ᠡᠯ᠎ᠡ ᠬᠤᠯᠪᠣᠭ᠋ᠠᠨ᠎ᠤ ᠪᠦᠷᠢᠯᠳᠦᠬᠦᠨ ᠨᠢᠭᠡᠴᠢ᠄
ᠱᠠᠨ ᠰᠢ ᠮᠤᠵᠢ᠂ ᠯᠢᠶᠣᠤᠨᠢᠩ ᠮᠤᠵᠢ᠂ ᠭᠢᠷᠢᠨ ᠮᠤᠵᠢ᠂ ᠬᠠᠷᠠᠮᠥ᠋ᠷᠡᠨ ᠮᠤᠵᠢ᠂ ᠵᠢᠶᠠᠩᠰᠢ ᠮᠤᠵᠢ᠂ ᠬᠠᠶ᠋ᠢᠨᠠᠨ ᠮᠤᠵᠢ᠂ ᠭᠦᠢ᠍ᠵᠸᠦ ᠮᠤᠵᠢ᠂ ᠲᠥᠪᠡᠳ᠎ᠤᠨ ᠥᠪᠡᠷᠲᠡᠭᠡᠨ ᠵᠠᠰᠠᠬᠤ ᠣᠷᠣᠨ᠂ ᠱᠠᠨᠰᠢ ᠮᠤᠵᠢ᠂ ᠭᠠᠨᠰᠦ ᠮᠤᠵᠢ᠂ ᠬᠥᠬᠡᠨᠠᠭᠤᠷ ᠮᠤᠵᠢ᠂ ᠨᠢᠩᠰᠢᠶᠠ ᠵᠢᠨ ᠬᠤᠲᠣᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠂ ᠰᠢᠨᠵᠢᠶᠠᠩ᠎ᠤᠨ ᠤᠶ᠋ᠢᠭᠤᠷ ᠦᠨᠳᠦᠰᠦᠳᠡᠨ᠎ᠤ ᠥᠪᠡᠷᠲᠡᠭᠡᠨ ᠵᠠᠰᠠᠬᠤ ᠣᠷᠣᠨ᠂ ᠰᠢᠨᠵᠢᠶᠠᠩ᠎ᠤᠨ ᠦᠢ᠍ᠯᠡᠳᠪᠦᠷᠢᠯᠡᠯ ᠪᠥᠲᠥᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ ᠵᠢᠨ ᠨᠠᠶ᠋ᠢᠳᠠᠯᠭ᠎ᠠ᠎ᠪᠠᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ ᠵᠢᠨ ᠴᠢᠰᠤ ᠵᠣᠭᠰᠣᠭ᠋ᠠᠬᠤ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ᠎ᠢ ᠵᠣᠬᠢᠶᠠᠨ ᠪᠠᠶ᠋ᠢᠭᠤᠯᠵᠤ ᠦᠷᠨᠢᠬᠦᠯᠦᠨ᠂ ᠡᠳᠦᠭᠡ ᠬᠤᠯᠪᠣᠭ᠋ᠠᠨ᠎ᠤ ᠭᠠᠵᠠᠷ ᠣᠷᠣᠨ᠎ᠤ ᠡᠮᠴᠢᠯᠡᠭᠡ ᠵᠢᠨ ᠪᠠᠲᠤᠯᠠᠭ᠎ᠠ ᠵᠢᠨ ᠰᠠᠯᠠᠭ᠎ᠠ ᠮᠥᠴᠢᠷ ᠲᠣᠰ ᠭᠠᠵᠠᠷ ᠣᠷᠣᠨ᠎ᠤ ᠡᠮᠴᠢᠯᠡᠭᠡᠨ᠎ᠤ ᠪᠠᠶ᠋ᠢᠭᠤᠯᠤᠮᠵᠢ ᠵᠢ ᠬᠠᠮᠵᠢᠨ ᠵᠣᠬᠢᠶᠠᠨ ᠪᠠᠶ᠋ᠢᠭᠤᠯᠵᠤ ᠴᠢᠰᠤ ᠵᠣᠭᠰᠣᠭ᠋ᠠᠬᠤ ᠮᠠᠲ᠋ᠧᠷᠢᠶᠠᠯ᠎ᠢ ᠬᠤᠳᠠᠯᠳᠤᠨ ᠠᠪᠬᠤ ᠲᠡᠦᠬᠡᠲᠦ ᠲᠤᠭ᠎ᠠ ᠪᠠᠷᠢᠮᠲᠠ ᠪᠠ ᠬᠤᠳᠠᠯᠳᠤᠨ ᠠᠪᠬᠤ ᠬᠡᠷᠡᠭᠴᠡᠭᠡᠨ᠎ᠤ ᠬᠡᠮᠵᠢᠶ᠎ᠡ ᠵᠢ ᠲᠠᠭᠯᠠᠨ ᠮᠡᠳᠡᠭᠦᠯᠬᠦ ᠠᠵᠢᠯ᠎ᠢ ᠥᠷᠨᠢᠭᠦᠯᠵᠦ ᠪᠠᠶ᠋ᠢᠨ᠎ᠠ᠂ ᠪᠣᠳᠠᠲᠠᠶ ᠵᠦᠢ᠍ᠯᠡᠰ᠎ᠢ ᠳᠣᠤᠷᠠᠬᠢ ᠮᠡᠲᠦ ᠮᠡᠳᠡᠭᠳᠡᠶ᠎ᠡ᠄
ᠨᠢᠭᠡ᠂ ᠲᠤᠭ᠎ᠠ ᠪᠠᠷᠢᠮᠲᠠ ᠵᠢ ᠲᠠᠭᠯᠠᠨ ᠮᠡᠳᠡᠭᠦᠯᠬᠦ ᠬᠡᠪᠴᠢᠶ᠎ᠡ
ᠴᠢᠰᠤ ᠵᠣᠭᠰᠣᠭ᠋ᠠᠬᠤ ᠮᠠᠲ᠋ᠧᠷᠢᠶᠠᠯ (ᠡᠭᠦᠨ᠎ᠳᠤ ᠤᠯᠤᠰ᠎ᠤᠨ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ ᠵᠢᠨ ᠡᠮ ᠡᠮᠨᠡᠯᠭᠡ ᠵᠢᠨ ᠳᠠᠭ᠋ᠠᠳᠬᠠᠯ᠎ᠤᠨ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠤᠨ ᠲᠥᠷᠥᠯ ᠠᠩᠭᠢᠯᠠᠯ ᠬᠢᠭᠡᠳ ᠣᠷᠣᠯᠠᠬᠤ ᠨᠣᠮᠧᠷ᠎ᠨᠢ C1501᠂ C140805᠎ᠪᠠᠷ ᠡᠬᠢᠯᠡᠬᠦ ᠦᠢ᠍ᠯᠡᠳᠬᠦᠨ ᠪᠠᠭᠲᠠᠨ᠎ᠠ)
ᠬᠤᠶᠠᠷ᠂ ᠲᠤᠭ᠎ᠠ ᠪᠠᠷᠢᠮᠲᠠ ᠵᠢ ᠲᠠᠭᠯᠠᠨ ᠮᠡᠳᠡᠭᠦᠯᠬᠦ᠎ᠳᠤ ᠣᠷᠣᠯᠴᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠬᠡᠪᠴᠢᠶ᠎ᠡ
ᠬᠤᠯᠪᠣᠭ᠎ᠠ ᠣᠷᠣᠨ᠎ᠳᠤ ᠴᠢᠰᠤ ᠵᠣᠭᠰᠣᠭ᠋ᠠᠬᠤ ᠮᠠᠲ᠋ᠧᠷᠢᠶᠠᠯ᠎ᠢ ᠬᠤᠳᠠᠯᠳᠤᠨ ᠠᠪᠬᠤ ᠪᠠ ᠬᠡᠷᠡᠭᠯᠡᠬᠦ ᠠᠯᠪᠠᠨ᠎ᠠᠴᠠ ᠪᠠᠶ᠋ᠢᠭᠤᠯᠤᠭᠰᠠᠨ ᠪᠠᠢ᠌ᠭᠤᠯᠤᠮᠵᠢ (ᠴᠡᠷᠢᠭ ᠠᠩᠭᠢ ᠵᠢᠨ ᠡᠮᠴᠢᠯᠡᠭᠡᠨ᠎ᠤ ᠪᠠᠶ᠋ᠢᠭᠤᠯᠤᠮᠵᠢ ᠪᠠᠭᠲᠠᠨ᠎ᠠ᠂ ᠳᠣᠷᠣᠭᠰᠢ ᠠᠳᠠᠯᠢ) ᠬᠤᠳᠠᠯᠳᠤᠨ ᠠᠪᠬᠤ ᠬᠤᠯᠪᠣᠭ᠎ᠠ ᠪᠠᠶ᠋ᠢᠭᠤᠯᠵᠤ᠂ ᠡᠯ᠎ᠡ ᠭᠠᠵᠠᠷ᠎ᠤᠨ ᠬᠤᠳᠠᠯᠳᠤᠨ ᠠᠪᠬᠤ ᠭᠤᠤᠯ ᠴᠣᠭᠴᠠ ᠪᠣᠯᠤᠭᠰᠠᠨ᠎ᠤ ᠬᠤᠪᠢ᠎ᠳᠤ ᠲᠣᠰ ᠤᠳᠠᠭ᠎ᠠ ᠬᠡᠮᠵᠢᠶ᠎ᠡ᠎ᠲᠠᠢ ᠲᠦᠪᠯᠡᠷᠡᠭᠦᠯᠦᠨ ᠬᠤᠳᠠᠯᠳᠤᠨ ᠠᠪᠴᠤ᠂ ᠲᠣᠰ ᠤᠳᠠᠭ᠋ᠠᠨ᠎ᠤ ᠲᠠᠭᠯᠠᠨ ᠮᠡᠳᠡᠭᠦᠯᠬᠦ ᠠᠵᠢᠯ᠎ᠳᠤ ᠣᠷᠣᠯᠴᠠᠨ᠎ᠠ᠃ ᠪᠤᠰᠤᠳ ᠡᠮᠴᠢᠯᠡᠭᠡᠨ᠎ᠤ ᠪᠠᠶ᠋ᠢᠭᠤᠯᠤᠮᠵᠢ᠎ᠨᠢ ᠪᠠᠶ᠋ᠢᠭ᠎ᠠ ᠭᠠᠵᠠᠷ᠎ᠤᠨ ᠵᠶ᠋ᠠᠨ ᠬᠤᠯᠪᠣᠭ᠋ᠠᠯᠠᠭᠰᠠᠨ ᠭᠠᠵᠠᠷ ᠣᠷᠣᠨ᠎ᠤ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠣᠷᠣᠯᠴᠠᠨ᠎ᠠ᠃
ᠭᠤᠷᠪᠠ᠂ ᠲᠠᠭᠯᠠᠨ ᠮᠡᠳᠡᠭᠦᠯᠬᠦ ᠠᠭᠤᠯᠭ᠎ᠠ
(ᠨᠢᠭᠡ) ᠡᠮ ᠡᠮᠴᠢᠯᠡᠭᠡ ᠵᠢᠨ ᠪᠠᠶ᠋ᠢᠭᠤᠯᠤᠮᠵᠢ ᠵᠢᠨ ᠬᠤᠳᠠᠯᠳᠤᠨ ᠠᠪᠤᠭᠰᠠᠨ ᠲᠡᠦᠬᠡᠲᠦ ᠲᠤᠭ᠎ᠠ ᠪᠠᠷᠢᠮᠲᠠ
ᠡᠯ᠎ᠡ ᠡᠮᠴᠢᠯᠡᠭᠡᠨ᠎ᠤ ᠪᠠᠶ᠋ᠢᠭᠤᠯᠤᠮᠵᠢ᠎ᠨᠤᠭᠤᠳ ᠲᠣᠰ ᠨᠢᠭᠡᠴᠢ ᠵᠢᠨ ᠵᠶ᠋ᠠᠨ 2022 ᠣᠨ᠎ᠤ ᠴᠢᠰᠤ ᠵᠣᠭᠰᠣᠭ᠋ᠠᠬᠤ ᠮᠠᠲ᠋ᠧᠷᠢᠶᠠᠯ᠎ᠢ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ᠂ ᠬᠤᠳᠠᠯᠳᠤᠨ ᠠᠪᠤᠭᠰᠠᠨ ᠲᠡᠦᠬᠡ ᠵᠢᠨ ᠬᠠᠮᠤᠭ᠎ᠤᠨ ᠳᠣᠤᠷ᠎ᠠ ᠦᠨ᠎ᠡ ᠵᠡᠷᠭᠡ ᠬᠤᠳᠠᠯᠳᠤᠨ ᠠᠪᠤᠭᠰᠠᠨ ᠬᠠᠮᠢᠶ᠎ᠠ ᠪᠦᠬᠦᠢ ᠲᠡᠦᠬᠡᠲᠦ ᠲᠤᠭ᠎ᠠ ᠪᠠᠷᠢᠮᠲᠠ ᠵᠢ ᠲᠠᠭᠯᠠᠨ ᠮᠡᠳᠡᠭᠦᠯᠦᠨ᠎ᠡ᠃ ᠪᠣᠢ ᠪᠦᠬᠦᠢ ᠳᠠᠩᠰᠠᠯᠠᠭᠤᠯᠤᠭᠰᠠᠨ ᠦᠨᠡᠮᠯᠡᠯ᠎ᠤᠨ ᠳᠣᠲᠣᠷᠠᠬᠢ ᠦᠢ᠍ᠯᠡᠳᠬᠦᠨ᠎ᠤ ᠲᠣᠭ᠎ᠠ᠎ᠨᠢ ᠪᠣᠳᠠᠲᠠᠶ ᠬᠡᠪ ᠪᠠᠷᠢᠮᠵᠢᠶ᠎ᠠ ᠬᠡᠯᠪᠡᠷᠢ ᠮᠠᠶᠢᠭᠲᠠᠢ ᠵᠣᠬᠢᠴᠠᠯᠳᠤᠵᠤ᠂ ᠬᠡᠪ ᠪᠠᠷᠢᠮᠵᠢᠶ᠎ᠠ ᠬᠡᠯᠪᠡᠷᠢ ᠮᠠᠶᠢᠭ᠎ᠨᠢ ᠨᠢᠭᠡ ᠴᠤ᠌ ᠬᠤᠳᠠᠯᠳᠤᠨ ᠠᠪᠬᠤ ᠨᠢᠭᠡᠴᠢ ᠦᠨᠡᠨ᠎ᠢ ᠣᠨᠳᠤᠤ ᠪᠠᠢ᠌ᠪᠠᠯ᠂ ᠬᠠᠮᠤᠭ᠎ᠤᠨ ᠳᠣᠤᠷ᠎ᠠ ᠦᠨ᠎ᠡ ᠵᠢ ᠲᠠᠭᠯᠠᠨ ᠪᠢᠴᠢᠬᠦ ᠬᠡᠷᠡᠭᠲᠡᠶ᠃ (ᠨᠢᠬᠡᠴᠢ᠎ᠨᠢ ᠬᠠᠮᠤᠭ᠎ᠤᠨ ᠪᠠᠭ᠎ᠠ ᠬᠡᠷᠡᠭᠯᠡᠯᠳᠡ ᠵᠢᠨ ᠨᠢᠬᠡᠴᠢ᠄ ᠢᠯᠳᠠᠰᠦ᠂ ᠲᠤᠯᠴᠠ᠂ ᠬᠠᠶ᠋ᠢᠷᠴᠠᠭ᠂ ᠤᠭᠤᠲᠠ ᠵᠡᠷᠬᠡ ᠨᠢᠬᠡᠴᠢ)
(ᠬᠤᠶᠠᠷ) ᠡᠮ ᠡᠮᠴᠢᠯᠡᠭᠡᠨ᠎ᠤ ᠪᠠᠶ᠋ᠢᠭᠤᠯᠤᠮᠵᠢ ᠵᠢᠨ ᠬᠡᠷᠡᠭᠴᠡᠭᠡ ᠱᠠᠭ᠋ᠠᠷᠳᠠᠯᠭ᠎ᠠ᠎ᠪᠠᠷ ᠬᠤᠳᠠᠯᠳᠤᠨ ᠠᠪᠬᠤ ᠲᠤᠭ᠎ᠠ ᠪᠠᠷᠢᠮᠲᠠ
ᠡᠯ᠎ᠡ ᠡᠮᠴᠢᠯᠡᠭᠡᠨ᠎ᠤ ᠪᠠᠶ᠋ᠢᠭᠤᠯᠤᠮᠵᠢ᠎ᠨᠢ ᠲᠣᠰ ᠨᠢᠭᠡᠴᠢ ᠵᠢᠨ ᠵᠶ᠋ᠠᠨ 2023 ᠣᠨ᠎ᠤ 6 ᠳ᠋ᠤᠭ᠋ᠠᠷ ᠰᠠᠷ᠎ᠠ - 2024 ᠣᠨ᠎ᠤ 5 ᠳ᠋ᠤᠭ᠋ᠠᠷ ᠰᠠᠷ᠎ᠠ ᠵᠢᠨ ᠴᠢᠰᠤ ᠵᠣᠭᠰᠣᠭ᠋ᠠᠬᠤ ᠮᠠᠲ᠋ᠧᠷᠢᠶᠠᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠬᠤᠳᠠᠯᠳᠤᠨ ᠠᠪᠬᠤ ᠲᠤᠭ᠎ᠠ ᠬᠡᠮᠵᠢᠶ᠎ᠡ ᠵᠢ ᠲᠠᠭᠯᠠᠨ ᠮᠡᠳᠡᠭᠦᠯᠵᠦ᠂ ᠳᠠᠩᠰᠠᠯᠠᠭᠤᠯᠤᠭᠰᠠᠨ ᠦᠨᠡᠮᠯᠡᠯ᠎ᠤᠨ ᠳᠣᠲᠣᠷᠠᠬᠢ ᠪᠣᠶ ᠪᠥᠬᠦᠶ ᠦᠢ᠍ᠯᠡᠳᠭᠦᠨ᠎ᠤ ᠲᠤᠭ᠎ᠠ ᠬᠡᠮᠵᠢᠶ᠎ᠡ ᠵᠢ ᠪᠣᠳᠠᠲᠠᠶ ᠬᠡᠪ ᠪᠠᠷᠢᠮᠵᠢᠶ᠎ᠠ ᠵᠢᠨ ᠬᠡᠯᠪᠡᠷᠢ ᠮᠠᠶᠢᠭ᠎ᠲᠤ ᠵᠣᠬᠢᠴᠠᠭᠤᠯᠤᠨ᠎ᠠ᠃ (ᠨᠢᠬᠡᠴᠢ᠎ᠨᠢ ᠬᠠᠮᠤᠭ᠎ᠤᠨ ᠪᠠᠭ᠎ᠠ ᠬᠡᠷᠡᠭᠯᠡᠯᠳᠡ ᠵᠢᠨ ᠨᠢᠬᠡᠴᠢ᠄ ᠢᠯᠳᠠᠰᠦ᠂ ᠲᠤᠯᠴᠠ᠂ ᠬᠠᠶ᠋ᠢᠷᠴᠠᠭ᠂ ᠤᠭᠤᠲᠠ ᠵᠡᠷᠬᠡ ᠨᠢᠬᠡᠴᠢ)
(ᠭᠤᠷᠪᠠ) ᠰᠢᠰᠲ᠋ᠧᠮ᠎ᠤᠨ ᠳᠤᠲᠠᠮᠠᠭ ᠦᠢ᠍ᠯᠡᠳᠬᠦᠨ᠎ᠢ ᠨᠡᠮᠡᠨ ᠨᠥᠬᠥᠬᠦ ᠲᠣᠭ᠎ᠠ ᠪᠠᠷᠢᠮᠲᠠ
ᠡᠯ᠎ᠡ ᠡᠮᠴᠢᠯᠡᠭᠡᠨ᠎ᠤ ᠪᠠᠶ᠋ᠢᠭᠤᠯᠤᠮᠵᠢ᠎ᠨᠢ ᠬᠤᠳᠠᠯᠳᠤᠨ ᠠᠪᠤᠭᠰᠠᠨ ᠲᠡᠦᠬᠡᠲᠦ ᠲᠤᠭ᠎ᠠ ᠪᠠᠷᠢᠮᠲᠠ ᠪᠠ ᠬᠡᠷᠡᠭᠴᠡᠭᠡ ᠱᠠᠭ᠋ᠠᠷᠳᠠᠯᠭ᠎ᠠ ᠵᠢᠨ ᠬᠤᠳᠠᠯᠳᠤᠨ ᠠᠪᠬᠤ ᠲᠤᠭ᠎ᠠ ᠪᠠᠷᠢᠮᠲᠠ ᠵᠢ ᠲᠠᠭᠯᠠᠨ ᠮᠡᠳᠡᠭᠦᠯᠬᠦ ᠶᠠᠪᠤᠴᠠ᠎ᠳᠤ᠂ ᠬᠡᠷᠪᠡ ᠲᠠᠭᠯᠠᠨ ᠮᠡᠳᠡᠭᠦᠯᠬᠦ ᠬᠡᠪᠴᠢᠶᠡᠨ ᠳᠣᠲᠣᠷᠠᠬᠢ ᠦᠢ᠍ᠯᠡᠳᠬᠦᠨ᠎ᠤ ᠮᠡᠳᠡᠭᠡ ᠵᠠᠩᠭᠢ᠎ᠨᠢ ᠪᠤᠷᠤᠭᠤ᠎ᠲᠠᠢ᠂ ᠦᠢ᠍ᠯᠡᠳᠬᠦᠨ᠎ᠤ ᠮᠡᠳᠡᠭᠡ ᠵᠠᠩᠭᠢ᠎ᠨᠢ ᠳᠤᠲᠠᠭᠳᠠᠭᠰᠠᠨ᠎ᠢ ᠣᠯᠵᠤ ᠮᠡᠳᠡᠪᠡᠯ᠂ ᠴᠠᠭ ᠲᠤᠬᠠᠶ᠎ᠳᠤᠨᠢ ᠬᠠᠮᠢᠶ᠎ᠠ ᠪᠥᠬᠦᠶ ᠠᠵᠤ ᠠᠬᠤᠶ᠋ᠢᠯᠠᠯ᠎ᠳᠤ ᠮᠡᠳᠡᠭᠳᠡᠵᠦ ᠵᠠᠰᠠᠪᠤᠷᠢ ᠣᠷᠣᠭᠤᠯᠵᠤ᠂ ᠨᠡᠮᠡᠵᠦ ᠨᠦᠬᠦᠪᠦᠷᠢᠯᠡᠬᠦᠯᠦᠨᠡ᠃ ᠠᠵᠤ ᠠᠬᠤᠶ᠋ᠢᠯᠠᠯ᠎ᠨᠢ ᠬᠠᠮᠢᠶ᠎ᠠ ᠪᠥᠬᠦᠶ ᠦᠢ᠍ᠯᠡᠳᠬᠦᠨ᠎ᠤ ᠨᠠᠷᠢᠨ ᠮᠡᠳᠡᠭᠡ ᠵᠠᠩᠭᠢ ᠵᠢ ᠪᠠᠭᠲᠠᠭ᠋ᠠᠭᠰᠠᠨ ᠪᠣᠯᠪᠠᠴᠤ ᠠᠮᠠᠯᠠᠯᠲᠠ ᠵᠢᠨ ᠪᠢᠴᠢᠭ᠂ ᠡᠷᠬᠡ ᠣᠯᠭᠤᠬᠤ ᠪᠢᠴᠢᠭ᠂ ᠰᠢᠰᠲ᠋ᠧᠮ᠎ᠤᠨ ᠳᠤᠲᠠᠭᠳᠠᠵᠤ ᠪᠠᠶ᠋ᠢᠭ᠎ᠠ ᠦᠢ᠍ᠯᠡᠳᠬᠦᠨ᠎ᠤ ᠨᠥᠬᠦᠪᠦᠷᠢᠯᠡᠬᠦ ᠬᠦᠰᠦᠨᠦᠭᠲᠦ᠂ ᠳᠠᠩᠰᠠᠯᠠᠭᠤᠯᠤᠭᠰᠠᠨ ᠦᠨᠡᠮᠯᠡᠯ ᠵᠢᠴᠢ ᠳᠠᠭ᠋ᠠᠯᠲᠠ ᠬᠠᠭᠤᠳᠠᠰᠤ᠂ ᠦᠢ᠍ᠯᠡᠳᠬᠦᠨ᠎ᠤ ᠲᠣᠳᠣᠷᠬᠠᠶ᠋ᠢᠯᠠᠯᠲᠠ ᠵᠢᠨ ᠪᠢᠴᠢᠭ᠂ ᠦᠢ᠍ᠯᠡᠳᠬᠦᠨ᠎ᠤ ᠪᠣᠳᠠᠲᠤ ᠪᠣᠳᠠᠰ᠎ᠤᠨ ᠬᠡᠷᠡᠯ ᠵᠢᠷᠤᠭ ᠵᠡᠷᠭᠡ ᠮᠠᠲ᠋ᠧᠷᠢᠶᠠᠯ (ᠳᠠᠭ᠋ᠠᠯᠳᠤᠭᠤᠯᠤᠯ᠎ᠳᠤ ᠦᠵᠡ)᠎ᠲᠤ ᠬᠢᠵᠠᠭ᠋ᠠᠷᠯᠠᠭᠳᠠᠬᠤ ᠥᠬᠡᠶ᠂ ᠳᠡᠪᠲᠡᠷᠯᠡᠭᠰᠡᠨ᠎ᠤ ᠳᠠᠷᠠᠭ᠎ᠠ ᠲᠤᠬᠠᠶ ᠵᠢᠨ ᠲᠠᠯᠠᠪᠤᠷ᠎ᠲᠤ ᠲᠤᠰᠢᠶᠠᠵᠤ ᠥᠭᠭᠦᠨ᠎ᠡ᠂ ᠬᠤᠭᠤᠴᠠᠭ᠎ᠠ᠎ᠨᠢ ᠥᠩᠭᠡᠷᠡᠪᠡᠯ ᠭᠥᠯᠢᠶᠡᠨ ᠠᠪᠴᠤ ᠰᠢᠢ᠍ᠳᠪᠦᠷᠢᠯᠡᠬᠦ ᠥᠬᠡᠶ᠃ ᠲᠤᠰᠢᠶᠠᠬᠤ ᠴᠠᠭ᠄ 2023 ᠣᠨ᠎ᠤ 6 ᠳ᠋ᠤᠭ᠋ᠠᠷ ᠰᠠᠷ᠎ᠠ ᠵᠢᠨ 8᠎ᠤ ᠡᠳᠦᠷ᠎ᠤᠨ 9᠄ 00 - 14᠎ᠤ ᠡᠳᠦᠷ᠎ᠤᠨ 12᠄ 00᠂ ᠲᠤᠰᠢᠶᠠᠬᠤ ᠭᠠᠵᠠᠷ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ ᠵᠢᠨ ᠤᠯᠠᠭ᠋ᠠᠨᠴᠠᠪ ᠪᠠᠷᠠᠭᠤᠨ ᠵᠡᠭᠡᠯᠢ ᠵᠢᠨ 19 ᠳ᠋ᠦ᠍ᠭᠡᠷ ᠨᠤᠮᠸᠷᠳᠦ᠂ ᠥᠪᠥᠷ ᠮᠣᠩᠭᠤᠯ᠎ᠤᠨ ᠡᠮ ᠡᠮᠨᠡᠯᠭᠡ ᠵᠢᠨ ᠬᠤᠳᠠᠯᠳᠤᠨ ᠠᠪᠬᠤ ᠲᠥᠪ᠃
ᠳᠥᠷᠪᠡ᠂ ᠲᠠᠭᠯᠠᠨ ᠮᠡᠳᠡᠭᠦᠯᠬᠦ ᠶᠠᠪᠤᠴᠠ
(ᠨᠢᠭᠡ) ᠳᠠᠩᠰᠠᠨ ᠨᠣᠮᠧᠷ ᠨᠡᠭᠡᠭᠡᠬᠦ ᠪᠠ ᠲᠠᠷᠬᠠᠭ᠋ᠠᠬᠤ
ᠬᠠᠮᠢᠶ᠎ᠠ ᠪᠥᠬᠦᠶ ᠨᠢᠭᠡᠴᠢ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠡᠯᠰᠡᠨ ᠴᠤᠭᠯᠠᠭᠤᠯᠬᠤ ᠬᠠᠮᠢᠶᠠᠷᠤᠯᠲᠠ ᠵᠢᠨ ᠬᠤᠪᠢᠶᠠᠷᠢ ᠰᠢᠰᠲ᠋ᠧᠮ (ᠳᠣᠷᠣᠭᠰᠢ 《ᠰᠢᠰᠲ᠋ᠧᠮ》 ᠭᠡᠵᠦ ᠲᠣᠪᠴᠢᠯᠠᠨ᠎ᠠ᠄ http://www.nmgyxcg.cn᠄ 9111 /) ᠵᠶ᠋ᠠᠷ ᠠᠵᠢᠯ᠎ᠢ ᠥᠷᠨᠢᠭᠦᠯᠦᠨ᠎ᠡ᠃ ᠡᠯ᠎ᠡ ᠬᠣᠯᠪᠤᠭ᠋ᠠᠯᠠᠭᠰᠠᠨ ᠠᠶ᠋ᠢᠮᠠᠭ ᠮᠤᠵᠢ ᠬᠤᠲᠠ ᠬᠤᠶᠠᠷ ᠱᠠᠲᠤᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠰᠠᠯᠠᠭ᠎ᠠ ᠮᠥᠴᠢᠷ᠎ᠤᠨ ᠳᠠᠩᠰᠠᠯᠠᠬᠤ ᠰᠢᠰᠲ᠋ᠧᠮ᠎ᠤᠨ ᠲᠠᠩᠰᠠᠨ ᠨᠣᠮᠧᠷ ᠪᠠ ᠠᠩᠬᠠᠨ᠎ᠤ ᠨᠢᠭᠤᠴᠠ ᠨᠣᠮᠧᠷ᠎ᠢ ᠮᠤᠵᠢ ᠵᠢᠨ ᠬᠤᠭᠤᠷᠣᠨᠳᠣᠬᠢ ᠬᠤᠯᠪᠣᠭ᠋ᠠᠨ᠎ᠤ ᠬᠤᠳᠠᠯᠳᠤᠨ ᠠᠪᠬᠤ ᠠᠯᠪᠠᠨ ᠬᠡᠷ᠎ᠠᠴᠠ ᠬᠠᠷᠢᠭᠤᠴᠠᠨ ᠲᠠᠷᠬᠠᠭ᠋ᠠᠨ᠎ᠠ᠃ ᠡᠯ᠎ᠡ ᠬᠤᠯᠪᠣᠭ᠋ᠠᠨ᠎ᠤ ᠭᠠᠵᠠᠷ ᠣᠷᠣᠨ᠎ᠤ ᠮᠤᠵᠢ ᠵᠢᠨ ᠱᠠᠲᠤᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠰᠠᠯᠠᠭ᠎ᠠ ᠮᠥᠴᠢᠷ ᠰᠢᠰᠲ᠋ᠧᠮ᠎ᠳᠤ ᠲᠡᠮᠳᠡᠭᠯᠡᠭᠰᠡᠨ᠎ᠤ ᠳᠠᠷᠠᠭ᠎ᠠ᠂ 《ᠬᠡᠷᠡᠭᠯᠡᠭᠴᠢ ᠵᠢᠨ ᠬᠠᠮᠢᠶᠠᠷᠤᠯᠲᠠ》 - 《ᠡᠮ ᠡᠮᠴᠢᠯᠡᠭᠡᠨ᠎ᠤ ᠪᠠᠶ᠋ᠢᠭᠤᠯᠤᠮᠵᠢ ᠵᠢᠨ ᠬᠠᠮᠢᠶᠠᠷᠤᠯᠲᠠ》 ᠵᠢᠨ ᠬᠡᠰᠡᠭ᠎ᠲᠤ ᠡᠮᠴᠢᠯᠡᠭᠡᠨ᠎ᠤ ᠪᠠᠶ᠋ᠢᠭᠤᠯᠤᠮᠵᠢ ᠵᠢᠨ ᠲᠠᠩᠰᠠᠨ ᠨᠣᠮᠧᠷ᠎ᠤᠨ ᠮᠡᠳᠡᠭᠡ ᠵᠠᠩᠭᠢ ᠵᠢ ᠬᠥᠲᠥᠯᠦᠨ ᠭᠠᠷᠭ᠋ᠠᠨ᠎ᠠ᠂ ᠬᠡᠷᠪᠡ ᠡᠮᠴᠢᠯᠡᠭᠡᠨ᠎ᠤ ᠪᠠᠶ᠋ᠢᠭᠤᠯᠤᠮᠵᠢ ᠵᠢᠨ ᠲᠠᠩᠰᠠᠨ ᠨᠣᠮᠧᠷ᠎ᠢ ᠰᠢᠨ᠎ᠡ᠎ᠪᠠᠷ ᠨᠡᠮᠡᠭᠳᠡᠭᠦᠯᠬᠦ ᠴᠢᠬᠤᠯᠠᠲᠠᠶ ᠪᠣᠯ ᠬᠠᠷᠢᠶᠠᠲᠤ ᠣᠷᠣᠨ᠎ᠤ ᠡᠮᠴᠢᠯᠡᠭᠡᠨ᠎ᠤ ᠪᠠᠶ᠋ᠢᠭᠤᠯᠤᠮᠵᠢ ᠵᠢᠨ ᠮᠡᠳᠡᠭᠡ ᠵᠠᠩᠭᠢ ᠵᠢ ᠣᠷᠣᠭᠤᠯᠬᠤ ᠪᠤᠶᠤ 《ᠲᠠᠩᠰᠠᠨ ᠨᠣᠮᠧᠷ᠎ᠢ ᠰᠢᠨ᠎ᠡ᠎ᠪᠠᠷ ᠨᠡᠮᠡᠭᠳᠡᠭᠦᠯᠬᠦ》 ᠵᠢ ᠳᠣᠲᠣᠯᠠᠵᠤ ᠠᠵᠢᠯᠯᠠᠭᠤᠯᠬᠤ ᠵᠢᠨ ᠬᠠᠮᠲᠤ ᠬᠠᠷᠢᠶᠠᠲᠤ ᠣᠷᠣᠨ᠎ᠤ ᠡᠮᠴᠢᠯᠡᠭᠡᠨ᠎ᠤ ᠪᠠᠶ᠋ᠢᠭᠤᠯᠤᠮᠵᠢ᠎ᠳᠤ ᠴᠠᠭ ᠲᠤᠬᠠᠶ᠎ᠳᠤᠨᠢ ᠨᠢᠭᠤᠴᠠ ᠨᠣᠮᠧᠷ᠎ᠢ ᠳᠠᠬᠢᠨ ᠲᠣᠬᠢᠷᠠᠭᠤᠯᠬᠤ ᠵᠢ ᠰᠠᠨᠠᠭᠤᠯᠵᠤ ᠪᠣᠯᠤᠨ᠎ᠠ᠃
(ᠬᠤᠶᠠᠷ) ᠡᠮᠴᠢᠯᠡᠭᠡᠨ᠎ᠤ ᠪᠠᠶ᠋ᠢᠭᠤᠯᠤᠮᠵᠢ ᠵᠢᠨ ᠲᠤᠭ᠎ᠠ ᠪᠠᠷᠢᠮᠲᠠ ᠵᠢ ᠲᠠᠭᠯᠠᠨ ᠮᠡᠳᠡᠭᠦᠯᠬᠦ
ᠡᠯ᠎ᠡ ᠬᠠᠮᠢᠶ᠎ᠠ ᠪᠥᠬᠦᠶ ᠡᠮᠴᠢᠯᠡᠭᠡᠨ᠎ᠤ ᠪᠠᠶ᠋ᠢᠭᠤᠯᠤᠮᠵᠢ 6 ᠳ᠋ᠤᠭ᠋ᠠᠷ ᠰᠠᠷ᠎ᠠ ᠵᠢᠨ 16᠎ᠤ ᠡᠳᠦᠷ᠎ᠠᠴᠠ ᠡᠮᠦᠨ᠎ᠡ ᠰᠢᠰᠲ᠋ᠧᠮ᠎ᠤᠨ 《ᠳᠡᠭᠡᠭᠰᠢ ᠮᠡᠳᠡᠭᠦᠯᠵᠦ ᠬᠠᠮᠢᠶᠠᠷᠬᠤ》 ᠬᠡᠰᠡᠭ᠎ᠢ ᠳᠡᠩᠰᠡᠯᠡᠵᠦ᠂ ᠬᠤᠳᠠᠯᠳᠤᠨ ᠠᠪᠤᠭᠰᠠᠨ ᠲᠡᠦᠬᠡᠲᠦ ᠲᠤᠭ᠎ᠠ ᠪᠠᠷᠢᠮᠲᠠ ᠪᠠ ᠬᠡᠷᠡᠭᠴᠡᠭᠡ ᠱᠠᠭ᠋ᠠᠷᠳᠠᠯᠭ᠎ᠠ ᠵᠢᠨ ᠬᠤᠳᠠᠯᠳᠤᠨ ᠠᠪᠬᠤ ᠲᠤᠭ᠎ᠠ ᠪᠠᠷᠢᠮᠲᠠ ᠵᠢ ᠲᠠᠭᠯᠠᠨ ᠮᠡᠳᠡᠭᠦᠯᠬᠦ ᠠᠵᠢᠯ᠎ᠢ ᠪᠡᠶᠡᠯᠡᠭᠦᠯᠬᠦ ᠬᠡᠷᠡᠭᠲᠡᠶ᠃ ᠡᠯ᠎ᠡ ᠡᠮᠴᠢᠯᠡᠭᠡᠨ᠎ᠤ ᠪᠠᠶ᠋ᠢᠭᠤᠯᠤᠮᠵᠢ ᠬᠠᠮᠢᠶ᠎ᠠ ᠪᠥᠬᠦᠶ ᠲᠤᠭ᠎ᠠ ᠪᠠᠷᠢᠮᠲᠠ ᠵᠢ ᠲᠠᠭᠯᠠᠨ ᠮᠡᠳᠡᠭᠦᠯᠦᠭᠰᠡᠨ᠎ᠤ ᠳᠠᠷᠠᠭ᠎ᠠ᠂ 《ᠡᠷᠬᠡ ᠣᠯᠭᠤᠬᠤ ᠠᠮᠠᠯᠠᠯᠲᠠ ᠵᠢᠨ ᠪᠢᠴᠢᠭ》᠂ 《ᠬᠤᠳᠠᠯᠳᠤᠨ ᠠᠪᠤᠭᠰᠠᠨ ᠲᠡᠤᠬᠡᠨ ᠲᠤᠭ᠎ᠠ ᠪᠠᠷᠢᠮᠲᠠ ᠵᠢᠨ ᠬᠤᠷᠢᠶᠠᠩᠭᠤᠶ ᠬᠦᠰᠦᠨᠦᠭ》᠂ 《ᠬᠡᠷᠡᠭᠴᠡᠭᠡ ᠱᠠᠭ᠋ᠠᠷᠳᠠᠯᠭ᠎ᠠ ᠵᠢᠨ ᠬᠤᠳᠠᠯᠳᠤᠨ ᠠᠪᠬᠤ ᠲᠤᠭ᠎ᠠ ᠪᠠᠷᠢᠮᠲᠠ ᠵᠢᠨ ᠬᠤᠷᠢᠶᠠᠩᠭᠤᠶ ᠬᠦᠰᠦᠨᠦᠭ》᠎ᠢ ᠳᠠᠷᠤᠮᠠᠯᠯᠠᠬᠤ ᠴᠢᠬᠤᠯᠠᠲᠠᠶ᠂ ᠲᠣᠰ ᠨᠢᠭᠡᠴᠢ ᠵᠢᠨ ᠭᠤᠤᠯ ᠬᠠᠷᠢᠭᠤᠴᠠᠯᠭ᠋ᠠᠲᠠᠨ᠎ᠳᠤ ᠭᠠᠷᠤᠨ ᠥᠰᠥᠭ ᠵᠢᠷᠤᠵᠤ ᠨᠤᠲᠠᠯᠠᠭᠤᠯᠤᠨ᠂ ᠠᠯᠪᠠᠨ ᠲᠠᠮᠠᠭ᠎ᠠ ᠳᠠᠷᠤᠭᠰᠠᠨ᠎ᠤ ᠳᠠᠷᠠᠭ᠎ᠠ᠂ ᠰᠢᠰᠲ᠋ᠧᠮ᠎ᠳᠤ ᠰᠢᠷᠪᠢᠬᠦ ᠡᠯᠸᠺᠲᠷᠦᠨ ᠬᠡᠪᠯᠡᠯ᠎ᠤᠨ ᠪᠢᠴᠢᠭ ᠮᠠᠲ᠋ᠧᠷᠢᠶᠠᠯ᠎ᠢ ᠳᠠᠮᠵᠢᠭᠤᠯᠬᠤ ᠬᠡᠷᠡᠭᠲᠡᠶ᠃
(ᠭᠤᠷᠪᠠ) ᠡᠮᠴᠢᠯᠡᠭᠡ ᠵᠢᠨ ᠪᠠᠳᠤᠯᠠᠭ᠎ᠠ ᠵᠢᠨ ᠰᠠᠯᠠᠭ᠎ᠠ ᠮᠥᠴᠢᠷ᠎ᠤᠨ ᠲᠤᠭ᠎ᠠ ᠪᠠᠷᠢᠮᠲᠠ ᠵᠢᠨ ᠬᠢᠨᠠᠨ ᠬᠠᠷᠭᠤᠭᠤᠯᠤᠯᠲᠠ
ᠡᠯ᠎ᠡ ᠬᠤᠯᠪᠤᠭ᠋ᠠᠯᠠᠭᠰᠨ ᠭᠠᠵᠠᠷ ᠣᠷᠣᠨ᠎ᠤ ᠮᠤᠵᠢ᠂ ᠬᠤᠲᠠ ᠬᠤᠶᠠᠷ ᠱᠠᠲᠤᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠰᠠᠯᠠᠭ᠎ᠠ ᠮᠥᠴᠢᠷ᠎ᠤᠨ ᠳᠠᠩᠰᠠᠯᠠᠬᠤ ᠰᠢᠰᠲ᠋ᠧᠮ᠎ᠤᠨ 《ᠳᠡᠭᠡᠭᠰᠢ ᠮᠡᠳᠡᠭᠦᠯᠵᠦ ᠬᠠᠮᠢᠶᠠᠷᠬᠤ》 ᠬᠡᠰᠡᠭ᠎ᠢ ᠬᠠᠷᠢᠶ᠎ᠠ ᠣᠷᠣᠨ᠎ᠤ ᠳᠣᠲᠣᠷᠠᠬᠢ ᠡᠮᠴᠢᠯᠡᠭᠡᠨ᠎ᠤ ᠪᠠᠶ᠋ᠢᠭᠤᠯᠤᠮᠵᠢ ᠵᠢᠨ ᠬᠤᠳᠠᠯᠳᠤᠨ ᠠᠪᠤᠭᠰᠠᠨ ᠲᠡᠦᠬᠡᠲᠦ ᠲᠤᠭ᠎ᠠ ᠪᠠᠷᠢᠮᠲᠠ᠂ ᠬᠡᠷᠡᠭᠴᠡᠭᠡ ᠱᠠᠭ᠋ᠠᠷᠳᠠᠯᠭ᠎ᠠ ᠵᠢᠨ ᠬᠤᠳᠠᠯᠳᠤᠨ ᠠᠪᠬᠤ ᠲᠤᠭ᠎ᠠ ᠪᠠᠷᠢᠮᠲᠠ ᠵᠢ ᠱᠠᠲᠤ ᠳᠠᠷᠠᠭ᠋ᠠᠯᠠᠨ ᠬᠢᠨᠠᠨ ᠬᠠᠷᠭᠤᠭᠤᠯᠤᠨ᠎ᠠ᠃ ᠬᠠᠮᠢᠶ᠎ᠠ ᠪᠦᠬᠦᠢ ᠲᠤᠭ᠎ᠠ ᠪᠠᠷᠢᠮᠲᠠ ᠵᠢ ᠪᠤᠷᠤᠭᠤ ᠥᠬᠡᠶ ᠪᠠᠶ᠋ᠢᠬᠤ ᠵᠢ ᠨᠤᠲᠠᠯᠠᠭᠰᠠᠨ᠎ᠤ ᠳᠠᠷᠠᠭ᠎ᠠ᠂ ᠡᠯ᠎ᠡ ᠬᠣᠯᠪᠤᠭ᠋ᠠᠯᠠᠭᠰᠠᠨ ᠭᠠᠵᠠᠷ ᠣᠷᠣᠨ᠎ᠤ ᠮᠤᠵᠢ ᠵᠢᠨ ᠱᠠᠲᠤᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠰᠠᠯᠠᠭ᠎ᠠ ᠮᠥᠴᠢᠷ 6 ᠳ᠋ᠤᠭ᠋ᠠᠷ ᠰᠠᠷ᠎ᠠ ᠵᠢᠨ 19᠎ᠤ ᠡᠳᠦᠷ᠎ᠠᠴᠠ ᠡᠮᠦᠨ᠎ᠡ ᠰᠢᠰᠲ᠋ᠧᠮ ᠵᠶ᠋ᠠᠷ ᠳᠠᠮᠵᠢᠭᠤᠯᠤᠨ ᠲᠤᠰᠢᠶᠠᠬᠤ ᠵᠢᠨ ᠬᠠᠮᠲᠤ 《ᠮᠤᠵᠢ ᠵᠢᠨ ᠱᠠᠲᠤᠨ᠎ᠤ ᠲᠡᠤᠬᠡᠨ ᠬᠤᠳᠠᠯᠳᠤᠨ ᠠᠪᠬᠤ ᠲᠤᠭ᠎ᠠ ᠪᠠᠷᠢᠮᠲᠠ ᠵᠢᠨ ᠬᠤᠷᠢᠶᠠᠩᠭᠤᠶ ᠬᠦᠰᠦᠨᠦᠭ》᠂ 《ᠮᠤᠵᠢ ᠵᠢᠨ ᠱᠠᠲᠤᠨ᠎ᠤ ᠬᠡᠷᠡᠭᠴᠡᠭᠡ ᠱᠠᠭ᠋ᠠᠷᠳᠠᠯᠭ᠎ᠠ ᠬᠤᠳᠠᠯᠳᠤᠨ ᠠᠪᠬᠤ ᠲᠤᠭ᠎ᠠ ᠪᠠᠷᠢᠮᠲᠠ ᠵᠢᠨ ᠬᠤᠷᠢᠶᠠᠩᠭᠤᠶ ᠬᠦᠰᠦᠨᠦᠭ》᠎ᠢ ᠰᠢᠯᠵᠢᠭᠦᠯᠦᠨ ᠭᠠᠷᠭ᠋ᠠᠬᠤ ᠵᠢᠨ ᠬᠠᠮᠲᠤ ᠳᠠᠷᠤᠮᠠᠯᠯᠠᠵᠤ᠂ ᠮᠤᠵᠢ ᠵᠢᠨ ᠱᠠᠲᠤᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠰᠠᠯᠠᠭ᠎ᠠ ᠮᠥᠴᠢᠷ᠎ᠤᠨ ᠠᠯᠪᠠᠨ ᠲᠠᠮᠠᠭ᠎ᠠ ᠵᠢ ᠳᠠᠷᠤᠭᠰᠠᠨ᠎ᠤ ᠳᠠᠷᠠᠭ᠎ᠠ᠂ ᠰᠢᠰᠲ᠋ᠧᠮ᠎ᠳᠡᠭᠡᠨ ᠰᠢᠷᠪᠢᠬᠦ ᠡᠯᠸᠺᠲᠷᠦᠨ ᠬᠡᠪᠯᠡᠯ᠎ᠤᠨ ᠪᠢᠴᠢᠭ ᠮᠠᠲ᠋ᠧᠷᠢᠶᠠᠯ᠎ᠢ ᠳᠠᠮᠵᠢᠭᠤᠯᠤᠨ᠎ᠠ᠃
ᠲᠠᠪᠤ᠂ ᠰᠢᠰᠲ᠋ᠧᠮ᠎ᠤᠨ ᠨᠡᠬᠡᠬᠡᠯᠲᠡᠲᠦ ᠴᠠᠭ
2023 ᠣᠨ᠎ᠤ 6 ᠳ᠋ᠤᠭ᠋ᠠᠷ ᠰᠠᠷ᠎ᠠ ᠵᠢᠨ 8᠎ᠤ ᠡᠳᠦᠷ᠎ᠤᠨ 9᠄ 00-6 ᠳ᠋ᠤᠭ᠋ᠠᠷ ᠰᠠᠷ᠎ᠠ ᠵᠢᠨ 19᠎ᠤ ᠡᠳᠦᠷ᠎ᠤᠨ 24᠄ 00᠃
ᠵᠢᠷᠭᠤᠭ᠎ᠠ᠂ ᠠᠵᠢᠯ᠎ᠤᠨ ᠱᠠᠭ᠋ᠠᠷᠳᠠᠯᠭ᠎ᠠ
(ᠨᠢᠭᠡ) ᠡᠯ᠎ᠡ ᠬᠠᠮᠢᠶ᠎ᠠ ᠪᠥᠬᠦᠶ ᠡᠮᠴᠢᠯᠡᠭᠡᠨ᠎ᠤ ᠪᠠᠶ᠋ᠢᠭᠤᠯᠤᠮᠵᠢ ᠲᠣᠰ ᠤᠳᠠᠭ᠋ᠠᠨ᠎ᠤ ᠲᠠᠭᠯᠠᠨ ᠮᠡᠳᠡᠭᠦᠯᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠠᠵᠢᠯ᠎ᠤᠨ ᠲᠤᠰᠬᠠᠶ ᠬᠥᠮᠦᠨ᠎ᠢ ᠵᠢᠭ᠋ᠠᠨ ᠲᠣᠭᠲᠠᠭ᠋ᠠᠵᠤ ᠱᠠᠭ᠋ᠠᠷᠳᠠᠯᠭ᠎ᠠ ᠶᠣᠰᠣᠭ᠋ᠠᠷ ᠬᠠᠮᠢᠶ᠎ᠠ ᠪᠥᠬᠦᠶ ᠬᠤᠳᠠᠯᠳᠤᠨ ᠠᠪᠬᠤ ᠲᠤᠭ᠎ᠠ ᠪᠠᠷᠢᠮᠲᠠ ᠵᠢ ᠲᠠᠭᠯᠠᠨ ᠮᠡᠳᠡᠭᠦᠯᠬᠦ ᠵᠢ ᠬᠠᠷᠢᠭᠤᠴᠠᠭᠤᠯᠵᠤ᠂ ᠲᠠᠭᠯᠠᠨ ᠮᠡᠳᠡᠭᠦᠯᠦᠭᠰᠡᠨ ᠲᠤᠭ᠎ᠠ ᠪᠠᠷᠢᠮᠲᠠ ᠵᠢᠨ ᠦᠨᠡᠨ ᠪᠣᠳᠠᠲᠠᠶ᠂ ᠣᠨᠣᠪᠴᠢᠲᠠᠶ᠂ ᠠᠨᠢᠰᠤ ᠪᠦᠷᠢᠨ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
(ᠬᠤᠶᠠᠷ) ᠡᠯ᠎ᠡ ᠬᠣᠯᠪᠤᠭ᠋ᠠᠯᠠᠭᠰᠠᠨ ᠭᠠᠵᠠᠷ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ᠎ᠤᠳ ᠬᠠᠷᠢᠶ᠎ᠠ ᠣᠷᠣᠨ᠎ᠤ᠎ᠪᠠᠨ ᠡᠮᠴᠢᠯᠡᠭᠡᠨ᠎ᠤ ᠪᠠᠶ᠋ᠢᠭᠤᠯᠤᠮᠵᠢ ᠵᠢ ᠵᠣᠬᠢᠶᠠᠨ ᠪᠠᠶ᠋ᠢᠭᠤᠯᠤᠨ ᠱᠠᠭ᠋ᠠᠷᠳᠠᠯᠭ᠎ᠠ ᠶᠣᠰᠣᠭ᠋ᠠᠷ ᠲᠠᠭᠯᠠᠨ ᠮᠡᠳᠡᠭᠦᠯᠬᠦ ᠠᠵᠢᠯ᠎ᠢ ᠰᠠᠶ᠋ᠢᠲᠤᠷ ᠬᠢᠵᠦ᠂ ᠬᠠᠷᠭᠤᠭᠤᠯᠬᠤ᠂ ᠪᠠᠶ᠋ᠢᠴᠠᠭ᠋ᠠᠬᠤ ᠵᠢᠨ ᠬᠠᠮᠲᠤ ᠡᠮᠴᠢᠯᠡᠭᠡᠨ᠎ᠤ ᠪᠠᠶ᠋ᠢᠭᠤᠯᠤᠮᠵᠢ ᠵᠢ ᠰᠢᠮᠳᠠᠭᠤᠯᠵᠤ ᠪᠠᠶ᠋ᠢᠭ᠋ᠠᠳ ᠲᠣᠭᠲᠠᠭᠰᠠᠨ ᠬᠤᠭᠤᠴᠠᠭ᠋ᠠᠨ᠎ᠳᠤ ᠬᠤᠳᠠᠯᠳᠤᠨ ᠠᠪᠤᠭᠰᠠᠨ ᠲᠡᠦᠬᠡᠲᠦ ᠲᠤᠭ᠎ᠠ ᠪᠠᠷᠢᠮᠲᠠ ᠪᠠ ᠬᠤᠳᠠᠯᠳᠤᠨ ᠠᠪᠬᠤ ᠬᠡᠷᠡᠭᠴᠡᠭᠡ ᠱᠠᠭ᠋ᠠᠷᠳᠠᠯᠭ᠎ᠠ ᠵᠢᠨ ᠲᠤᠭ᠎ᠠ ᠪᠠᠷᠢᠮᠲᠠ ᠵᠢ ᠦᠨᠡᠨ ᠪᠣᠳᠠᠲᠠᠶ᠎ᠪᠠᠷ ᠲᠠᠭᠯᠠᠨ ᠮᠡᠳᠡᠭᠦᠯᠬᠦ ᠬᠡᠷᠡᠭᠲᠡᠶ᠃ ᠲᠠᠭᠯᠠᠨ ᠮᠡᠳᠡᠭᠦᠯᠬᠦ ᠲᠤᠭᠳᠠᠭ᠋ᠠᠭᠰᠠᠨ ᠴᠠᠭ᠎ᠠᠴᠠ ᠬᠡᠲᠦᠷᠡᠭᠦᠯᠦᠨ᠂ ᠬᠤᠳᠠᠯᠳᠤᠨ ᠠᠪᠤᠭᠰᠠᠨ ᠲᠡᠦᠬᠡᠲᠦ ᠲᠣᠭ᠎ᠠ ᠪᠠᠷᠢᠮᠲᠠ ᠪᠠ ᠬᠤᠳᠠᠯᠳᠤᠨ ᠠᠪᠬᠤ ᠬᠡᠷᠡᠭᠴᠡᠭᠡ ᠱᠠᠭ᠋ᠠᠷᠳᠠᠯᠭ᠎ᠠ ᠵᠢᠨ ᠬᠡᠮᠵᠢᠶᠡᠨ᠎ᠤ ᠲᠣᠭ᠎ᠠ ᠪᠠᠷᠢᠮᠲᠠ ᠵᠢᠨ ᠬᠤᠪᠢᠷᠠᠭᠤᠯᠤᠯᠲᠠ ᠵᠢ ᠬᠦᠯᠢᠶᠡᠨ ᠠᠪᠬᠤ ᠦᠭᠡᠶ᠃
(ᠭᠤᠷᠪᠠ) ᠲᠣᠰ ᠤᠳᠠᠭ᠋ᠠᠨ᠎ᠤ ᠠᠵᠤ ᠠᠬᠤᠶ᠋ᠢᠯᠠᠯ ᠵᠠᠰᠠᠪᠤᠷᠢ ᠣᠷᠣᠭᠤᠯᠬᠤ᠂ ᠲᠤᠭ᠎ᠠ ᠪᠠᠷᠢᠮᠲᠠ ᠵᠢ ᠨᠡᠮᠡᠵᠦ ᠨᠥᠬᠦᠪᠥᠷᠢᠯᠡᠬᠦ᠎ᠳᠤ ᠲᠥᠪᠯᠡᠷᠡᠭᠦᠯᠦᠨ ᠬᠤᠳᠠᠯᠳᠤᠨ ᠠᠪᠬᠤ ᠵᠢ ᠡᠴᠦᠰ᠎ᠤᠨ ᠭᠠᠷᠴᠠᠭ ᠪᠣᠯᠭ᠋ᠠᠵᠤ᠂ ᠳᠠᠬᠢᠨ ᠵᠠᠰᠠᠪᠤᠷᠢ ᠣᠷᠣᠭᠤᠯᠬᠤ ᠪᠠ ᠨᠡᠮᠡᠵᠦ ᠨᠥᠬᠦᠪᠥᠷᠢᠯᠡᠬᠦ ᠥᠬᠡᠶ᠂ ᠡᠯ᠎ᠡ ᠡᠮᠴᠢᠯᠡᠭᠡᠨ᠎ᠤ ᠪᠠᠶ᠋ᠢᠭᠤᠯᠤᠮᠵᠢ ᠡᠷᠬᠡᠪᠰᠢ ᠬᠡᠷᠡᠭᠯᠡᠭᠰᠡᠨ ᠬᠤᠷᠣᠭᠳᠠᠯ ᠮᠠᠲ᠋ᠧᠷᠢᠶᠠᠯ ᠵᠶ᠋ᠡᠨ ᠬᠠᠮᠢᠶ᠎ᠠ ᠪᠥᠬᠦᠶ ᠠᠵᠤ ᠠᠬᠤᠶ᠋ᠢᠯᠠᠯ᠎ᠳᠤ ᠮᠡᠳᠡᠭᠳᠡᠬᠦ ᠬᠡᠷᠡᠭᠲᠡᠶ᠃
(ᠲᠦᠷᠪᠡ) ᠲᠣᠰ ᠤᠳᠠᠭ᠋ᠠᠨ᠎ᠤ ᠲᠠᠭᠯᠠᠨ ᠮᠡᠳᠡᠭᠦᠯᠬᠦ ᠪᠣᠳᠠᠲᠠᠶ ᠠᠭᠤᠯᠭ᠎ᠠ᠂ ᠲᠠᠭᠯᠠᠨ ᠮᠡᠳᠡᠭᠦᠯᠬᠦ ᠱᠠᠭ᠋ᠠᠷᠳᠠᠯᠭ᠎ᠠ ᠵᠢᠴᠢ ᠰᠢᠰᠲ᠋ᠧᠮ᠎ᠤᠨ ᠠᠵᠢᠯᠯᠠᠬᠤ ᠠᠷᠭ᠎ᠠ ᠵᠢ ᠰᠢᠰᠲ᠋ᠧᠮ᠎ᠤᠨ ᠳᠣᠲᠣᠷᠠᠬᠢ ᠠᠵᠢᠯᠯᠠᠬᠤ ᠭᠠᠷ ᠳᠡᠪᠲᠡᠷ ᠵᠶ᠋ᠠᠷ ᠯᠠᠪᠯᠠᠯᠲᠠ ᠪᠣᠯᠭ᠋ᠠᠵᠤ ᠪᠣᠯᠤᠨ᠎ᠠ᠃
ᠲᠤᠯᠤᠭ᠎ᠠ᠂ ᠬᠠᠷᠢᠯᠴᠠᠬᠤ ᠬᠡᠯᠪᠡᠷᠢ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠲᠥᠪ
ᠲᠤᠬᠠᠶ᠋ᠢᠯᠠᠭᠰᠠᠨ ᠠᠵᠢᠯ᠎ᠤᠨ ᠯᠠᠪᠯᠠᠯᠭ᠎ᠠ᠄ 0471 - 4907213
ᠮᠡᠷᠭᠡᠵᠢᠯ᠎ᠤᠨ ᠳᠡᠮᠵᠢᠯᠭᠡ᠄ 0471 - 4967106
ᠦᠢ᠍ᠯᠡᠴᠢᠯᠡᠬᠦ ᠴᠠᠭ᠄ 9᠄ 00 -12᠄ 00᠂ 14᠄ 30 - 18᠄ 00᠂ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠠᠴᠠ ᠪᠤᠰᠤᠳ᠃
ᠳᠠᠭ᠋ᠠᠯᠳᠤᠭᠤᠯᠤᠯ᠄ ᠠᠵᠤ ᠠᠬᠤᠶ᠋ᠢᠯᠠᠯ᠎ᠤᠨ ᠨᠡᠮᠡᠵᠦ ᠨᠥᠬᠦᠪᠥᠷᠢᠯᠡᠬᠦ ᠮᠠᠲ᠋ᠧᠷᠢᠶᠠᠯ᠎ᠤᠨ ᠳᠡᠪᠲᠡᠷ
ᠮᠤᠵᠢ ᠵᠢᠨ ᠬᠤᠭᠤᠷᠣᠨᠳᠣᠬᠢ ᠬᠤᠯᠪᠤᠭ᠎ᠠ ᠵᠢᠨ ᠬᠤᠳᠠᠯᠳᠤᠨ ᠠᠪᠬᠤ ᠠᠯᠪᠠᠨ ᠭᠡᠷ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠲᠠᠮᠠᠭ᠎ᠠ ᠵᠢ ᠣᠷᠣᠭᠤᠯᠤᠨ ᠳᠠᠷᠤᠨ᠎ᠠ)
2023 ᠣᠨ᠎ᠤ 6 ᠳ᠋ᠤᠭ᠋ᠠᠷ ᠰᠠᠷ᠎ᠠ ᠵᠢᠨ 6᠎ᠤ ᠡᠳᠦᠷ