ᠡᠯ᠎ᠡ ᠬᠤᠯᠪᠣᠭ᠋ᠠᠨ᠎ᠤ ᠪᠦᠷᠢᠯᠳᠦᠬᠦᠨ ᠨᠢᠭᠡᠴᠢ᠄
ᠯᠢᠶᠣᠤᠨᠢᠩ ᠮᠤᠵᠢ᠂ ᠭᠢᠷᠢᠨ ᠮᠤᠵᠢ᠂ ᠬᠠᠷᠠᠮᠥ᠋ᠷᠡᠨ ᠮᠤᠵᠢ᠂ ᠵᠢᠶᠠᠩᠰᠢ ᠮᠤᠵᠢ᠂ ᠭᠤᠸᠠᠩᠰᠢ ᠵᠢᠨ ᠵᠤᠸᠠᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠂ ᠬᠠᠶ᠋ᠢᠨᠠᠨ ᠮᠤᠵᠢ᠂ ᠭᠦᠢ᠍ᠵᠧᠦ ᠮᠤᠵᠢ᠂ ᠲᠥᠪᠡᠳ᠎ᠤᠨ ᠥᠪᠡᠷᠲᠡᠭᠡᠨ ᠵᠠᠰᠠᠬᠤ ᠣᠷᠣᠨ᠂ ᠱᠠᠨᠰᠢ ᠮᠤᠵᠢ᠂ ᠭᠠᠨᠰᠦ ᠮᠤᠵᠢ᠂ ᠬᠥᠬᠡᠨᠠᠭᠤᠷ ᠮᠤᠵᠢ᠂ ᠨᠢᠩᠰᠢᠶᠠ ᠵᠢᠨ ᠬᠤᠲᠣᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠂ ᠰᠢᠨᠵᠢᠶᠠᠩ᠎ᠤᠨ ᠤᠶ᠋ᠢᠭᠤᠷ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠂ ᠰᠢᠨᠵᠢᠶᠠᠩ᠎ᠤᠨ ᠦᠢ᠍ᠯᠡᠳᠪᠦᠷᠢᠯᠡᠯ ᠪᠥᠲᠥᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠨᠠᠶ᠋ᠢᠳᠠᠯᠭ᠎ᠠ᠎ᠪᠠᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ᠎ᠬᠢᠨ ᠳᠠᠷᠤᠯᠲᠠ ᠵᠢᠨ ᠬᠥᠭᠡᠷᠭᠡ ᠵᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠡᠳᠦᠭᠡ ᠬᠤᠯᠪᠣᠭ᠋ᠠᠨ᠎ᠤ ᠭᠠᠵᠠᠷ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ᠎ᠬᠢᠨ᠎ᠢ ᠬᠠᠮᠵᠢᠨ ᠲᠣᠰ ᠭᠠᠵᠠᠷ ᠣᠷᠣᠨ᠎ᠤ ᠡᠮᠴᠢᠯᠡᠭᠡᠨ᠎ᠤ ᠪᠠᠢ᠍ᠭᠤᠯᠤᠮᠵᠢ ᠵᠢ ᠬᠠᠮᠵᠢᠨ ᠳᠠᠷᠤᠯᠲᠠ ᠵᠢᠨ ᠬᠥᠭᠡᠷᠭᠡ ᠵᠢᠨ ᠲᠡᠤᠬᠡᠨ ᠬᠤᠳᠠᠯᠳᠤᠨ ᠠᠪᠬᠤ ᠲᠤᠭ᠎ᠠ ᠪᠠᠷᠢᠮᠲᠠ ᠪᠠ ᠬᠤᠳᠠᠯᠳᠤᠨ ᠠᠪᠬᠤ ᠬᠡᠷᠡᠭᠴᠡᠭᠡᠨ᠎ᠤ ᠬᠡᠮᠵᠢᠶ᠎ᠡ ᠵᠢ ᠲᠠᠭᠯᠠᠨ ᠮᠡᠳᠡᠭᠦᠯᠬᠦ ᠠᠵᠢᠯ᠎ᠢ ᠥᠷᠨᠢᠭᠦᠯᠵᠦ᠂ ᠪᠣᠳᠠᠲᠠᠶ ᠵᠦᠢ᠍ᠯᠡᠰ᠎ᠢ ᠳᠣᠤᠷᠠᠬᠢ ᠮᠡᠲᠦ ᠮᠡᠳᠡᠭᠳᠡᠶ᠎ᠡ᠄
ᠨᠢᠭᠡ᠂ ᠲᠤᠭ᠎ᠠ ᠪᠠᠷᠢᠮᠲᠠ ᠵᠢ ᠲᠠᠭᠯᠠᠨ ᠮᠡᠳᠡᠭᠦᠯᠬᠦ ᠬᠡᠪᠴᠢᠶ᠎ᠡ
ᠡᠭᠦᠨ᠎ᠳᠤ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠡᠮᠴᠢᠯᠡᠭᠡᠨ᠎ᠤ ᠳᠠᠭ᠋ᠠᠳᠬᠠᠯ᠎ᠤᠨ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠤᠨ ᠲᠥᠷᠥᠯ ᠠᠩᠭᠢᠯᠠᠯ ᠬᠢᠭᠡᠳ ᠣᠷᠣᠯᠠᠬᠤ ᠨᠣᠮᠧᠷ᠎ᠨᠢ C020721 ᠵᠢᠨ ᠡᠬᠢᠯᠡᠯᠲᠡ ᠵᠢᠨ ᠦᠢ᠍ᠯᠡᠳᠬᠦᠨ ᠪᠠᠭᠲᠠᠬᠤ ᠪᠣᠯᠪᠠᠴᠤ ᠬᠢᠵᠠᠭ᠋ᠠᠷᠯᠠᠭᠳᠠᠬᠤ ᠦᠭᠡᠢ᠃
ᠬᠤᠶᠠᠷ᠂ ᠲᠤᠭ᠎ᠠ ᠪᠠᠷᠢᠮᠲᠠ ᠵᠢ ᠲᠠᠭᠯᠠᠨ ᠮᠡᠳᠡᠭᠦᠯᠬᠦ᠎ᠳᠤ ᠣᠷᠣᠯᠴᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠬᠡᠪᠴᠢᠶ᠎ᠡ
ᠬᠤᠯᠪᠣᠭ᠋ᠠᠨ᠎ᠤ ᠭᠠᠵᠠᠷ ᠣᠷᠣᠨ᠎ᠤ ᠪᠤᠶ ᠪᠦᠬᠦᠢ ᠬᠠᠮᠢᠶ᠎ᠠ ᠪᠦᠬᠦᠢ ᠬᠤᠷᠣᠭᠳᠠᠯ ᠮᠠᠲ᠋ᠧᠷᠢᠶᠠᠯ᠎ᠢ ᠬᠡᠷᠡᠭᠯᠡᠭᠰᠡᠨ ᠠᠯᠪᠠᠨ᠎ᠠᠴᠠ ᠡᠷᠬᠢᠯᠡᠭᠰᠠᠨ ᠡᠮᠴᠢᠯᠡᠭᠡᠨ᠎ᠤ ᠪᠠᠢ᠍ᠭᠤᠯᠤᠮᠵᠢ (ᠴᠡᠷᠢᠭ ᠠᠩᠭᠢ ᠵᠢᠨ ᠡᠮᠴᠢᠯᠡᠭᠡᠨ᠎ᠤ ᠪᠠᠢ᠍ᠭᠤᠯᠤᠮᠵᠢ ᠵᠢ ᠪᠠᠭᠲᠠᠭ᠋ᠠᠨ᠎ᠠ᠂ ᠳᠣᠣᠷᠠᠬᠢ ᠠᠳᠠᠯᠢ)᠎ᠨᠢ ᠬᠤᠳᠠᠯᠳᠤᠨ ᠠᠪᠬᠤ ᠬᠤᠯᠪᠣᠭ᠎ᠠ ᠵᠢ ᠪᠦᠷᠢᠯᠳᠦᠭᠦᠯᠵᠦ᠂ ᠡᠯ᠎ᠡ ᠭᠠᠵᠠᠷ᠎ᠤᠨ ᠬᠤᠳᠠᠯᠳᠤᠨ ᠠᠪᠬᠤ ᠭᠤᠤᠯ ᠴᠣᠭᠴᠠ ᠪᠣᠯᠤᠭᠰᠠᠨ᠎ᠤ ᠬᠤᠪᠢ᠎ᠳᠤ ᠲᠣᠰ ᠤᠳᠠᠭ᠋ᠠᠨ᠎ᠤ ᠲᠥᠪᠯᠡᠷᠡᠭᠦᠯᠦᠨ ᠬᠡᠮᠵᠢᠶ᠎ᠡ᠎ᠲᠠᠢ᠎ᠪᠠᠷ ᠬᠤᠳᠠᠯᠳᠤᠨ ᠠᠪᠬᠤ ᠵᠢ ᠬᠡᠷᠡᠭᠵᠢᠭᠦᠯᠵᠦ᠂ ᠲᠣᠰ ᠤᠳᠠᠭ᠋ᠠᠨ᠎ᠤ ᠲᠠᠭᠯᠠᠨ ᠮᠡᠳᠡᠭᠦᠯᠬᠦ ᠠᠵᠢᠯ᠎ᠳᠤ ᠣᠷᠣᠯᠴᠠᠬᠤ ᠬᠡᠷᠡᠭᠲᠡᠶ᠃ ᠪᠤᠰᠤᠳ ᠡᠮᠴᠢᠯᠡᠭᠡᠨ᠎ᠤ ᠪᠠᠶ᠋ᠢᠭᠤᠯᠤᠮᠵᠢ᠎ᠨᠢ ᠪᠠᠶ᠋ᠢᠭ᠎ᠠ ᠭᠠᠵᠠᠷ᠎ᠤᠨ ᠵᠶ᠋ᠠᠨ ᠬᠤᠯᠪᠣᠭ᠋ᠠᠯᠠᠭᠰᠠᠨ ᠭᠠᠵᠠᠷ ᠣᠷᠣᠨ᠎ᠤ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠣᠷᠣᠯᠴᠠᠨ᠎ᠠ᠃
ᠭᠤᠷᠪᠠ᠂ ᠲᠠᠭᠯᠠᠨ ᠮᠡᠳᠡᠭᠦᠯᠬᠦ ᠠᠭᠤᠯᠭ᠎ᠠ
(ᠨᠢᠭᠡ) ᠡᠮᠴᠢᠯᠡᠭᠡᠨ᠎ᠤ ᠪᠠᠶ᠋ᠢᠭᠤᠯᠤᠮᠵᠢ ᠵᠢᠨ ᠲᠡᠦᠬᠡ ᠵᠢᠨ ᠬᠤᠳᠠᠯᠳᠤᠨ ᠠᠪᠬᠤ ᠲᠤᠭ᠎ᠠ ᠪᠠᠷᠢᠮᠲᠠ
ᠡᠯ᠎ᠡ ᠡᠮᠴᠢᠯᠡᠭᠡᠨ᠎ᠤ ᠪᠠᠶ᠋ᠢᠭᠤᠯᠤᠮᠵᠢ ᠲᠣᠰ ᠨᠢᠭᠡᠴᠢ ᠵᠢᠨ ᠵᠶ᠋ᠠᠨ 2022 ᠣᠨ᠎ᠤ ᠲᠣᠰ ᠤᠳᠠᠭ᠋ᠠᠨ᠎ᠤ ᠲᠠᠭᠯᠠᠨ ᠮᠡᠳᠡᠭᠦᠯᠦᠭᠰᠡᠨ ᠬᠡᠪᠴᠢᠶᠡᠨ᠎ᠳᠠᠬᠢ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ᠂ ᠲᠡᠤᠬᠡ ᠵᠢᠨ ᠬᠠᠮᠤᠭ᠎ᠤᠨ ᠳᠣᠤᠷ᠎ᠠ ᠬᠤᠳᠠᠯᠳᠤᠨ ᠠᠪᠤᠭᠰᠠᠨ ᠦᠨ᠎ᠡ ᠵᠡᠷᠭᠡ ᠬᠣᠯᠪᠣᠭᠳᠠᠯ ᠪᠥᠬᠦᠶ ᠲᠡᠤᠬᠡ ᠵᠢᠨ ᠬᠤᠳᠠᠯᠳᠤᠨ ᠠᠪᠬᠤ ᠲᠤᠭ᠎ᠠ ᠪᠠᠷᠢᠮᠲᠠ ᠵᠢ ᠲᠠᠭᠯᠠᠨ ᠮᠡᠳᠡᠭᠦᠯᠬᠦ ᠬᠡᠷᠡᠭᠲᠡᠢ᠃ ᠪᠣᠶ ᠪᠥᠬᠦᠶ ᠳᠠᠩᠰᠠᠯᠠᠭᠤᠯᠤᠭᠰᠠᠨ ᠦᠨᠡᠮᠯᠡᠯ᠎ᠤᠨ ᠬᠠᠷᠠᠭ᠋ᠠᠯᠵᠠᠭᠰᠠᠨ ᠦᠢ᠍ᠯᠡᠳᠬᠦᠨ᠎ᠤ ᠲᠤᠭ᠎ᠠ ᠬᠡᠮᠵᠢᠶ᠎ᠡ (ᠨᠢᠭᠡᠴᠢ᠄ ᠬᠤᠪᠢ)᠂ ᠪᠣᠳᠠᠲᠠᠶ ᠬᠡᠪ ᠪᠠᠷᠢᠮᠵᠢᠶ᠎ᠠ ᠬᠡᠯᠪᠡᠷᠢ ᠮᠠᠶᠢᠭ᠎ᠲᠤ ᠬᠦᠷᠴᠦ᠂ ᠨᠢᠭᠡ ᠬᠡᠯᠪᠡᠷᠢ ᠮᠠᠶᠢᠭ᠎ᠨᠢ ᠠᠳᠠᠯᠢ ᠪᠤᠰᠤ ᠬᠤᠳᠠᠯᠳᠤᠨ ᠠᠪᠬᠤ ᠨᠢᠭᠡᠴᠢ ᠵᠢᠨ ᠦᠨ᠎ᠡ ᠣᠷᠣᠰᠢᠵᠤ᠂ ᠲᠡᠤᠬᠡ ᠵᠢᠨ ᠬᠠᠮᠤᠭ᠎ᠤᠨ ᠳᠣᠤᠷ᠎ᠠ ᠬᠤᠳᠠᠯᠳᠤᠨ ᠠᠪᠬᠤ ᠦᠨ᠎ᠡ ᠵᠡᠷᠭᠡ ᠵᠢ ᠲᠠᠭᠯᠠᠨ ᠪᠢᠴᠢᠨ᠎ᠡ᠃
(ᠬᠤᠶᠠᠷ) ᠡᠮᠴᠢᠯᠡᠭᠡᠨ᠎ᠤ ᠪᠠᠶ᠋ᠢᠭᠤᠯᠤᠮᠵᠢ ᠵᠢᠨ ᠬᠡᠷᠡᠭᠴᠡᠭᠡ ᠱᠠᠭ᠋ᠠᠷᠳᠠᠯᠭ᠎ᠠ᠎ᠪᠠᠷ ᠬᠤᠳᠠᠯᠳᠤᠨ ᠠᠪᠬᠤ ᠲᠤᠭ᠎ᠠ ᠪᠠᠷᠢᠮᠲᠠ
ᠡᠯ᠎ᠡ ᠡᠮᠴᠢᠯᠡᠭᠡᠨ᠎ᠤ ᠪᠠᠶ᠋ᠢᠭᠤᠯᠤᠮᠵᠢ᠎ᠨᠢ ᠲᠣᠰ ᠨᠢᠭᠡᠴᠢ ᠵᠢᠨ ᠵᠶ᠋ᠠᠨ ᠢᠷᠡᠭᠡᠳᠦᠶ ᠵᠢᠨ ᠨᠢᠭᠡ ᠵᠢᠯ᠎ᠤᠨ ᠲᠣᠰ ᠤᠳᠠᠭ᠋ᠠᠨ᠎ᠤ ᠲᠠᠭᠯᠠᠨ ᠮᠡᠳᠡᠭᠦᠯᠬᠦ ᠬᠡᠪᠴᠢᠶᠡᠨ᠎ᠳᠠᠬᠢ ᠡᠮᠴᠢᠯᠡᠭᠡᠨ᠎ᠤ ᠬᠤᠷᠣᠭᠳᠠᠯ ᠮᠠᠲ᠋ᠧᠷᠢᠶᠠᠯ᠎ᠤᠨ ᠬᠡᠷᠡᠭᠴᠡᠭᠡ ᠱᠠᠭ᠋ᠠᠷᠳᠠᠯᠭ᠎ᠠ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ ᠵᠢ ᠲᠠᠭᠯᠠᠨ ᠮᠡᠳᠡᠭᠦᠯᠦᠨ᠎ᠡ᠃ ᠳᠠᠩᠰᠠᠯᠠᠭᠤᠯᠤᠭᠰᠠᠨ ᠦᠨᠡᠮᠯᠡᠯ᠎ᠲᠠᠢ ᠬᠠᠷᠠᠭ᠋ᠠᠯᠵᠠᠭᠰᠠᠨ ᠦᠢ᠍ᠯᠡᠳᠬᠦᠨ᠎ᠤ ᠲᠣᠭ᠎ᠠ (ᠨᠢᠭᠡᠴᠢ᠄ ᠬᠤᠪᠢ)᠂ ᠪᠣᠳᠠᠲᠠᠶ ᠬᠡᠪ ᠪᠠᠷᠢᠮᠵᠢᠶ᠎ᠠ ᠬᠡᠯᠪᠡᠷᠢ᠎ᠳᠤᠨᠢ ᠬᠦᠷᠦᠨ᠎ᠡ᠃
(ᠭᠤᠷᠪᠠ) ᠰᠢᠰᠲ᠋ᠧᠮ᠎ᠤᠨ ᠳᠤᠲᠠᠮᠠᠭ ᠦᠢ᠍ᠯᠡᠳᠬᠦᠨ ᠨᠡᠮᠡᠨ ᠨᠥᠬᠥᠬᠦ ᠲᠣᠭ᠎ᠠ ᠪᠠᠷᠢᠮᠲᠠ
ᠡᠯ᠎ᠡ ᠡᠮᠴᠢᠯᠡᠭᠡᠨ᠎ᠤ ᠪᠠᠶ᠋ᠢᠭᠤᠯᠤᠮᠵᠢ᠎ᠨᠢ ᠲᠡᠤᠬᠡ ᠵᠢᠨ ᠬᠤᠳᠠᠯᠳᠤᠨ ᠠᠪᠬᠤ ᠲᠤᠭ᠎ᠠ ᠪᠠᠷᠢᠮᠲᠠ ᠪᠠ ᠬᠡᠷᠡᠭᠴᠡᠭᠡ ᠱᠠᠭ᠋ᠠᠷᠳᠠᠯᠭ᠎ᠠ ᠵᠢᠨ ᠬᠤᠳᠠᠯᠳᠤᠨ ᠠᠪᠬᠤ ᠲᠤᠭ᠎ᠠ ᠪᠠᠷᠢᠮᠲᠠ ᠵᠢ ᠲᠠᠭᠯᠠᠨ ᠮᠡᠳᠡᠭᠦᠯᠬᠦ ᠶᠠᠪᠤᠴᠠ᠎ᠳᠤ᠂ ᠬᠡᠷᠪᠡ ᠲᠠᠭᠯᠠᠨ ᠮᠡᠳᠡᠭᠦᠯᠬᠦ ᠬᠡᠪᠴᠢᠶᠡᠨ ᠳᠣᠲᠣᠷᠠᠬᠢ ᠦᠢ᠍ᠯᠡᠳᠭᠦᠨ᠎ᠨᠢ ᠳᠤᠲᠠᠭᠳᠠᠯ᠎ᠲᠠᠢ ᠪᠠᠶ᠋ᠢᠬᠤ ᠵᠢ ᠣᠯᠵᠤ ᠮᠡᠳᠡᠪᠡᠯ᠂ ᠬᠣᠯᠪᠣᠭᠳᠠᠯ ᠪᠥᠬᠦᠶ ᠮᠡᠷᠭᠡᠵᠢᠯ᠎ᠤᠨ ᠠᠵᠢᠯᠲᠠᠨ᠎ᠲᠠᠢ ᠴᠠᠭ ᠲᠤᠬᠠᠶ᠎ᠳᠤᠨᠢ ᠨᠡᠪᠲᠡᠷᠡᠯᠴᠡᠵᠦ᠂ ᠨᠤᠲᠠᠯᠠᠭᠰᠠᠨ᠎ᠤ ᠳᠠᠷᠠᠭ᠎ᠠ ᠨᠡᠮᠡᠵᠦ ᠨᠥᠬᠦᠪᠥᠷᠢᠯᠡᠵᠦ ᠪᠣᠯᠤᠨ᠎ᠠ᠃
(ᠲᠦᠷᠪᠡ) ᠬᠤᠯᠪᠣᠭ᠋ᠠᠯᠠᠭᠰᠠᠨ ᠮᠤᠵᠢ ᠣᠷᠣᠨ᠎ᠤ ᠳᠡᠰ᠎ᠤᠨ ᠰᠦᠯᠵᠢᠶᠡᠨ᠎ᠳᠤ ᠬᠤᠯᠪᠤᠬᠤ ᠦᠨ᠎ᠡ
ᠡᠯ᠎ᠡ ᠬᠤᠯᠪᠣᠭ᠋ᠠᠨ᠎ᠤ ᠭᠠᠵᠠᠷ ᠣᠷᠣᠨ᠎ᠤ ᠮᠤᠵᠢ ᠵᠢᠨ ᠱᠠᠲᠤᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ᠎ᠤᠳ ᠲᠣᠰ ᠤᠳᠠᠭ᠋ᠠᠨ᠎ᠤ ᠲᠠᠭᠯᠠᠨ ᠮᠡᠳᠡᠭᠦᠯᠬᠦ ᠬᠡᠪᠴᠢᠶᠡᠨ᠎ᠳᠠᠬᠢ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠤᠨ ᠲᠣᠰ ᠮᠤᠵᠢ ᠵᠢᠨ ᠰᠦᠯᠵᠢᠶᠡᠨ᠎ᠳᠤ ᠬᠤᠯᠪᠤᠭᠰᠠᠨ ᠦᠨ᠎ᠡ ᠬᠠᠩᠰᠢ ᠵᠢ ᠲᠠᠭᠯᠠᠨ ᠮᠡᠳᠡᠭᠦᠯᠦᠨ᠎ᠡ᠃
ᠳᠥᠷᠪᠡ᠂ ᠲᠠᠭᠯᠠᠨ ᠮᠡᠳᠡᠭᠦᠯᠬᠦ ᠴᠤᠪᠤᠷᠠᠯ
(ᠨᠢᠭᠡ) ᠳᠠᠩᠰᠠᠨ ᠨᠣᠮᠧᠷ ᠡᠭᠦᠰᠭᠡᠬᠦ ᠪᠠ ᠲᠠᠷᠬᠠᠭ᠋ᠠᠬᠤ
ᠲᠣᠰ ᠤᠳᠠᠭ᠋ᠠᠨ᠎ᠤ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ ᠵᠡᠷᠭᠡ ᠠᠵᠢᠯ᠎ᠨᠢ ᠮᠤᠵᠢ ᠵᠢᠨ ᠬᠤᠭᠤᠷᠣᠨᠳᠣᠬᠢ ᠬᠤᠯᠪᠣᠭ᠋ᠠᠨ᠎ᠤ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠬᠤᠯᠪᠣᠭ᠋ᠠᠯᠠᠨ ᠬᠤᠳᠠᠯᠳᠤᠨ ᠠᠪᠬᠤ ᠲᠠᠪᠴᠠᠩ (ᠳᠣᠣᠷᠠᠬᠢ 《ᠰᠢᠰᠲ᠋ᠧᠮ》 ᠭᠡᠵᠦ ᠲᠣᠪᠴᠢᠯᠠᠨ᠎ᠠ)᠎ᠲᠤ ᠲᠦᠰᠢᠭᠯᠡᠨ᠂ ᠰᠦᠯᠵᠢᠶᠡᠨ᠎ᠤ ᠬᠠᠶᠢᠭ᠄ http://www.nmgyxcg.cn᠄ 9111/)᠎ᠳᠤ ᠲᠦᠰᠢᠭᠯᠡᠨ ᠥᠷᠨᠢᠭᠦᠯᠦᠨ᠎ᠡ᠃ ᠡᠯ᠎ᠡ ᠬᠤᠯᠪᠣᠭ᠋ᠠᠨ᠎ᠤ ᠮᠤᠵᠢ ᠣᠷᠣᠨ᠎ᠤ ᠱᠠᠲᠤᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ᠎ᠤᠨ ᠳᠠᠩᠰᠠᠯᠠᠬᠤ ᠰᠢᠰᠲ᠋ᠧᠮ᠎ᠤᠨ ᠲᠠᠩᠰᠠᠨ ᠨᠣᠮᠧᠷ ᠪᠠ ᠠᠩᠬᠠᠨ᠎ᠤ ᠨᠢᠭᠤᠴᠠ ᠨᠣᠮᠧᠷ᠎ᠢ ᠮᠤᠵᠢ ᠵᠢᠨ ᠬᠤᠭᠤᠷᠣᠨᠳᠣᠬᠢ ᠬᠤᠯᠪᠣᠭ᠋ᠠᠨ᠎ᠤ ᠲᠥᠪᠯᠡᠷᠡᠭᠦᠯᠦᠨ ᠬᠤᠳᠠᠯᠳᠤᠨ ᠠᠪᠬᠤ ᠤᠳᠤᠷᠢᠳᠬᠤ ᠳᠤᠭᠤᠶ᠋ᠢᠯᠠᠩ᠎ᠤᠨ ᠠᠯᠪᠠᠨ ᠬᠡᠷ᠎ᠠᠴᠠ ᠬᠠᠷᠢᠭᠤᠴᠠᠨ ᠣᠯᠭᠤᠨ᠎ᠠ᠃ ᠡᠯ᠎ᠡ ᠬᠤᠯᠪᠣᠭ᠋ᠠᠨ᠎ᠤ ᠭᠠᠵᠠᠷ ᠣᠷᠣᠨ᠎ᠤ ᠮᠤᠵᠢ ᠵᠢᠨ ᠱᠠᠲᠤᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ ᠰᠢᠰᠲ᠋ᠧᠮ᠎ᠳᠤ ᠳᠠᠩᠰᠠᠯᠠᠭᠰᠠᠨ᠎ᠤ ᠳᠠᠷᠠᠭ᠎ᠠ᠂ 《ᠬᠡᠷᠡᠭᠯᠡᠭᠴᠢ ᠵᠢᠨ ᠬᠠᠮᠢᠶᠠᠷᠤᠯᠲᠠ》 — 《ᠡᠮᠴᠢᠯᠡᠭᠡᠨ᠎ᠤ ᠪᠠᠶ᠋ᠢᠭᠤᠯᠤᠮᠵᠢ ᠵᠢᠨ ᠬᠠᠮᠢᠶᠠᠷᠤᠯᠲᠠ》 ᠵᠢᠨ ᠬᠡᠰᠡᠭ᠎ᠲᠤ ᠡᠮᠴᠢᠯᠡᠭᠡᠨ᠎ᠤ ᠪᠠᠶ᠋ᠢᠭᠤᠯᠤᠮᠵᠢ ᠵᠢᠨ ᠲᠠᠩᠰᠠᠨ ᠨᠣᠮᠧᠷ᠎ᠤᠨ ᠮᠡᠳᠡᠭᠡ ᠵᠠᠩᠭᠢ ᠵᠢ ᠬᠥᠲᠥᠯᠦᠨ ᠭᠠᠷᠭ᠋ᠠᠵᠤ᠂ ᠬᠡᠷᠪᠡ ᠡᠮᠴᠢᠯᠡᠭᠡᠨ᠎ᠤ ᠪᠠᠶ᠋ᠢᠭᠤᠯᠤᠮᠵᠢ ᠵᠢᠨ ᠲᠠᠩᠰᠠᠨ ᠨᠣᠮᠧᠷ᠎ᠢ ᠰᠢᠨ᠎ᠡ᠎ᠪᠠᠷ ᠨᠡᠮᠡᠭᠳᠡᠭᠦᠯᠬᠦ ᠴᠢᠬᠤᠯᠠᠲᠠᠶ ᠪᠣᠯ ᠬᠠᠷᠢᠶᠠᠲᠤ ᠣᠷᠣᠨ᠎ᠤ ᠡᠮᠴᠢᠯᠡᠭᠡᠨ᠎ᠤ ᠪᠠᠶ᠋ᠢᠭᠤᠯᠤᠮᠵᠢ ᠵᠢᠨ ᠮᠡᠳᠡᠭᠡ ᠵᠠᠩᠭᠢ ᠵᠢ ᠣᠷᠣᠭᠤᠯᠬᠤ ᠪᠤᠶᠤ 《ᠲᠠᠩᠰᠠᠨ ᠨᠣᠮᠧᠷ᠎ᠢ ᠰᠢᠨ᠎ᠡ᠎ᠪᠠᠷ ᠨᠡᠮᠡᠭᠳᠡᠭᠦᠯᠬᠦ》 ᠵᠢ ᠳᠣᠲᠣᠯᠠᠵᠤ ᠠᠵᠢᠯᠯᠠᠭᠤᠯᠬᠤ ᠵᠢᠨ ᠬᠠᠮᠲᠤ ᠬᠠᠷᠢᠶᠠᠲᠤ ᠣᠷᠣᠨ᠎ᠤ ᠡᠮᠴᠢᠯᠡᠭᠡᠨ᠎ᠤ ᠪᠠᠶ᠋ᠢᠭᠤᠯᠤᠮᠵᠢ᠎ᠳᠤ ᠴᠠᠭ ᠲᠤᠬᠠᠶ᠎ᠳᠤᠨᠢ ᠨᠢᠭᠤᠴᠠ ᠨᠣᠮᠧᠷ᠎ᠢ ᠳᠠᠬᠢᠨ ᠲᠣᠬᠢᠷᠠᠭᠤᠯᠬᠤ ᠵᠢ ᠰᠠᠨᠠᠭᠤᠯᠵᠤ ᠪᠣᠯᠤᠨ᠎ᠠ᠃
(ᠬᠤᠶᠠᠷ) ᠡᠮᠴᠢᠯᠡᠭᠡᠨ᠎ᠤ ᠪᠠᠶ᠋ᠢᠭᠤᠯᠤᠮᠵᠢ ᠵᠢᠨ ᠲᠤᠭ᠎ᠠ ᠪᠠᠷᠢᠮᠲᠠ ᠵᠢ ᠲᠠᠭᠯᠠᠨ ᠮᠡᠳᠡᠭᠦᠯᠬᠦ
ᠡᠯ᠎ᠡ ᠬᠣᠯᠪᠣᠭᠳᠠᠯ ᠪᠥᠬᠦᠶ ᠡᠮᠴᠢᠯᠡᠭᠡᠨ᠎ᠤ ᠪᠠᠶ᠋ᠢᠭᠤᠯᠤᠮᠵᠢ 7 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ ᠡᠮᠦᠨ᠎ᠡ ᠳᠠᠩᠰᠠᠯᠠᠬᠤ ᠰᠢᠰᠲ᠋ᠧᠮ᠎ᠤᠨ 《ᠳᠡᠭᠡᠭᠰᠢ ᠮᠡᠳᠡᠭᠦᠯᠬᠦ ᠬᠠᠮᠢᠶᠠᠷᠤᠯᠲᠠ ᠵᠢᠨ ᠭᠤᠶᠤᠴᠢᠯᠠᠨ ᠮᠡᠳᠡᠭᠦᠯᠬᠦ》 ᠵᠠᠭᠪᠤᠷ ᠪᠠᠶ᠋ᠢᠵᠤ᠂ ᠲᠡᠤᠬᠡ ᠵᠢᠨ ᠬᠤᠳᠠᠯᠳᠤᠨ ᠠᠪᠬᠤ ᠲᠤᠭ᠎ᠠ ᠪᠠᠷᠢᠮᠲᠠ ᠪᠠ ᠬᠡᠷᠡᠭᠴᠡᠭᠡ ᠱᠠᠭ᠋ᠠᠷᠳᠠᠯᠭ᠎ᠠ ᠬᠤᠳᠠᠯᠳᠤᠨ ᠠᠪᠬᠤ ᠲᠤᠭ᠎ᠠ ᠪᠠᠷᠢᠮᠲᠠ ᠵᠢ ᠲᠠᠭᠯᠠᠨ ᠮᠡᠳᠡᠭᠦᠯᠬᠦ ᠠᠵᠢᠯ᠎ᠢ ᠪᠡᠶᠡᠯᠡᠭᠦᠯᠦᠨ᠎ᠡ᠃ ᠡᠯ᠎ᠡ ᠡᠮᠴᠢᠯᠡᠭᠡᠨ᠎ᠤ ᠪᠠᠶ᠋ᠢᠭᠤᠯᠤᠮᠵᠢ ᠬᠣᠯᠪᠣᠭᠳᠠᠯ ᠪᠥᠬᠦᠶ ᠲᠤᠭ᠎ᠠ ᠪᠠᠷᠢᠮᠲᠠ ᠵᠢ ᠲᠠᠭᠯᠠᠨ ᠮᠡᠳᠡᠭᠦᠯᠦᠭᠰᠡᠨ᠎ᠤ ᠳᠠᠷᠠᠭ᠎ᠠ᠂ 《ᠡᠷᠬᠡ ᠣᠯᠭᠤᠬᠤ ᠠᠮᠠᠯᠠᠯᠲᠠ ᠵᠢᠨ ᠪᠢᠴᠢᠭ》᠂ 《ᠲᠡᠤᠬᠡᠨ ᠬᠤᠳᠠᠯᠳᠤᠨ ᠠᠪᠬᠤ ᠲᠤᠭ᠎ᠠ ᠪᠠᠷᠢᠮᠲᠠ ᠵᠢᠨ ᠬᠤᠷᠢᠶᠠᠩᠭᠤᠶ ᠬᠦᠰᠦᠨᠦᠭᠲᠦ》᠂ 《ᠬᠡᠷᠡᠭᠴᠡᠭᠡ ᠱᠠᠭ᠋ᠠᠷᠳᠠᠯᠭ᠎ᠠ ᠬᠤᠳᠠᠯᠳᠤᠨ ᠠᠪᠬᠤ ᠲᠤᠭ᠎ᠠ ᠪᠠᠷᠢᠮᠲᠠ ᠵᠢᠨ ᠬᠤᠷᠢᠶᠠᠩᠭᠤᠶ ᠬᠦᠰᠦᠨᠦᠭᠲᠦ》 ᠵᠢ ᠳᠠᠷᠤᠮᠠᠯᠯᠠᠬᠤ ᠴᠢᠬᠤᠯᠠᠲᠠᠶ᠂ ᠲᠣᠰ ᠨᠢᠭᠡᠴᠢ ᠵᠢᠨ ᠭᠤᠤᠯ ᠬᠠᠷᠢᠭᠤᠴᠠᠯᠭ᠋ᠠᠲᠠᠨ᠎ᠳᠤ ᠭᠠᠷᠤᠨ ᠥᠰᠥᠭ ᠵᠢᠷᠤᠵᠤ ᠨᠤᠲᠠᠯᠠᠭᠤᠯᠵᠤ᠂ ᠠᠯᠪᠠᠨ ᠲᠠᠮᠠᠭ᠎ᠠ ᠳᠠᠷᠤᠭᠰᠠᠨ᠎ᠤ ᠳᠠᠷᠠᠭ᠎ᠠ᠂ ᠰᠢᠰᠲ᠋ᠧᠮ᠎ᠤᠨ ᠳᠣᠲᠣᠷ᠎ᠠ ᠰᠢᠷᠪᠢᠬᠦ ᠡᠯᠧᠺᠲᠷᠣᠨ ᠬᠡᠪᠯᠡᠯ᠎ᠤᠨ ᠪᠢᠴᠢᠭ ᠮᠠᠲ᠋ᠧᠷᠢᠶᠠᠯ᠎ᠢ ᠳᠠᠮᠵᠢᠭᠤᠯᠬᠤ ᠬᠡᠷᠡᠭᠲᠡᠶ᠃
(ᠭᠤᠷᠪᠠ) ᠡᠮᠴᠢᠯᠡᠭᠡᠨ᠎ᠤ ᠪᠠᠳᠤᠯᠠᠭ᠎ᠠ ᠵᠢᠨ ᠰᠠᠯᠠᠭ᠎ᠠ ᠮᠥᠴᠢᠷ᠎ᠤᠨ ᠲᠤᠭ᠎ᠠ ᠪᠠᠷᠢᠮᠲᠠ ᠵᠢ ᠲᠠᠭᠯᠠᠨ ᠮᠡᠳᠡᠭᠦᠯᠬᠦ ᠵᠢᠴᠢ ᠬᠢᠨᠠᠨ ᠬᠠᠷᠭᠤᠭᠤᠯᠬᠤ
1. ᠲᠤᠭ᠎ᠠ ᠪᠠᠷᠢᠮᠲᠠ ᠵᠢ ᠲᠠᠭᠯᠠᠨ ᠮᠡᠳᠡᠭᠦᠯᠦᠨ᠎ᠡ᠃ ᠡᠯ᠎ᠡ ᠬᠤᠯᠪᠣᠭ᠋ᠠᠨ᠎ᠤ ᠭᠠᠵᠠᠷ ᠣᠷᠣᠨ᠎ᠤ ᠮᠤᠵᠢ ᠵᠢᠨ ᠱᠠᠲᠤᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ᠎ᠤᠨ ᠳᠠᠩᠰᠠᠯᠠᠬᠤ ᠰᠢᠰᠲ᠋ᠧᠮ᠎ᠤᠨ 《ᠳᠡᠭᠡᠭᠰᠢ ᠮᠡᠳᠡᠭᠦᠯᠵᠦ ᠬᠠᠮᠢᠶᠠᠷᠬᠤ》 — 《ᠮᠤᠵᠢ ᠵᠢᠨ ᠱᠠᠲᠤᠨ᠎ᠤ ᠰᠦᠯᠵᠢᠶᠡᠨ᠎ᠳᠤ ᠬᠤᠯᠪᠤᠭᠰᠠᠨ ᠦᠨ᠎ᠡ ᠵᠢ ᠲᠠᠭᠯᠠᠨ ᠮᠡᠳᠡᠭᠦᠯᠬᠦ》 ᠵᠠᠭᠪᠤᠷ᠎ᠲᠤ ᠤᠷᠤᠵᠤ᠂ 7 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ ᠡᠮᠦᠨ᠎ᠡ ᠬᠣᠯᠪᠣᠭᠳᠠᠯ ᠪᠥᠬᠦᠶ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠤᠨ ᠲᠣᠰ ᠮᠤᠵᠢ ᠵᠢᠨ ᠰᠦᠯᠵᠢᠶᠡᠨ᠎ᠳᠤ ᠬᠤᠯᠪᠤᠭᠰᠠᠨ ᠦᠨ᠎ᠡ ᠵᠢ ᠲᠠᠭᠯᠠᠨ ᠮᠡᠳᠡᠭᠦᠯᠦᠨ᠎ᠡ᠃
2. ᠲᠣᠭ᠎ᠠ ᠪᠠᠷᠢᠮᠲᠠ ᠵᠢ ᠬᠢᠨᠠᠨ ᠬᠠᠷᠭᠤᠭᠤᠯᠤᠨ᠎ᠠ᠃ ᠡᠯ᠎ᠡ ᠬᠤᠯᠪᠣᠭ᠋ᠠᠨ᠎ᠤ ᠭᠠᠵᠠᠷ ᠣᠷᠣᠨ᠎ᠤ ᠮᠤᠵᠢ᠂ ᠬᠤᠲᠠ ᠬᠤᠶᠠᠷ ᠱᠠᠲᠤᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ᠎ᠤᠨ ᠳᠠᠩᠰᠠᠯᠠᠬᠤ ᠰᠢᠰᠲ᠋ᠧᠮ᠎ᠤᠨ 《ᠳᠡᠭᠡᠭᠰᠢ ᠮᠡᠳᠡᠭᠦᠯᠵᠦ ᠬᠠᠮᠢᠶᠠᠷᠤᠭᠤᠯᠬᠤ》 ᠵᠠᠭᠪᠤᠷ᠎ᠲᠤ ᠣᠷᠣᠵᠤ᠂ ᠬᠠᠷᠢᠶ᠎ᠠ ᠣᠷᠣᠨ᠎ᠤ ᠳᠣᠲᠣᠷᠠᠬᠢ ᠡᠮᠴᠢᠯᠡᠭᠡᠨ᠎ᠤ ᠪᠠᠶ᠋ᠢᠭᠤᠯᠤᠮᠵᠢ ᠵᠢᠨ ᠲᠡᠦᠬᠡ ᠵᠢᠨ ᠬᠤᠳᠠᠯᠳᠤᠨ ᠠᠪᠬᠤ ᠲᠤᠭ᠎ᠠ ᠪᠠᠷᠢᠮᠲᠠ᠂ ᠬᠡᠷᠡᠭᠴᠡᠭᠡ ᠱᠠᠭ᠋ᠠᠷᠳᠠᠯᠭ᠎ᠠ ᠬᠤᠳᠠᠯᠳᠤᠨ ᠠᠪᠬᠤ ᠲᠤᠭ᠎ᠠ ᠪᠠᠷᠢᠮᠲᠠ ᠵᠢ ᠱᠠᠲᠤ ᠳᠠᠷᠠᠭ᠋ᠠᠯᠠᠨ ᠬᠢᠨᠠᠨ ᠬᠠᠷᠭᠤᠭᠤᠯᠤᠨ᠎ᠠ᠃ ᠬᠣᠯᠪᠣᠭᠳᠠᠯ ᠪᠦᠬᠦᠢ ᠲᠤᠭ᠎ᠠ ᠪᠠᠷᠢᠮᠲᠠ ᠵᠢ ᠪᠤᠷᠤᠭᠤ ᠥᠬᠡᠶ ᠪᠠᠶ᠋ᠢᠬᠤ ᠵᠢ ᠨᠤᠲᠠᠯᠠᠭᠰᠠᠨ᠎ᠤ ᠳᠠᠷᠠᠭ᠎ᠠ᠂ ᠡᠯ᠎ᠡ ᠬᠤᠯᠪᠣᠭ᠋ᠠᠨ᠎ᠤ ᠭᠠᠵᠠᠷ ᠣᠷᠣᠨ᠎ᠤ ᠮᠤᠵᠢ ᠵᠢᠨ ᠱᠠᠲᠤᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ 8 ᠳ᠋ᠤᠭ᠋ᠠᠷ ᠰᠠᠷ᠎ᠠ ᠵᠢᠨ 2᠎ᠤᠨ ᠡᠳᠦᠷ᠎ᠠᠴᠠ ᠡᠮᠦᠨ᠎ᠡ ᠰᠢᠰᠲ᠋ᠧᠮ ᠵᠶ᠋ᠠᠷ ᠳᠠᠮᠵᠢᠭᠤᠯᠤᠨ ᠲᠤᠰᠢᠶᠠᠬᠤ ᠵᠢᠨ ᠬᠠᠮᠲᠤ 《ᠮᠤᠵᠢ ᠵᠢᠨ ᠱᠠᠲᠤᠨ᠎ᠤ ᠲᠡᠦᠬᠡ ᠵᠢᠨ ᠬᠤᠳᠠᠯᠳᠤᠨ ᠠᠪᠬᠤ ᠲᠤᠭ᠎ᠠ ᠪᠠᠷᠢᠮᠲᠠ ᠵᠢᠨ ᠬᠤᠷᠢᠶᠠᠩᠭᠤᠶ ᠬᠦᠰᠦᠨᠦᠭᠲᠦ》᠂ 《ᠮᠤᠵᠢ ᠵᠢᠨ ᠱᠠᠲᠤᠨ᠎ᠤ ᠬᠡᠷᠡᠭᠴᠡᠭᠡ ᠱᠠᠭ᠋ᠠᠷᠳᠠᠯᠭ᠎ᠠ ᠵᠢᠨ ᠬᠤᠳᠠᠯᠳᠤᠨ ᠠᠪᠬᠤ ᠲᠤᠭ᠎ᠠ ᠪᠠᠷᠢᠮᠲᠠ ᠵᠢᠨ ᠬᠤᠷᠢᠶᠠᠩᠭᠤᠶ ᠬᠦᠰᠦᠨᠦᠭᠲᠦ》 ᠵᠢ ᠰᠢᠯᠵᠢᠭᠦᠯᠦᠨ ᠭᠠᠷᠭ᠋ᠠᠬᠤ ᠵᠢᠨ ᠬᠠᠮᠲᠤ ᠳᠠᠷᠤᠮᠠᠯᠯᠠᠵᠤ᠂ ᠮᠤᠵᠢ ᠵᠢᠨ ᠱᠠᠲᠤᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ᠎ᠤᠨ ᠠᠯᠪᠠᠨ ᠲᠠᠮᠠᠭ᠎ᠠ ᠵᠢ ᠳᠠᠷᠤᠭᠰᠠᠨ᠎ᠤ ᠳᠠᠷᠠᠭ᠎ᠠ᠂ ᠰᠢᠰᠲ᠋ᠧᠮ᠎ᠤᠨ ᠳᠣᠲᠣᠷ᠎ᠠ ᠰᠢᠷᠪᠢᠬᠦ ᠡᠯᠧᠺᠲᠷᠣᠨ ᠬᠡᠪᠯᠡᠯ᠎ᠤᠨ ᠪᠢᠴᠢᠭ ᠮᠠᠲ᠋ᠧᠷᠢᠶᠠᠯ᠎ᠢ ᠳᠠᠮᠵᠢᠭᠤᠯᠤᠨ᠎ᠠ᠃
ᠲᠠᠪᠤ᠂ ᠰᠢᠰᠲ᠋ᠧᠮ᠎ᠤᠨ ᠨᠡᠭᠡᠭᠡᠯᠲᠡ ᠬᠢᠬᠦ ᠴᠠᠭ
2023 ᠣᠨ᠎ᠤ 7 ᠳ᠋ᠤᠭ᠋ᠠᠷ ᠰᠠᠷ᠎ᠠ ᠵᠢᠨ 24᠎ᠤ ᠡᠳᠦᠷ᠎ᠤᠨ 9᠄ 00—8 ᠳ᠋ᠤᠭ᠋ᠠᠷ ᠰᠠᠷ᠎ᠠ ᠵᠢᠨ 2᠎ᠤᠨ ᠡᠳᠦᠷ᠎ᠤᠨ 17᠄ 00 ᠴᠠᠭ
ᠵᠢᠷᠭᠤᠭ᠎ᠠ᠂ ᠠᠵᠢᠯ᠎ᠤᠨ ᠱᠠᠭ᠋ᠠᠷᠳᠠᠯᠭ᠎ᠠ
(ᠨᠢᠭᠡ) ᠡᠯ᠎ᠡ ᠬᠣᠯᠪᠣᠭᠳᠠᠯ ᠪᠥᠬᠦᠶ ᠡᠮᠴᠢᠯᠡᠭᠡᠨ᠎ᠤ ᠪᠠᠶ᠋ᠢᠭᠤᠯᠤᠮᠵᠢ ᠲᠣᠰ ᠤᠳᠠᠭ᠋ᠠᠨ᠎ᠤ ᠲᠠᠭᠯᠠᠨ ᠮᠡᠳᠡᠭᠦᠯᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠠᠵᠢᠯ᠎ᠤᠨ ᠲᠤᠰᠬᠠᠶ ᠬᠥᠮᠦᠨ᠎ᠢ ᠵᠢᠭ᠋ᠠᠨ ᠲᠣᠭᠲᠠᠭ᠋ᠠᠵᠤ ᠱᠠᠭ᠋ᠠᠷᠳᠠᠯᠭ᠎ᠠ ᠶᠣᠰᠣᠭ᠋ᠠᠷ ᠬᠣᠯᠪᠣᠭᠳᠠᠯ ᠪᠥᠬᠦᠶ ᠬᠤᠳᠠᠯᠳᠤᠨ ᠠᠪᠬᠤ ᠲᠤᠭ᠎ᠠ ᠪᠠᠷᠢᠮᠲᠠ ᠵᠢ ᠲᠠᠭᠯᠠᠨ ᠮᠡᠳᠡᠭᠦᠯᠬᠦ ᠵᠢ ᠬᠠᠷᠢᠭᠤᠴᠠᠭᠤᠯᠵᠤ᠂ ᠲᠠᠭᠯᠠᠨ ᠮᠡᠳᠡᠭᠦᠯᠦᠭᠰᠡᠨ ᠲᠤᠭ᠎ᠠ ᠪᠠᠷᠢᠮᠲᠠ ᠵᠢᠨ ᠦᠨᠡᠨ ᠪᠣᠳᠠᠲᠠᠶ᠂ ᠣᠨᠣᠪᠴᠢᠲᠠᠶ᠂ ᠬᠦᠴᠦᠨ ᠵᠦᠢ᠍ᠯ ᠪᠦᠷᠢᠨ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
(ᠬᠤᠶᠠᠷ) ᠡᠯ᠎ᠡ ᠬᠤᠯᠪᠣᠭ᠋ᠠᠨ᠎ᠤ ᠭᠠᠵᠠᠷ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ᠎ᠤᠳ ᠬᠠᠷᠢᠶ᠎ᠠ ᠣᠷᠣᠨ᠎ᠤ᠎ᠪᠠᠨ ᠡᠮᠴᠢᠯᠡᠭᠡᠨ᠎ᠤ ᠪᠠᠶ᠋ᠢᠭᠤᠯᠤᠮᠵᠢ ᠵᠢ ᠵᠣᠬᠢᠶᠠᠨ ᠪᠠᠶ᠋ᠢᠭᠤᠯᠤᠨ ᠱᠠᠭ᠋ᠠᠷᠳᠠᠯᠭ᠎ᠠ ᠶᠣᠰᠣᠭ᠋ᠠᠷ ᠲᠠᠭᠯᠠᠨ ᠮᠡᠳᠡᠭᠦᠯᠬᠦ ᠠᠵᠢᠯ᠎ᠢ ᠰᠠᠶ᠋ᠢᠲᠤᠷ ᠬᠢᠵᠦ᠂ ᠬᠠᠷᠭᠤᠭᠤᠯᠬᠤ᠂ ᠪᠠᠶ᠋ᠢᠴᠠᠭ᠋ᠠᠬᠤ ᠵᠢᠨ ᠬᠠᠮᠲᠤ ᠡᠮᠴᠢᠯᠡᠭᠡᠨ᠎ᠤ ᠪᠠᠶ᠋ᠢᠭᠤᠯᠤᠮᠵᠢ ᠵᠢ ᠰᠢᠮᠳᠠᠭᠤᠯᠵᠤ ᠪᠠᠶ᠋ᠢᠭ᠋ᠠᠳ ᠬᠤᠭᠤᠴᠠᠭ᠎ᠠ ᠶᠣᠰᠣᠭ᠋ᠠᠷ ᠬᠣᠯᠪᠣᠭᠳᠠᠯ ᠪᠥᠬᠦᠶ ᠲᠤᠭ᠎ᠠ ᠪᠠᠷᠢᠮᠲᠠ ᠵᠢ ᠦᠨᠡᠨ ᠪᠣᠳᠠᠲᠠᠶ᠎ᠪᠠᠷ ᠲᠠᠭᠯᠠᠨ ᠮᠡᠳᠡᠭᠦᠯᠬᠦ ᠬᠡᠷᠡᠭᠲᠡᠶ᠃ ᠲᠣᠭᠲᠠᠭ᠋ᠠᠭᠰᠠᠨ ᠲᠠᠭᠯᠠᠨ ᠮᠡᠳᠡᠭᠦᠯᠬᠦ ᠴᠠᠭ᠎ᠠᠴᠠ ᠬᠡᠲᠦᠷᠡᠪᠡᠯ᠂ ᠵᠠᠷᠴᠢᠮ ᠳᠡᠭᠡᠷ᠎ᠡ᠎ᠪᠠᠨ ᠲᠠᠭᠯᠠᠨ ᠮᠡᠳᠡᠭᠦᠯᠦᠭᠰᠡᠨ ᠲᠤᠭ᠎ᠠ ᠪᠠᠷᠢᠮᠲᠠ ᠵᠢᠨ ᠬᠤᠪᠢᠷᠠᠭ᠋ᠠᠯᠲᠠ ᠵᠢ ᠬᠦᠯᠢᠶᠡᠬᠦ ᠦᠭᠡᠢ᠃ ᠬᠡᠷᠪᠡ ᠦᠨᠡᠨ ᠬᠦ᠌ ᠥᠭᠡᠷᠡᠴᠢᠯᠡᠬᠦ ᠴᠢᠬᠤᠯᠠᠲᠠᠶ ᠪᠣᠯ᠂ ᠡᠷᠬᠡᠪᠰᠢ ᠡᠮᠴᠢᠯᠡᠭᠡᠨ᠎ᠤ ᠪᠠᠶ᠋ᠢᠭᠤᠯᠤᠮᠵᠢ ᠵᠢᠨ ᠭᠣᠤᠯ ᠬᠠᠷᠢᠭᠤᠴᠠᠯᠭ᠋ᠠᠲᠠᠨ᠎ᠠᠴᠠ ᠭᠠᠷᠤᠨ ᠦᠰᠦᠭ ᠵᠢᠷᠤᠵᠤ ᠬᠣᠯᠪᠣᠭ᠋ᠠᠯᠠᠭᠰᠠᠨ ᠭᠠᠵᠠᠷ ᠣᠷᠣᠨ᠎ᠤ ᠮᠤᠵᠢ ᠵᠢᠨ ᠱᠠᠲᠤᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ᠎ᠲᠤ ᠮᠡᠳᠡᠭᠦᠯᠦᠨ ᠬᠦᠷᠭᠡᠬᠦ ᠵᠢᠨ ᠬᠠᠮᠲᠤ᠂ ᠮᠤᠵᠢ ᠵᠢᠨ ᠱᠠᠲᠤᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ ᠵᠶ᠋ᠠᠷ ᠬᠢᠨᠠᠨ ᠬᠠᠷᠭᠤᠭᠤᠯᠵᠤ ᠲᠠᠮᠠᠭ᠎ᠠ ᠳᠠᠷᠤᠭᠰᠠᠨ᠎ᠤ ᠳᠠᠷᠠᠭ᠎ᠠ ᠮᠤᠵᠢ ᠵᠢᠨ ᠬᠣᠯᠪᠣᠭ᠎ᠠ ᠵᠢᠨ ᠲᠥᠪᠯᠡᠷᠡᠭᠦᠯᠦᠨ ᠬᠤᠳᠠᠯᠳᠤᠨ ᠠᠪᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠳᠤ ᠮᠡᠳᠡᠭᠦᠯᠦᠨ ᠬᠦᠷᠭᠡᠬᠦ ᠬᠡᠷᠡᠭᠲᠡᠶ᠃
(ᠭᠤᠷᠪᠠ) ᠲᠣᠰ ᠤᠳᠠᠭ᠋ᠠᠨ᠎ᠤ ᠲᠠᠭᠯᠠᠨ ᠮᠡᠳᠡᠭᠦᠯᠬᠦ ᠪᠣᠳᠠᠲᠠᠶ ᠠᠭᠤᠯᠭ᠎ᠠ᠂ ᠲᠠᠭᠯᠠᠨ ᠮᠡᠳᠡᠭᠦᠯᠬᠦ ᠱᠠᠭ᠋ᠠᠷᠳᠠᠯᠭ᠎ᠠ ᠵᠢᠴᠢ ᠰᠢᠰᠲ᠋ᠧᠮ᠎ᠤᠨ ᠠᠵᠢᠯᠯᠠᠬᠤ ᠠᠷᠭ᠎ᠠ ᠵᠢ ᠰᠢᠰᠲ᠋ᠧᠮ᠎ᠤᠨ ᠳᠣᠲᠣᠷᠠᠬᠢ ᠠᠵᠢᠯᠯᠠᠬᠤ ᠭᠠᠷ ᠳᠡᠪᠲᠡᠷ᠎ᠢ ᠯᠠᠪᠯᠠᠭ᠋ᠠᠷᠠᠢ᠃
ᠳᠣᠯᠤᠭ᠎ᠠ᠂ ᠬᠠᠷᠢᠯᠴᠠᠬᠤ ᠠᠷᠭ᠎ᠠ ᠮᠠᠶᠢᠭ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ
ᠲᠤᠬᠠᠶ᠋ᠢᠯᠠᠭᠰᠠᠨ ᠠᠵᠢᠯ᠎ᠤᠨ ᠯᠠᠪᠯᠠᠯᠭ᠎ᠠ᠄ 0471—4907213
ᠮᠡᠷᠭᠡᠵᠢᠯ᠎ᠤᠨ ᠳᠡᠮᠵᠢᠯᠭᠡ᠄ 0471—4967106
ᠦᠢ᠍ᠯᠡᠴᠢᠯᠡᠬᠦ ᠴᠠᠭ᠄ 9᠄ 00—12᠄ 00᠂ 14᠄ 30—18᠄ 00᠂ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠠᠴᠠ ᠪᠤᠰᠤᠳ ᠡᠳᠦᠷ᠃
ᠮᠤᠵᠢ ᠵᠢᠨ ᠬᠤᠭᠤᠷᠣᠨᠳᠣᠬᠢ ᠬᠤᠯᠪᠤᠭ᠎ᠠ ᠵᠢᠨ ᠬᠤᠳᠠᠯᠳᠤᠨ ᠠᠪᠬᠤ ᠠᠯᠪᠠᠨ ᠭᠡᠷ
(ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠣᠷᠣᠯᠠᠨ ᠪᠢᠴᠢᠬᠦ)
2023 ᠣᠨ᠎ᠤ 7 ᠳ᠋ᠤᠭ᠋ᠠᠷ ᠰᠠᠷ᠎ᠠ ᠵᠢᠨ 21᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ᠎ᠪᠠᠷ ᠨᠡᠢ᠌ᠲᠡᠯᠡᠨ᠎ᠡ)