ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠴᠢᠰᠤ ᠵᠣᠭᠰᠣᠭ᠋ᠠᠬᠤ ᠮᠠᠲ᠋ᠧᠷᠢᠶᠠᠯ᠂ ᠤᠷᠢᠳᠴᠢᠯᠠᠨ ᠴᠡᠨᠡᠭᠯᠡᠬᠦ ᠬᠡᠯᠪᠡᠷᠢ ᠵᠢᠨ ᠳᠠᠮᠵᠢᠭᠤᠯᠬᠤ ᠬᠤᠭᠤᠯᠠᠶ ᠵᠢᠨ ᠤᠬᠢᠶᠠᠭᠤᠷ᠂ ᠲᠠᠷᠤᠯᠳᠠᠳᠦ ᠬᠥᠭᠡᠷᠭᠡ ᠵᠢᠨ ᠮᠤᠵᠢ ᠵᠢᠨ ᠬᠤᠭᠤᠷᠣᠨᠳᠣᠬᠢ ᠬᠤᠯᠪᠤᠭ᠋ᠠᠯᠠᠨ ᠲᠥᠪᠯᠡᠷᠡᠭᠦᠯᠦᠨ ᠬᠤᠳᠠᠯᠳᠤᠨ ᠠᠪᠬᠤ ᠠᠵᠢᠯ᠎ᠢ ᠥᠷᠨᠢᠭᠦᠯᠬᠦ ᠲᠤᠬᠠᠶ ᠠᠯᠪᠠᠨ ᠵᠠᠷ
ᠨᠡᠶ᠋ᠢᠲᠡᠯᠡᠭᠰᠡᠨ ᠴᠠᠭ᠄ 2023-04-27

   ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ 《ᠡᠮᠴᠢᠯᠡᠭᠡᠨ᠎ᠤ ᠪᠠᠲᠤᠯᠠᠭ᠎ᠠ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠰᠠᠨᠠᠯ》 (ᠲᠥᠪ ᠲᠠᠷᠬᠠᠭ᠋ᠠᠭᠰᠠᠨ [2020] 5 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠡᠮᠴᠢᠯᠡᠭᠡᠨ᠎ᠤ ᠬᠤᠷᠣᠭᠳᠠᠯ ᠮᠠᠲ᠋ᠧᠷᠢᠶᠠᠯ᠎ᠢ ᠬᠤᠯᠪᠣᠭ᠋ᠠᠯᠠᠨ ᠬᠤᠳᠠᠯᠳᠤᠨ ᠠᠪᠬᠤ ᠵᠢ ᠢᠳᠡᠪᠬᠢᠲᠡᠶ ᠠᠬᠢᠭᠤᠯᠤᠨ᠂ ᠲᠥᠷᠥ ᠵᠢᠨ ᠪᠣᠳᠣᠯᠭ᠎ᠠ ᠪᠠ ᠬᠠᠮᠢᠶᠠᠷᠤᠯᠲᠠ ᠵᠢᠨ ᠬᠠᠮᠵᠢᠯᠴᠠᠭ᠎ᠠ ᠵᠢ ᠴᠢᠩᠭ᠋ᠠᠳᠬᠠᠵᠤ᠂ ᠬᠤᠯᠪᠣᠭ᠋ᠠᠯᠠᠨ ᠬᠤᠳᠠᠯᠳᠤᠨ ᠠᠪᠬᠤ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠦᠨ ᠂ ᠤᠯᠠᠨ ᠲᠦᠮᠡᠨ᠎ᠳᠤ ᠨᠡᠩ ᠰᠢᠯᠢᠳᠡᠭ ᠰᠠᠢ᠌ᠨ ᠪᠣᠳᠠᠲᠤ ᠠᠰᠢᠭ᠂ ᠡᠮ ᠡᠮᠨᠡᠯᠭᠡ ᠵᠢᠨ ᠦᠢ᠍ᠯᠡᠴᠢᠯᠡᠭᠡ ᠬᠦᠷᠲᠡᠭᠡᠬᠦ ᠵᠢ ᠪᠠᠳᠤᠯᠠᠬᠤ ᠵᠢᠨ ᠲᠦᠯᠦᠭᠡ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠲᠦᠷᠦᠭᠦᠯᠡᠨ᠂ ᠬᠠᠮᠢᠶ᠎ᠠ ᠪᠥᠬᠦᠶ ᠮᠤᠵᠢ ᠵᠢ ᠵᠣᠬᠢᠶᠠᠨ ᠪᠠᠶ᠋ᠢᠭᠤᠯᠤᠨ ᠴᠢᠰᠤ ᠵᠣᠭᠰᠣᠭ᠋ᠠᠬᠤ ᠮᠠᠲ᠋ᠧᠷᠢᠶᠠᠯ᠂ ᠤᠷᠢᠳᠴᠢᠯᠠᠨ ᠴᠡᠨᠡᠭᠯᠡᠬᠦ ᠬᠡᠯᠪᠡᠷᠢ ᠵᠢᠨ ᠳᠠᠮᠵᠢᠭᠤᠯᠬᠤ ᠬᠤᠭᠤᠯᠠᠶ ᠵᠢᠨ ᠤᠬᠢᠶᠠᠭᠤᠷ᠂ ᠳᠠᠷᠤᠯᠲᠠᠲᠤ ᠬᠥᠭᠡᠷᠭᠡ ᠵᠢᠨ ᠮᠤᠵᠢ ᠵᠢᠨ ᠬᠤᠭᠤᠷᠣᠨᠳᠣᠬᠢ ᠬᠤᠯᠪᠤᠭ᠋ᠠᠯᠠᠨ ᠲᠥᠪᠯᠡᠷᠡᠭᠦᠯᠦᠨ ᠬᠡᠮᠵᠢᠶ᠎ᠡ᠎ᠲᠠᠢ᠎ᠪᠠᠷ ᠬᠤᠳᠠᠯᠳᠤᠨ ᠠᠪᠬᠤ ᠠᠵᠢᠯ᠎ᠢ ᠥᠷᠨᠢᠭᠦᠯᠪᠡ᠃

   ᠨᠢᠭᠡ᠂ ᠠᠵᠢᠯ᠎ᠤᠨ ᠬᠠᠷᠠᠯᠲᠠ

   ᠲᠤᠭ᠎ᠠ ᠬᠡᠮᠵᠢᠶ᠎ᠡ ᠪᠠ ᠦᠨ᠎ᠡ ᠬᠠᠩᠰᠢ ᠵᠢ ᠬᠤᠯᠪᠣᠭᠳᠠᠭᠤᠯᠬᠤ᠂ ᠳᠠᠭ᠋ᠠᠭ᠋ᠠᠴᠢᠯᠠᠯᠲᠠ ᠵᠠᠷᠯᠠᠬᠤ ᠪᠠ ᠬᠤᠳᠠᠯᠳᠤᠨ ᠠᠪᠬᠤ ᠵᠢ ᠨᠢᠭᠡᠳᠬᠡᠬᠦ᠂ ᠬᠠᠤᠯᠢ ᠶᠣᠰᠣᠭ᠋ᠠᠷ ᠲᠣᠭᠲᠠᠭ᠋ᠠᠯ᠎ᠳᠤ ᠨᠡᠶ᠋ᠢᠴᠡᠬᠦ᠂ ᠢᠯᠡ ᠲᠣᠳᠣ ᠪᠠᠶ᠋ᠢᠬᠤ ᠵᠢ ᠪᠠᠷᠢᠮᠲᠠᠯᠠᠵᠤ᠂ ᠴᠢᠰᠤ ᠵᠣᠭᠰᠣᠭ᠋ᠠᠬᠤ ᠮᠠᠲ᠋ᠧᠷᠢᠶᠠᠯ᠂ᠤᠷᠢᠳᠴᠢᠯᠠᠨ ᠴᠡᠨᠡᠭᠯᠡᠬᠦ ᠬᠡᠯᠪᠡᠷᠢ ᠵᠢᠨ ᠳᠠᠮᠵᠢᠭᠤᠯᠬᠤ ᠬᠤᠭᠤᠯᠠᠶ ᠵᠢᠨ ᠤᠬᠢᠶᠠᠭᠤᠷ᠂ ᠳᠠᠷᠤᠯᠲᠠᠲᠤ ᠬᠥᠭᠡᠷᠭᠡ ᠵᠢᠨ ᠮᠤᠵᠢ ᠵᠢᠨ ᠬᠤᠭᠤᠷᠣᠨᠳᠣᠬᠢ  ᠬᠤᠯᠪᠤᠭ᠋ᠠᠯᠠᠨ ᠲᠥᠪᠯᠡᠷᠡᠭᠦᠯᠦᠨ ᠬᠤᠳᠠᠯᠳᠤᠨ ᠠᠪᠬᠤ ᠠᠵᠢᠯ᠎ᠢ ᠥᠷᠨᠢᠭᠦᠯᠬᠦ᠎ᠪᠠᠷ ᠳᠠᠮᠵᠢᠭᠤᠯᠤᠨ᠂ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠤᠨ ᠦᠨ᠎ᠡ ᠬᠠᠩᠰᠢ ᠵᠢ ᠵᠦᠶ ᠵᠣᠬᠢᠰᠲᠠᠶ ᠪᠤᠯᠭ᠋ᠠᠬᠤ᠎ᠶᠢ ᠠᠬᠢᠭᠤᠯᠵᠤ᠂ ᠣᠯᠠᠨ ᠲᠦᠮᠡᠨ᠎ᠤ ᠵᠣᠯ ᠵᠢᠷᠭ᠋ᠠᠯ᠎ᠤᠨ ᠰᠡᠳᠬᠢᠭᠳᠡᠯ᠂ ᠬᠦᠷᠲᠡᠮᠵᠢ ᠵᠢᠨ ᠰᠡᠳᠬᠢᠭᠳᠡᠯ᠎ᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃

   ᠬᠤᠶᠠᠷ᠂ ᠬᠤᠳᠠᠯᠳᠤᠨ ᠠᠪᠬᠤ ᠬᠡᠪᠴᠢᠶ᠎ᠡ

   ᠴᠢᠰᠤ ᠵᠣᠭᠰᠣᠬᠤ ᠮᠠᠲ᠋ᠧᠷᠢᠶᠠᠯ᠂ ᠤᠷᠢᠳᠴᠢᠯᠠᠨ ᠴᠡᠨᠡᠭᠯᠡᠬᠦ ᠬᠡᠯᠪᠡᠷᠢ ᠵᠢᠨ ᠳᠠᠮᠵᠢᠭᠤᠯᠬᠤ ᠬᠤᠭᠤᠯᠠᠶ ᠵᠢᠨ ᠤᠬᠢᠶᠠᠭᠤᠷ᠂ ᠳᠠᠷᠤᠯᠲᠠᠲᠤ ᠬᠥᠭᠡᠷᠭᠡ᠃

   ᠭᠤᠷᠪᠠ᠂ ᠡᠮᠴᠢᠯᠡᠭᠡᠨ᠎ᠤ ᠪᠠᠢ᠌ᠭᠤᠯᠤᠮᠵᠢ ᠵᠢᠨ ᠬᠡᠪᠴᠢᠶ᠎ᠡ

   ᠡᠯ᠎ᠡ ᠬᠣᠯᠪᠣᠭ᠋ᠠᠨ᠎ᠤ ᠮᠤᠵᠢ ᠵᠢᠨ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠪᠣᠯᠤᠨ ᠴᠡᠷᠢᠭ ᠠᠩᠬᠢ ᠵᠢᠨ ᠡᠮᠴᠢᠯᠡᠭᠡᠨ᠎ᠤ ᠪᠠᠶ᠋ᠢᠭᠤᠯᠤᠮᠵᠢ᠃ ᠪᠤᠰᠤᠳ ᠡᠮᠴᠢᠯᠡᠭᠡᠨ᠎ᠤ ᠳᠠᠭ᠋ᠠᠳᠬᠠᠯ᠎ᠤᠨ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢ ᠡᠯ᠎ᠡ ᠬᠤᠯᠪᠣᠭ᠋ᠠᠨ᠎ᠤ ᠭᠠᠵᠠᠷ ᠣᠷᠣᠨ᠎ᠤ ᠬᠠᠮᠢᠶ᠎ᠠ ᠪᠥᠬᠦᠶ ᠲᠣᠭᠲᠠᠭ᠋ᠠᠯ ᠶᠣᠰᠣᠭ᠋ᠠᠷ ᠥᠷᠨᠢᠭᠦᠯᠦᠨ᠎ᠡ᠃

   ᠳᠥᠷᠪᠡ᠂ ᠬᠤᠳᠠᠯᠳᠤᠨ ᠠᠪᠬᠤ ᠪᠠᠶ᠋ᠢᠭᠤᠯᠤᠮᠵᠢ ᠵᠢᠴᠢ ᠲᠠᠪᠴᠠᠩ

   ᠲᠣᠰ ᠤᠳᠠᠭ᠋ᠠᠨ᠎ᠤ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ ᠠᠵᠢᠯ᠎ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠲᠦᠷᠦᠭᠦᠯᠡᠨ ᠮᠤᠵᠢ ᠵᠢᠨ ᠬᠤᠭᠤᠷᠣᠨᠳᠣᠬᠢ ᠬᠤᠯᠪᠤᠭ᠋ᠠᠯᠠᠨ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠢ ᠪᠦᠷᠢᠯᠳᠦᠭᠦᠯᠵᠦ᠂ ᠨᠢᠭᠡᠳᠦᠯᠲᠡᠶ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠲᠥᠪ᠎ᠠᠴᠠ ᠲᠠᠪᠴᠠᠩ᠎ᠤᠨ ᠠᠵᠢᠯᠯᠠᠭ᠎ᠠ ᠵᠢ ᠬᠠᠷᠢᠭᠤᠴᠠᠨ᠎ᠠ᠃

   ᠲᠣᠰ ᠤᠳᠠᠭ᠋ᠠᠨ᠎ᠤ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ ᠪᠣᠳᠠᠲᠠᠶ ᠲᠥᠷᠥᠯ ᠵᠦᠢ᠍ᠯ᠂ ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶ᠎ᠡ᠂ ᠬᠤᠳᠠᠯᠳᠤᠨ ᠠᠪᠬᠤ ᠠᠷᠭ᠎ᠠ ᠮᠠᠶᠢᠭ᠂ ᠬᠤᠳᠠᠯᠳᠤᠨ ᠠᠪᠬᠤ ᠱᠠᠭ᠋ᠠᠷᠳᠠᠯᠭ᠎ᠠ᠂ ᠨᠠᠷᠢᠨ ᠲᠦᠷᠢᠮ ᠵᠡᠷᠭᠡ ᠵᠢ ᠵᠢᠩᠬᠢᠨᠢ᠎ᠪᠠᠷ ᠨᠡᠶ᠋ᠢᠲᠡᠯᠡᠭᠰᠡᠨ ᠬᠤᠳᠠᠯᠳᠤᠨ ᠠᠪᠬᠤ ᠪᠢᠴᠢᠭ ᠮᠠᠲ᠋ᠧᠷᠢᠶᠠᠯ ᠵᠶ᠋ᠠᠷ ᠪᠠᠷᠢᠮᠵᠢᠶ᠎ᠠ ᠪᠣᠯᠭ᠋ᠠᠵᠤ᠂ ᠬᠠᠮᠢᠶ᠎ᠠ ᠪᠥᠬᠦᠶ ᠮᠡᠳᠡᠭᠡ ᠵᠠᠩᠭᠢ ᠵᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠫᠣᠷᠲ᠋ᠤᠯ  ᠰᠦᠯᠵᠢᠶ᠎ᠡ (ᠰᠦᠯᠵᠢᠶᠡᠨ᠎ᠤ ᠬᠠᠶᠢᠭ http://ylbzj.nmg.gov.cn)᠎ᠪᠠᠷ ᠳᠠᠮᠵᠢᠭᠤᠯᠤᠨ ᠨᠡᠶ᠋ᠢᠲᠡᠯᠡᠨ᠎ᠡ᠃

 

     ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
     2023 ᠣᠨ᠎ᠤ 4 ᠳ᠋ᠦ᠍ᠭᠡᠷ ᠰᠠᠷ᠎ᠠ ᠵᠢᠨ 26᠎ᠤ ᠡᠳᠦᠷ

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠤᠷᠢᠳᠴᠢᠯᠠᠨ ᠴᠡᠨᠡᠭᠯᠡᠬᠦ ᠵᠠᠯᠠᠭᠤᠷ ᠬᠤᠭᠤᠯᠠᠶ᠋ᠢᠲᠤ ᠤᠬᠢᠶᠠᠭᠤᠷ᠂ ᠳᠠᠷᠤᠯᠲᠠᠲᠤ ᠬᠥᠭᠡᠷᠭᠡ ᠵᠢᠨ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠮᠡᠳᠡᠭᠡ ᠵᠠᠩᠭᠢ ᠵᠢ ᠲᠥᠪᠯᠡᠷᠡᠭᠦᠯᠦᠨ ᠬᠠᠮᠠᠭ᠋ᠠᠯᠠᠬᠤ ᠠᠵᠢᠯ᠎ᠢ ᠥᠷᠨᠢᠭᠦᠯᠬᠦ ᠲᠤᠬᠠᠶ ᠮᠡᠳᠡᠭᠳᠡᠯ
2023 ᠣᠨ᠎ᠤ ᠮᠠᠨᠵᠤᠤᠷ ᠬᠤᠲᠠ ᠵᠢᠨ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠵᠦ ᠬᠠᠷᠭᠤᠭᠤᠯᠤᠨ ᠪᠠᠢ᠌ᠴᠠᠭ᠋ᠠᠭᠰᠠᠨ ᠨᠡᠷᠡᠰ᠎ᠢ ᠨᠡᠢ᠍ᠲᠡᠯᠡᠬᠦ ᠲᠤᠬᠠᠶ ᠮᠡᠳᠡᠭᠳᠡᠯ
ᠤᠯᠤᠰ᠎ᠠᠴᠠ ᠲᠥᠪᠯᠡᠷᠡᠭᠦᠯᠦᠨ ᠬᠤᠳᠠᠯᠳᠤᠨ ᠠᠪᠬᠤ ᠲᠢᠲᠢᠮ ᠰᠤᠳᠠᠯ᠎ᠤᠨ ᠲᠤᠯᠭ᠋ᠠᠭᠤᠷᠢ ᠵᠢᠨ ᠡᠮ ᠡᠮᠨᠡᠯᠭᠡ ᠵᠢᠨ ᠳᠠᠭ᠋ᠠᠳᠬᠠᠯ᠎ᠤᠨ ᠰᠢᠭᠤᠳ ᠳ᠋ᠦᠩᠨᠡᠨ ᠪᠤᠳᠤᠬᠤ ᠠᠵᠢᠯ᠎ᠤᠨ ᠶᠠᠷᠢᠯᠴᠠᠬᠤ ᠬᠤᠷᠠᠯ᠎ᠢ ᠬᠤᠷᠠᠯᠳᠤᠭᠤᠯᠬᠤ ᠲᠤᠬᠠᠶ ᠮᠡᠳᠡᠭᠳᠡᠯ
ᠴᠢᠰᠤ ᠵᠣᠭᠰᠣᠭ᠋ᠠᠬᠤ ᠮᠠᠲ᠋ᠧᠷᠢᠶᠠᠯ᠎ᠤᠨ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠬᠤᠳᠠᠯᠳᠤᠨ ᠠᠪᠬᠤ ᠲᠤᠭ᠎ᠠ ᠪᠠᠷᠢᠮᠲᠠ ᠵᠢ ᠲᠠᠭᠯᠠᠨ ᠮᠡᠳᠡᠭᠦᠯᠬᠦ ᠠᠵᠢᠯ᠎ᠢ ᠥᠷᠨᠢᠭᠦᠯᠬᠦ ᠲᠤᠬᠠᠶ ᠮᠡᠳᠡᠭᠳᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ 《ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠦᠷᠡᠵᠢᠯ᠎ᠤᠨ ᠳᠠᠭ᠋ᠠᠳᠬᠠᠯ᠎ᠤᠨ ᠡᠮᠴᠢᠯᠡᠭᠡᠨ᠎ᠤ ᠬᠠᠷᠠᠭ᠋ᠠᠯᠵᠠᠯ᠎ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ (ᠰᠠᠨᠠᠯ ᠬᠤᠷᠢᠶᠠᠬᠤ ᠨᠣᠤᠷᠠᠭ)》᠎ᠤᠨ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠲᠤᠬᠠᠶ ᠠᠯᠪᠠᠨ ᠵᠠᠷ
 
            