ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠯ᠎ᠡ ᠲᠣᠭᠲᠠᠭᠰᠠᠨ ᠡᠮ ᠡᠮᠨᠡᠯᠭᠡ ᠵᠢᠨ ᠪᠠᠢ᠌ᠭᠤᠯᠤᠮᠵᠢ ᠵᠢᠨ ᠴᠡᠭ᠎ᠲᠤ᠄
2023 ᠣᠨ᠎ᠤ 11 ᠳ᠋ᠦ᠍ᠭᠡᠷ ᠰᠠᠷ᠎ᠠ ᠵᠢᠨ 10᠎ᠤ ᠡᠳᠦᠷ᠂ ᠬᠥᠬᠡᠬᠤᠲᠠ ᠵᠢᠨ ᠮᠢᠨ ᠾᠧ ᠡᠮ᠎ᠤᠨ ᠲᠣᠮᠣ ᠳᠡᠯᠭᠡᠭᠦᠷ᠎ᠤᠨ ᠡᠮ ᠡᠮᠨᠡᠯᠭᠡ ᠵᠢᠨ ᠬᠢᠵᠠᠭ᠋ᠠᠷᠲᠤ ᠺᠣᠮᠫᠠᠨᠢ ᠡᠮ᠎ᠤᠨ ᠵᠦᠢ᠍ᠯ᠎ᠢ ᠰᠣᠯᠢᠬᠤ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢ ᠮᠡᠬᠡᠯᠡᠨ ᠠᠪᠬᠤ ᠠᠰᠠᠭᠤᠳᠠᠯ᠎ᠤᠨ ᠰᠦᠪᠡᠭᠴᠢ ᠣᠷᠣᠰᠢᠵᠤ ᠪᠠᠶ᠋ᠢᠬᠤ ᠣᠯᠠᠨ ᠲᠦᠮᠡᠨ᠎ᠤ ᠲᠤᠰᠬᠠᠯ᠎ᠢ ᠣᠯᠤᠭᠰᠠᠨ ᠪᠠᠶ᠋ᠢᠨ᠎ᠠ᠂ ᠮᠠᠨ᠎ᠤ ᠲᠥᠪ ᠠᠵᠢᠯᠲᠠᠨ ᠵᠶ᠋ᠠᠨ ᠴᠠᠭ ᠲᠤᠬᠠᠶ᠎ᠳᠤᠨᠢ ᠵᠣᠬᠢᠶᠠᠨ ᠪᠠᠶ᠋ᠢᠭᠤᠯᠵᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠬᠤᠲᠠ ᠪᠠᠯᠭ᠋ᠠᠰᠤᠨ᠎ᠤ ᠠᠵᠢᠯᠲᠠᠨ ᠠᠵᠢᠯᠴᠢᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠭᠲᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠴᠡᠭ᠎ᠤᠨ ᠦᠢ᠍ᠯᠡᠴᠢᠯᠡᠭᠡᠨ᠎ᠤ ᠬᠡᠯᠡᠯᠴᠡᠭᠡᠷ》᠎ᠤᠨ ᠲᠣᠭᠲᠠᠭ᠋ᠠᠯ ᠶᠣᠰᠣᠭ᠋ᠠᠷ᠂ ᠲᠣᠰ ᠲᠣᠭᠲᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠴᠡᠭ᠎ᠲᠤ ᠬᠢᠨᠠᠨ ᠪᠠᠶ᠋ᠢᠴᠠᠭ᠋ᠠᠬᠤ ᠠᠵᠢᠯ᠎ᠢ ᠥᠷᠨᠢᠭᠦᠯᠪᠡ᠃ ᠡᠳᠦᠭᠡ ᠬᠠᠷᠭᠤᠭᠤᠯᠤᠨ ᠪᠠᠶ᠋ᠢᠴᠠᠭ᠋ᠠᠭᠰᠠᠨ ᠪᠠᠶ᠋ᠢᠳᠠᠯ᠎ᠢ ᠳᠣᠣᠷᠠᠬᠢ ᠮᠡᠲᠦ ᠮᠡᠳᠡᠭᠳᠡᠶ᠎ᠡ᠄
ᠨᠢᠭᠡ᠂ ᠬᠠᠷᠭᠤᠭᠤᠯᠤᠨ ᠪᠠᠶ᠋ᠢᠴᠠᠭ᠋ᠠᠭᠰᠠᠨ ᠪᠠᠶ᠋ᠢᠳᠠᠯ
ᠰᠢᠰᠲ᠋ᠧᠮ᠎ᠠᠴᠠ ᠲᠤᠭ᠎ᠠ ᠪᠠᠷᠢᠮᠲᠠ ᠵᠢ ᠰᠢᠯᠵᠢᠭᠦᠯᠦᠨ ᠠᠪᠤᠭᠰᠠᠨ ᠵᠢᠴᠢ ᠲᠤᠬᠠᠶ ᠵᠢᠨ ᠭᠠᠵᠠᠷ᠎ᠲᠤᠨᠢ ᠬᠠᠷᠭᠤᠭᠤᠯᠤᠨ ᠪᠠᠶ᠋ᠢᠴᠠᠭ᠋ᠠᠬᠤ᠎ᠪᠠᠷ ᠳᠡᠮᠵᠢᠨ᠂ ᠲᠣᠰ ᠡᠮ᠎ᠤᠨ ᠳᠡᠯᠭᠡᠭᠦᠷ᠎ᠲᠤ ᠡᠮ᠎ᠤᠨ ᠵᠦᠢ᠍ᠯ᠎ᠢ ᠰᠣᠯᠢᠭᠰᠠᠨ ᠲᠣᠭᠲᠠᠭ᠋ᠠᠯ᠎ᠠᠴᠠ ᠵᠥᠷᠢᠴᠡᠭᠰᠡᠨ ᠠᠰᠠᠭᠤᠳᠠᠯ ᠤᠷᠤᠰᠢᠵᠤ ᠪᠠᠢ᠌ᠬᠤ ᠵᠢ ᠢᠯᠡᠷᠡᠭᠦᠯᠦᠨ᠂ ᠲᠣᠭᠲᠠᠭ᠋ᠠᠯ᠎ᠠᠴᠠ ᠵᠥᠷᠢᠴᠡᠭᠰᠡᠨ ᠵᠠᠷᠤᠳᠠᠯ ᠨᠡᠶ᠋ᠢᠲᠡ 208568.91 ᠲᠥᠭᠦᠷᠢᠭ ᠪᠠᠢ᠌ᠪᠠ᠃
ᠬᠤᠶᠠᠷ᠂ ᠰᠢᠢ᠍ᠳᠪᠦᠷᠢᠯᠡᠭᠰᠡᠨ ᠦᠨᠳᠦᠰᠦᠯᠡᠯ ᠵᠢᠴᠢ ᠦᠷ᠎ᠡ ᠳ᠋ᠦᠩ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠬᠤᠲᠠ ᠪᠠᠯᠭ᠋ᠠᠰᠤᠨ᠎ᠤ ᠠᠵᠢᠯᠲᠠᠨ ᠠᠵᠢᠯᠴᠢᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠭᠲᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠴᠡᠭ᠎ᠤᠨ ᠦᠢ᠍ᠯᠡᠴᠢᠯᠡᠭᠡᠨ᠎ᠤ ᠬᠡᠯᠡᠯᠴᠡᠭᠡᠷ》᠎ᠤᠨ ᠵᠢᠷᠠᠨ ᠳᠣᠯᠣᠳᠤᠭ᠋ᠠᠷ ᠵᠣᠷᠪᠤᠰ᠎ᠤᠨ ᠳᠣᠯᠣᠳᠤᠭ᠋ᠠᠷ ᠵᠦᠢ᠍ᠯ᠂ ᠳᠠᠯᠠᠨ ᠨᠢᠭᠡᠳᠦᠭᠡᠷ ᠵᠣᠷᠪᠤᠰ᠎ᠤᠨ ᠭᠤᠷᠪᠠᠳᠤᠭ᠋ᠠᠷ ᠵᠦᠢ᠍ᠯ᠎ᠤᠨ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠭᠠᠷᠴᠠᠭ᠎ᠤᠨ ᠳᠣᠲᠣᠷᠠᠬᠢ ᠰᠣᠯᠢᠭᠰᠠᠨ ᠡᠮ᠎ᠤᠨ ᠵᠦᠢ᠍ᠯ᠎ᠳᠤ ᠬᠤᠯᠪᠣᠭᠳᠠᠭᠰᠠᠨ ᠠᠰᠠᠭᠤᠳᠠᠯ᠎ᠳᠤ ᠲᠣᠭᠲᠠᠭ᠋ᠠᠯ᠎ᠠᠴᠠ ᠵᠥᠷᠢᠴᠡᠭᠰᠡᠨ 207130.41 ᠲᠥᠭᠦᠷᠢᠭ᠎ᠢ ᠨᠡᠬᠡᠮᠵᠢᠯᠡᠨ ᠰᠢᠢ᠍ᠳᠪᠦᠷᠢᠯᠡᠪᠡ᠃ ᠭᠠᠷᠴᠠᠭ᠎ᠠᠴᠠ ᠭᠠᠳᠠᠨ᠎ᠠ ᠡᠮ᠎ᠤᠨ ᠵᠦᠢ᠍ᠯ᠎ᠢ ᠰᠣᠯᠢᠭᠰᠠᠨ ᠠᠰᠠᠭᠤᠳᠠᠯ᠎ᠳᠤ ᠲᠣᠭᠲᠠᠭ᠋ᠠᠯ᠎ᠠᠴᠠ ᠵᠥᠷᠢᠴᠡᠭᠰᠡᠨ1438.5 ᠲᠥᠭᠦᠷᠢᠭ᠎ᠢ ᠨᠡᠬᠡᠮᠵᠢᠯᠡᠨ ᠠᠪᠴᠢᠷᠠᠵᠤ᠂ ᠡᠮᠴᠢᠯᠡᠭᠡᠨ᠎ᠤ ᠳᠠᠭ᠋ᠠᠳᠬᠠᠯ᠎ᠤᠨ ᠬᠡᠯᠡᠯᠴᠡᠭᠡᠷ᠎ᠢ ᠬᠦᠴᠦᠨ ᠥᠬᠡᠶ ᠪᠣᠯᠭ᠋ᠠᠵᠤ᠂ ᠨᠢᠭᠡ ᠵᠢᠯ᠎ᠤᠨ ᠳᠣᠲᠣᠷ᠎ᠠ ᠡᠮᠴᠢᠯᠡᠭᠡᠨ᠎ᠤ ᠳᠠᠭ᠋ᠠᠳᠬᠠᠯ᠎ᠤᠨ ᠲᠣᠭᠲᠠᠭᠰᠠᠨ ᠴᠡᠭ᠎ᠢ ᠭᠤᠶᠤᠴᠢᠯᠠᠨ ᠮᠡᠳᠡᠭᠦᠯᠵᠦ ᠪᠣᠯᠬᠤ ᠥᠬᠡᠶ᠎ᠪᠠᠷ ᠰᠢᠢ᠍ᠳᠪᠦᠷᠢᠯᠡᠪᠡ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠲᠥᠪ
2024 ᠣᠨ᠎ᠤ 3 ᠳ᠋ᠤᠭ᠋ᠠᠷ ᠰᠠᠷ᠎ᠠ ᠵᠢᠨ 19᠎ᠤ ᠡᠳᠦᠷ