ᠺᠠᠳ᠋ᠷ᠎ᠤᠨ ᠡᠩᠨᠡᠭᠡᠨ᠎ᠤ ᠪᠦᠲᠦᠭᠡᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠣᠨᠳᠣᠤ ᠭᠠᠵᠠᠷ᠎ᠲᠤ ᠡᠮᠨᠡᠭᠦᠯᠦᠭᠰᠡᠨ᠎ᠢ ᠰᠢᠭᠤᠳ ᠳ᠋ᠦᠩᠨᠡᠨ ᠪᠤᠳᠤᠬᠤ ᠠᠵᠢᠯ᠎ᠢ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠥᠷᠢᠰᠥᠯᠳᠦᠭᠡᠨ᠎ᠤ ᠴᠢᠨᠠᠷᠲᠠᠶ ᠠᠳᠠᠯᠢᠳᠬᠠᠨ ᠰᠣᠩᠭᠤᠬᠤ ᠠᠷᠭ᠎ᠠ ᠬᠡᠯᠪᠡᠷᠢ᠎ᠪᠠᠷ ᠳᠠᠮᠵᠢᠭᠤᠯᠤᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠥᠪᠡᠷᠲᠡᠭᠡᠨ ᠵᠠᠰᠠᠬᠤ ᠣᠷᠣᠨ᠎ᠤ ᠣᠨᠳᠣᠤ ᠭᠠᠵᠠᠷ ᠡᠮᠨᠡᠭᠦᠯᠬᠦ ᠵᠢᠨ ᠳ᠋ᠦᠩᠨᠡᠨ ᠪᠤᠳᠤᠬᠤ ᠲᠥᠪ᠎ᠲᠤ ᠠᠵᠢᠯ ᠰᠢᠯᠵᠢᠬᠦ ᠠᠵᠢᠯᠲᠠᠨ᠎ᠢ ᠠᠳᠠᠯᠢᠳᠬᠠᠨ ᠰᠣᠩᠭᠤᠬᠤ᠎ᠪᠠᠷ ᠲᠥᠯᠥᠪᠯᠡᠵᠦ ᠪᠠᠶ᠋ᠢᠨ᠎ᠠ᠃ ᠡᠳᠦᠭᠡ ᠬᠠᠮᠢᠶ᠎ᠠ ᠪᠦᠬᠦᠢ ᠤᠴᠢᠷ᠎ᠢ ᠳᠣᠤᠷᠠᠬᠢ ᠮᠡᠲᠦ ᠵᠠᠷᠯᠠᠶ᠎ᠠ᠃
ᠨᠢᠭᠡ᠂ ᠠᠵᠢᠯ᠎ᠤᠨ ᠪᠠᠶ᠋ᠢᠷᠢ ᠵᠢ ᠠᠳᠠᠯᠢᠳᠬᠠᠨ ᠰᠣᠩᠭᠤᠬᠤ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠨᠳᠣᠣ ᠭᠠᠵᠠᠷ ᠡᠮᠨᠡᠭᠦᠯᠬᠦ ᠵᠢᠨ ᠳ᠋ᠦᠩᠨᠡᠨ ᠪᠣᠳᠣᠬᠤ ᠲᠥᠪ 3 ᠠᠳᠠᠯᠢᠳᠬᠠᠨ ᠰᠣᠩᠭᠣᠬᠤ ᠠᠵᠢᠯ᠎ᠤᠨ ᠪᠠᠢ᠌ᠷᠢ ᠲᠣᠬᠢᠷᠠᠭᠤᠯᠵᠠᠢ᠃ ᠪᠣᠳᠠᠲᠠᠶ ᠬᠢᠷᠢ ᠬᠡᠮ᠎ᠤᠨ ᠨᠥᠬᠦᠴᠡᠯ᠎ᠢ 《ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠥᠪᠡᠷᠲᠡᠭᠡᠨ ᠵᠠᠰᠠᠬᠤ ᠣᠷᠣᠨ᠎ᠤ ᠣᠨᠳᠣᠤ ᠭᠠᠵᠠᠷ ᠡᠮᠨᠡᠭᠦᠯᠬᠦ ᠵᠢᠨ ᠳ᠋ᠦᠩᠨᠡᠨ ᠪᠤᠳᠤᠬᠤ ᠲᠥᠪ᠎ᠤᠨ ᠥᠷᠢᠰᠥᠯᠳᠦᠭᠡᠨ᠎ᠤ ᠴᠢᠨᠠᠷᠲᠠᠶ ᠠᠵᠢᠯᠲᠠᠨ᠎ᠢ ᠠᠳᠠᠯᠢᠳᠬᠠᠨ ᠰᠣᠩᠭᠤᠬᠤ ᠠᠵᠢᠯ᠎ᠤᠨ ᠪᠠᠶ᠋ᠢᠷᠢ ᠵᠢᠨ ᠬᠦᠰᠦᠨᠦᠭᠲᠦ》᠎ᠠᠴᠠ ᠨᠠᠷᠢᠨ ᠦᠵᠡᠭᠡᠷᠡᠶ᠃
ᠬᠤᠶᠠᠷ᠂ ᠨᠡᠷ᠎ᠡ ᠮᠡᠳᠡᠭᠦᠯᠬᠦ ᠬᠡᠪᠴᠢᠶ᠎ᠡ
ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠠᠯᠪᠠᠨ ᠪᠠᠶ᠋ᠢᠭᠤᠯᠭ᠎ᠠ᠂ ᠠᠵᠢᠯ ᠦᠢ᠍ᠯᠡᠰ᠎ᠤᠨ ᠨᠢᠭᠡᠴᠢ ᠵᠢᠨ ᠣᠷᠣᠨ ᠲᠣᠭ᠋ᠠᠲᠤ ᠠᠵᠢᠯᠯᠠᠵᠤ ᠪᠦᠬᠦᠢ ᠠᠯᠪᠠᠲᠠᠨ (ᠠᠯᠪᠠᠨ᠎ᠳᠤ ᠣᠷᠣᠯᠴᠠᠭᠴᠢ)᠂ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠃ ᠲᠥᠪ ᠪᠠ ᠲᠥᠷᠥ ᠵᠢᠨ ᠪᠠᠶ᠋ᠢᠭᠤᠯᠭ᠎ᠠ᠎ᠠᠴᠠ ᠮᠠᠨ᠎ᠤ ᠣᠷᠣᠨ᠎ᠳᠤ ᠪᠠᠶ᠋ᠢᠭᠤᠯᠤᠭᠰᠠᠨ ᠨᠢᠭᠡᠴᠢ (ᠡᠭᠴᠡ ᠬᠠᠮᠢᠶᠠᠷᠤᠯᠲᠠ ᠵᠢᠨ ᠨᠢᠭᠡᠴᠢ᠂ ᠲᠣᠮᠢᠯᠠᠭᠰᠠᠨ ᠨᠢᠭᠡᠴᠢ ᠵᠡᠷᠭᠡ ᠵᠢ ᠪᠠᠭᠲᠠᠭ᠋ᠠᠨ᠎ᠠ) ᠵᠢᠨ ᠠᠳᠠᠯᠢᠳᠬᠠᠨ ᠰᠣᠩᠭᠣᠬᠤ ᠨᠥᠬᠥᠴᠡᠯ᠎ᠳᠤ ᠨᠡᠶ᠋ᠢᠴᠡᠬᠦ ᠠᠵᠢᠯᠲᠠᠳ ᠴᠤ᠌ ᠨᠡᠷ᠎ᠡ ᠮᠡᠳᠡᠭᠦᠯᠵᠦ ᠪᠣᠯᠤᠨ᠎ᠠ᠃
ᠭᠤᠷᠪᠠ᠂ ᠨᠡᠷ᠎ᠡ ᠮᠡᠳᠡᠭᠦᠯᠬᠦ ᠨᠥᠬᠦᠴᠡᠯ
(ᠨᠢᠭᠡ) ᠨᠡᠷ᠎ᠡ ᠮᠡᠳᠡᠭᠦᠯᠦᠭᠴᠢ ᠳᠣᠣᠷ᠎ᠠ ᠵᠢᠭᠰᠠᠭ᠋ᠠᠭᠰᠠᠨ ᠬᠢᠷᠢ ᠬᠡᠮ᠎ᠤᠨ ᠨᠦᠬᠦᠴᠡᠯ᠎ᠢ ᠪᠦᠷᠢᠯᠳᠦᠭᠦᠯᠬᠦ ᠬᠡᠷᠡᠭᠲᠡᠢ
1. ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ ᠪᠠ ᠬᠠᠤᠯᠢ ᠴᠠᠭ᠋ᠠᠵᠠ ᠵᠢ ᠵᠢᠷᠤᠮᠯᠠᠵᠤ᠂ ᠰᠠᠶ᠋ᠢᠨ ᠰᠠᠶ᠋ᠢᠬᠠᠨ ᠤᠯᠤᠰ ᠲᠥᠷᠥ ᠵᠢᠨ ᠬᠡᠪ ᠴᠢᠨᠠᠷ ᠪᠠ ᠲᠤᠬᠠᠶ᠋ᠢᠯᠠᠭᠰᠠᠨ ᠠᠵᠢᠯ᠎ᠤᠨ ᠴᠢᠳᠠᠪᠤᠷᠢ᠎ᠲᠠᠢ ᠪᠠᠶ᠋ᠢᠵᠤ᠂ ᠬᠡᠪ ᠰᠤᠷᠲᠠᠯ᠎ᠨᠢ ᠲᠥᠪᠯᠡᠭᠦᠨ᠂ ᠪᠣᠳᠠᠲᠤ ᠠᠮᠵᠢᠯᠲᠠ᠎ᠨᠢ ᠲᠣᠪᠤᠶ᠋ᠢᠮ᠎ᠠ᠂ ᠣᠯᠠᠨ ᠲᠦᠮᠡᠨ ᠵᠶ᠋ᠠᠷ ᠵᠶ᠋ᠠᠨ ᠮᠡᠳᠡᠷᠡᠭᠰᠡᠨ ᠪᠠᠢ᠌ᠬᠤ ᠬᠡᠷᠡᠭᠲᠡᠢ᠃
2. ᠲᠣᠰ ᠨᠢᠭᠡᠴᠢ᠎ᠳᠤ 2 ᠵᠢᠯ᠎ᠠᠴᠠ ᠳᠡᠭᠡᠭᠰᠢ ᠠᠵᠢᠯᠯᠠᠭᠰᠠᠨ ᠪᠠᠶ᠋ᠢᠭᠤᠯᠭ᠎ᠠ ᠵᠢᠨ ᠠᠯᠪᠠᠲᠠᠨ ᠪᠤᠶᠤ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠤ ᠠᠵᠢᠯ᠎ᠤᠨ ᠥᠩᠭᠡᠷᠡᠯᠲᠡ ᠵᠢ 2024 ᠣᠨ᠎ᠤ 2 ᠳ᠋ᠤᠭ᠋ᠠᠷ ᠰᠠᠷ᠎ᠠ ᠪᠣᠯᠲᠠᠯ᠎ᠠ ᠪᠣᠳᠤᠨ᠎ᠠ᠃
3. ᠣᠶ᠋ᠢᠷ᠎ᠠ ᠵᠢᠨ ᠬᠤᠶᠠᠷ ᠵᠢᠯ᠎ᠤᠨ ᠣᠨ᠎ᠤ ᠬᠢᠨᠠᠨ ᠰᠢᠯᠭ᠋ᠠᠯᠲᠠ᠎ᠳᠤ ᠴᠥᠮ ᠲᠤᠰᠢᠶᠠᠯ᠎ᠳᠤ᠎ᠪᠠᠨ ᠲᠡᠩᠴᠡᠭᠰᠡᠨ (ᠬᠢᠷᠢ ᠲᠡᠩᠴᠡᠭᠰᠡᠨ)᠎ᠠᠴᠠ ᠳᠡᠭᠡᠭᠰᠢᠬᠢ ᠳᠡᠰ ᠪᠠᠢ᠌ᠬᠤ ᠬᠡᠷᠡᠭᠲᠡᠢ᠃
4. ᠶᠡᠭᠡ ᠰᠤᠷᠭ᠋ᠠᠭᠤᠯᠢ ᠵᠢᠨ ᠵᠢᠩᠬᠢᠨᠢ ᠠᠩᠭᠢ ᠵᠢᠴᠢ ᠲᠡᠭᠦᠨ᠎ᠠᠴᠠ ᠳᠡᠭᠡᠭᠰᠢᠬᠢ ᠰᠣᠶᠣᠯ᠎ᠤᠨ ᠬᠢᠷᠢ ᠬᠡᠮᠵᠢᠶ᠎ᠡ᠎ᠲᠠᠢ ᠪᠠᠢ᠌ᠬᠤ ᠬᠡᠷᠡᠭᠲᠡᠢ᠃
5. ᠲᠤᠰᠢᠶᠠᠯ ᠬᠠᠷᠢᠭᠤᠴᠠᠯᠭ᠎ᠠ᠎ᠪᠠᠨ ᠬᠡᠪ᠎ᠤᠨ ᠶᠣᠰᠣᠭ᠋ᠠᠷ ᠭᠦᠢ᠍ᠴᠡᠳᠭᠡᠵᠦ ᠪᠠᠶ᠋ᠢᠭ᠎ᠠ ᠪᠡᠶ᠎ᠡ ᠮᠠᠬᠠᠪᠣᠳ᠎ᠤᠨ ᠨᠥᠬᠥᠴᠡᠯ ᠪᠠ ᠰᠡᠳᠬᠢᠴᠡ ᠵᠢᠨ ᠬᠡᠪ ᠪᠣᠯᠪᠠᠰᠤᠷᠠᠯ᠎ᠲᠠᠢ ᠪᠠᠶ᠋ᠢᠬᠤ ᠬᠡᠷᠡᠭᠲᠡᠢ᠃
6. ᠠᠵᠢᠯ᠎ᠤᠨ ᠪᠠᠶ᠋ᠢᠷᠢ ᠵᠢᠨ ᠬᠡᠷᠡᠭᠰᠡᠬᠦ ᠬᠢᠷᠢ ᠭᠡᠮ᠎ᠤᠨ ᠨᠥᠬᠥᠴᠡᠯ ᠵᠢᠴᠢ ᠮᠡᠷᠭᠡᠵᠢᠯ ᠴᠢᠳᠠᠪᠤᠷᠢ ᠵᠢᠨ ᠱᠠᠭ᠋ᠠᠷᠳᠠᠯᠭ᠎ᠠ ᠵᠢ ᠪᠦᠷᠢᠳᠦᠭᠦᠯᠦᠭᠰᠡᠨ ᠪᠠᠶ᠋ᠢᠬᠤ ᠬᠡᠷᠡᠭᠲᠡᠶ᠃
7. ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠨᠥᠬᠥᠴᠡᠯ᠃
(ᠬᠤᠶᠠᠷ) ᠲᠤᠤᠷᠠᠬᠢ ᠪᠠᠶ᠋ᠢᠳᠠᠯ᠎ᠤᠨ ᠠᠯᠢ ᠨᠢᠭᠡ᠎ᠨᠢ ᠪᠠᠶ᠋ᠢᠪᠠᠯ᠂ ᠲᠤᠰ ᠤᠳᠠᠭ᠋ᠠᠨ᠎ᠤ ᠠᠳᠠᠯᠢᠳᠬᠠᠨ ᠰᠤᠩᠭᠤᠯᠲᠠ᠎ᠳᠤ ᠤᠷᠤᠯᠴᠠᠵᠤ ᠪᠤᠯᠬᠤ ᠦᠭᠡᠢ
1. ᠪᠦᠬᠦᠳᠡ ᠨᠠᠢ᠌ᠷᠠᠮᠳᠠᠬᠤ ᠳᠤᠮᠳᠠᠲᠤ ᠠᠷᠠᠳ ᠤᠯᠤᠰ᠎ᠤᠨ ᠡᠪ ᠬᠠᠮᠲᠤ ᠨᠠᠮ᠎ᠠᠴᠠ ᠬᠥᠭᠡᠭᠡᠭᠳᠡᠭᠰᠡᠨ᠃
2. ᠬᠠᠤᠯᠢ ᠶᠣᠰᠣᠭ᠋ᠠᠷ ᠢᠲᠡᠭᠡᠮᠵᠢ ᠠᠯᠳᠠᠭᠰᠠᠨ᠎ᠢ ᠬᠠᠮᠲᠤᠷᠠᠨ ᠵᠠᠯᠬᠠᠭ᠋ᠠᠨ ᠴᠡᠭᠡᠷᠯᠡᠭᠦᠯᠬᠦ ᠡᠲᠡᠭᠡᠳ᠎ᠲᠤ ᠵᠢᠭᠰᠠᠭ᠋ᠠᠭᠳᠠᠭᠰᠠᠨ᠃
3. ᠬᠠᠤᠯᠢ ᠰᠠᠬᠢᠯᠭ᠎ᠠ ᠵᠢ ᠵᠥᠷᠢᠴᠡᠭᠰᠡᠨ ᠰᠡᠵᠢᠭᠯᠡᠯᠲᠡᠢ ᠡᠲᠡᠭᠡᠳ ᠵᠶ᠋ᠠᠷ ᠶᠠᠭ ᠬᠠᠮᠢᠶ᠎ᠠ ᠪᠦᠬᠦᠢ ᠲᠤᠰᠬᠠᠢ ᠪᠠᠢ᠌ᠭᠤᠯᠭ᠎ᠠ ᠵᠢᠨ ᠬᠢᠨᠠᠨ ᠪᠠᠢ᠌ᠴᠠᠭ᠋ᠠᠯᠲᠠ ᠵᠢ ᠬᠦᠯᠢᠶᠡᠵᠦ ᠦᠷ᠎ᠡ ᠳ᠋ᠦᠩ᠎ᠨᠢ ᠭᠠᠷᠤᠭ᠎ᠠ ᠦᠭᠡᠢ ᠪᠠᠢ᠌ᠬᠤ᠃
4. ᠰᠡᠷᠡᠮᠵᠢᠯᠡᠭᠦᠯᠦᠨ ᠢᠳᠬᠠᠯᠲᠠ᠂ ᠵᠣᠬᠢᠶᠠᠨ ᠪᠠᠶ᠋ᠢᠭᠤᠯᠤᠯᠲᠠ ᠵᠢᠨ ᠰᠢᠢ᠍ᠳᠪᠦᠷᠢᠯᠡᠯᠲᠡ ᠪᠤᠶᠤ ᠨᠠᠮ᠎ᠤᠨ ᠰᠠᠬᠢᠯᠭ᠎ᠠ ᠵᠠᠰᠠᠭ᠎ᠤᠨ ᠶᠠᠪᠤᠳᠠᠯ᠎ᠤᠨ ᠰᠢᠢ᠍ᠳᠭᠡᠯ ᠣᠯᠣᠭᠰᠠᠨ᠎ᠠᠴᠠ ᠪᠣᠯᠵᠤ ᠨᠦᠯᠦᠭᠡ ᠪᠦᠬᠦᠢ ᠬᠤᠭᠤᠴᠠᠭ᠎ᠠ᠎ᠨᠢ ᠲᠤᠯᠤᠭ᠎ᠠ ᠦᠭᠡᠢ ᠪᠤᠶᠤ ᠬᠤᠭᠤᠴᠠᠭ᠎ᠠ᠎ᠨᠢ ᠲᠤᠯᠵᠣ ᠬᠡᠷᠡᠭᠯᠡᠬᠦ ᠵᠢ ᠨᠥᠯᠥᠭᠡᠯᠡᠭᠰᠡᠨ᠃
5. ᠲᠤᠷᠰᠢᠨ ᠬᠡᠷᠡᠭᠯᠡᠬᠦ ᠬᠤᠭᠤᠴᠠᠭ᠋ᠠᠨ᠎ᠳᠤ (ᠰᠢᠨ᠎ᠡ᠎ᠪᠠᠷ ᠳᠡᠪᠰᠢᠭᠦᠯᠦᠨ ᠬᠡᠷᠡᠭᠯᠡᠵᠦ ᠪᠠᠶ᠋ᠢᠭ᠎ᠠ ᠤᠳᠤᠷᠢᠳᠬᠤ ᠲᠤᠰᠢᠶᠠᠯ᠎ᠤᠨ ᠲᠤᠷᠰᠢᠨ ᠬᠡᠷᠡᠭᠯᠡᠬᠦ ᠬᠤᠭᠤᠴᠠᠭ᠎ᠠ ᠵᠢ ᠪᠠᠭᠲᠠᠭ᠋ᠠᠨ᠎ᠠ) ᠪᠠᠢ᠌ᠭ᠎ᠠ ᠪᠤᠶᠤ ᠬᠠᠮᠤᠭ᠎ᠤᠨ ᠳᠣᠤᠷ᠎ᠠ ᠦᠢ᠍ᠯᠡᠴᠢᠯᠡᠭᠡᠨ᠎ᠤ ᠵᠢᠯ᠎ᠤᠨ ᠬᠤᠭᠤᠴᠠᠭ᠎ᠠ᠎ᠨᠢ ᠲᠤᠯᠤᠭ᠋ᠠᠳᠤᠢ᠃
6.2017 ᠣᠨ᠎ᠠᠴᠠ ᠬᠤᠶ᠋ᠢᠰᠢ᠂ ᠥᠪᠡᠷᠲᠡᠭᠡᠨ ᠵᠠᠰᠠᠬᠤ ᠣᠷᠣᠨ ᠵᠢᠴᠢ ᠡᠯ᠎ᠡ ᠠᠶ᠋ᠢᠮᠠᠭ ᠬᠤᠲᠠ ᠲᠤᠬᠠᠢ ᠵᠢᠨ ᠭᠠᠵᠠᠷ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠬᠣᠯᠪᠤᠭᠳᠠᠯ ᠪᠦᠬᠦᠢ ᠲᠥᠷᠥ ᠵᠢᠨ ᠪᠣᠳᠣᠯᠭ᠎ᠠ ᠶᠣᠰᠣᠭ᠋ᠠᠷ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠷᠭ᠎ᠠ ᠬᠡᠯᠪᠡᠷᠢ᠎ᠪᠠᠷ ᠳᠠᠮᠵᠢᠭᠤᠯᠤᠨ ᠤᠷᠤᠭᠤᠯᠤᠨ ᠠᠪᠴᠢᠷᠠᠵᠤ ᠪᠠᠰᠠ ᠦᠢ᠍ᠯᠡᠴᠢᠯᠡᠭᠡᠨ᠎ᠤ ᠬᠤᠭᠤᠴᠠᠭ᠋ᠠᠨ᠎ᠳᠤ᠎ᠪᠠᠨ ᠪᠠᠶ᠋ᠢᠭ᠎ᠠ ᠬᠥᠮᠥᠰ᠂ ᠦᠢ᠍ᠯᠡᠴᠢᠯᠡᠭᠡᠨ᠎ᠤ ᠬᠤᠭᠤᠴᠠᠭ᠎ᠠ ᠲᠤᠭᠲᠠᠭ᠋ᠠᠭᠰᠠᠨ ᠦᠭᠡᠢ ᠪᠣᠯ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ 《ᠵᠠᠬ᠎ᠠ ᠳᠡᠯᠭᠡᠭᠦᠷ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ ᠴᠢᠳᠠᠪᠤᠷᠢᠲᠠᠨ᠎ᠤ ᠢᠯᠭᠤᠮ ᠪᠥᠭᠡᠳ ᠡᠮᠬᠢ ᠵᠢᠷᠤᠮ᠎ᠲᠠᠢ ᠰᠢᠯᠵᠢᠬᠦ ᠵᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ》᠎ᠤᠨ ᠶᠣᠰᠣᠭ᠋ᠠᠷ ᠬᠡᠷᠡᠭᠵᠢᠭᠦᠯᠵᠦ᠂ ᠦᠢ᠍ᠯᠡᠴᠢᠯᠡᠭᠡᠨ᠎ᠤ ᠬᠠᠮᠤᠭ᠎ᠤᠨ ᠳᠣᠣᠷ᠎ᠠ ᠵᠢᠯ᠎ᠤᠨ ᠬᠢᠵᠠᠭ᠋ᠠᠷ᠎ᠢ 3 ᠵᠢᠯ ᠵᠶ᠋ᠠᠷ ᠲᠣᠭᠲᠠᠭ᠋ᠠᠨ᠎ᠠ᠃
7. ᠠᠯᠪᠠᠲᠠᠨ ᠡᠯᠰᠡᠬᠦ᠂ ᠰᠢᠯᠢᠨ ᠰᠣᠩᠭᠤᠬᠤ ᠪᠤᠶᠤ ᠠᠵᠢᠯ ᠦᠢ᠍ᠯᠡᠰ᠎ᠤᠨ ᠨᠢᠭᠡᠴᠢ ᠵᠢᠨ ᠢᠯᠡ᠎ᠪᠠᠷ ᠡᠯᠰᠡᠬᠦ ᠳᠤᠮᠳᠠ ᠭᠡᠮ ᠬᠢᠭᠰᠡᠨ ᠵᠡᠷᠭᠡ᠎ᠠᠴᠠ ᠡᠯᠰᠡᠨ ᠬᠡᠷᠡᠭᠯᠡᠬᠦ᠂ ᠤᠷᠢᠨ ᠬᠡᠷᠡᠭᠯᠡᠬᠦ ᠰᠠᠬᠢᠯᠭ᠎ᠠ ᠪᠠᠲᠤ ᠵᠢ ᠬᠦᠨᠳᠦ ᠨᠣᠴᠢᠲᠠᠶ ᠵᠥᠷᠢᠴᠡᠭᠰᠡᠨ ᠦᠢ᠍ᠯᠡ ᠠᠵᠢᠯᠯᠠᠭ᠎ᠠ᠎ᠪᠠᠷ ᠮᠠᠭ᠋ᠠᠳᠯᠠᠨ ᠲᠣᠭᠲᠠᠭ᠋ᠠᠭᠳᠠᠭᠰᠠᠨ ᠪᠥᠭᠡᠳ ᠰᠢᠯᠭ᠋ᠠᠯᠲᠠ ᠵᠢᠨ ᠴᠠᠭ᠋ᠠᠵᠠᠯᠠᠭᠳᠠᠭᠰᠠᠨ ᠬᠤᠭᠤᠴᠠᠭ᠋ᠠᠨ᠎ᠳᠤ ᠪᠠᠶ᠋ᠢᠭ᠎ᠠ ᠬᠥᠮᠦᠰ᠃
8. ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠪᠠᠶ᠋ᠢᠳᠠᠯ ᠵᠢᠴᠢ ᠵᠣᠬᠢᠶᠠᠨ ᠪᠠᠶ᠋ᠢᠭᠤᠯᠬᠤ ᠠᠵᠢᠯᠲᠠᠨ᠎ᠤ ᠶᠠᠪᠤᠳᠠᠯ᠎ᠤᠨ ᠬᠣᠯᠪᠤᠭᠳᠠᠯ ᠪᠦᠬᠦᠢ ᠠᠵᠢᠯ᠎ᠤᠨ ᠲᠣᠭᠲᠠᠭ᠋ᠠᠯ᠎ᠠᠴᠠ ᠵᠥᠷᠢᠴᠡᠭᠰᠡᠨ ᠪᠤᠰᠤᠳ ᠪᠠᠶ᠋ᠢᠳᠠᠯ᠃
9. ᠰᠢᠯᠵᠢᠭᠦᠯᠦᠭᠰᠡᠨᠤ ᠳᠠᠷᠠᠭ᠎ᠠ ᠪᠠᠷᠢᠨ ᠳᠠᠯᠳᠠᠯᠠᠬᠤ ᠪᠠᠶ᠋ᠢᠳᠠᠯ ᠪᠣᠢ ᠪᠣᠯᠣᠭᠰᠠᠨ ᠪᠠᠶ᠋ᠢᠪᠠᠯ᠃
ᠳᠥᠷᠪᠡ᠂ ᠠᠳᠠᠯᠢᠳᠬᠠᠨ ᠰᠣᠩᠭᠤᠬᠤ ᠠᠷᠭ᠎ᠠ ᠬᠡᠯᠪᠡᠷᠢ
1. ᠠᠳᠠᠯᠢᠳᠬᠠᠨ ᠰᠣᠩᠭᠤᠬᠤ᠎ᠳᠤ ᠰᠢᠯᠭ᠋ᠠᠯᠲᠠ ᠬᠢᠭᠡᠳ ᠪᠠᠶ᠋ᠢᠴᠠᠭ᠋ᠠᠬᠤ ᠵᠢ ᠤᠶᠠᠯᠳᠤᠭᠤᠯᠬᠤ ᠠᠷᠭ᠎ᠠ᠎ᠪᠠᠷ ᠶᠠᠪᠤᠭᠳᠠᠭᠤᠯᠵᠤ᠂ ᠭᠤᠤᠯᠳᠠᠯᠭ᠎ᠠ᠎ᠲᠠᠢ ᠠᠵᠢᠯ᠎ᠤᠨ ᠪᠠᠶ᠋ᠢᠷᠢ ᠵᠢᠨ ᠵᠣᠬᠢᠴᠠᠯᠳᠤᠯ᠎ᠤᠨ ᠬᠡᠮᠵᠢᠶ᠎ᠡ ᠵᠢ ᠰᠢᠨᠵᠢᠯᠡᠨ᠎ᠡ᠃
2. ᠠᠵᠢᠯ᠎ᠤᠨ ᠪᠠᠶ᠋ᠢᠷᠢ ᠵᠢᠨ ᠠᠮᠵᠢᠯᠲᠠ᠎ᠲᠠᠢ ᠨᠡᠷ᠎ᠡ ᠮᠡᠳᠡᠭᠦᠯᠦᠭᠰᠡᠨ ᠬᠥᠮᠦᠨ᠎ᠤ ᠲᠤᠭ᠎ᠠ ᠬᠢᠭᠡᠳ ᠠᠳᠠᠯᠢᠳᠬᠠᠨ ᠰᠣᠩᠭᠤᠬᠤ᠎ᠪᠠᠷ ᠪᠠᠶ᠋ᠢᠭ᠎ᠠ ᠬᠥᠮᠦᠨ᠎ᠤ ᠲᠤᠭ᠎ᠠ ᠵᠢᠨ ᠬᠠᠷᠢᠴᠠᠯ᠎ᠢ 3᠄ 1᠎ᠠᠴᠠ ᠳᠣᠤᠷ᠎ᠠ ᠪᠠᠶ᠋ᠢᠯᠭ᠋ᠠᠵᠤ ᠪᠣᠯᠬᠤ ᠥᠬᠡᠶ᠂ 2 ᠬᠥᠮᠦᠨ ᠵᠢᠴᠢ ᠲᠡᠭᠦᠨ᠎ᠠᠴᠠ ᠳᠡᠭᠡᠭᠰᠢᠬᠢ ᠠᠵᠢᠯ᠎ᠤᠨ ᠪᠠᠶ᠋ᠢᠷᠢ ᠵᠢᠨ ᠬᠠᠷᠢᠴᠠᠯ᠎ᠢ 2.5᠄ 1᠎ᠠᠴᠠ ᠳᠣᠤᠷ᠎ᠠ ᠪᠠᠶ᠋ᠢᠯᠭ᠋ᠠᠵᠤ ᠪᠣᠯᠬᠤ ᠥᠬᠡᠶ᠃
ᠠᠳᠠᠯᠢᠳᠬᠠᠨ ᠰᠣᠩᠭᠤᠬᠤ ᠡᠯ᠎ᠡ ᠭᠤᠭᠴᠤᠭ᠎ᠠ᠎ᠳᠤ ᠲᠣᠭ᠎ᠠ᠎ᠨᠢ ᠳᠤᠲᠠᠭᠳᠠᠭᠰᠠᠨ ᠪᠠᠶ᠋ᠢᠪᠠᠯ᠂ ᠲᠠᠰ ᠳᠠᠷᠠᠭ᠋ᠠᠯᠠᠨ ᠨᠥᠬᠦᠪᠦᠷᠢᠯᠡᠵᠦ᠂ ᠲᠤᠷᠰᠢᠨ ᠬᠡᠷᠡᠭᠯᠡᠬᠦ ᠬᠤᠭᠤᠴᠠᠭ᠋ᠠᠨ᠎ᠳᠤ ᠤᠷᠤᠭᠰᠠᠨ᠎ᠤ ᠳᠠᠷᠠᠭ᠎ᠠ ᠠᠵᠢᠯ᠎ᠤᠨ ᠪᠠᠶ᠋ᠢᠷᠢ᠎ᠠᠴᠠ᠎ᠪᠠᠨ ᠰᠠᠯᠤᠭᠰᠠᠨᠢ ᠳᠠᠭᠢᠵᠤ ᠨᠥᠬᠦᠪᠦᠷᠢᠯᠡᠬᠦ ᠦᠭᠡᠢ᠃
ᠲᠠᠪᠤ᠂ ᠬᠡᠷᠡᠭᠵᠢᠭᠦᠯᠬᠦ ᠠᠯᠬᠤᠮ ᠳᠠᠷᠠᠭ᠎ᠠ
(ᠨᠢᠭᠡ) ᠨᠡᠷ᠎ᠡ ᠮᠡᠳᠡᠭᠦᠯᠬᠦ ᠪᠠ ᠬᠢᠷᠢ ᠬᠡᠮ᠎ᠤᠨ ᠬᠢᠨᠠᠨ ᠪᠠᠶ᠋ᠢᠴᠠᠭ᠋ᠠᠯᠲᠠ
ᠨᠡᠷ᠎ᠡ ᠮᠡᠳᠡᠭᠦᠯᠬᠦ ᠴᠠᠭ᠎ᠨᠢ 2024 ᠣᠨ᠎ᠤ 3 ᠳ᠋ᠤᠭ᠋ᠠᠷ ᠰᠠᠷ᠎ᠠ ᠵᠢᠨ 14᠎ᠤ ᠡᠳᠦᠷ᠎ᠠᠴᠠ 20᠎ᠤ ᠡᠳᠦᠷ ᠪᠣᠯᠲᠠᠯ᠎ᠠ᠃ ᠪᠣᠳᠠᠲᠠᠶ ᠠᠯᠬᠤᠮ ᠳᠠᠷᠠᠭ᠎ᠠ᠎ᠨᠢ ᠳᠣᠤᠷᠠᠬᠢ ᠮᠡᠲᠦ᠄
1. ᠨᠡᠷ᠎ᠡ ᠮᠡᠳᠡᠭᠦᠯᠦᠭᠰᠡᠨ ᠬᠥᠮᠦᠨ ᠲᠣᠭᠲᠠᠭᠰᠠᠨ ᠨᠡᠷ᠎ᠡ ᠮᠡᠳᠡᠭᠦᠯᠬᠦ ᠴᠠᠭ᠎ᠲᠤ www.nmrcks.net ᠰᠦᠯᠵᠢᠶᠡᠨ᠎ᠳᠤ ᠨᠡᠪᠲᠡᠷᠡᠵᠦ ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ᠂ ᠱᠠᠭ᠋ᠠᠷᠳᠠᠯᠭ᠎ᠠ ᠶᠣᠰᠣᠭ᠋ᠠᠷ ᠨᠡᠷ᠎ᠡ ᠮᠡᠳᠡᠭᠦᠯᠬᠦ ᠮᠡᠳᠡᠭᠡ ᠵᠠᠩᠭᠢ᠎ᠪᠠᠨ ᠲᠠᠭᠯᠠᠵᠤ᠂ ᠨᠡᠷ᠎ᠡ ᠮᠡᠳᠡᠭᠦᠯᠬᠦ ᠬᠥᠮᠦᠨ ᠨᠢᠭᠡᠪᠦᠷᠢ ᠵᠥᠪᠬᠡᠨ ᠨᠢᠭᠡ ᠯᠡ ᠠᠵᠢᠯ᠎ᠤᠨ ᠪᠠᠶ᠋ᠢᠷᠢ ᠵᠢ ᠲᠠᠭᠯᠠᠵᠤ᠂ ᠡᠷᠬᠡᠪᠰᠢ ᠬᠦᠴᠦᠨ ᠪᠥᠬᠦᠶ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ (ᠪᠤᠶᠤ ᠫᠠᠰᠫᠣᠷᠲ) ᠵᠶ᠋ᠠᠷ ᠨᠡᠷ᠎ᠡ ᠮᠡᠳᠡᠭᠦᠯᠵᠦ᠂ ᠨᠡᠷ᠎ᠡ ᠮᠡᠳᠡᠭᠦᠯᠬᠦ ᠬᠢᠭᠡᠳ ᠪᠢᠷ᠎ᠤᠨ ᠰᠢᠯᠭ᠋ᠠᠯᠲᠠ᠂ ᠨᠢᠭᠤᠷᠲᠠᠨ ᠰᠢᠯᠭ᠋ᠠᠯᠲᠠ᠎ᠳᠤ ᠣᠷᠣᠯᠴᠠᠬᠤ ᠦᠶ᠎ᠡ ᠵᠢᠨ ᠬᠡᠷᠡᠭᠯᠡᠬᠦ ᠦᠨᠡᠮᠯᠡᠯ ᠡᠷᠬᠡᠪᠰᠢ ᠨᠢᠭᠡᠳᠦᠯᠲᠡᠶ ᠪᠠᠶ᠋ᠢᠬᠤ ᠬᠡᠷᠡᠭᠲᠡᠶ᠃
2. ᠨᠡᠷ᠎ᠡ ᠮᠡᠳᠡᠭᠦᠯᠦᠭᠴᠢ ᠥᠪᠡᠷᠲᠡᠭᠡᠨ ᠪᠣᠶ ᠪᠣᠯᠬᠤ 《2023 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠥᠷᠢᠰᠥᠯᠳᠦᠭᠡᠨ᠎ᠤ ᠴᠢᠨᠠᠷᠲᠠᠶ ᠠᠳᠠᠯᠢᠳᠬᠠᠨ ᠰᠣᠩᠭᠤᠬᠤ ᠠᠵᠢᠯᠲᠠᠨ᠎ᠤ ᠨᠡᠷ᠎ᠡ ᠮᠡᠳᠡᠭᠦᠯᠬᠦ ᠬᠦᠰᠦᠨᠦᠭ》 (ᠳᠣᠷᠣᠭᠰᠢ 《ᠠᠳᠠᠯᠢᠳᠬᠠᠨ ᠰᠣᠩᠭᠤᠬᠤ ᠨᠡᠷ᠎ᠡ ᠮᠡᠳᠡᠭᠦᠯᠬᠦ ᠬᠦᠰᠦᠨᠦᠭ》 ᠭᠡᠵᠦ ᠲᠣᠪᠴᠢᠯᠠᠨ᠎ᠠ)᠎ᠢ ᠪᠠᠭᠤᠯᠭ᠋ᠠᠨ ᠳᠠᠷᠤᠮᠠᠯᠯᠠᠵᠤ᠂ ᠥᠭᠡᠷᠡᠴᠢᠯᠡᠵᠦ ᠪᠣᠯᠬᠤ ᠥᠬᠡᠶ᠃
3. ᠺᠠᠳ᠋ᠷ᠎ᠢ ᠬᠠᠮᠢᠶᠠᠷᠬᠤ ᠡᠷᠬᠡ ᠮᠡᠳᠡᠯ ᠶᠣᠰᠣᠭ᠋ᠠᠷ ᠨᠡᠷ᠎ᠡ ᠮᠡᠳᠡᠭᠦᠯᠦᠭᠴᠢ᠎ᠨᠢ ᠪᠦᠷᠢᠨ ᠪᠦᠲᠦᠨ 《ᠠᠳᠠᠯᠢᠳᠬᠠᠨ ᠰᠣᠩᠭᠤᠬᠤ ᠨᠡᠷ᠎ᠡ ᠮᠡᠳᠡᠭᠦᠯᠬᠦ ᠬᠦᠰᠦᠨᠦᠭ》᠎ᠢ ᠲᠠᠭᠯᠠᠵᠤ ᠠᠵᠢᠯᠯᠠᠬᠤ ᠨᠢᠭᠡᠴᠢ ᠪᠤᠶᠤ ᠵᠣᠬᠢᠶᠠᠨ ᠪᠠᠶ᠋ᠢᠭᠤᠯᠬᠤ ᠠᠵᠢᠯᠲᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠲᠤ ᠬᠢᠨᠠᠨ ᠬᠠᠷᠭᠤᠭᠤᠯᠵᠤ ᠲᠠᠮᠠᠭ᠎ᠠ ᠳᠠᠷᠤᠭᠤᠯᠤᠨ᠎ᠠ᠃
4. ᠨᠡᠷ᠎ᠡ ᠮᠡᠳᠡᠭᠦᠯᠦᠭᠴᠢ ᠬᠢᠨᠠᠨ ᠬᠠᠷᠭᠤᠭᠤᠯᠵᠤ ᠲᠠᠮᠠᠭ᠎ᠠ ᠳᠠᠷᠤᠭᠤᠯᠤᠭᠰᠠᠨᠤ ᠳᠠᠷᠠᠭ᠋ᠠᠬᠢ 《ᠠᠳᠠᠯᠢᠳᠬᠠᠨ ᠰᠣᠩᠭᠤᠬᠤ ᠨᠡᠷ᠎ᠡ ᠮᠡᠳᠡᠭᠦᠯᠬᠦ ᠬᠦᠰᠦᠨᠦᠭᠲᠦ》 ᠵᠢᠨ ᠰᠢᠷᠪᠢᠯᠲᠡ ᠵᠢᠨ ᠵᠦᠢ᠍ᠯ (pdf ᠬᠡᠯᠪᠡᠷᠢ)᠎ᠢ ᠵᠢᠭ᠋ᠠᠨ ᠲᠣᠭᠲᠠᠭ᠋ᠠᠭᠰᠠᠨ ᠢᠮᠸᠯ ( nmgydjyjszx@163.com )᠎ᠳᠤ ᠢᠯᠡᠭᠡᠵᠦ᠂ ᠹᠠᠺᠰᠢ ᠬᠦᠯᠢᠶᠡᠨ ᠠᠪᠬᠤ ᠦᠭᠡᠢ᠃ ᠳᠡᠭᠡᠷᠡᠬᠢ ᠨᠡᠷ᠎ᠡ ᠮᠡᠳᠡᠭᠦᠯᠬᠦ ᠠᠯᠬᠤᠮ ᠳᠠᠷᠠᠭ᠎ᠠ ᠵᠢ ᠲᠣᠭᠲᠠᠭᠰᠠᠨ ᠴᠠᠭ᠎ᠲᠤ ᠪᠡᠶᠡᠯᠡᠭᠦᠯᠵᠦ ᠳᠡᠶ᠋ᠢᠯᠦᠭᠰᠡᠨ ᠦᠭᠡᠶ ᠪᠣᠯ᠂ ᠨᠡᠷ᠎ᠡ ᠮᠡᠳᠡᠭᠦᠯᠬᠦ ᠬᠢᠷᠢ ᠭᠡᠮ ᠵᠶ᠋ᠠᠨ ᠥᠪᠡᠷᠲᠡᠭᠡᠨ ᠲᠠᠶᠠᠭᠳᠠᠭᠰᠠᠨ ᠵᠶ᠋ᠠᠷ ᠦᠵᠡᠨ᠎ᠡ᠃
5. ᠬᠢᠷᠢ ᠬᠡᠮ᠎ᠤᠨ ᠬᠢᠨᠠᠨ ᠪᠠᠶ᠋ᠢᠴᠠᠭ᠋ᠠᠯᠲᠠ᠎ᠪᠠᠷ ᠳᠠᠮᠵᠢᠭᠤᠯᠤᠨ ᠨᠡᠷ᠎ᠡ ᠮᠡᠳᠡᠭᠦᠯᠦᠭᠴᠢ 2024 ᠣᠨ᠎ᠤ 3 ᠳ᠋ᠤᠭ᠋ᠠᠷ ᠰᠠᠷ᠎ᠠ ᠵᠢᠨ 22᠎ᠤ ᠡᠳᠦᠷ᠎ᠤᠨ 9᠄ 00᠎ᠠᠴᠠ 23᠎ᠤ ᠡᠳᠦᠷ᠎ᠤᠨ 17᠄ 00 ᠪᠣᠯᠲᠠᠯ᠎ᠠ᠂ ᠨᠡᠷ᠎ᠡ ᠮᠡᠳᠡᠭᠦᠯᠬᠦ ᠰᠦᠯᠵᠢᠶᠡᠨ᠎ᠳᠤ ᠨᠡᠪᠲᠡᠷᠡᠵᠦ ᠰᠢᠯᠭ᠋ᠠᠯᠲᠠ᠎ᠤᠨ ᠵᠥᠪᠰᠢᠶᠡᠷᠡᠯ᠎ᠤᠨ ᠦᠨᠡᠮᠯᠡᠯ᠎ᠢ ᠥᠪᠡᠷᠲᠡᠭᠡᠨ ᠪᠠᠭᠤᠯᠭ᠋ᠠᠵᠤ ᠳᠠᠷᠤᠮᠠᠯᠯᠠᠨ᠎ᠠ᠃
6. ᠨᠡᠷ᠎ᠡ ᠮᠡᠳᠡᠭᠦᠯᠦᠯᠲᠡ ᠵᠣᠭᠰᠣᠭᠰᠠᠨ᠎ᠤ ᠳᠠᠷᠠᠭ᠎ᠠ᠂ ᠨᠡᠷ᠎ᠡ ᠮᠡᠳᠡᠭᠦᠯᠦᠭᠰᠡᠨ ᠬᠥᠮᠦᠨ᠎ᠤ ᠲᠤᠭ᠎ᠠ ᠬᠢᠭᠡᠳ ᠠᠳᠠᠯᠢᠳᠬᠠᠨ ᠰᠣᠩᠭᠤᠬᠤ᠎ᠪᠠᠷ ᠪᠠᠶ᠋ᠢᠭ᠎ᠠ ᠬᠥᠮᠦᠨ᠎ᠤ ᠲᠤᠭ᠎ᠠ ᠵᠢᠨ ᠬᠠᠷᠢᠴᠠᠯ᠎ᠨᠢ ᠲᠣᠭᠲᠠᠭ᠋ᠠᠭᠰᠠᠨ ᠬᠠᠮᠤᠭ᠎ᠤᠨ ᠳᠣᠤᠷ᠎ᠠ ᠰᠢᠯᠭ᠋ᠠᠯᠲᠠ ᠵᠢᠨ ᠬᠠᠷᠢᠴᠠᠯ᠎ᠳᠤ ᠬᠦᠷᠦᠭᠰᠡᠨ ᠦᠭᠡᠢ ᠭᠡᠵᠦ ᠨᠤᠲᠠᠯᠠᠭᠰᠠᠨ ᠪᠠᠶ᠋ᠢᠪᠠᠯ᠂ ᠠᠳᠠᠯᠢᠳᠬᠠᠨ ᠰᠣᠩᠭᠤᠬᠤ ᠬᠦᠮᠦᠨ᠎ᠤ ᠲᠤᠭ᠎ᠠ ᠵᠢ ᠴᠥᠬᠡᠳᠭᠡᠬᠦ ᠪᠤᠶᠤ ᠰᠢᠯᠭ᠋ᠠᠯᠲᠠ ᠵᠢ ᠬᠦᠴᠦᠨ ᠦᠭᠡᠢ ᠪᠣᠯᠭ᠋ᠠᠨ᠎ᠠ᠃ ᠰᠢᠯᠭ᠋ᠠᠯᠲᠠ ᠵᠢ ᠬᠦᠴᠦᠨ ᠦᠭᠡᠢ ᠪᠣᠯᠭ᠋ᠠᠭᠰᠠᠨ ᠠᠵᠢᠯ᠎ᠤᠨ ᠪᠠᠢ᠌ᠷᠢ᠎ᠳᠤ ᠨᠡᠷ᠎ᠡ ᠮᠡᠳᠡᠭᠦᠯᠦᠭᠰᠡᠳ ᠪᠤᠰᠤᠳ ᠠᠵᠢᠯ᠎ᠤᠨ ᠪᠠᠢ᠌ᠷᠢ᠎ᠳᠤ ᠥᠭᠡᠷᠡᠴᠢᠯᠡᠨ ᠮᠡᠳᠡᠭᠦᠯᠬᠦ ᠪᠤᠶᠤ ᠨᠡᠷ᠎ᠡ ᠮᠡᠳᠡᠭᠦᠯᠦᠭᠰᠡᠨ ᠵᠶ᠋ᠡᠨ ᠣᠷᠬᠢᠵᠣ ᠪᠣᠯᠣᠨ᠎ᠠ᠃ ᠲᠣᠬᠢᠷᠠᠭᠤᠯᠤᠯᠲᠠ ᠬᠢᠭᠰᠡᠨ᠎ᠤ ᠳᠠᠷᠠᠭ᠋ᠠᠬᠢ ᠠᠵᠢᠯ᠎ᠤᠨ ᠪᠠᠢ᠌ᠷᠢ ᠵᠢ ᠨᠡᠷ᠎ᠡ ᠮᠡᠳᠡᠭᠦᠯᠦᠯᠲᠡ ᠳᠠᠭᠤᠰᠤᠭᠰᠠᠨ᠎ᠤ ᠳᠠᠷᠠᠭ᠎ᠠ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠨᠡᠢ᠌ᠲᠡᠯᠡᠨ᠎ᠡ᠃
(ᠬᠤᠶᠠᠷ) ᠪᠢᠷ᠎ᠤᠨ ᠰᠢᠯᠭ᠋ᠠᠯᠲᠠ
1. ᠪᠢᠷ᠎ᠤᠨ ᠰᠢᠯᠭ᠋ᠠᠯᠲᠠ ᠵᠢᠨ ᠰᠢᠯᠭ᠋ᠠᠬᠤ ᠲᠦᠷᠦᠯ᠎ᠨᠢ ᠨᠢᠭᠡ ᠲᠥᠷᠥᠯ ᠪᠠᠶ᠋ᠢᠵᠤ᠂ ᠪᠡᠶᠡᠴᠢ ᠴᠢᠨᠠᠷᠲᠠᠢ ᠰᠢᠯᠭ᠋ᠠᠯᠲᠠ ᠵᠢᠨ ᠰᠡᠳᠦᠪ᠎ᠢ ᠬᠡᠷᠡᠭᠯᠡᠨ᠂ ᠰᠢᠯᠭ᠋ᠠᠯᠲᠠ ᠵᠢᠨ ᠬᠦᠷᠢᠶ᠎ᠡ ᠬᠡᠪᠴᠢᠶ᠎ᠡ ᠪᠠ ᠳᠠᠪᠲᠠᠬᠤ ᠮᠠᠲ᠋ᠧᠷᠢᠶᠠᠯ᠎ᠢ ᠲᠣᠭᠲᠠᠭ᠋ᠠᠬᠤ ᠦᠭᠡᠢ᠂ ᠬᠠᠭ᠋ᠠᠯᠲᠠ᠎ᠲᠠᠢ ᠰᠢᠯᠭ᠋ᠠᠯᠲᠠ᠂ ᠪᠢᠷ᠎ᠤᠨ ᠰᠢᠯᠭ᠋ᠠᠯᠲᠠ ᠵᠢᠨ ᠪᠦᠷᠢᠨ ᠬᠤᠪᠢ᠎ᠨᠢ 100 ᠬᠤᠪᠢ ᠪᠣᠯᠣᠨ᠎ᠠ᠃
2. ᠭᠤᠤᠯᠳᠠᠭᠤ ᠤᠯᠤᠰ ᠲᠥᠷᠥ ᠵᠢᠨ ᠬᠡᠪ ᠪᠣᠯᠪᠠᠰᠤᠷᠠᠯ᠂ ᠲᠥᠷᠥ ᠵᠢᠨ ᠪᠣᠳᠣᠯᠭ᠎ᠠ ᠵᠢᠨ ᠣᠨᠣᠯ᠎ᠤᠨ ᠬᠢᠷᠢ ᠲᠦᠪᠰᠢᠨ᠂ ᠠᠰᠠᠭᠤᠳᠠᠯ᠎ᠢ ᠵᠠᠳᠠᠯᠬᠤ ᠪᠠ ᠰᠢᠢ᠍ᠳᠪᠦᠷᠢᠯᠡᠬᠦ ᠴᠢᠳᠠᠪᠤᠷᠢ᠂ ᠡᠬᠡ ᠪᠢᠴᠢᠭ ᠪᠢᠴᠢᠬᠦ ᠴᠢᠳᠠᠪᠤᠷᠢ ᠵᠡᠷᠭᠡ ᠵᠢ ᠰᠢᠯᠭ᠋ᠠᠨ ᠪᠠᠶ᠋ᠢᠴᠠᠭ᠋ᠠᠨ᠎ᠠ᠃
3. ᠪᠢᠷ᠎ᠤᠨ ᠰᠢᠯᠭ᠋ᠠᠯᠲᠠ᠎ᠳᠤ ᠴᠥᠮ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠢᠯᠭ᠋ᠠᠯᠲᠠ ᠵᠢᠨ ᠬᠠᠭᠤᠳᠠᠰᠤ ᠪᠠᠶ᠋ᠢᠵᠤ᠂ ᠡᠷᠬᠡᠪᠰᠢ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠵᠶ᠋ᠠᠷ ᠬᠠᠷᠢᠭᠤᠯᠬᠤ ᠬᠡᠷᠡᠭᠲᠡᠶ᠂ ᠲᠤᠭᠲᠠᠭ᠋ᠠᠯ᠎ᠤᠨ ᠪᠤᠰᠤ ᠦᠰᠦᠭ ᠪᠢᠴᠢᠭ ᠵᠶ᠋ᠠᠷ ᠬᠠᠷᠢᠭᠤᠯᠤᠭᠰᠠᠨᠢ ᠴᠥᠮ ᠲᠡᠭ ᠬᠤᠪᠢ᠎ᠪᠠᠷ ᠰᠢᠢ᠍ᠳᠪᠦᠷᠢᠯᠡᠨ᠎ᠡ᠃
4. ᠪᠢᠷ᠎ᠤᠨ ᠰᠢᠯᠭ᠋ᠠᠯᠲᠠ ᠵᠢ 3 ᠳ᠋ᠤᠭ᠋ᠠᠷ ᠰᠠᠷ᠎ᠠ ᠵᠢᠨ ᠰᠡᠭᠦᠯᠴᠢ᠎ᠪᠠᠷ ᠶᠠᠪᠤᠭᠳᠠᠭᠤᠯᠵᠤ᠂ ᠭᠠᠵᠠᠷ᠎ᠢ ᠬᠥᠬᠡᠬᠤᠲᠠ᠎ᠳᠤ ᠲᠣᠬᠢᠷᠠᠭᠤᠯᠵᠤ᠂ ᠪᠣᠳᠠᠲᠠᠶ ᠴᠠᠭ᠂ ᠭᠠᠵᠠᠷ᠎ᠢ ᠰᠢᠯᠭ᠋ᠠᠭᠤᠯᠬᠤ ᠲᠡᠮᠳᠡᠭ᠎ᠠᠴᠠ ᠬᠠᠷᠠᠭ᠋ᠠᠷᠠᠢ᠃ ᠨᠡᠷ᠎ᠡ ᠮᠡᠳᠡᠭᠦᠯᠦᠭᠴᠢ ᠬᠤᠪᠢ ᠬᠥᠮᠦᠨ᠎ᠤ ᠪᠡᠶ᠎ᠡ ᠵᠢᠨ ᠦᠨᠡᠮᠯᠡᠯ (ᠫᠠᠰᠫᠣᠷᠲ) ᠪᠠ ᠰᠢᠯᠭ᠋ᠠᠭᠤᠯᠬᠤ ᠲᠡᠮᠳᠡᠭ ᠵᠶ᠋ᠠᠨ ᠠᠪᠴᠤ ᠪᠢᠷ᠎ᠤᠨ ᠰᠢᠯᠭ᠋ᠠᠯᠲᠠ᠎ᠳᠤ ᠣᠷᠣᠯᠴᠠᠬᠤ ᠬᠡᠷᠡᠭᠲᠡᠶ᠃
5. ᠬᠢᠷᠢ ᠪᠦᠲᠦᠮᠵᠢ ᠵᠢ ᠪᠠᠶ᠋ᠢᠴᠠᠭ᠋ᠠᠨ ᠯᠠᠪᠯᠠᠬᠤ᠃ 3 ᠳ᠋ᠤᠭ᠋ᠠᠷ ᠰᠠᠷ᠎ᠠ ᠵᠢᠨ ᠰᠠᠭᠦᠯᠴᠢ (ᠪᠢᠷ᠎ᠤᠨ ᠰᠢᠯᠭ᠋ᠠᠯᠲᠠ ᠳᠠᠭᠤᠰᠤᠭᠰᠠᠨ᠎ᠤ ᠳᠠᠷᠠᠭ᠋ᠠᠬᠢ ᠬᠤᠶᠠᠳᠤᠭ᠋ᠠᠷ ᠡᠳᠦᠷ)᠎ᠪᠠᠷ ᠨᠡᠷ᠎ᠡ ᠮᠡᠳᠡᠭᠦᠯᠦᠭᠴᠢ ᠨᠡᠷ᠎ᠡ ᠮᠡᠳᠡᠭᠦᠯᠬᠦ ᠰᠦᠯᠵᠢᠶᠡᠨ᠎ᠳᠤ ᠨᠡᠪᠲᠡᠷᠡᠵᠦ ᠪᠢᠷ᠎ᠤᠨ ᠰᠢᠯᠭ᠋ᠠᠯᠲᠠ ᠵᠢᠨ ᠬᠢᠷᠢ ᠪᠦᠲᠦᠮᠵᠢ ᠪᠠ ᠪᠢᠷ᠎ᠤᠨ ᠰᠢᠯᠭ᠋ᠠᠯᠲᠠ ᠵᠢᠨ ᠬᠠᠮᠤᠭ᠎ᠤᠨ ᠳᠣᠤᠷ᠎ᠠ ᠬᠢᠷᠢ ᠲᠡᠩᠴᠡᠯᠲᠡ ᠵᠢᠨ ᠱᠤᠭᠤᠮ᠎ᠢ ᠪᠠᠶ᠋ᠢᠴᠠᠭ᠋ᠠᠨ ᠦᠵᠡᠵᠦ ᠪᠣᠯᠤᠨ᠎ᠠ᠃
(ᠭᠤᠷᠪᠠ) ᠬᠢᠷᠢ ᠭᠡᠮ᠎ᠤᠨ ᠳᠠᠬᠢᠨ ᠬᠢᠨᠠᠯᠲᠠ
1. ᠪᠢᠷ᠎ᠤᠨ ᠰᠢᠯᠭ᠋ᠠᠯᠲᠠ ᠵᠢᠨ ᠬᠢᠷᠢ ᠪᠦᠲᠦᠮᠵᠢ᠎ᠨᠢ ᠬᠠᠮᠤᠭ᠎ᠤᠨ ᠳᠣᠣᠷ᠎ᠠ ᠬᠢᠷᠢ ᠲᠡᠩᠴᠡᠯᠲᠡ ᠵᠢᠨ ᠱᠤᠭᠤᠮ᠎ᠠᠴᠠ ᠥᠨᠳᠦᠷ ᠨᠡᠷ᠎ᠡ ᠮᠡᠳᠡᠭᠦᠯᠦᠭᠴᠢ ᠳᠤᠮᠳᠠ᠎ᠠᠴᠠ᠂ ᠠᠵᠢᠯ᠎ᠤᠨ ᠪᠠᠶ᠋ᠢᠷᠢ ᠨᠢᠭᠡᠪᠦᠷᠢ ᠵᠢᠨ ᠨᠡᠷ᠎ᠡ ᠮᠡᠳᠡᠭᠦᠯᠦᠭᠴᠢ ᠵᠢᠨ ᠪᠢᠷ᠎ᠤᠨ ᠰᠢᠯᠭ᠋ᠠᠯᠲᠠ ᠵᠢᠨ ᠬᠢᠷᠢ ᠪᠦᠲᠦᠮᠵᠢ ᠵᠢ ᠥᠨᠳᠥᠷ᠎ᠠᠴᠠ ᠳᠣᠣᠷ᠎ᠠ ᠬᠦᠷᠲᠡᠯᠡᠬᠢ ᠳᠡᠰ ᠳᠠᠷᠠᠭ᠋ᠠᠯᠠᠯ ᠪᠠ 3᠄ 1 ᠵᠢᠨ ᠬᠠᠷᠢᠴᠠᠯ ᠵᠶ᠋ᠠᠷ ᠬᠢᠷᠢ ᠬᠡᠮ᠎ᠢ ᠳᠠᠬᠢᠨ ᠬᠢᠨᠠᠯᠲᠠ ᠵᠢᠨ ᠬᠦᠷᠢᠶ᠎ᠡ ᠬᠡᠪᠴᠢᠶᠡᠨ᠎ᠳᠤ ᠣᠷᠣᠬᠣ ᠬᠥᠮᠥᠰ᠎ᠢ ᠲᠣᠭᠲᠠᠭ᠋ᠠᠨ᠎ᠠ᠃ ᠪᠢᠷ᠎ᠤᠨ ᠰᠢᠯᠭ᠋ᠠᠯᠲᠠ ᠵᠢᠨ ᠬᠢᠷᠢ ᠪᠦᠲᠦᠮᠵᠢ ᠵᠢ ᠵᠢᠭᠰᠠᠭ᠋ᠠᠭ᠋ᠠᠳ 3᠄ 1᠎ᠠᠴᠠ ᠬᠡᠲᠦᠷᠡᠭᠰᠡᠨ᠎ᠢ ᠴᠥᠮ ᠬᠢᠷᠢ ᠭᠡᠮ᠎ᠢ ᠳᠠᠬᠢᠨ ᠬᠢᠨᠠᠯᠲᠠ ᠵᠢᠨ ᠬᠡᠪᠴᠢᠶᠡᠨ᠎ᠳᠤ ᠣᠷᠤᠭᠤᠯᠵᠤ᠂ ᠪᠢᠷ᠎ᠤᠨ ᠰᠢᠯᠭ᠋ᠠᠯᠲᠠ ᠵᠢᠨ ᠬᠢᠷᠢ ᠪᠦᠲᠦᠮᠵᠢ ᠵᠢᠨ ᠬᠠᠮᠤᠭ᠎ᠤᠨ ᠳᠣᠤᠷ᠎ᠠ ᠬᠢᠷᠢ ᠲᠡᠩᠴᠡᠯᠲᠡ ᠵᠢᠨ ᠱᠤᠭᠤᠮ᠎ᠠᠴᠠ ᠳᠠᠪᠠᠭᠰᠠᠨ ᠬᠦᠮᠦᠨ᠎ᠤ ᠲᠣᠭ᠎ᠠ᠎ᠨᠢ 3᠄ 1᠎ᠳᠤ ᠬᠦᠷᠬᠦ ᠦᠭᠡᠢ ᠪᠣᠯ᠂ ᠪᠣᠲᠠᠲᠠᠢ ᠪᠠᠢ᠌ᠬᠤ ᠬᠦᠮᠦᠨ᠎ᠤ ᠲᠤᠭ᠎ᠠ᠎ᠪᠠᠷ ᠳᠠᠬᠢᠨ ᠬᠢᠨᠠᠯᠲᠠ ᠵᠢᠨ ᠬᠦᠷᠢᠶ᠎ᠡ ᠬᠡᠪᠴᠢᠶ᠎ᠡ ᠵᠢ ᠲᠣᠭᠲᠠᠭ᠋ᠠᠨ᠎ᠠ᠃ ᠬᠢᠷᠢ ᠬᠡᠮ᠎ᠤᠨ ᠳᠠᠬᠢᠨ ᠬᠢᠨᠠᠯᠲᠠ ᠵᠢᠴᠢ ᠳᠠᠷᠠᠭ᠋ᠠᠯᠠᠨ ᠨᠥᠬᠦᠪᠦᠷᠢᠯᠡᠭᠰᠡᠨᠤ ᠳᠠᠷᠠᠭ᠎ᠠ 3᠄ 1᠎ᠳᠤ ᠬᠦᠷᠬᠦ ᠦᠭᠡᠢ ᠪᠣᠯ᠂ ᠪᠣᠳᠠᠲᠠᠢ ᠬᠥᠮᠥᠨ᠎ᠤ ᠲᠤᠭ᠎ᠠ᠎ᠪᠠᠷ ᠨᠢᠭᠤᠷᠲᠠᠨ ᠰᠢᠯᠭ᠋ᠠᠯᠲᠠ ᠵᠢᠨ ᠬᠡᠪᠴᠢᠶᠡᠨ᠎ᠳᠤ ᠣᠷᠣᠬᠤ ᠬᠥᠮᠥᠰ᠎ᠢ ᠲᠣᠭᠲᠠᠭ᠋ᠠᠨ᠎ᠠ᠃
2. ᠬᠢᠷᠢ ᠬᠡᠮ᠎ᠤᠨ ᠳᠠᠬᠢᠨ ᠬᠢᠨᠠᠯᠲᠠ ᠪᠠ ᠨᠢᠭᠤᠷᠲᠠᠨ ᠰᠢᠯᠭ᠋ᠠᠯᠲᠠ ᠵᠢᠨ ᠲᠤᠬᠠᠶ ᠬᠠᠮᠢᠶ᠎ᠠ ᠪᠥᠬᠦᠶ ᠱᠠᠭ᠋ᠠᠷᠳᠠᠯᠭ᠎ᠠ ᠵᠢ 5 ᠡᠳᠦᠷ ᠤᠷᠢᠳᠴᠢᠯᠠᠨ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠵᠠᠷᠯᠠᠨ᠎ᠠ᠃ ᠬᠢᠷᠢ ᠭᠡᠮ᠎ᠤᠨ ᠳᠠᠬᠢᠨ ᠬᠢᠨᠠᠯᠲᠠ ᠵᠢᠨ ᠬᠡᠪᠴᠢᠶᠡᠨ᠎ᠳᠤ ᠤᠷᠤᠭᠰᠠᠨ ᠨᠡᠷ᠎ᠡ ᠮᠡᠳᠡᠭᠦᠯᠦᠭᠰᠡᠨ ᠬᠥᠮᠦᠰ ᠲᠣᠭᠲᠠᠭᠰᠠᠨ ᠴᠠᠭ ᠪᠠ ᠭᠠᠵᠠᠷ ᠣᠷᠣᠨ ᠶᠣᠰᠣᠭ᠋ᠠᠷ ᠬᠢᠷᠢ ᠭᠡᠮ᠎ᠤᠨ ᠳᠠᠬᠢᠨ ᠬᠢᠨᠠᠯᠲᠠ᠎ᠳᠤ ᠣᠷᠣᠯᠴᠠᠬᠤ ᠬᠡᠷᠡᠭᠲᠡᠶ᠃ ᠲᠣᠭᠲᠠᠭᠰᠠᠨ ᠴᠠᠭ᠎ᠨᠢ ᠲᠤᠯᠬᠤ᠎ᠠᠴᠠ ᠡᠮᠦᠨ᠎ᠡ ᠬᠢᠷᠢ ᠭᠡᠮ᠎ᠤᠨ ᠳᠠᠬᠢᠨ ᠬᠢᠨᠠᠯᠲᠠ᠎ᠳᠤ ᠣᠷᠣᠯᠴᠠᠭᠰᠠᠨ ᠦᠭᠡᠶ ᠪᠣᠯ ᠨᠢᠭᠤᠷᠳᠠᠨ ᠰᠢᠯᠭ᠋ᠠᠬᠤ ᠬᠢᠷᠢ ᠭᠡᠮ᠎ᠢ᠎ᠨᠢ ᠬᠦᠴᠦᠨ ᠦᠭᠡᠶ ᠪᠣᠯᠭ᠋ᠠᠨ᠎ᠠ᠃
3. ᠳᠠᠬᠢᠨ ᠬᠢᠨᠠᠯᠲᠠ᠎ᠳᠤ ᠭᠣᠣᠯᠳᠠᠭᠤ ᠨᠡᠷ᠎ᠡ ᠮᠡᠳᠡᠭᠦᠯᠦᠭᠴᠢ ᠵᠢᠨ ᠮᠡᠳᠡᠭᠡ ᠵᠠᠩᠭᠢ᠎ᠨᠢ ᠦᠨᠡᠨ ᠪᠣᠳᠠᠲᠠᠶ ᠣᠨᠣᠪᠴᠢᠲᠠᠶ ᠪᠠᠶ᠋ᠢᠬᠤ ᠡᠰᠡᠬᠦ᠂ ᠨᠡᠷ᠎ᠡ ᠮᠡᠳᠡᠭᠦᠯᠦᠭᠰᠡᠨ ᠠᠵᠢᠯ᠎ᠤᠨ ᠪᠠᠶ᠋ᠢᠷᠢ ᠵᠢᠨ ᠵᠣᠬᠢᠴᠠᠩᠭᠤᠶ ᠬᠢᠷᠢ ᠬᠡᠮ᠎ᠤᠨ ᠨᠥᠬᠦᠴᠡᠯ᠎ᠳᠤ ᠨᠡᠶ᠋ᠢᠴᠡᠬᠦ ᠡᠰᠡᠬᠦ ᠵᠢ ᠬᠢᠨᠠᠨ᠎ᠠ᠃ ᠰᠢᠯᠭ᠋ᠠᠭᠤᠯᠬᠤ ᠨᠥᠬᠥᠴᠡᠯ᠎ᠳᠤ ᠨᠡᠶ᠋ᠢᠴᠡᠬᠦ ᠦᠭᠡᠶ᠂ ᠲᠠᠭᠯᠠᠨ ᠮᠡᠳᠡᠭᠦᠯᠦᠭᠰᠡᠨ ᠬᠤᠪᠢ ᠬᠥᠮᠦᠨ᠎ᠤ ᠮᠡᠳᠡᠭᠡ ᠵᠠᠩᠭᠢ ᠬᠢᠭᠡᠳ ᠦᠨᠡᠮᠯᠡᠯ᠎ᠲᠠᠢ᠎ᠪᠠᠨ ᠨᠡᠢ᠌ᠴᠡᠬᠦ ᠦᠭᠡᠢ ᠵᠢᠴᠢ ᠴᠢᠬᠤᠯᠠ ᠮᠡᠳᠡᠭᠡ ᠵᠠᠩᠭᠢ᠎ᠪᠠᠨ ᠨᠢᠭᠤᠨ ᠳᠠᠯᠳᠠᠯᠠᠬᠤ ᠪᠤᠶᠤ ᠬᠤᠳᠠᠯ ᠬᠠᠭᠤᠷᠮᠠᠭ ᠭᠡᠷᠡᠴᠢ ᠮᠠᠲ᠋ᠧᠷᠢᠶᠠᠯ ᠬᠠᠩᠭ᠋ᠠᠭᠰᠠᠨ ᠪᠣᠯ ᠨᠢᠭᠤᠷᠳᠠᠨ ᠰᠢᠯᠭ᠋ᠠᠯᠲᠠ ᠵᠢᠨ ᠬᠢᠷᠢ ᠭᠡᠮ᠎ᠢ᠎ᠨᠢ ᠬᠦᠴᠦᠨ ᠦᠭᠡᠶ ᠪᠣᠯᠭ᠋ᠠᠨ᠎ᠠ᠃
4. ᠬᠢᠷᠢ ᠭᠡᠮ᠎ᠤᠨ ᠳᠠᠬᠢᠨ ᠬᠢᠨᠠᠯᠲᠠ ᠵᠢᠨ ᠭᠤᠭᠴᠤᠭ᠎ᠠ᠎ᠳᠤ ᠣᠷᠣᠭᠰᠠᠨ ᠬᠥᠮᠥᠰ 《ᠠᠳᠠᠯᠢᠳᠬᠠᠨ ᠰᠣᠩᠭᠣᠬᠤ ᠨᠡᠷ᠎ᠡ ᠮᠡᠳᠡᠭᠦᠯᠬᠦ ᠬᠦᠰᠦᠨᠦᠭᠲᠦ》᠂ ᠰᠤᠷᠤᠯᠭ᠎ᠠ ᠵᠢᠨ ᠨᠠᠮᠲᠠᠷ ᠡᠷᠳᠡᠮ᠎ᠤᠨ ᠴᠣᠯᠠ ᠵᠢᠨ ᠦᠨᠡᠮᠯᠡᠯ᠎ᠤᠨ ᠤᠭ ᠮᠠᠲ᠋ᠧᠷᠢᠶᠠᠯ ᠪᠠ ᠬᠠᠭᠤᠯᠪᠤᠷᠢ᠂ ᠰᠤᠷᠭ᠋ᠠᠨ ᠬᠥᠮᠥᠵᠢᠯ᠎ᠤᠨ ᠶᠠᠮᠤᠨ᠎ᠤ 《ᠰᠤᠷᠤᠯᠭ᠎ᠠ ᠵᠢᠨ ᠨᠠᠮᠲᠠᠷ᠎ᠤᠨ ᠦᠨᠡᠮᠯᠡᠯ᠎ᠤᠨ ᠳᠠᠩᠰᠠᠯᠠᠭᠤᠯᠤᠭᠰᠠᠨ ᠡᠯᠸᠺᠲᠷᠣᠨ ᠬᠦᠰᠦᠨᠦᠭᠲᠦ》 ᠪᠤᠶᠤ 《ᠳᠤᠮᠳᠠᠳᠤ ᠤᠯᠤᠰ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠥᠵᠢᠯ᠎ᠤᠨ ᠰᠤᠷᠤᠯᠭ᠎ᠠ ᠵᠢᠨ ᠨᠠᠮᠲᠠᠷ᠎ᠤᠨ ᠭᠡᠷᠡᠴᠢᠯᠡᠭᠡ ᠵᠢᠨ ᠮᠡᠳᠡᠭᠦᠯᠦᠯᠲᠡ》 (ᠳᠤᠮᠳᠠᠳᠤ ᠤᠯᠤᠰ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠥᠵᠢᠯ᠎ᠤᠨ ᠰᠤᠷᠤᠭᠴᠢ ᠵᠢᠨ ᠮᠡᠳᠡᠭᠡ ᠵᠠᠩᠭᠢ ᠵᠢᠨ ᠰᠦᠯᠵᠢᠶ᠎ᠡ http://www.chsi.com.cn ᠠᠴᠠ ᠪᠠᠭᠤᠯᠭ᠋ᠠᠵᠤ ᠳᠠᠷᠤᠮᠠᠯᠯᠠᠬᠤ)᠂ 《ᠠᠯᠪᠠᠲᠠᠨ ᠡᠯᠰᠡᠨ ᠬᠡᠷᠡᠭᠯᠡᠬᠦ ᠵᠢ ᠬᠢᠨᠠᠨ ᠵᠥᠪᠰᠢᠶᠡᠷᠡᠬᠦ ᠬᠦᠰᠦᠨᠦᠭᠲᠦ》 (《ᠠᠯᠪᠠᠨ᠎ᠳᠤ ᠣᠷᠣᠯᠴᠠᠭᠰᠠᠳ᠎ᠢ ᠡᠯᠰᠡᠨ ᠬᠡᠷᠡᠭᠯᠡᠬᠦ ᠵᠢ ᠬᠢᠨᠠᠨ ᠵᠥᠪᠰᠢᠶᠡᠷᠡᠬᠦ ᠬᠦᠰᠦᠨᠦᠭᠲᠦ》 ) ᠪᠣᠶᠤ 《ᠢᠯᠡ᠎ᠪᠠᠷ ᠠᠵᠢᠯᠲᠠᠨ ᠡᠯᠰᠡᠬᠦ ᠳᠠᠩᠰᠠᠯᠠᠯ᠎ᠤᠨ ᠬᠦᠰᠦᠨᠦᠭᠲᠦ》 ᠵᠡᠷᠭᠡ ᠠᠯᠪᠠᠲᠠᠨ (ᠠᠯᠪᠠᠨ᠎ᠳᠤ ᠣᠷᠣᠯᠴᠠᠭᠰᠠᠳ)᠎ᠤ ᠡᠩᠨᠡᠭᠡ ᠪᠤᠶᠤ ᠠᠵᠢᠯ ᠦᠢ᠍ᠯᠡᠰ᠎ᠤᠨ ᠨᠢᠭᠡᠴᠢ ᠵᠢᠨ ᠬᠠᠮᠢᠶ᠎ᠠ ᠪᠦᠬᠦᠢ ᠮᠠᠲ᠋ᠧᠷᠢᠶᠠᠯ᠎ᠤᠨ ᠬᠠᠭᠤᠯᠪᠤᠷᠢ᠂ ᠪᠠᠶ᠋ᠢᠭ᠎ᠠ ᠪᠠᠶ᠋ᠢᠭᠤᠯᠭ᠎ᠠ ᠵᠢᠨ ᠪᠠᠶ᠋ᠢᠭᠤᠯᠤᠮᠵᠢ ᠵᠢᠨ ᠣᠷᠣᠨ ᠲᠤᠭ᠎ᠠ ᠵᠢᠨ ᠬᠠᠮᠢᠶᠠᠷᠤᠯᠲᠠ ᠵᠢᠨ ᠦᠨᠡᠮᠯᠡᠯ᠎ᠤᠨ ᠲᠡᠷᠢᠭᠦᠨ ᠬᠠᠭᠤᠳᠠᠰᠤ ᠪᠠ ᠲᠤᠰ ᠬᠥᠮᠥᠨ᠎ᠤ ᠨᠢᠭᠤᠷ᠎ᠤᠨ ᠬᠠᠭᠤᠯᠪᠤᠷᠢ᠂ ᠤᠳᠠᠭ᠎ᠠ ᠪᠦᠷᠢ ᠵᠢᠨ ᠲᠤᠰᠢᠶᠠᠯ᠎ᠤᠨ ᠬᠤᠪᠢᠷᠠᠯᠲᠠ ᠪᠠ ᠰᠢᠯᠵᠢᠬᠦ ᠵᠢ ᠬᠢᠨᠠᠨ ᠵᠥᠪᠰᠢᠶᠡᠷᠡᠬᠦ ᠬᠦᠰᠦᠨᠦᠭᠲᠦ ᠪᠤᠶᠤ ᠪᠢᠴᠢᠭ ᠮᠠᠲ᠋ᠧᠷᠢᠶᠠᠯ᠎ᠤᠨ ᠬᠠᠭᠤᠯᠪᠤᠷᠢ (ᠳᠡᠭᠡᠷᠡᠬᠢ ᠮᠠᠲ᠋ᠧᠷᠢᠶᠠᠯ᠎ᠤᠨ ᠬᠠᠭᠤᠯᠪᠤᠷᠢ᠎ᠨᠢ ᠡᠷᠬᠡᠪᠰᠢ ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠡᠷᠬᠡ ᠮᠡᠳᠡᠯ᠎ᠤᠨ ᠬᠡᠪᠴᠢᠶ᠎ᠡ ᠪᠦᠬᠦᠢ ᠰᠠᠯᠠᠭ᠎ᠠ ᠮᠥᠴᠢᠷ᠎ᠤᠨ ᠵᠣᠬᠢᠶᠠᠨ ᠪᠠᠶ᠋ᠢᠭᠤᠯᠬᠤ ᠠᠵᠢᠯᠲᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠤᠨ ᠲᠠᠮᠠᠭ᠎ᠠ ᠳᠠᠷᠤᠭᠰᠠᠨ ᠭᠡᠷᠡᠴᠢ ᠪᠠᠢ᠌ᠬᠤ ᠬᠡᠷᠡᠭᠲᠡᠢ)᠂ ᠪᠡᠶ᠎ᠡ ᠵᠢᠨ ᠦᠨᠡᠮᠯᠡᠯ᠎ᠤᠨ ᠤᠭ ᠮᠠᠲ᠋ᠧᠷᠢᠶᠠᠯ ᠪᠠ ᠬᠠᠭᠤᠯᠪᠤᠷᠢ᠂ ᠣᠶ᠋ᠢᠷ᠎ᠠ ᠵᠢᠨ ᠬᠤᠭᠤᠴᠠᠭ᠋ᠠᠨ᠎ᠤ ᠲᠢᠲᠢᠮ ᠦᠭᠡᠢ 2 ᠢᠮᠠᠬᠤ ᠵᠢᠨ ᠰᠡᠭᠦᠳᠡᠷ (3 ᠬᠠᠭᠤᠳᠠᠰᠤ)᠂ 《ᠠᠳᠠᠯᠢᠳᠬᠠᠨ ᠰᠣᠩᠭᠤᠨ ᠨᠡᠷ᠎ᠡ ᠮᠡᠳᠡᠭᠦᠯᠬᠦ ᠬᠦᠰᠦᠨᠦᠭᠲᠦ》᠎ᠳᠤ ᠠᠵᠢᠯᠯᠠᠭᠰᠠᠨ ᠥᠩᠭᠡᠷᠡᠯᠲᠡ ᠪᠠ ᠠᠵᠢᠯ᠎ᠤᠨ ᠠᠮᠵᠢᠯᠲᠠ ᠪᠦᠲᠦᠮᠵᠢ ᠵᠢᠨ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ᠎ᠢ ᠭᠡᠷᠡᠴᠢᠯᠡᠨ᠎ᠡ᠃
(ᠲᠦᠷᠪᠡ) ᠨᠢᠭᠤᠷᠳᠠᠨ ᠰᠢᠯᠭ᠋ᠠᠯᠲᠠ
1. ᠨᠢᠭᠤᠷᠳᠠᠨ ᠰᠢᠯᠭ᠋ᠠᠯᠲᠠ ᠵᠢ 4 ᠳ᠋ᠦ᠍ᠭᠡᠷ ᠰᠠᠷ᠎ᠠ ᠵᠢᠨ ᠡᠬᠢ᠎ᠪᠠᠷ ᠶᠠᠪᠤᠭᠳᠠᠭᠤᠯᠵᠤ᠂ ᠭᠠᠵᠠᠷ᠎ᠢ ᠬᠥᠬᠡᠬᠤᠲᠠ᠎ᠳᠤ ᠲᠣᠬᠢᠷᠠᠭᠤᠯᠵᠤ᠂ ᠬᠢᠷᠢ ᠬᠡᠮ᠎ᠤᠨ ᠳᠠᠬᠢᠨ ᠬᠢᠨᠠᠯᠲᠠ᠎ᠳᠤ ᠬᠢᠷᠢ ᠲᠡᠩᠴᠡᠭᠰᠡᠨ ᠰᠢᠯᠭ᠋ᠠᠭᠤᠯᠤᠭᠴᠢ ᠲᠠᠮᠠᠭ᠎ᠠ ᠳᠠᠷᠤᠭᠤᠯᠤᠭᠰᠠᠨ 《ᠨᠢᠭᠤᠷᠲᠠᠨ ᠰᠢᠯᠭ᠋ᠠᠯᠲᠠ ᠵᠢᠨ ᠮᠡᠳᠡᠭᠳᠡᠯ᠎ᠤᠨ ᠪᠢᠴᠢᠭ》 ᠵᠢᠴᠢ ᠪᠡᠶ᠎ᠡ ᠵᠢᠨ ᠦᠨᠡᠮᠯᠡᠯ (ᠫᠠᠰᠫᠣᠷᠲ) ᠵᠶ᠋ᠠᠨ ᠠᠪᠴᠤ᠂ ᠲᠣᠭᠲᠠᠭᠰᠠᠨ ᠴᠠᠭ ᠪᠠ ᠭᠠᠵᠠᠷ᠎ᠲᠤ ᠨᠢᠭᠤᠷᠲᠠᠨ ᠰᠢᠯᠭ᠋ᠠᠯᠲᠠ᠎ᠳᠤ ᠣᠷᠣᠯᠴᠠᠨ᠎ᠠ᠃ ᠲᠣᠭᠲᠠᠭᠰᠠᠨ ᠴᠠᠭ᠎ᠲᠤ᠎ᠪᠠᠨ ᠨᠢᠭᠤᠷᠳᠠᠨ ᠰᠢᠯᠭ᠋ᠠᠯᠲᠠ᠎ᠳᠤ ᠣᠷᠤᠯᠴᠠᠭᠰᠠᠨ ᠦᠭᠡᠢ ᠪᠣᠯ ᠥᠪᠡᠷᠲᠡᠭᠡᠨ ᠲᠠᠶᠠᠭᠳᠠᠭᠰᠠᠨ ᠵᠶ᠋ᠠᠷ ᠦᠵᠡᠨ᠎ᠡ᠃
2. ᠪᠣᠳᠠᠲᠠᠶ ᠲᠤᠬᠠᠶ ᠵᠢᠨ ᠲᠠᠯᠠᠪᠤᠷ᠎ᠲᠤ ᠬᠦᠷᠴᠦ ᠨᠢᠭᠤᠷᠲᠠᠨ ᠰᠢᠯᠭ᠋ᠠᠯᠲᠠ᠎ᠳᠤ ᠣᠷᠣᠯᠴᠠᠬᠤ ᠬᠥᠮᠦᠨ᠎ᠤ ᠲᠤᠭ᠎ᠠ᠎ᠨᠢ ᠲᠣᠰ ᠠᠵᠢᠯ᠎ᠤᠨ ᠪᠠᠶ᠋ᠢᠷᠢ ᠵᠢᠨ ᠪᠣᠳᠠᠲᠠᠶ ᠠᠳᠠᠯᠢᠳᠬᠠᠨ ᠰᠣᠩᠭᠤᠬᠤ ᠲᠥᠯᠥᠪᠯᠡᠭᠡ ᠵᠢᠨ ᠲᠤᠭ᠎ᠠ᠎ᠲᠠᠢ ᠲᠡᠩᠴᠡᠭᠦᠦ ᠪᠤᠶᠤ ᠴᠥᠬᠡᠨ ᠪᠣᠯ᠂ ᠨᠢᠭᠤᠷᠲᠠᠨ ᠰᠢᠯᠭ᠋ᠠᠯᠲᠠ ᠵᠢᠨ ᠬᠢᠷᠢ ᠪᠦᠲᠦᠮᠵᠢ᠎ᠨᠢ ᠨᠢᠭᠤᠷᠲᠠᠨ ᠰᠢᠯᠭ᠋ᠠᠯᠲᠠ ᠵᠢᠨ ᠬᠢᠷᠢ ᠲᠡᠩᠴᠡᠯᠲᠡ ᠵᠢᠨ ᠱᠤᠭᠤᠮ᠎ᠳᠤ ᠬᠦᠷᠬᠦ ᠬᠡᠷᠡᠭᠲᠡᠶ᠃
3. ᠨᠢᠭᠤᠷᠳᠠᠬᠤ ᠰᠢᠯᠭ᠋ᠠᠯᠲᠠ᠎ᠳᠤ ᠡᠷᠬᠡᠪᠰᠢ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ᠎ᠪᠠᠷ ᠬᠠᠷᠢᠭᠤᠯᠲᠠ ᠥᠭᠴᠦ᠂ ᠨᠢᠭᠤᠷᠳᠠᠬᠤ ᠰᠢᠯᠭ᠋ᠠᠯᠲᠠ ᠵᠢᠨ ᠪᠦᠷᠢᠨ ᠬᠤᠪᠢ᠎ᠨᠢ 100 ᠬᠤᠪᠢ ᠪᠣᠯᠣᠨ᠎ᠠ᠃
4. ᠪᠦᠲᠦᠴᠡᠴᠢᠯᠡᠭᠰᠡᠨ ᠨᠢᠭᠤᠷᠳᠠᠨ ᠰᠢᠯᠭ᠋ᠠᠯᠲᠠ ᠵᠢᠨ ᠠᠷᠭ᠎ᠠ ᠵᠢ ᠬᠡᠷᠡᠭᠯᠡᠨ᠎ᠡ᠃ ᠨᠢᠭᠤᠷᠲᠠᠨ ᠰᠢᠯᠭ᠋ᠠᠯᠲᠠ᠎ᠳᠤ ᠭᠣᠣᠯᠳᠠᠭᠤ ᠨᠢᠭᠤᠷᠳᠠᠨ ᠰᠢᠯᠭ᠋ᠠᠭᠤᠯᠤᠭᠴᠢ ᠵᠢᠨ ᠤᠯᠤᠰ ᠲᠥᠷᠥ ᠵᠢᠨ ᠬᠡᠪ ᠴᠢᠨᠠᠷ᠂ ᠲᠤᠰᠬᠠᠶ ᠮᠡᠷᠭᠡᠵᠢᠯ᠎ᠤᠨ ᠬᠡᠪ ᠪᠣᠯᠪᠠᠰᠤᠷᠠᠯ᠂ ᠶᠡᠷᠦᠩᠬᠡᠶ᠋ᠢᠯᠡᠭᠰᠡᠨ ᠵᠠᠳᠠᠯᠤᠯᠲᠠ᠂ ᠬᠡᠯᠡᠨ᠎ᠤ ᠢᠯᠡᠳᠬᠡᠯ ᠪᠠ ᠠᠵᠢᠯ᠎ᠤᠨ ᠪᠠᠶ᠋ᠢᠷᠢ ᠵᠢᠨ ᠵᠣᠬᠢᠴᠠᠯᠳᠤᠯ᠎ᠤᠨ ᠬᠡᠮᠵᠢᠶ᠎ᠡ ᠵᠢ ᠰᠢᠯᠭ᠋ᠠᠨ᠎ᠠ᠃
5. ᠨᠡᠷ᠎ᠡ ᠮᠡᠳᠡᠭᠦᠯᠦᠭᠴᠢ ᠵᠢᠨ ᠨᠢᠭᠤᠷᠳᠠᠨ ᠰᠢᠯᠭ᠋ᠠᠯᠲᠠ ᠵᠢᠨ ᠬᠢᠷᠢ ᠪᠦᠲᠦᠮᠵᠢ ᠪᠠ ᠰᠢᠨᠵᠢᠯᠡᠨ ᠪᠠᠢ᠌ᠴᠠᠭ᠋ᠠᠯᠲᠠ᠎ᠳᠤ ᠣᠷᠣᠭᠰᠠᠨ ᠬᠦᠮᠦᠰ᠎ᠢ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠨᠡᠢ᠌ᠲᠡᠯᠡᠨ᠎ᠡ᠃
(ᠲᠠᠪᠤ) ᠰᠢᠨᠵᠢᠯᠡᠨ ᠪᠠᠢ᠌ᠴᠠᠭ᠋ᠠᠯᠲᠠ
1. ᠰᠢᠨᠵᠢᠯᠡᠨ ᠪᠠᠢ᠌ᠴᠠᠭ᠋ᠠᠯᠲᠠ᠎ᠨᠢ ᠨᠢᠭᠤᠷᠳᠠᠨ ᠰᠢᠯᠭ᠋ᠠᠯᠲᠠ ᠵᠢᠨ ᠬᠢᠷᠢ ᠪᠦᠲᠦᠮᠵᠢ ᠵᠢᠨ ᠥᠨᠳᠥᠷ᠎ᠠᠴᠠ ᠳᠣᠤᠷ᠎ᠠ ᠳᠠᠷᠠᠭ᠋ᠠᠯᠠᠯ ᠵᠶ᠋ᠠᠷ ᠲᠣᠭᠲᠠᠭ᠋ᠠᠵᠤ᠂ ᠰᠢᠨᠵᠢᠯᠡᠨ ᠪᠠᠢ᠌ᠴᠠᠭ᠋ᠠᠯᠲᠠ ᠵᠢᠨ ᠭᠣᠭᠴᠤᠭ᠎ᠠ᠎ᠳᠤ ᠤᠷᠤᠭᠰᠠᠨ ᠵᠢᠱ᠌ᠢᠭᠳᠡᠭᠴᠢ ᠬᠢᠭᠡᠳ ᠠᠳᠠᠯᠢᠳᠬᠠᠨ ᠰᠣᠩᠭᠤᠵᠤ ᠰᠢᠯᠵᠢᠭᠦᠯᠬᠦ ᠲᠥᠯᠥᠪᠯᠡᠭᠡ ᠵᠢᠨ ᠬᠠᠷᠢᠴᠠᠯ᠎ᠢ ᠶᠡᠷᠦ᠎ᠳᠤ᠎ᠪᠠᠨ 2᠄ 1᠎ᠠᠴᠠ ᠳᠣᠤᠷ᠎ᠠ ᠪᠠᠶ᠋ᠢᠯᠭ᠋ᠠᠵᠤ ᠪᠣᠯᠬᠤ ᠦᠭᠡᠶ᠂ ᠬᠡᠷᠪᠡ ᠬᠠᠷᠢᠴᠠᠯ᠎ᠨᠢ 2᠄ 1᠎ᠠᠴᠠ ᠳᠣᠤᠷ᠎ᠠ ᠪᠠᠢ᠌ᠪᠠᠯ᠂ ᠨᠢᠭᠤᠷᠲᠠᠨ ᠰᠢᠯᠭ᠋ᠠᠯᠲᠠ ᠵᠢᠨ ᠬᠤᠪᠢ ᠵᠢᠨ ᠬᠢᠷᠢ ᠲᠡᠩᠴᠡᠭᠰᠡᠨ ᠰᠦᠯᠵᠢᠶᠡᠨ ᠳᠡᠭᠡᠷᠡᠬᠢ ᠪᠣᠳᠠᠲᠠᠶ ᠬᠥᠮᠦᠨ᠎ᠤ ᠲᠤᠭ᠎ᠠ᠎ᠪᠠᠷ ᠰᠢᠨᠵᠢᠯᠡᠨ ᠪᠠᠢ᠌ᠴᠠᠭ᠋ᠠᠯᠲᠠ᠎ᠳᠤ ᠣᠷᠣᠬᠤ ᠬᠡᠪᠴᠢᠶ᠎ᠡ ᠵᠢ ᠲᠣᠭᠲᠠᠭ᠋ᠠᠨ᠎ᠠ᠃ ᠠᠳᠠᠯᠢ ᠨᠢᠭᠡ ᠠᠵᠢᠯ᠎ᠤᠨ ᠪᠠᠶ᠋ᠢᠷᠢ ᠵᠢᠨ ᠬᠠᠮᠤᠭ ᠰᠡᠭᠦᠯᠴᠢ ᠵᠢᠨ ᠨᠢᠭᠡ ᠨᠢᠭᠤᠷᠳᠠᠨ ᠰᠢᠯᠭ᠋ᠠᠯᠲᠠ ᠵᠢᠨ ᠬᠢᠷᠢ ᠪᠦᠲᠦᠮᠵᠢ᠎ᠳᠤ ᠠᠳᠠᠯᠢ ᠬᠢᠷᠢ ᠪᠦᠲᠦᠮᠵᠢ᠎ᠲᠠᠢ ᠬᠦᠮᠦᠨ ᠢᠯᠡᠷᠡᠪᠡᠯ᠂ ᠪᠢᠷ᠎ᠤᠨ ᠰᠢᠯᠭ᠋ᠠᠯᠲᠠ ᠵᠢᠨ ᠬᠢᠷᠢ ᠪᠦᠲᠦᠮᠵᠢ ᠵᠢᠨ ᠥᠨᠳᠥᠷ ᠳᠤᠤᠷ᠎ᠠ᠎ᠪᠠᠷ ᠰᠢᠨᠵᠢᠯᠡᠨ ᠪᠠᠢ᠌ᠴᠠᠭ᠋ᠠᠯᠲᠠ ᠵᠢᠨ ᠵᠢᠱ᠌ᠢᠭᠳᠡᠭᠴᠢ ᠵᠢ ᠲᠣᠭᠲᠠᠭ᠋ᠠᠨ᠎ᠠ᠃
2. ᠰᠢᠨᠵᠢᠯᠡᠨ ᠪᠠᠢ᠌ᠴᠠᠭ᠋ᠠᠯᠲᠠ ᠵᠢᠨ ᠪᠠᠶ᠋ᠢᠳᠠᠯ᠎ᠢ ᠦᠨᠳᠦᠰᠦᠯᠡᠨ᠂ ᠬᠥᠮᠦᠨ ᠪᠠ ᠠᠵᠢᠯ᠎ᠤᠨ ᠪᠠᠶ᠋ᠢᠷᠢ ᠵᠢ ᠬᠠᠷᠢᠯᠴᠠᠨ ᠵᠣᠬᠢᠴᠠᠯᠳᠤᠭᠤᠯᠬᠤ᠂ ᠠᠵᠢᠯᠲᠠᠨ᠎ᠤ ᠶᠠᠪᠤᠳᠠᠯ᠎ᠢ ᠬᠠᠷᠢᠯᠴᠠᠨ ᠤᠶᠠᠯᠳᠤᠭᠤᠯᠬᠤ ᠵᠠᠷᠴᠢᠮ ᠶᠣᠰᠣᠭ᠋ᠠᠷ᠂ 1᠄ 1 ᠵᠢᠨ ᠬᠠᠷᠢᠴᠠᠯ ᠵᠶ᠋ᠠᠷ ᠰᠢᠯᠢᠳᠡᠭ᠎ᠢ᠎ᠨᠢ ᠰᠣᠩᠭᠤᠵᠤ ᠰᠢᠯᠵᠢᠭᠦᠯᠬᠦ᠎ᠪᠠᠷ ᠪᠠᠶ᠋ᠢᠭ᠎ᠠ ᠵᠢᠱ᠌ᠢᠭᠳᠡᠭᠴᠢ ᠵᠢ ᠳᠤᠷᠠᠳᠤᠨ ᠭᠠᠷᠭ᠋ᠠᠨ᠎ᠠ᠃ ᠲᠣᠬᠢᠷᠠᠮᠵᠢᠲᠠᠢ ᠬᠥᠮᠥᠨ ᠪᠠᠢ᠌ᠬᠤ ᠦᠭᠡᠢ ᠪᠣᠯ ᠡᠯᠰᠡᠬᠦ ᠦᠭᠡᠢ ᠪᠠᠢ᠌ᠵᠤ᠂ ᠲᠤᠰ ᠲᠥᠯᠥᠪᠯᠡᠭᠡ ᠵᠢ ᠬᠦᠴᠦᠨ ᠦᠭᠡᠢ ᠪᠣᠯᠭ᠋ᠠᠨ᠎ᠠ᠃
(ᠵᠢᠷᠭᠤᠭ᠎ᠠ) ᠨᠡᠢ᠌ᠲᠡᠯᠡᠯ ᠪᠠ ᠠᠵᠢᠯ᠎ᠤᠨ ᠪᠠᠶ᠋ᠢᠷᠢ ᠵᠢᠨ ᠰᠢᠯᠭ᠋ᠠᠨ ᠪᠠᠢ᠌ᠴᠠᠭ᠋ᠠᠯᠲᠠ
1. ᠰᠢᠯᠵᠢᠭᠦᠯᠬᠦ᠎ᠪᠠᠷ ᠪᠠᠶ᠋ᠢᠭ᠎ᠠ ᠬᠦᠮᠦᠨ᠎ᠤ ᠨᠡᠷᠡᠰ᠎ᠢ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠨᠡᠶ᠋ᠢᠲᠡᠯᠡᠵᠦ᠂ ᠨᠡᠢ᠌ᠲᠡᠯᠡᠯ᠎ᠤᠨ ᠬᠤᠭᠤᠴᠠᠭ᠎ᠠ᠎ᠨᠢ 7 ᠡᠳᠦᠷ ᠪᠣᠯᠤᠨ᠎ᠠ᠃ ᠡᠭᠦᠨ᠎ᠤ ᠬᠠᠮᠲᠤ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤᠨ ᠳ᠋ᠤᠭ᠋ᠠᠷ᠎ᠢ ᠨᠡᠶ᠋ᠢᠲᠡᠯᠡᠵᠦ᠂ ᠨᠡᠶ᠋ᠢᠭᠡᠮ᠎ᠤᠨ ᠬᠢᠨᠠᠯᠲᠠ ᠲᠠᠯᠪᠢᠯᠲᠠ ᠵᠢ ᠬᠦᠯᠢᠶᠡᠨ᠎ᠡ᠃
2. ᠨᠡᠢ᠌ᠲᠡᠯᠡᠯ᠎ᠳᠤ ᠣᠨᠳᠣᠣ ᠰᠠᠨᠠᠯ ᠦᠭᠡᠢ ᠰᠢᠯᠵᠢᠭᠦᠯᠬᠦ ᠬᠦᠮᠦᠨ᠎ᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠠᠴᠠ ᠲᠣᠰ ᠬᠥᠮᠥᠨ᠎ᠤ ᠪᠠᠢ᠌ᠭ᠎ᠠ ᠨᠢᠭᠡᠴᠢ᠎ᠳᠤ ᠠᠵᠢᠯ᠎ᠤᠨ ᠪᠠᠢ᠌ᠷᠢ ᠵᠢᠨ ᠬᠢᠨᠠᠨ ᠪᠠᠢ᠌ᠴᠠᠭ᠋ᠠᠯᠲᠠ ᠵᠢᠨ ᠵᠠᠬᠢᠳᠠᠯ ᠶᠠᠪᠤᠭᠤᠯᠵᠤ᠂ ᠠᠵᠢᠯᠯᠠᠵᠤ ᠪᠠᠢ᠌ᠭ᠎ᠠ ᠨᠢᠭᠡᠴᠢ᠎ᠪᠠᠷ ᠵᠥᠪᠰᠢᠶᠡᠷᠡᠭᠦᠯᠦᠭᠰᠡᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠠᠵᠢᠯ᠎ᠤᠨ ᠪᠠᠢ᠌ᠷᠢ᠎ᠳᠤ ᠬᠦᠷᠴᠦ 3 ᠰᠠᠷ᠎ᠠ ᠰᠢᠨᠵᠢᠯᠡᠨ ᠪᠠᠢ᠌ᠴᠠᠭ᠋ᠠᠨ᠎ᠠ᠃ ᠠᠵᠢᠯ᠎ᠤᠨ ᠪᠠᠶ᠋ᠢᠷᠢ ᠵᠢᠨ ᠰᠢᠯᠭ᠋ᠠᠨ ᠪᠠᠢ᠌ᠴᠠᠭ᠋ᠠᠯᠲᠠ ᠵᠢᠨ ᠬᠤᠭᠤᠴᠠᠭ᠎ᠠ᠎ᠨᠢ ᠲᠤᠯᠤᠭ᠋ᠠᠳ ᠬᠢᠷᠢ ᠲᠡᠩᠴᠡᠭᠰᠡᠳᠢ ᠬᠠᠮᠢᠶ᠎ᠠ ᠪᠦᠬᠦᠢ ᠲᠤᠭᠲᠠᠭ᠋ᠠᠯ ᠶᠤᠰᠤᠭ᠋ᠠᠷ ᠰᠢᠯᠵᠢᠬᠦᠯᠬᠦ ᠭᠠᠷ ᠭᠦᠢ᠍ᠴᠡᠳᠭᠡᠯ ᠬᠢᠨ᠎ᠡ᠃ ᠠᠵᠢᠯ᠎ᠤᠨ ᠪᠠᠶ᠋ᠢᠷᠢ᠎ᠳᠤ ᠰᠢᠯᠭ᠋ᠠᠨ ᠪᠠᠢ᠌ᠴᠠᠭ᠋ᠠᠯᠲᠠ ᠵᠢᠨ ᠬᠤᠭᠤᠴᠠᠭ᠋ᠠᠨ᠎ᠳᠤ ᠢᠯᠡᠷᠡᠯ᠎ᠨᠢ ᠬᠢᠷᠢ ᠲᠡᠩᠴᠡᠭᠰᠡᠨ ᠦᠭᠡᠶ ᠪᠠᠶ᠋ᠢᠪᠠᠯ᠂ ᠠᠳᠠᠯᠢᠳᠬᠠᠨ ᠰᠣᠩᠭᠣᠬᠤ ᠬᠢᠷᠢ ᠭᠡᠮ᠎ᠢ᠎ᠨᠢ ᠬᠦᠴᠦᠨ ᠦᠭᠡᠶ ᠪᠣᠯᠭ᠋ᠠᠵᠤ᠂ ᠤᠤᠯ᠎ᠤᠨ ᠨᠢᠭᠡᠴᠢ᠎ᠳᠤ᠎ᠪᠠᠨ ᠪᠤᠴᠠᠵᠤ ᠠᠵᠢᠯᠯᠠᠨ᠎ᠠ᠃
(ᠳᠤᠯᠤᠭ᠎ᠠ) ᠰᠢᠯᠵᠢᠭᠦᠯᠦᠨ ᠤᠷᠤᠭᠤᠯᠬᠤ ᠬᠦᠮᠦᠰ᠎ᠢ ᠤᠷᠢᠨ ᠬᠡᠷᠡᠭᠯᠡᠬᠦ
ᠰᠢᠯᠵᠢᠭᠦᠯᠦᠨ ᠣᠷᠣᠭᠤᠯᠬᠤ ᠬᠥᠮᠦᠰ᠎ᠤᠨ ᠤᠤᠯ᠎ᠤᠨ ᠲᠤᠰᠢᠶᠠᠯ᠎ᠤᠨ ᠳᠡᠰ᠂ ᠲᠤᠰᠬᠠᠶ ᠮᠡᠷᠭᠡᠵᠢᠯ᠎ᠤᠨ ᠲᠤᠰᠢᠶᠠᠯ ᠪᠠ ᠠᠵᠢᠯ᠎ᠤᠨ ᠪᠠᠶ᠋ᠢᠷᠢ ᠵᠢᠨ ᠬᠣᠭᠣᠰᠣᠨ ᠪᠠᠶ᠋ᠢᠭ᠎ᠠ ᠪᠠᠶ᠋ᠢᠳᠠᠯ᠎ᠢ ᠶᠡᠷᠦᠩᠬᠡᠶ᠋ᠢᠯᠡᠨ ᠪᠣᠳᠣᠯᠬᠢᠯᠠᠵᠤ᠂ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠤ ᠠᠵᠢᠯ᠎ᠤᠨ ᠪᠠᠶ᠋ᠢᠷᠢ ᠵᠢᠨ ᠤᠷᠢᠨ ᠬᠡᠷᠡᠭᠯᠡᠬᠦ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠵᠣᠬᠢᠴᠠᠩᠭᠤᠶ ᠠᠵᠢᠯ᠎ᠤᠨ ᠪᠠᠶ᠋ᠢᠷᠢ᠎ᠳᠤ ᠤᠷᠢᠨ ᠬᠡᠷᠡᠭᠯᠡᠨ᠎ᠡ᠃
ᠵᠢᠷᠭᠤᠭ᠎ᠠ᠂ ᠠᠰᠠᠭᠤᠨ ᠯᠠᠪᠯᠠᠬᠤ ᠪᠠ ᠬᠢᠨᠠᠯᠲᠠ ᠲᠠᠯᠪᠢᠬᠤ ᠤᠲᠠᠰᠤ
(ᠨᠢᠭᠡ) ᠠᠵᠢᠯ᠎ᠤᠨ ᠪᠠᠶ᠋ᠢᠷᠢ ᠪᠠ ᠳᠦᠷᠦ ᠵᠢᠨ ᠪᠤᠲᠤᠯᠭ᠎ᠠ ᠵᠢᠨ ᠠᠰᠠᠭᠤᠨ ᠯᠠᠪᠯᠠᠬᠤ ᠤᠲᠠᠰᠤ᠄ 6906231 6606283
(ᠬᠤᠶᠠᠷ) ᠨᠡᠷ᠎ᠡ ᠮᠡᠳᠡᠭᠦᠯᠬᠦ ᠰᠦᠯᠵᠢᠶᠡᠨ᠎ᠤ ᠮᠡᠷᠭᠡᠵᠢᠯ᠎ᠤᠨ ᠠᠰᠠᠭᠤᠨ ᠯᠠᠪᠯᠠᠬᠤ ᠤᠲᠠᠰᠤ᠄ 4008828026
(ᠭᠤᠷᠪᠠ) ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 6606227
ᠳᠠᠭ᠋ᠠᠯᠳᠤᠭᠤᠯᠤᠯ᠄