠶᠠᠯ᠎ᠤᠨ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠤᠨ ᠦᠢ᠍ᠯᠡᠳᠭᠦᠨ᠎ᠤ ᠮᠡᠳᠡᠭᠡ ᠵᠠᠩᠭᠢ ᠵᠢ ᠪᠠᠶ᠋ᠢᠴᠠᠭ᠋ᠠᠨ ᠦᠵᠡᠵᠦ᠂ ᠰᠢᠰᠲ᠋ᠧᠮ᠎ᠤᠨ ᠳᠣᠲᠣᠷᠠᠬᠢ ᠠᠵᠢᠯᠯᠠᠭ᠋ᠠᠨ᠎ᠤ ᠭᠠᠷ ᠳᠡᠪᠲᠡᠷ ᠶᠣᠰᠣᠭ᠋ᠠᠷ ᠦᠢ᠍ᠯᠡᠳᠬᠦᠨ᠎ᠤ ᠮᠡᠳᠡᠭᠡ ᠵᠠᠩᠭᠢ ᠵᠢᠨ ᠬᠠᠮᠠᠭ᠋ᠠᠯᠠᠯᠲᠠ ᠵᠢ ᠪᠡᠶᠡᠯᠡᠭᠦᠯᠦᠨ᠎ᠡ᠃
ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠳ᠋ᠤᠭ᠋ᠠᠷᠯᠠᠯ᠎ᠤᠨ ᠮᠡᠳᠡᠭᠡ ᠵᠠᠩᠭᠢ ᠵᠢ ᠬᠠᠷᠠᠬᠠᠨ ᠣᠯᠤᠭ᠋ᠠᠳᠤᠶ ᠪᠠᠶ᠋ᠢᠪᠠᠯ᠂ ᠠᠵᠤ ᠠᠬᠤᠶ᠋ᠢᠯᠠᠯ᠎ᠠᠴᠠ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ 《ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢᠨ ᠲᠤᠬᠠᠶ᠋ᠢᠯᠠᠭᠰᠠᠨ ᠠᠵᠢᠯ᠎ᠤᠨ ᠳ᠋ᠤᠭ᠋ᠠᠷᠯᠠᠯ᠎ᠤᠨ ᠪᠠᠷᠢᠮᠵᠢᠶ᠎ᠠ ᠵᠢᠨ ᠳ᠋ᠠᠶ᠋ᠢᠲ᠋ᠠ ᠬᠥᠮᠥᠷᠭᠡ ᠵᠢᠨ ᠬᠥᠳᠡᠯᠦᠩᠭᠦᠶ ᠬᠠᠮᠠᠭ᠋ᠠᠯᠠᠯᠲᠠ》 ᠵᠢᠨ ᠰᠢᠰᠲ᠋ᠧᠮ᠎ᠳᠤ ᠣᠷᠣᠵᠤ᠂ ᠱᠠᠭ᠋ᠠᠷᠳᠠᠯᠭ᠎ᠠ ᠶᠣᠰᠣᠭ᠋ᠠᠷ ᠬᠠᠮᠢᠶ᠎ᠠ ᠪᠥᠬᠦᠶ ᠲᠥᠷᠥᠯ ᠬᠤᠪᠢᠶᠠᠭᠰᠠᠨ ᠳᠣᠤᠷ᠎ᠠ ᠦᠢ᠍ᠯᠡᠳᠬᠦᠨ᠎ᠤ ᠮᠡᠳᠡᠭᠡ ᠵᠠᠩᠭᠢ ᠪᠠᠨ ᠬᠠᠮᠠᠭ᠋ᠠᠯᠠᠬᠤ ᠵᠢᠨ ᠬᠠᠮᠲᠤ ᠬᠠᠮᠠᠭ᠋ᠠᠯᠠᠭᠰᠠᠨ ᠦᠢ᠍ᠯᠡᠳᠬᠦᠨ᠎ᠤ ᠮᠡᠳᠡᠭᠡ ᠵᠠᠩᠭᠢ᠎ᠪᠠᠨ ᠪᠠᠭᠤᠯᠭ᠋ᠠᠨ ᠠᠪᠴᠤ ᠪᠠᠶ᠋ᠢᠴᠠᠭ᠋ᠠᠬᠤ᠎ᠳᠤ ᠪᠡᠯᠡᠳᠬᠡᠬᠦ ᠬᠡᠷᠡᠭᠲᠡᠶ᠃ 《ᠦᠢ᠍ᠯᠡᠳᠬᠦᠨ᠎ᠢ ᠭᠤᠶᠤᠴᠢᠯᠠᠨ ᠮᠡᠳᠡᠭᠦᠯᠬᠦ (ᠨᠡᠮᠡᠵᠦ ᠨᠥᠬᠦᠪᠥᠷᠢᠯᠡᠬᠦ) ᠨᠠᠷᠢᠨ ᠬᠠᠭᠤᠳᠠᠰᠤ》 (ᠳᠠᠭ᠋ᠠᠯᠳᠤᠭᠤᠯᠤᠯ 3) ᠵᠢᠨ ᠬᠡᠯᠪᠡᠷᠢᠰᠢᠯ᠎ᠤᠨ ᠱᠠᠭ᠋ᠠᠷᠳᠠᠯᠭ᠎ᠠ ᠶᠣᠰᠣᠭ᠋ᠠᠷ᠂ ᠨᠡᠮᠡᠵᠦ ᠨᠥᠬᠦᠪᠥᠷᠢᠯᠡᠬᠦ᠎ᠪᠠᠷ ᠪᠠᠶ᠋ᠢᠭ᠎ᠠ ᠦᠢ᠍ᠯᠡᠳᠬᠦᠨ᠎ᠤ ᠮᠡᠳᠡᠭᠡ ᠵᠠᠩᠭᠢ ᠵᠢ ᠲᠠᠭᠯᠠᠵᠤ᠂ 《ᠠᠮᠠᠯᠠᠯᠲᠠ ᠵᠢᠨ ᠪᠢᠴᠢᠭ》᠂ 《ᠲᠤᠬᠠᠶ᠋ᠢᠯᠠᠭᠰᠠᠨ ᠠᠵᠢᠯ᠎ᠢ ᠭᠥᠯᠢᠶᠡᠨ ᠠᠪᠴᠤ ᠰᠢᠢ᠍ᠳᠪᠦᠷᠢᠯᠡᠬᠦ ᠬᠦᠰᠦᠨᠦᠭᠲᠦ᠂ ᠬᠠᠤᠯᠢ ᠵᠢᠨ ᠡᠷᠬᠡᠲᠡᠨ᠎ᠤ ᠡᠷᠬᠡ ᠣᠯᠭᠤᠬᠤ ᠪᠢᠴᠢᠭ᠎ᠤᠨ ᠡᠯᠧᠺᠳ᠋ᠷᠣᠨ ᠬᠡᠪᠯᠡᠯ ᠪᠠ ᠲᠠᠮᠠᠭ᠎ᠠ ᠳᠠᠷᠤᠵᠤ ᠰᠢᠷᠪᠢᠭᠰᠡᠨ ᠮᠠᠲ᠋ᠧᠷᠢᠶᠠᠯ》 (ᠳᠠᠭ᠋ᠠᠯᠳᠤᠭᠤᠯᠤᠯ 1᠂ 2)᠎ᠲᠠᠢ ᠨᠢᠭᠡᠳᠦᠯᠲᠡᠶ᠎ᠪᠠᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠲᠥᠪ᠎ᠤᠨ ᠢᠮᠧᠯ᠎ᠳᠤ ᠢᠯᠡᠭᠡᠵᠦ᠂ ᠢᠮᠧᠯ᠎ᠤᠨ ᠭᠤᠤᠯ ᠰᠡᠳᠦᠪ ᠳᠤ 《ᠴᠢᠰᠤ ᠵᠣᠭᠰᠣᠭ᠋ᠠᠬᠤ ᠮᠠᠲ᠋ᠧᠷᠢᠶᠠᠯ》 ᠬᠡᠮᠡᠨ ᠲᠣᠳᠣᠷᠬᠠᠶ᠋ᠢᠯᠠᠨ᠎ᠠ᠃ ᠮᠡᠳᠡᠭᠡ ᠵᠠᠩᠭᠢ ᠵᠢ ᠬᠠᠮᠠᠭ᠋ᠠᠯᠠᠬᠤ ᠠᠵᠢᠯ᠎ᠤᠨ ᠤᠷᠤᠭᠰᠢᠲᠠᠶ ᠶᠠᠪᠤᠭᠳᠠᠬᠤ ᠵᠢ ᠪᠠᠲᠤᠯᠠᠬᠤ ᠵᠢᠨ ᠲᠥᠯᠥᠭᠡ᠂ ᠬᠤᠯᠪᠣᠭᠳᠠᠯ ᠪᠥᠬᠦᠶ ᠠᠵᠤ ᠠᠬᠤᠶ᠋ᠢᠯᠠᠯ 2023 ᠣᠨ᠎ᠤ 5 ᠳ᠋ᠤᠭ᠋ᠠᠷ ᠰᠠᠷ᠎ᠠ ᠵᠢᠨ 17᠎ᠤ ᠡᠳᠦᠷ᠎ᠤᠨ 12 ᠴᠠᠭ᠎ᠠᠴᠠ ᠡᠮᠦᠨ᠎ᠡ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠳ᠋ᠤᠭ᠋ᠠᠷᠯᠠᠯ᠎ᠤᠨ ᠭᠤᠶᠤᠴᠢᠯᠠᠯ᠎ᠢ ᠪᠡᠶᠡᠯᠡᠭᠦᠯᠬᠦ ᠵᠢᠨ ᠬᠠᠮᠲᠤ ᠢᠮᠧᠯᠢ ᠢᠯᠡᠭᠡᠬᠦ ᠴᠢᠬᠤᠯᠠᠲᠠᠢ᠃
ᠴᠢᠰᠤ ᠵᠣᠭᠰᠣᠭ᠋ᠠᠬᠤ ᠮᠠᠲ᠋ᠧᠷᠢᠶᠠᠯ᠎ᠤᠨ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠠᠮᠠᠭ᠋ᠠᠯᠠᠬᠤ ᠴᠠᠭ᠎ᠨᠢ᠄ 2023 ᠣᠨ᠎ᠤ 5 ᠳ᠋ᠤᠭ᠋ᠠᠷ ᠰᠠᠷ᠎ᠠ ᠵᠢᠨ 9᠎ᠤ ᠡᠳᠦᠷ᠎ᠤᠨ 12 ᠴᠠᠭ᠎ᠠᠴᠠ 5 ᠳ᠋ᠤᠭ᠋ᠠᠷ ᠰᠠᠷ᠎ᠠ ᠵᠢᠨ 22᠎ᠤᠨ ᠡᠳᠦᠷ᠎ᠤᠨ 12 ᠴᠠᠭ ᠪᠣᠯᠲᠠᠯ᠎ᠠ᠃
ᠰᠡᠭᠦᠯᠴᠢ ᠵᠢᠨ ᠠᠵᠢᠯ᠎ᠤᠨ ᠲᠣᠬᠢᠷᠠᠭᠤᠯᠤᠯᠲᠠ ᠵᠢ ᠮᠡᠳᠡᠶ᠎ᠡ ᠭᠡᠪᠡᠯ ᠴᠠᠭ ᠲᠤᠬᠠᠢᠳᠤᠨᠢ ᠬᠠᠮᠢᠶ᠎ᠠ ᠪᠦᠬᠦᠢ ᠮᠡᠳᠡᠭᠳᠡᠯ᠎ᠢ ᠠᠩᠬᠠᠷᠤᠭ᠋ᠠᠷᠠᠢ᠃
ᠭᠤᠷᠪᠠ᠂ ᠬᠠᠷᠢᠯᠴᠠᠬᠤ ᠠᠷᠭ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ
ᠲᠤᠬᠠᠢ᠌ᠯᠠᠭᠰᠠᠨ ᠠᠵᠢᠯ᠎ᠤᠨ ᠯᠠᠪᠯᠠᠯᠲᠠ᠄ 0471-4907213
ᠮᠡᠷᠭᠡᠵᠢᠯ᠎ᠤᠨ ᠳᠡᠮᠵᠢᠯᠡᠭᠡ᠄ 0471-4967106
ᠡᠯᠧᠺᠲᠷᠣᠨ ᠢᠮᠧᠯ᠄ nmgycqxk@163.com
ᠦᠢ᠍ᠯᠡᠴᠢᠯᠡᠬᠦ ᠴᠠᠭ᠄9᠄ 00—12᠄ 00᠂14᠄30—18᠄00᠂ ᠠᠮᠠᠷᠠᠯᠲᠠ ᠵᠢᠨ ᠡᠳᠦᠷ᠎ᠢ ᠪᠠᠭᠲᠠᠭ᠋ᠠᠬᠤ ᠦᠭᠡᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
2023 ᠣᠨ᠎ᠤ5 ᠳ᠋ᠤᠭ᠋ᠠᠷ ᠰᠠᠷ᠎ᠠ ᠵᠢᠨ8᠎ᠤ ᠡᠳᠦᠷ