ᠡᠯ᠎ᠡ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠤᠨ ᠦᠢ᠍ᠯᠡᠳᠪᠦᠷᠢᠯᠡᠯ (ᠡᠵᠡᠩᠨᠡᠯᠲᠡ)᠎ᠤᠨ ᠠᠵᠤ ᠠᠬᠤᠶ᠋ᠢᠯᠠᠯ᠎ᠳᠤ᠄
《2023 ᠣᠨ᠎ᠤ ᠮᠠᠨᠵᠤᠤᠷ ᠬᠤᠲᠠ ᠵᠢᠨ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠰᠢᠯᠢᠨ ᠰᠣᠩᠭᠤᠬᠤ ᠠᠵᠢᠯ᠎ᠢ ᠥᠷᠨᠢᠭᠦᠯᠬᠦ ᠲᠤᠬᠠᠶ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠣᠲᠣ ᠨᠢᠭᠡᠨᠲᠡ ᠮᠠᠨ᠎ᠤ ᠬᠤᠲᠠ ᠵᠢᠨ 2023 ᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠬᠠᠷᠭᠤᠭᠤᠯᠤᠨ ᠪᠠᠶ᠋ᠢᠴᠠᠭ᠋ᠠᠬᠤ ᠠᠵᠢᠯ᠎ᠢ ᠪᠡᠶᠡᠯᠡᠭᠦᠯᠵᠦ᠂ ᠣᠲᠣ ᠬᠠᠷᠭᠤᠭᠤᠯᠤᠨ ᠪᠠᠶ᠋ᠢᠴᠠᠭ᠋ᠠᠭ᠋ᠠᠳ ᠪᠠᠲᠤᠯᠠᠭ᠋ᠠᠳ ᠪᠠᠢ᠌ᠭ᠎ᠠ ᠳᠣᠭᠢᠷᠠᠭᠤᠯᠤᠨ ᠬᠦᠷᠭᠡᠯᠲᠡ ᠵᠢᠨ ᠠᠵᠤ ᠠᠬᠤᠶ᠋ᠢᠯᠠᠯ᠎ᠤᠨ ᠨᠡᠷᠡᠰ᠎ᠢ ᠨᠡᠶ᠋ᠢᠲᠡᠯᠡᠬᠦ ᠵᠢᠨ ᠬᠠᠮᠲᠤ᠂ ᠬᠤᠯᠪᠣᠭᠳᠠᠯ ᠪᠥᠬᠦᠶ ᠤᠴᠢᠷ᠎ᠢ ᠳᠣᠤᠷᠠᠬᠢ ᠮᠡᠲᠦ ᠮᠡᠳᠡᠭᠳᠡᠶ᠎ᠡ᠄
ᠨᠢᠭᠡ᠂ ᠮᠠᠨᠵᠤᠤᠷ ᠬᠤᠲᠠ ᠵᠢᠨ 2023 ᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠬᠠᠷᠭᠤᠭᠤᠯᠤᠨ ᠪᠠᠶ᠋ᠢᠴᠠᠭ᠋ᠠᠬᠤ᠎ᠪᠠᠷ ᠪᠠᠲᠤᠯᠠᠭᠰᠠᠨ ᠨᠡᠷᠡᠰ (ᠳᠠᠭ᠋ᠠᠯᠳᠤᠭᠤᠯᠤᠯ᠎ᠳᠤ ᠦᠵᠡ)᠃
ᠬᠤᠶᠠᠷ᠂ ᠪᠠᠳᠤᠯᠠᠭᠳᠠᠭᠰᠠᠨ ᠨᠡᠷᠡᠰ ᠵᠶ᠋ᠠᠷ ᠳᠠᠮᠵᠢᠨ ᠥᠪᠥᠷ ᠮᠣᠩᠭᠤᠯ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠦᠯᠵᠢᠶᠡᠨ᠎ᠳᠤ ᠳᠠᠩᠰᠠᠯᠠᠭᠤᠯᠤᠭᠰᠠᠨ ᠥᠬᠡᠶ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ ᠥᠪᠥᠷ ᠮᠣᠩᠭᠤᠯ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠦᠯᠵᠢᠶ᠎ᠡ᠎ᠳᠤ (https://ylbzj.nmg.gov.cn/gg/hallEnter /#/Index ) ᠨᠡᠪᠳᠡᠷᠡᠬᠦ ᠴᠢᠬᠤᠯᠠᠲᠠᠶ᠂ ᠨᠢᠭᠡᠴᠢ ᠵᠢᠨ ᠲᠤᠬᠠᠶ᠋ᠢᠯᠠᠭᠰᠠᠨ ᠠᠵᠢᠯ ᠵᠶ᠋ᠠᠨ ᠰᠣᠩᠭᠤᠨ ᠨᠡᠪᠲᠡᠷᠡᠵᠦ᠂ ᠡᠩ ᠲᠡᠷᠢᠭᠦᠨ᠎ᠳᠤ ᠳᠠᠩᠰᠠᠯᠠᠭᠤᠯᠵᠤ᠂ ᠢᠲᠡᠭᠡᠮᠵᠢ ᠵᠢᠨ ᠠᠮᠠᠯᠠᠯᠲᠠ ᠵᠢᠨ ᠪᠢᠴᠢᠭ᠎ᠢ ᠳᠡᠭᠡᠭᠰᠢ ᠳᠠᠮᠵᠢᠭᠤᠯᠵᠤ᠂ ᠢᠲᠡᠭᠡᠮᠵᠢ ᠵᠢᠨ ᠠᠮᠠᠯᠠᠯᠲᠠ ᠵᠢᠨ ᠪᠢᠴᠢᠭ᠎ᠢ ᠬᠢᠨᠠᠨ ᠬᠠᠷᠭᠤᠭᠤᠯᠵᠤ ᠪᠠᠲᠤᠯᠠᠭᠰᠠᠨ᠎ᠤ ᠳᠠᠷᠠᠭ᠎ᠠ᠂ ᠳᠦᠷᠢ ᠵᠢᠨ ᠭᠡᠷᠡᠴᠢᠯᠡᠯ ᠬᠢᠵᠦ᠂ ᠭᠡᠷᠡᠴᠢᠯᠡᠯ ᠠᠮᠵᠢᠯᠲᠠ ᠣᠯᠤᠭᠰᠠᠨ᠎ᠤ ᠳᠠᠷᠠᠭ᠎ᠠ ᠠᠵᠤ ᠠᠬᠤᠶ᠋ᠢᠯᠠᠯ᠎ᠤᠨ ᠮᠡᠳᠡᠭᠡ ᠵᠠᠩᠭᠢ ᠵᠢ ᠬᠠᠮᠠᠭ᠋ᠠᠯᠠᠵᠤ᠂ ᠥᠪᠡᠷᠲᠡᠭᠡᠨ ᠵᠠᠰᠠᠬᠤ ᠣᠷᠣᠨ᠎ᠠᠴᠠ ᠠᠵᠤ ᠠᠬᠤᠶ᠋ᠢᠯᠠᠯ᠎ᠤᠨ ᠮᠡᠳᠡᠭᠡ ᠵᠠᠩᠭᠢ ᠵᠢ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠮᠠᠨ᠎ᠤ ᠲᠣᠪᠴᠢᠶ᠎ᠠ ᠮᠠᠨᠵᠤᠤᠷ᠎ᠳᠠᠬᠢ ᠲᠣᠬᠢᠷᠠᠭᠤᠯᠤᠨ ᠬᠦᠷᠭᠡᠬᠦ ᠣᠷᠣᠨ ᠪᠦᠰᠡ ᠵᠢ ᠨᠡᠪᠲᠡᠷᠡᠭᠦᠯᠬᠦ ᠪᠣᠯᠣᠨ᠎ᠠ᠃
ᠭᠤᠷᠪᠠ᠂ ᠪᠠᠲᠤᠯᠠᠭᠳᠠᠭᠰᠠᠨ ᠨᠡᠷᠡᠰ᠎ᠲᠤ ᠨᠢᠭᠡᠨᠲᠡ ᠥᠪᠥᠷ ᠮᠣᠩᠭᠤᠯ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠦᠯᠵᠢᠶ᠎ᠡ ᠵᠢᠨ ᠳᠠᠩᠰᠠᠯᠠᠭᠤᠯᠬᠤ ᠭᠡᠷᠡᠴᠢᠯᠡᠭᠡ᠎ᠪᠠᠷ ᠳᠠᠮᠵᠢᠭᠰᠠᠨ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠨᠢ᠂ ᠮᠠᠨ᠎ᠤ ᠲᠣᠪᠴᠢᠶ᠎ᠠ ᠴᠠᠭ ᠲᠤᠬᠠᠶ᠎ᠳᠤᠨᠢ ᠳᠣᠭᠢᠷᠠᠭᠤᠯᠤᠨ ᠬᠦᠷᠭᠡᠬᠦ ᠣᠷᠣᠨ ᠪᠦᠰᠡ ᠵᠢ ᠨᠡᠭᠡᠭᠡᠵᠦ᠂ ᠳᠣᠭᠢᠷᠠᠭᠤᠯᠤᠨ ᠬᠦᠷᠭᠡᠬᠦ ᠣᠷᠣᠨ ᠪᠦᠰᠡ ᠵᠢ ᠨᠡᠪᠲᠡᠷᠡᠭᠦᠯᠦᠭᠰᠡᠨ᠎ᠤ ᠳᠠᠷᠠᠭ᠎ᠠ᠂ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠨᠢ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠲᠠᠢ ᠬᠠᠷᠢᠯᠴᠠᠵᠤ ᠰᠢᠰᠲ᠋ᠧᠮ᠎ᠤᠨ ᠳᠣᠲᠣᠷ᠎ᠠ ᠳᠣᠭᠢᠷᠠᠭᠤᠯᠤᠨ ᠬᠦᠷᠭᠡᠬᠦ ᠬᠠᠷᠢᠴᠠᠭ᠎ᠠ ᠪᠠᠢ᠌ᠭᠤᠯᠬᠤ ᠵᠢᠨ ᠬᠠᠮᠲᠤ᠂ ᠮᠠᠨ᠎ᠤ ᠲᠣᠪᠴᠢᠶ᠎ᠠ᠎ᠳᠤ ᠳᠣᠭᠢᠷᠠᠭᠤᠯᠤᠨ ᠬᠦᠷᠭᠡᠬᠦ ᠵᠥᠪᠳᠡᠯᠴᠡᠬᠡᠷ ᠵᠶ᠋ᠠᠨ ᠲᠤᠰᠢᠶᠠᠵᠤ᠂ ᠨᠤᠲᠠᠯᠠᠭᠰᠠᠨ᠎ᠤ ᠳᠠᠷᠠᠭ᠎ᠠ ᠰᠠᠶᠢ ᠳᠣᠭᠢᠷᠠᠭᠤᠯᠤᠨ ᠬᠦᠷᠭᠡᠬᠦ ᠠᠵᠢᠯ᠎ᠢ ᠬᠢᠵᠦ ᠪᠣᠯᠤᠨ᠎ᠠ᠃
ᠳᠥᠷᠪᠡ᠂ ᠳᠣᠭᠢᠷᠠᠭᠤᠯᠤᠨ ᠬᠦᠷᠭᠡᠬᠦ ᠣᠷᠣᠨ ᠪᠦᠰᠡ ᠵᠢ ᠨᠡᠭᠡᠭᠡᠭᠰᠡᠨ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠨᠢ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠲᠠᠢ ᠬᠠᠷᠢᠯᠴᠠᠵᠤ ᠰᠢᠰᠲ᠋ᠧᠮ᠎ᠤᠨ ᠳᠣᠲᠣᠷ᠎ᠠ ᠳᠣᠭᠢᠷᠠᠭᠤᠯᠤᠨ ᠬᠦᠷᠭᠡᠬᠦ ᠬᠠᠷᠢᠴᠠᠭ᠎ᠠ ᠪᠠᠢ᠌ᠭᠤᠯᠬᠤ ᠵᠢᠨ ᠬᠠᠮᠲᠤ᠂ ᠮᠠᠨ᠎ᠤ ᠲᠣᠪᠴᠢᠶ᠎ᠠ᠎ᠳᠤ ᠳᠣᠭᠢᠷᠠᠭᠤᠯᠤᠨ ᠬᠦᠷᠭᠡᠬᠦ ᠬᠡᠯᠡᠯᠴᠡᠭᠡᠷ᠎ᠢ ᠲᠤᠰᠢᠶᠠᠵᠤ᠂ ᠨᠤᠲᠠᠯᠠᠭᠰᠠᠨ᠎ᠤ ᠳᠠᠷᠠᠭ᠎ᠠ ᠰᠠᠶᠢ ᠳᠣᠭᠢᠷᠠᠭᠤᠯᠤᠨ ᠬᠦᠷᠭᠡᠬᠦ ᠠᠵᠢᠯ᠎ᠢ ᠬᠢᠵᠦ ᠪᠣᠯᠤᠨ᠎ᠠ᠃
ᠲᠠᠪᠤ᠂ ᠲᠣᠬᠢᠷᠠᠭᠤᠯᠤᠨ ᠬᠦᠷᠭᠡᠬᠦ ᠬᠡᠯᠡᠯᠴᠡᠭᠡᠷ ᠵᠶ᠋ᠡᠨ PDF ᠬᠡᠯᠪᠡᠷᠢ᠎ᠪᠠᠷ ᠢᠮᠸᠯ1160896528@qq. com᠎ᠳᠤ ᠢᠯᠡᠭᠡᠭᠡᠷᠡᠢ᠃
ᠮᠠᠨᠵᠤᠤᠷ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
2023 ᠣᠨ᠎ᠤ 6 ᠳ᠋ᠤᠭ᠋ᠠᠷ ᠰᠠᠷ᠎ᠠ ᠵᠢᠨ5᠎ᠤ ᠡᠳᠦᠷ