《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭ᠋ᠠᠬᠤ ᠪᠠ ᠳᠡᠩᠰᠡᠯᠡᠵᠦ ᠬᠢᠨᠠᠯᠲᠠ ᠲᠠᠯᠪᠢᠬᠤ ᠠᠷᠭ᠎ᠠ》 (ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ 191 ᠳ᠋ᠦ᠍ᠭᠡᠷ ᠲᠣᠭ᠋ᠠᠲᠤ) ᠵᠢ ᠦᠨᠳᠦᠰᠦᠯᠡᠨ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ 2023 ᠣᠨ᠎ᠤ 6 ᠳ᠋ᠤᠭ᠋ᠠᠷ ᠰᠠᠷ᠎ᠠ ᠵᠢᠨ ᠡᠬᠢ᠎ᠪᠠᠷ 《ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠦᠷᠡᠵᠢᠯ᠎ᠤᠨ ᠳᠠᠭ᠋ᠠᠳᠬᠠᠯ᠎ᠤᠨ ᠡᠮᠴᠢᠯᠡᠭᠡᠨ᠎ᠤ ᠬᠠᠷᠠᠭ᠋ᠠᠯᠵᠠᠯᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ (ᠰᠠᠨᠠᠯ ᠬᠤᠷᠢᠶᠠᠬᠤ ᠨᠣᠤᠷᠠᠭ)》 ᠵᠢᠨ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ᠎ᠪᠠᠷ ᠪᠣᠶ᠃ ᠡᠳᠦᠭᠡ ᠬᠤᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠵᠠᠷᠯᠠᠶ᠎ᠠ᠄
ᠨᠢᠭᠡ᠂ ᠣᠷᠣᠯᠴᠠᠬᠤ ᠬᠥᠮᠦᠰ
ᠭᠡᠷᠡᠴᠢᠯᠡᠭᠡ ᠰᠣᠨᠣᠰᠬᠤ ᠬᠤᠷᠠᠯ᠎ᠳᠤ ᠨᠡᠶ᠋ᠢᠲᠡ 11 ᠬᠥᠮᠦᠨ ᠣᠷᠣᠯᠴᠠᠭᠰᠠᠨ ᠪᠠᠶ᠋ᠢᠵᠤ᠂ ᠡᠭᠦᠨ᠎ᠳᠤ᠄ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ 1 ᠬᠥᠮᠦᠨ᠂ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ 1 ᠬᠥᠮᠦᠨ᠂ ᠠᠨᠠᠭ᠋ᠠᠬᠤ ᠤᠬᠠᠭ᠋ᠠᠨ᠎ᠤ ᠲᠤᠰᠬᠠᠶ ᠮᠡᠷᠭᠡᠵᠢᠯᠲᠡᠨ 1 ᠬᠥᠮᠦᠨ᠂ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠲᠥᠯᠥᠭᠡᠯᠡᠭᠴᠢ 2 ᠬᠥᠮᠦᠨ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠳᠠᠭ᠋ᠠᠳᠬᠠᠯ᠎ᠳᠤ ᠣᠷᠣᠯᠴᠠᠭᠰᠠᠨ ᠨᠢᠭᠡᠴᠢ ᠵᠢᠨ ᠲᠥᠯᠥᠭᠡᠯᠡᠭᠴᠢ 4 ᠬᠥᠮᠦᠨ᠂ ᠲᠣᠰ ᠱᠠᠲᠤᠨ᠎ᠤ ᠳᠠᠭ᠋ᠠᠳᠬᠠᠯ᠎ᠳᠤ ᠣᠷᠣᠯᠴᠠᠭᠰᠠᠨ ᠠᠵᠢᠯᠲᠠᠨ ᠠᠵᠢᠯᠴᠢᠨ᠎ᠤ ᠲᠥᠯᠥᠭᠡᠯᠡᠭᠴᠢ 2 ᠬᠥᠮᠦᠨ ᠪᠣᠶ᠃
ᠬᠤᠶᠠᠷ᠂ ᠪᠤᠢ ᠪᠤᠯᠬᠤ ᠠᠷᠭ᠎ᠠ ᠬᠡᠯᠪᠡᠷᠢ
(ᠨᠢᠭᠡ) ᠭᠡᠷᠡᠴᠢᠯᠡᠭᠡ ᠰᠣᠨᠣᠰᠬᠤ ᠬᠤᠷᠠᠯ᠎ᠤᠨ ᠣᠯᠠᠨ ᠲᠦᠮᠡᠨ ᠵᠢᠴᠢ ᠪᠠᠶ᠋ᠢᠭᠤᠯᠤᠮᠵᠢ ᠵᠢᠨ ᠲᠥᠯᠥᠭᠡᠯᠡᠭᠴᠢ ᠰᠠᠶ᠋ᠢᠨ ᠳᠤᠷ᠎ᠠ᠎ᠠᠴᠠ᠎ᠪᠠᠨ ᠨᠡᠷ᠎ᠡ ᠮᠡᠳᠡᠭᠦᠯᠬᠦ ᠠᠷᠭ᠎ᠠ ᠮᠠᠶᠢᠭ᠎ᠢ ᠠᠪᠴᠤ᠂ ᠨᠡᠷ᠎ᠡ ᠮᠡᠳᠡᠭᠦᠯᠬᠦ᠎ᠨᠢ ᠡᠮᠦᠨ᠎ᠡ ᠬᠤᠶ᠋ᠢᠨᠠᠬᠢ ᠳᠡᠰ ᠳᠠᠷᠠᠭ᠋ᠠᠯᠠᠯ ᠵᠶ᠋ᠠᠷ ᠪᠦᠷᠢᠯᠳᠦᠵᠦ᠂ ᠨᠡᠷ᠎ᠡ ᠮᠡᠳᠡᠭᠦᠯᠬᠦ ᠬᠥᠮᠦᠨ᠎ᠨᠢ ᠳᠣᠤᠷᠠᠬᠢ ᠨᠥᠬᠦᠴᠡᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠄
1. ᠪᠦᠬᠦᠯᠢ 18 ᠨᠠᠰᠤ ᠬᠦᠷᠴᠦ᠂ ᠢᠷᠭᠡᠨ᠎ᠤ ᠬᠡᠷᠡᠭ᠎ᠤᠨ ᠠᠵᠢᠯᠯᠠᠭ᠋ᠠᠨ᠎ᠤ ᠪᠦᠷᠢᠨ ᠴᠢᠳᠠᠪᠤᠷᠢ᠎ᠲᠠᠢ ᠪᠠᠢ᠌ᠬᠤ ᠬᠡᠷᠡᠭᠲᠡᠢ᠃
2. ᠴᠢᠬᠤᠯᠠ ᠪᠦᠬᠦᠢ ᠬᠤᠪᠢ ᠬᠥᠮᠦᠨ᠎ᠤ ᠮᠡᠳᠡᠭᠡ ᠵᠠᠩᠭᠢ (ᠣᠪᠣᠭ ᠨᠡᠷ᠎ᠡ᠂ ᠬᠦᠢ᠍ᠰᠦ᠎ᠤᠨ ᠢᠯᠭ᠋ᠠᠯ᠂ ᠪᠡᠶ᠎ᠡ ᠵᠢᠨ ᠭᠠᠷᠤᠯ ᠠᠵᠢᠯ ᠮᠡᠷᠭᠡᠵᠢᠯ ᠵᠡᠷᠭᠡ ᠵᠢ ᠪᠠᠭᠲᠠᠭ᠋ᠠᠨ᠎ᠠ) ᠵᠢ ᠢᠯᠡ ᠪᠣᠯᠭ᠋ᠠᠬᠤ ᠵᠢ ᠵᠥᠪᠰᠢᠶᠡᠷᠡᠭᠰᠡᠨ ᠪᠠᠢ᠌ᠬᠤ ᠬᠡᠷᠡᠭᠲᠡᠢ᠃
3. ᠵᠣᠬᠢᠬᠤ ᠬᠡᠮᠵᠢᠶᠡᠨ᠎ᠤ ᠪᠠᠶ᠋ᠢᠴᠠᠭ᠋ᠠᠨ ᠰᠤᠳᠤᠯᠤᠯᠲᠠ ᠬᠢᠬᠦ᠂ ᠠᠰᠠᠭᠤᠳᠠᠯ᠎ᠢ ᠵᠠᠳᠠᠯᠬᠤ ᠪᠠ ᠦᠭᠡ ᠬᠡᠯᠡ ᠦᠰᠦᠭ ᠪᠢᠴᠢᠭ᠎ᠤᠨ ᠢᠯᠡᠳᠭᠡᠬᠦ ᠴᠢᠳᠠᠪᠤᠷᠢ᠎ᠲᠠᠢ ᠪᠠᠶ᠋ᠢᠬᠤ ᠬᠡᠷᠡᠭᠲᠡᠢ᠃
4. ᠰᠠᠨᠠᠯ ᠵᠶ᠋ᠠᠨ ᠪᠤᠰᠤᠳᠴᠢ᠎ᠪᠠᠷ ᠢᠯᠡᠳᠬᠡᠵᠦ ᠴᠢᠳᠠᠬᠤ ᠪᠦᠭᠡᠳ ᠴᠠᠭ ᠲᠤᠬᠠᠶ᠎ᠳᠤᠨᠢ ᠪᠦᠬᠦ ᠶᠠᠪᠤᠴᠠ᠎ᠪᠠᠷ ᠬᠤᠷᠠᠯ᠎ᠳᠤ ᠣᠷᠣᠯᠴᠠᠵᠤ ᠴᠢᠳᠠᠬᠤ ᠪᠠᠢ᠌ᠬᠤ ᠬᠡᠷᠡᠭᠲᠡᠢ᠃
5. ᠭᠡᠷᠡᠴᠢᠯᠡᠭᠡ ᠰᠣᠨᠣᠰᠬᠤ ᠬᠤᠷᠠᠯ᠎ᠤᠨ ᠡᠯ᠎ᠡ ᠵᠦᠢ᠍ᠯ᠎ᠤᠨ ᠰᠠᠬᠢᠯᠭ᠎ᠠ ᠪᠠᠲᠤ ᠪᠣᠯᠤᠨ ᠠᠩᠬᠠᠷᠬᠤ ᠵᠦᠢ᠍ᠯ᠎ᠢ ᠵᠢᠷᠤᠮᠯᠠᠬᠤ ᠬᠡᠷᠡᠭᠲᠡᠶ᠃
(ᠬᠤᠶᠠᠷ) ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠠᠴᠠ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ᠂ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠂ ᠠᠨᠠᠭ᠋ᠠᠬᠤ ᠤᠬᠠᠭ᠋ᠠᠨ᠎ᠤ ᠲᠤᠰᠬᠠᠶ ᠮᠡᠷᠭᠡᠵᠢᠯᠲᠡᠨ᠂ ᠴᠡᠭ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢ ᠤᠷᠢᠵᠤ ᠣᠷᠣᠯᠴᠠᠭᠤᠯᠤᠨ᠎ᠠ᠃
(ᠭᠤᠷᠪᠠ) ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠠᠴᠠ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠬᠣᠯᠪᠣᠭᠳᠠᠯ ᠪᠥᠬᠦᠶ ᠭᠠᠵᠠᠷ ᠠᠯᠪᠠᠨ ᠭᠡᠷ᠂ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠪᠠᠢ᠌ᠭᠤᠯᠤᠮᠵᠢ᠂ ᠬᠠᠤᠯᠢᠴᠢ ᠵᠢᠨ ᠲᠥᠯᠥᠭᠡᠯᠡᠭᠴᠢ ᠵᠡᠷᠭᠡ ᠬᠣᠯᠪᠣᠭᠳᠠᠯ ᠪᠥᠬᠦᠶ ᠬᠥᠮᠦᠰ᠎ᠢ ᠲᠣᠭᠲᠠᠭ᠋ᠠᠯ᠎ᠢ ᠦᠨᠳᠦᠰᠦᠯᠡᠨ ᠬᠠᠮᠢᠶ᠎ᠠ ᠪᠥᠬᠦᠶ ᠰᠠᠯᠠᠭ᠎ᠠ ᠮᠥᠴᠢᠷ᠎ᠲᠤ ᠨᠠᠢ᠌ᠳᠠᠵᠤ ᠪᠠᠲᠤᠯᠠᠨ ᠲᠠᠨᠢᠯᠴᠠᠭᠤᠯᠬᠤ ᠪᠤᠶᠤ ᠤᠷᠢᠨ᠎ᠠ᠃
ᠭᠤᠷᠪᠠ᠂ ᠨᠡᠷ᠎ᠡ ᠮᠡᠳᠡᠭᠦᠯᠬᠦ ᠠᠷᠭ᠎ᠠ ᠮᠠᠶᠢᠭ
ᠵᠣᠷᠢᠭᠤᠳᠠ ᠣᠷᠣᠯᠴᠠᠭᠰᠠᠳ 6 ᠳ᠋ᠤᠭ᠋ᠠᠷ ᠰᠠᠷ᠎ᠠ ᠵᠢᠨ 8᠎ᠤ ᠡᠳᠦᠷ᠎ᠠᠴᠠ ᠡᠮᠦᠨ᠎ᠡ ᠲᠣᠰ ᠬᠥᠮᠦᠨ᠎ᠤ ᠪᠡᠶ᠎ᠡ ᠵᠢᠨ ᠦᠨᠡᠮᠯᠡᠯ᠎ᠤᠨ ᠰᠢᠷᠪᠢᠯᠲᠡ ᠵᠢᠨ ᠵᠦᠢ᠍ᠯ ᠪᠠ 《ᠭᠡᠷᠡᠴᠢᠯᠡᠭᠡ ᠰᠣᠨᠣᠰᠬᠤ ᠬᠤᠷᠠᠯ᠎ᠤᠨ ᠲᠥᠯᠥᠭᠡᠯᠡᠭᠴᠢ ᠵᠢᠨ ᠨᠡᠷ᠎ᠡ ᠮᠡᠳᠡᠭᠦᠯᠬᠦ ᠬᠦᠰᠦᠨᠦᠭᠲᠦ》 ᠵᠢ ᠢᠮᠧᠯ ᠵᠶ᠋ᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠳᠤ ᠢᠯᠡᠭᠡᠨ᠎ᠡ᠃
ᠬᠠᠷᠢᠯᠴᠠᠬᠤ ᠬᠥᠮᠦᠨ᠄ ᠯᠢᠦ ᠴᠢᠨ
ᠬᠠᠷᠢᠯᠴᠠᠬᠤ ᠣᠳᠠᠰᠣ᠄ 6606246
ᠹᠠᠺᠰ᠄ 0471 — 6606242
ᠢᠮᠧᠯ᠄ 27226252@qq. com
ᠬᠠᠷᠢᠯᠴᠠᠬᠤ ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠳᠥᠷᠪᠡᠳᠦᠭᠡᠷ ᠳᠠᠪᠬᠤᠷᠯᠢᠭ᠎ᠤᠨ ᠬᠤᠷᠠᠯ᠎ᠤᠨ ᠬᠡᠷ (ᠬᠥᠬᠡᠬᠤᠲᠠ ᠵᠢᠨ ᠰᠢᠨᠬᠤᠸᠠ ᠶᠡᠭᠡ ᠵᠡᠭᠡᠯᠢ ᠵᠢᠨ 53 ᠳ᠋ᠤᠭ᠋ᠠᠷ ᠨᠣᠮᠧᠷᠲᠤ ᠥᠪᠥᠷ ᠮᠣᠩᠭᠤᠯ᠎ᠤᠨ ᠬᠥᠳᠡᠯᠮᠦᠷᠢ ᠬᠦᠴᠦᠨ᠎ᠤ ᠵᠠᠬ᠎ᠠ ᠳᠡᠯᠭᠡᠭᠦᠷ᠎ᠤᠨ ᠥᠪᠥᠷ ᠮᠣᠩᠭᠤᠯ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ 4 ᠳ᠋ᠤᠭᠡᠷ ᠳᠠᠪᠬᠤᠷᠯᠢᠭ᠎ᠤᠨ 416 ᠳ᠋ᠤᠭ᠋ᠠᠷ ᠬᠤᠷᠠᠯ᠎ᠤᠨ ᠬᠡᠷ)᠃
ᠳᠠᠭ᠋ᠠᠯᠳᠤᠭᠤᠯᠤᠯ᠄
1. ᠭᠡᠷᠡᠴᠢᠯᠡᠭᠡ ᠰᠣᠨᠣᠰᠬᠤ ᠬᠤᠷᠠᠯ᠎ᠤᠨ ᠲᠥᠯᠥᠭᠡᠯᠡᠭᠴᠢ ᠵᠢᠨ ᠨᠡᠷ᠎ᠡ ᠮᠡᠳᠡᠭᠦᠯᠬᠦ ᠬᠦᠰᠦᠨᠦᠭᠲᠦ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
2023 ᠣᠨ᠎ᠤ 6 ᠳ᠋ᠤᠭ᠋ᠠᠷ ᠰᠠᠷ᠎ᠠ ᠵᠢᠨ 1᠎ᠤ ᠡᠳᠦᠷ