ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠤᠯᠤᠰ᠎ᠠᠴᠠ ᠲᠥᠪᠯᠡᠷᠡᠭᠦᠯᠦᠨ ᠬᠤᠳᠠᠯᠳᠤᠨ ᠠᠪᠬᠤ ᠲᠢᠲᠢᠮ ᠰᠤᠳᠠᠯ᠎ᠤᠨ ᠲᠤᠯᠭ᠋ᠠᠭᠤᠷᠢ ᠵᠢᠨ ᠡᠮ ᠡᠮᠨᠡᠯᠭᠡ ᠵᠢᠨ ᠳᠠᠭ᠋ᠠᠳᠬᠠᠯ᠎ᠤᠨ ᠰᠢᠭᠤᠳ ᠳ᠋ᠦᠩᠨᠡᠨ ᠪᠤᠳᠤᠬᠤ ᠠᠵᠢᠯ᠎ᠤᠨ ᠶᠠᠷᠢᠯᠴᠠᠬᠤ ᠬᠤᠷᠠᠯ᠎ᠢ ᠬᠤᠷᠠᠯᠳᠤᠭᠤᠯᠬᠤ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2023-06-05

         ᠥᠪᠥᠷ ᠡᠮ ᠬᠤᠳᠠᠯᠳᠤᠨ ᠠᠪᠬᠤ ᠲᠥᠪ ᠦᠰᠦᠭ [2020] 116 ᠳ᠋ᠤᠭ᠋ᠠᠷ ᠲᠣᠭ᠋ᠠᠲᠤ

 

ᠡᠯ᠎ᠡ ᠬᠠᠮᠢᠶ᠎ᠠ ᠪᠥᠬᠦᠶ ᠠᠵᠤ ᠠᠬᠤᠶ᠋ᠢᠯᠠᠯ᠎ᠳᠤ᠄

  《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠬᠡᠮᠵᠢᠶ᠎ᠡ᠎ᠲᠠᠢ᠎ᠪᠠᠷ ᠲᠥᠪᠯᠡᠷᠡᠭᠦᠯᠦᠨ ᠬᠤᠳᠠᠯᠳᠤᠵᠤ ᠠᠪᠬᠤ ᠠᠵᠢᠯ᠎ᠢ ᠦᠷᠨᠢᠬᠦᠯᠵᠦ ᠬᠡᠷᠡᠭᠵᠢᠭᠦᠯᠬᠦ ᠲᠥᠰᠦᠯ᠎ᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ》 (ᠥᠪᠥᠷ ᠡᠮᠴᠢᠯᠡᠭᠡ ᠪᠠᠳᠤᠯᠠᠭ᠎ᠠ ᠲᠠᠷᠬᠠᠭ᠋ᠠᠭᠰᠠᠨ [2022] 12 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠮᠠᠨ᠎ᠤ ᠣᠷᠣᠨ᠎ᠤ ᠤᠯᠤᠰ᠎ᠤᠨ ᠵᠣᠬᠢᠶᠠᠨ ᠪᠠᠶ᠋ᠢᠭᠤᠯᠤᠯᠲᠠ᠎ᠪᠠᠷ ᠲᠢᠲᠢᠮ ᠰᠤᠳᠠᠯ᠎ᠤᠨ ᠲᠤᠯᠭ᠋ᠠᠭᠤᠷᠢ ᠵᠢ ᠲᠥᠪᠯᠡᠷᠡᠩᠭᠦᠶ ᠬᠡᠮᠵᠢᠶ᠎ᠡ᠎ᠲᠠᠢ ᠬᠤᠳᠠᠯᠳᠤᠨ ᠠᠪᠬᠤ ᠳᠤᠮᠳᠠ ᠰᠣᠩᠭᠤᠭᠳᠠᠭᠰᠠᠨ ᠦᠢ᠍ᠯᠡᠳᠬᠦᠨ᠎ᠢ ᠰᠢᠭᠤᠳ ᠳ᠋ᠦᠩᠨᠡᠨ ᠪᠤᠳᠤᠬᠤ ᠠᠵᠢᠯ᠎ᠤᠨ ᠲᠣᠬᠢᠷᠠᠭᠤᠯᠤᠯᠲᠠ ᠶᠣᠰᠣᠭ᠋ᠠᠷ᠂ ᠤᠯᠤᠰ᠎ᠤᠨ ᠲᠥᠪᠯᠡᠷᠡᠭᠦᠯᠦᠨ ᠬᠤᠳᠠᠯᠳᠤᠨ ᠠᠪᠬᠤ ᠲᠢᠲᠢᠮ ᠰᠤᠳᠠᠯ᠎ᠤᠨ ᠲᠤᠯᠭ᠋ᠠᠭᠤᠷᠢ ᠵᠢ ᠡᠮᠴᠢᠯᠡᠭᠡᠨ᠎ᠤ ᠳᠠᠭ᠋ᠠᠳᠬᠠᠯ᠎ᠤᠨ ᠰᠢᠭᠤᠳ ᠳ᠋ᠦᠩᠨᠡᠨ ᠪᠤᠳᠤᠬᠤ ᠠᠵᠢᠯ᠎ᠢ ᠨᠠᠩ ᠰᠠᠶ᠋ᠢᠲᠤᠷ ᠠᠬᠢᠭᠤᠯᠬᠤ ᠵᠢᠨ ᠲᠤᠰᠠᠳᠠ᠂ 2023 ᠣᠨ᠎ᠤ 6 ᠳ᠋ᠤᠭ᠋ᠠᠷ ᠰᠠᠷ᠎ᠠ ᠵᠢᠨ 9᠎ᠤ ᠡᠳᠦᠷ ᠠᠵᠤ ᠠᠬᠤᠶ᠋ᠢᠯᠠᠯ᠎ᠤᠨ ᠶᠠᠷᠢᠯᠴᠠᠬᠤ ᠬᠤᠷᠠᠯ᠎ᠢ ᠬᠤᠷᠠᠯᠳᠤᠭᠤᠯᠬᠤ᠎ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠪᠡ᠄

   ᠨᠢᠭᠡ᠂ ᠬᠤᠷᠠᠯ᠎ᠤᠨ ᠠᠭᠤᠯᠭ᠎ᠠ

  (ᠨᠢᠭᠡ) ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠲᠥᠪ᠎ᠠᠴᠠ ᠲᠥᠪᠯᠡᠷᠡᠭᠦᠯᠦᠨ ᠬᠤᠳᠠᠯᠳᠤᠵᠤ ᠠᠪᠬᠤ ᠬᠤᠷᠣᠭᠳᠠᠯ ᠮᠠᠲ᠋ᠧᠷᠢᠶᠠᠯ᠎ᠢ ᠰᠢᠭᠤᠳ ᠳ᠋ᠦᠩᠨᠡᠨ ᠪᠤᠳᠤᠬᠤ ᠬᠠᠮᠢᠶ᠎ᠠ ᠪᠥᠬᠦᠶ ᠠᠵᠢᠯ᠎ᠢ ᠲᠠᠨᠢᠯᠴᠠᠭᠤᠯᠪᠠ᠃

  (ᠬᠤᠶᠠᠷ) ᠠᠵᠤ ᠠᠬᠤᠶ᠋ᠢᠯᠠᠯ᠎ᠤᠨ ᠲᠥᠯᠥᠭᠡᠯᠡᠭᠴᠢ ᠬᠤᠷᠣᠭᠳᠠᠯ ᠮᠠᠲ᠋ᠧᠷᠢᠶᠠᠯ᠎ᠢ ᠳ᠋ᠦᠩᠨᠡᠨ ᠪᠤᠳᠤᠵᠤ ᠵᠣᠭᠤᠰ ᠪᠤᠴᠠᠭ᠋ᠠᠬᠤ ᠬᠠᠮᠢᠶ᠎ᠠ ᠪᠥᠬᠦᠶ ᠠᠵᠢᠯ᠎ᠤᠨ ᠲᠣᠭᠤᠷᠢᠨ᠎ᠳᠤ ᠶᠠᠷᠢᠶ᠎ᠠ ᠲᠠᠯᠪᠢᠪᠠ᠃

  (ᠭᠤᠷᠪᠠ) ᠥᠪᠡᠷᠲᠡᠭᠡᠨ ᠵᠠᠰᠠᠬᠤ ᠣᠷᠣᠨ᠎ᠤ ᠡᠮ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠤᠳᠤᠷᠢᠳᠤᠯᠭ᠎ᠠ ᠶᠠᠷᠢᠶ᠎ᠠ ᠲᠠᠯᠪᠢᠪᠠ᠃

   ᠬᠤᠶᠠᠷ᠂ ᠬᠤᠷᠠᠯ᠎ᠤᠨ ᠴᠠᠭ ᠪᠠ ᠭᠠᠵᠠᠷ

  (ᠨᠢᠭᠡ) ᠬᠤᠷᠠᠯ᠎ᠤᠨ ᠴᠠᠭ᠄ 2023 ᠣᠨ᠎ᠤ 6 ᠳ᠋ᠤᠭ᠋ᠠᠷ ᠰᠠᠷ᠎ᠠ ᠵᠢᠨ 9᠎ᠤ ᠡᠳᠦᠷ᠎ᠤᠨ ᠦᠳᠡ ᠵᠢᠨ ᠡᠮᠦᠨᠡᠬᠢ 9᠄ 30᠃

  (ᠬᠤᠶᠠᠷ) ᠬᠤᠷᠠᠯ᠎ᠤᠨ ᠭᠠᠵᠠᠷ᠄ ᠷᠦ᠋ ᠢ ᠴᠡᠴᠡᠷᠯᠢᠭ ᠪᠠᠭᠤᠳᠠᠯ᠎ᠤᠨ ᠲᠠᠪᠤᠳᠤᠭ᠋ᠠᠷ ᠠᠰᠠᠷ᠎ᠤᠨ ᠡᠮᠦᠨ᠎ᠡ ᠲᠣᠭᠤᠷᠢᠭ᠎ᠤᠨ ᠭᠤᠷᠪᠠᠳᠤᠭ᠋ᠠᠷ ᠬᠤᠷᠠᠯ᠎ᠤᠨ ᠥᠷᠦᠭᠡ᠃ (ᠰᠠᠶ᠋ᠢᠬᠠᠨ ᠲᠣᠭᠤᠷᠢᠭ᠎ᠤᠨ ᠷᠦ᠋ ᠢ ᠰᠢᠨ᠎ᠡ ᠨᠡᠭᠡᠭᠡᠯᠲᠡ ᠵᠢᠨ ᠲᠣᠭᠤᠷᠢᠭ᠎ᠤᠨ ᠷᠦ᠋ ᠢ ᠾᠧ ᠶᠡᠭᠡ ᠵᠡᠭᠡᠯᠢ ᠬᠢᠭᠡᠳ ᠸᠠᠨ ᠲᠦᠩ ᠵᠠᠮ᠎ᠤᠨ ᠠᠭᠤᠯᠵᠠᠷ᠎ᠠᠴᠠ ᠬᠣᠢ᠌ᠰᠢ ᠵᠠᠮ᠎ᠤᠨ ᠪᠠᠷᠠᠭᠤᠨᠳᠠᠢ 300 ᠮᠸᠲᠷ)

   ᠭᠤᠷᠪᠠ᠂ ᠬᠤᠷᠠᠯ᠎ᠳᠤ ᠣᠷᠣᠯᠴᠠᠭᠰᠠᠳ

  (ᠨᠢᠭᠡ) ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠪᠠᠲᠤᠯᠠᠭ᠎ᠠ ᠵᠢᠨ ᠲᠣᠪᠴᠢᠶᠠᠨ᠎ᠤ ᠤᠳᠤᠷᠢᠳᠤᠯᠭ᠎ᠠ᠃

  (ᠬᠤᠶᠠᠷ) ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠲᠥᠪ᠎ᠤᠨ ᠤᠳᠤᠷᠢᠳᠤᠯᠭ᠎ᠠ ᠵᠢᠴᠢ ᠠᠵᠢᠯᠳᠠᠳ᠃

  (ᠭᠤᠷᠪᠠ) ᠲᠢᠲᠢᠮ ᠰᠤᠳᠠᠯ᠎ᠤᠨ ᠲᠤᠯᠭ᠋ᠠᠭᠤᠷᠢ ᠵᠢ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ 1᠎ᠠᠴᠠ 2 ᠬᠥᠮᠦᠨ᠃

   ᠳᠥᠷᠪᠡ᠂ ᠪᠤᠰᠤᠳ ᠵᠦᠢ᠍ᠯ

   ᠬᠤᠯᠪᠣᠭᠳᠠᠯ ᠪᠦᠬᠦᠢ ᠠᠵᠤ ᠠᠬᠤᠶ᠋ᠢᠯᠠᠯ᠎ᠤᠳ 6 ᠳ᠋ᠤᠭ᠋ᠠᠷ ᠰᠠᠷ᠎ᠠ ᠵᠢᠨ 7᠎ᠤ ᠡᠳᠦᠷ᠎ᠠᠴᠠ ᠡᠮᠦᠨ᠎ᠡ ᠬᠤᠷᠠᠯ᠎ᠳᠤ ᠣᠷᠣᠯᠴᠠᠭᠰᠠᠳ ᠎ᠤᠨ ᠢᠮᠸᠯ nmgyczxcw@163.com᠎ᠳᠤ ᠪᠤᠴᠠᠭ᠋ᠠᠨ ᠶᠠᠪᠤᠭᠤᠯᠤᠨ᠎ᠠ᠃

   ᠬᠠᠷᠢᠯᠴᠠᠬᠤ ᠬᠥᠮᠦᠨ᠄ ᠵᠠᠩ ᠪᠠᠭᠰᠢ

   ᠬᠠᠷᠢᠯᠴᠠᠬᠤ ᠣᠳᠠᠰᠣ᠄ 0471- 4938206

   ᠳᠠᠭ᠋ᠠᠯᠳᠤᠭᠤᠯᠤᠯ᠄ 1. ᠤᠯᠤᠰ᠎ᠤᠨ ᠲᠢᠲᠢᠮ ᠰᠣᠳᠠᠯ᠎ᠤᠨ ᠲᠤᠯᠭ᠋ᠠᠭᠤᠷᠢ ᠵᠢ ᠲ᠋ᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷᠡᠰ

  2. ᠬᠤᠷᠠᠯ᠎ᠳᠤ ᠣᠷᠣᠯᠴᠠᠭᠰᠠᠳ᠎ᠤᠨ ᠬᠠᠷᠢᠮᠲᠠ

      

             

         ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ

        2023 ᠣᠨ᠎ᠤ6 ᠳ᠋ᠤᠭ᠋ᠠᠷ ᠰᠠᠷ᠎ᠠ ᠵᠢᠨ5᠎ᠤ ᠡᠳᠦᠷ

 

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠲᠥᠪ
          
ᠬᠠᠮᠢᠶ᠎ᠡ ᠪᠦᠬᠦᠢ ᠰᠣᠨᠢᠨ
ᠴᠢᠰᠤ ᠵᠣᠭᠰᠣᠭ᠋ᠠᠬᠤ ᠮᠠᠲ᠋ᠧᠷᠢᠶᠠᠯ᠎ᠤᠨ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠬᠤᠳᠠᠯᠳᠤᠨ ᠠᠪᠬᠤ ᠲᠤᠭ᠎ᠠ ᠪᠠᠷᠢᠮᠲᠠ ᠵᠢ ᠲᠠᠭᠯᠠᠨ ᠮᠡᠳᠡᠭᠦᠯᠬᠦ ᠠᠵᠢᠯ᠎ᠢ ᠥᠷᠨᠢᠭᠦᠯᠬᠦ ᠲᠤᠬᠠᠶ ᠮᠡᠳᠡᠭᠳᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ 《ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠦᠷᠡᠵᠢᠯ᠎ᠤᠨ ᠳᠠᠭ᠋ᠠᠳᠬᠠᠯ᠎ᠤᠨ ᠡᠮᠴᠢᠯᠡᠭᠡᠨ᠎ᠤ ᠬᠠᠷᠠᠭ᠋ᠠᠯᠵᠠᠯ᠎ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ (ᠰᠠᠨᠠᠯ ᠬᠤᠷᠢᠶᠠᠬᠤ ᠨᠣᠤᠷᠠᠭ)》᠎ᠤᠨ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠲᠤᠬᠠᠶ ᠠᠯᠪᠠᠨ ᠵᠠᠷ
2023 ᠣᠨ᠎ᠤ ᠵᠢᠷᠭᠤᠳᠤᠭ᠋ᠠᠷ ᠪᠦᠯᠦᠭ᠎ᠤᠨ ᠡᠮ᠎ᠤᠨ ᠵᠦᠢ᠍ᠯ᠎ᠤᠨ ᠲᠥᠪᠯᠡᠷᠡᠭᠦᠯᠦᠨ ᠰᠦᠯᠵᠢᠶᠡᠨ᠎ᠳᠤ ᠬᠣᠯᠪᠣᠭᠰᠠᠨ ᠳ᠋ᠦᠩ᠎ᠢ ᠨᠡᠢ᠌ᠲᠡᠯᠡᠬᠦ ᠲᠤᠬᠠᠢ ᠮᠡᠳᠡᠭᠳᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ 2023 ᠣᠨ᠎ᠤ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠵᠢᠨ ᠨᠠᠷᠢᠨ ᠬᠠᠭᠤᠳᠠᠰᠤ
ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠬᠡᠰᠡᠭ᠎ᠢ ᠡᠭᠦᠳᠡᠨ ᠡᠮᠨᠡᠯᠭᠡ ᠵᠢᠨ ᠣᠨᠴᠣᠭᠤᠶ ᠤᠳᠠᠭ᠋ᠠᠨ ᠴᠢᠨᠠᠷᠲᠠᠶ ᠡᠪᠡᠳᠴᠢᠨ᠎ᠤ ᠬᠠᠷᠠᠭ᠋ᠠᠯᠵᠠᠯ᠎ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ
 
            