ᠡᠯ᠎ᠡ ᠰᠢᠯᠭ᠋ᠠᠭᠤᠯᠤᠭᠴᠢ᠎ᠳᠤ᠄
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠬᠠᠷᠢᠶ᠎ᠠ ᠣᠨᠳᠣᠤ ᠭᠠᠵᠠᠷ ᠡᠮᠨᠡᠭᠦᠯᠬᠦ ᠵᠢᠨ ᠳ᠋ᠦᠩᠨᠡᠨ ᠪᠤᠳᠤᠬᠤ ᠲᠥᠪ᠎ᠤᠨ ᠥᠷᠢᠰᠦᠯᠳᠦᠭᠡᠨ᠎ᠤ ᠴᠢᠨᠠᠷᠲᠠᠶ ᠠᠵᠢᠯᠲᠠᠨ᠎ᠢ ᠠᠳᠠᠯᠢᠳᠬᠠᠨ ᠰᠣᠩᠭᠤᠬᠤ ᠪᠢᠷ᠎ᠤᠨ ᠰᠢᠯᠭ᠋ᠠᠯᠲᠠ ᠵᠢᠨ ᠬᠢᠷᠢ ᠪᠦᠲᠦᠮᠵᠢ ᠵᠢ ᠨᠢᠭᠡᠨᠲᠡ ᠨᠡᠢ᠌ᠲᠡᠯᠡᠵᠦ᠂ ᠰᠢᠯᠭ᠋ᠠᠭᠤᠯᠤᠭᠴᠢ ᠥᠪᠡᠷᠲᠡᠭᠡᠨ ᠨᠡᠷ᠎ᠡ ᠮᠡᠳᠡᠭᠦᠯᠬᠦ ᠰᠦᠯᠵᠢᠶ᠎ᠡ (www.nmrcks.net )᠎ᠳᠤ ᠨᠡᠪᠲᠡᠷᠡᠵᠦ ᠬᠢᠷᠢ ᠪᠦᠲᠦᠮᠵᠢ᠎ᠪᠠᠨ ᠪᠠᠶ᠋ᠢᠴᠠᠭ᠋ᠠᠨ ᠯᠠᠪᠯᠠᠭ᠋ᠠᠷᠠᠢ᠃ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠨᠳᠣᠤ ᠭᠠᠵᠠᠷ ᠡᠮᠨᠡᠭᠦᠯᠬᠦ ᠵᠢᠨ ᠳ᠋ᠦᠩᠨᠡᠨ ᠪᠤᠳᠤᠬᠤ ᠲᠥᠪ᠎ᠤᠨ ᠥᠷᠢᠰᠥᠯᠳᠦᠭᠡᠨ᠎ᠤ ᠴᠢᠨᠠᠷᠲᠠᠶ ᠠᠵᠢᠯᠲᠠᠨ᠎ᠢ ᠠᠳᠠᠯᠢᠳᠬᠠᠨ ᠰᠣᠩᠭᠤᠬᠤ ᠵᠠᠷᠯᠠᠯ》᠎ᠤᠨ ᠬᠠᠮᠢᠶ᠎ᠠ ᠪᠥᠬᠦᠶ ᠲᠣᠭᠲᠠᠭ᠋ᠠᠯ᠎ᠢ ᠦᠨᠳᠦᠰᠦᠯᠡᠨ᠂ ᠡᠳᠦᠭᠡ ᠪᠢᠷ᠎ᠤᠨ ᠰᠢᠯᠭ᠋ᠠᠯᠲᠠ ᠵᠢᠨ ᠬᠠᠮᠤᠭ᠎ᠤᠨ ᠳᠣᠤᠷ᠎ᠠ ᠬᠢᠷᠢ ᠲᠡᠩᠴᠡᠯᠲᠡ ᠵᠢᠨ ᠱᠤᠭᠤᠮ᠂ ᠬᠢᠷᠢ ᠬᠡᠮ᠎ᠤᠨ ᠳᠠᠬᠢᠨ ᠬᠢᠨᠠᠯᠲᠠ ᠪᠠ ᠨᠢᠭᠤᠷᠲᠠᠨ ᠰᠢᠯᠭ᠋ᠠᠯᠲᠠ ᠵᠢᠨ ᠬᠣᠯᠪᠤᠭᠳᠠᠯ ᠪᠥᠬᠦᠶ ᠵᠦᠢ᠍ᠯᠡᠰ᠎ᠢ ᠳᠣᠤᠷᠠᠬᠢ ᠮᠡᠲᠦ ᠵᠠᠷᠯᠠᠶ᠎ᠠ᠃
ᠨᠢᠭᠡ᠂ ᠪᠢᠷ᠎ᠤᠨ ᠰᠢᠯᠭ᠋ᠠᠯᠲᠠ ᠵᠢᠨ ᠬᠠᠮᠤᠭ᠎ᠤᠨ ᠳᠣᠣᠷ᠎ᠠ ᠬᠢᠷᠢ ᠲᠡᠩᠴᠡᠯᠲᠡ ᠵᠢᠨ ᠱᠤᠭᠤᠮ
ᠲᠤᠰ ᠤᠳᠠᠭ᠋ᠠᠨ᠎ᠤ ᠪᠢᠷ᠎ᠤᠨ ᠰᠢᠯᠭ᠋ᠠᠯᠲᠠ ᠵᠢᠨ ᠬᠠᠮᠤᠭ᠎ᠤᠨ ᠳᠣᠣᠷ᠎ᠠ ᠬᠢᠷᠢ ᠲᠡᠩᠴᠡᠯᠲᠡ ᠵᠢᠨ ᠱᠤᠭᠤᠮ 60 ᠬᠤᠪᠢ ᠪᠣᠯᠣᠨ᠎ᠠ᠃
ᠬᠤᠶᠠᠷ᠂ ᠬᠢᠷᠢ ᠬᠡᠮ᠎ᠤᠨ ᠳᠠᠬᠢᠨ ᠬᠢᠨᠠᠯᠲᠠ
(ᠨᠢᠭᠡ) ᠬᠡᠪᠴᠢᠶ᠎ᠡ
ᠪᠢᠷ᠎ᠤᠨ ᠰᠢᠯᠭ᠋ᠠᠯᠲᠠ ᠵᠢᠨ ᠬᠢᠷᠢ ᠪᠦᠲᠦᠮᠵᠢ᠎ᠨᠢ ᠬᠠᠮᠤᠭ᠎ᠤᠨ ᠳᠣᠣᠷ᠎ᠠ ᠬᠢᠷᠢ ᠲᠡᠩᠴᠡᠯᠲᠡ ᠵᠢᠨ ᠱᠤᠭᠤᠮ᠎ᠳᠤ ᠬᠦᠷᠦᠭᠰᠡᠨ ᠰᠢᠯᠭ᠋ᠠᠭᠤᠯᠤᠭᠴᠢ ᠵᠢᠨ ᠠᠵᠢᠯ᠎ᠤᠨ ᠪᠠᠶ᠋ᠢᠷᠢ ᠨᠢᠭᠡᠪᠦᠷᠢ ᠵᠢᠨ ᠨᠡᠷ᠎ᠡ ᠮᠡᠳᠡᠭᠦᠯᠦᠭᠴᠢ ᠵᠢᠨ ᠰᠢᠯᠭ᠋ᠠᠯᠲᠠ ᠵᠢᠨ ᠬᠢᠷᠢ ᠪᠦᠲᠦᠮᠵᠢ ᠵᠢ ᠳᠡᠭᠡᠷ᠎ᠡ ᠳᠤᠷᠠᠳᠤᠭᠰᠠᠨ ᠥᠨᠳᠥᠷ᠎ᠠᠴᠠ ᠳᠣᠣᠷ᠎ᠠ ᠳᠠᠷᠠᠭ᠋ᠠᠯᠠᠯ ᠪᠠ ᠲᠣᠰ ᠠᠵᠢᠯ᠎ᠤᠨ ᠪᠠᠶ᠋ᠢᠷᠢ ᠵᠢᠨ ᠪᠣᠳᠠᠲᠠᠶ ᠬᠠᠷᠢᠴᠠᠯ ᠵᠶ᠋ᠠᠷ ᠰᠣᠩᠭᠤᠬᠤ ᠲᠥᠯᠥᠪᠯᠡᠭᠡ ᠵᠢᠨ ᠲᠤᠭ᠎ᠠ ᠵᠢ 3᠄ 1 ᠵᠢᠨ ᠬᠠᠷᠢᠴᠠᠯ ᠵᠶ᠋ᠠᠷ ᠬᠢᠷᠢ ᠲᠡᠩᠴᠡᠭᠰᠡᠳᠢ ᠲᠣᠭᠲᠠᠭ᠋ᠠᠨ᠎ᠠ᠃ ᠪᠢᠷ᠎ᠤᠨ ᠰᠢᠯᠭ᠋ᠠᠯᠲᠠ ᠵᠢᠨ ᠬᠢᠷᠢ ᠪᠦᠲᠦᠮᠵᠢ ᠵᠢ ᠵᠢᠭᠰᠠᠭ᠋ᠠᠭ᠋ᠠᠳ 3᠄ 1᠎ᠠᠴᠠ ᠬᠡᠲᠦᠷᠡᠭᠰᠡᠨ᠎ᠢ ᠴᠥᠮ ᠬᠢᠷᠢ ᠭᠡᠮ᠎ᠤᠨ ᠳᠠᠬᠢᠨ ᠬᠢᠨᠠᠯᠲᠠ ᠵᠢᠨ ᠬᠡᠪᠴᠢᠶᠡᠨ᠎ᠳᠤ ᠣᠷᠤᠭᠤᠯᠵᠤ᠂ ᠪᠢᠷ᠎ᠤᠨ ᠰᠢᠯᠭ᠋ᠠᠯᠲᠠ ᠵᠢᠨ ᠬᠢᠷᠢ ᠪᠦᠲᠦᠮᠵᠢ ᠵᠢᠨ ᠬᠠᠮᠤᠭ᠎ᠤᠨ ᠳᠣᠤᠷ᠎ᠠ ᠬᠢᠷᠢ ᠲᠡᠩᠴᠡᠯᠲᠡ ᠵᠢᠨ ᠱᠤᠭᠤᠮ᠎ᠠᠴᠠ ᠳᠠᠪᠠᠭᠰᠠᠨ ᠬᠦᠮᠦᠨ᠎ᠤ ᠲᠣᠭ᠎ᠠ᠎ᠨᠢ 3᠄ 1᠎ᠳᠤ ᠬᠦᠷᠬᠦ ᠦᠭᠡᠢ ᠪᠣᠯ᠂ ᠪᠣᠲᠠᠲᠠᠢ ᠪᠠᠢ᠌ᠬᠤ ᠬᠦᠮᠦᠨ᠎ᠤ ᠲᠤᠭ᠎ᠠ᠎ᠪᠠᠷ ᠳᠠᠬᠢᠨ ᠬᠢᠨᠠᠯᠲᠠ ᠵᠢᠨ ᠬᠦᠷᠢᠶ᠎ᠡ ᠬᠡᠪᠴᠢᠶ᠎ᠡ ᠵᠢ ᠲᠣᠭᠲᠠᠭ᠋ᠠᠨ᠎ᠠ᠃ ᠬᠢᠷᠢ ᠬᠡᠮ᠎ᠤᠨ ᠳᠠᠬᠢᠨ ᠬᠢᠨᠠᠯᠲᠠ ᠵᠢᠴᠢ ᠳᠠᠷᠠᠭ᠋ᠠᠯᠠᠨ ᠨᠥᠬᠦᠪᠦᠷᠢᠯᠡᠭᠰᠡᠨᠤ ᠳᠠᠷᠠᠭ᠎ᠠ 3᠄ 1᠎ᠳᠤ ᠬᠦᠷᠬᠦ ᠦᠭᠡᠢ ᠪᠣᠯ᠂ ᠪᠣᠳᠠᠲᠠᠢ ᠬᠥᠮᠥᠨ᠎ᠤ ᠲᠤᠭ᠎ᠠ᠎ᠪᠠᠷ ᠨᠢᠭᠤᠷᠲᠠᠨ ᠰᠢᠯᠭ᠋ᠠᠯᠲᠠ ᠵᠢᠨ ᠬᠡᠪᠴᠢᠶᠡᠨ᠎ᠳᠤ ᠣᠷᠣᠬᠤ ᠬᠥᠮᠥᠰ᠎ᠢ ᠲᠣᠭᠲᠠᠭ᠋ᠠᠨ᠎ᠠ᠃
(ᠬᠤᠶᠠᠷ) ᠴᠠᠭ
2024 ᠣᠨ᠎ᠤ 4 ᠳ᠋ᠦ᠍ᠭᠡᠷ ᠰᠠᠷ᠎ᠠ ᠵᠢᠨ 1᠎ᠤ ᠡᠳᠦᠷ᠎ᠤᠨ ᠦᠳᠡ ᠵᠢᠨ ᠡᠮᠦᠨ᠎ᠡ 9᠄ 00 — 11᠄ 00 ᠪᠣᠯᠲᠠᠯ᠎ᠠ᠃
(ᠭᠤᠷᠪᠠ) ᠭᠠᠵᠠᠷ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ 609 ᠥᠷᠥᠭᠡ (ᠬᠥᠬᠡᠬᠤᠲᠠ ᠵᠢᠨ ᠰᠢᠨ᠎ᠡ ᠬᠤᠲᠠ ᠲᠣᠭᠤᠷᠢᠭ᠎ᠤᠨ ᠰᠢᠨᠬᠤᠸᠠ ᠶᠡᠭᠡ ᠵᠡᠭᠡᠯᠢ ᠵᠢᠨ 53 ᠨᠣᠮᠧᠷᠲᠤ 6 ᠳ᠋ᠤᠭ᠋ᠠᠷ ᠳᠠᠪᠬᠤᠷᠯᠢᠭ)᠃
(ᠲᠦᠷᠪᠡ) ᠬᠡᠷᠡᠭᠯᠡᠬᠦ ᠮᠠᠲ᠋ᠧᠷᠢᠶᠠᠯ
1. 《ᠠᠳᠠᠯᠢᠳᠬᠠᠨ ᠰᠣᠩᠭᠣᠭᠰᠠᠨ ᠨᠡᠷ᠎ᠡ ᠮᠡᠳᠡᠭᠦᠯᠬᠦ ᠬᠦᠰᠦᠨᠦᠭᠲᠦ》 ᠵᠢᠨ ᠤᠭ ᠮᠠᠲ᠋ᠧᠷᠢᠶᠠᠯ
2. ᠪᠡᠶ᠎ᠡ ᠵᠢᠨ ᠦᠨᠡᠮᠯᠡᠯ᠎ᠤᠨ ᠤᠭ ᠮᠠᠲ᠋ᠧᠷᠢᠶᠠᠯ ᠪᠣᠯᠤᠨ ᠬᠠᠭᠤᠯᠪᠤᠷᠢ
3. ᠰᠤᠷᠤᠯᠭ᠎ᠠ ᠵᠢᠨ ᠨᠠᠮᠲᠠᠷ ᠡᠷᠳᠡᠮ᠎ᠤᠨ ᠴᠣᠯᠠ ᠵᠢᠨ ᠦᠨᠡᠮᠯᠡᠯ᠎ᠤᠨ ᠤᠭ ᠮᠠᠲ᠋ᠧᠷᠢᠶᠠᠯ ᠪᠠ ᠬᠠᠭᠤᠯᠪᠤᠷᠢ᠂ ᠰᠤᠷᠭ᠋ᠠᠨ ᠬᠥᠮᠥᠵᠢᠯ᠎ᠤᠨ ᠶᠠᠮᠤᠨ᠎ᠤ 《ᠰᠤᠷᠤᠯᠭ᠎ᠠ ᠵᠢᠨ ᠨᠠᠮᠲᠠᠷ᠎ᠤᠨ ᠦᠨᠡᠮᠯᠡᠯ᠎ᠤᠨ ᠳᠠᠩᠰᠠᠯᠠᠭᠤᠯᠤᠭᠰᠠᠨ ᠡᠯᠸᠺᠲᠷᠣᠨ ᠬᠦᠰᠦᠨᠦᠭᠲᠦ》 ᠪᠤᠶᠤ 《ᠳᠤᠮᠳᠠᠳᠤ ᠤᠯᠤᠰ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠥᠵᠢᠯ᠎ᠤᠨ ᠰᠤᠷᠤᠯᠭ᠎ᠠ ᠵᠢᠨ ᠨᠠᠮᠲᠠᠷ᠎ᠤᠨ ᠭᠡᠷᠡᠴᠢᠯᠡᠭᠡ ᠵᠢᠨ ᠮᠡᠳᠡᠭᠦᠯᠦᠯᠲᠡ》 (ᠳᠤᠮᠳᠠᠳᠤ ᠤᠯᠤᠰ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠥᠵᠢᠯ᠎ᠤᠨ ᠰᠤᠷᠤᠭᠴᠢ ᠵᠢᠨ ᠮᠡᠳᠡᠭᠡ ᠵᠠᠩᠭᠢ ᠵᠢᠨ ᠰᠦᠯᠵᠢᠶ᠎ᠡ http://www.chsi.com.cn ᠠᠴᠠ ᠪᠠᠭᠤᠯᠭ᠋ᠠᠵᠤ ᠳᠠᠷᠤᠮᠠᠯᠯᠠᠨ᠎ᠠ ) ᠃
4.《ᠠᠯᠪᠠᠲᠠᠨ ᠡᠯᠰᠡᠨ ᠬᠡᠷᠡᠭᠯᠡᠬᠦ ᠵᠢ ᠬᠢᠨᠠᠨ ᠵᠥᠪᠰᠢᠶᠡᠷᠡᠬᠦ ᠬᠦᠰᠦᠨᠦᠭᠲᠦ》 (《ᠠᠯᠪᠠᠨ᠎ᠳᠤ ᠣᠷᠣᠯᠴᠠᠭᠰᠠᠳ᠎ᠢ ᠡᠯᠰᠡᠨ ᠬᠡᠷᠡᠭᠯᠡᠬᠦ ᠵᠢ ᠬᠢᠨᠠᠨ ᠵᠥᠪᠰᠢᠶᠡᠷᠡᠬᠦ ᠬᠦᠰᠦᠨᠦᠭᠲᠦ》) ᠪᠣᠶᠤ 《ᠢᠯᠡ᠎ᠪᠠᠷ ᠠᠵᠢᠯᠲᠠᠨ ᠡᠯᠰᠡᠬᠦ ᠳᠠᠩᠰᠠᠯᠠᠯ᠎ᠤᠨ ᠬᠦᠰᠦᠨᠦᠭᠲᠦ》 ᠵᠡᠷᠭᠡ ᠠᠯᠪᠠᠲᠠᠨ (ᠠᠯᠪᠠᠨ᠎ᠳᠤ ᠣᠷᠣᠯᠴᠠᠭᠰᠠᠳ)᠎ᠤ ᠡᠩᠨᠡᠭᠡ ᠪᠤᠶᠤ ᠠᠵᠢᠯ ᠦᠢ᠍ᠯᠡᠰ᠎ᠤᠨ ᠨᠢᠭᠡᠴᠢ ᠵᠢᠨ ᠬᠠᠮᠢᠶ᠎ᠠ ᠪᠦᠬᠦᠢ ᠮᠠᠲ᠋ᠧᠷᠢᠶᠠᠯ᠎ᠤᠨ ᠬᠠᠭᠤᠯᠪᠤᠷᠢ ᠂ 《ᠠᠯᠪᠠᠲᠠᠨ᠎ᠤ ᠪᠦᠷᠢᠳᠬᠡᠯ᠎ᠤᠨ ᠬᠦᠰᠦᠨᠦᠭᠲᠦ》 (《ᠠᠯᠪᠠᠲᠠᠨ᠎ᠤ ᠬᠠᠤᠯᠢ ᠵᠢᠨ ᠬᠠᠮᠢᠶᠠᠷᠤᠯᠲᠠ ᠵᠢᠨ ᠪᠠᠶ᠋ᠢᠭᠤᠯᠭ᠎ᠠ (ᠨᠢᠭᠡᠴᠢ) ᠵᠢᠨ ᠠᠵᠢᠯᠲᠠᠨ᠎ᠤ ᠪᠦᠷᠢᠳᠬᠡᠯ᠎ᠤᠨ ᠬᠦᠰᠦᠨᠦᠭᠲᠦ᠎ᠪᠠᠷ ᠯᠠᠪᠯᠠᠯᠲᠠ ᠪᠣᠯᠭ᠋ᠠᠬᠤ ᠬᠦᠰᠦᠨᠦᠭᠲᠦ》) ᠵᠢᠨ ᠬᠠᠭᠤᠯᠪᠤᠷᠢ᠃
5. ᠪᠠᠶ᠋ᠢᠭ᠎ᠠ ᠪᠠᠶ᠋ᠢᠭᠤᠯᠭ᠎ᠠ ᠵᠢᠨ ᠪᠠᠶ᠋ᠢᠭᠤᠯᠤᠮᠵᠢ ᠵᠢᠨ ᠣᠷᠣᠨ ᠲᠤᠭ᠎ᠠ ᠵᠢᠨ ᠬᠠᠮᠢᠶᠠᠷᠤᠯᠲᠠ ᠵᠢᠨ ᠦᠨᠡᠮᠯᠡᠯ᠎ᠤᠨ ᠲᠡᠷᠢᠭᠦᠨ ᠬᠠᠭᠤᠳᠠᠰᠤ ᠪᠠ ᠲᠤᠰ ᠬᠥᠮᠥᠨ᠎ᠤ ᠨᠢᠭᠤᠷ᠎ᠤᠨ ᠬᠠᠭᠤᠯᠪᠤᠷᠢ᠃
6. ᠤᠳᠠᠭ᠎ᠠ ᠪᠦᠷᠢ ᠵᠢᠨ ᠲᠤᠰᠢᠶᠠᠯ᠎ᠤᠨ ᠬᠤᠪᠢᠷᠠᠯᠲᠠ ᠪᠠ ᠰᠢᠯᠵᠢᠬᠦ ᠵᠢ ᠬᠢᠨᠠᠨ ᠵᠥᠪᠰᠢᠶᠡᠷᠡᠬᠦ ᠬᠦᠰᠦᠨᠦᠭᠲᠦ ᠪᠤᠶᠤ ᠪᠢᠴᠢᠭ ᠮᠠᠲ᠋ᠧᠷᠢᠶᠠᠯ᠎ᠤᠨ ᠬᠠᠭᠤᠯᠪᠤᠷᠢ᠃
ᠳᠡᠭᠡᠷᠡᠬᠢ 4 — 6 ᠵᠦᠢ᠍ᠯ᠎ᠤᠨ ᠮᠠᠲ᠋ᠧᠷᠢᠶᠠᠯ᠎ᠤᠨ ᠬᠠᠭᠤᠯᠪᠤᠷᠢ ᠵᠢ ᠬᠠᠭᠤᠳᠠᠰᠤ ᠪᠦᠷᠢ᠎ᠳᠤ ᠡᠷᠬᠡᠪᠰᠢ 0. ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠡᠷᠬᠡ ᠮᠡᠳᠡᠯ᠎ᠤᠨ ᠬᠡᠪᠴᠢᠶ᠎ᠡ ᠵᠢᠨ ᠪᠠᠶ᠋ᠢᠭ᠎ᠠ ᠨᠢᠭᠡᠴᠢ ᠵᠢᠨ ᠵᠣᠬᠢᠶᠠᠨ ᠪᠠᠶ᠋ᠢᠭᠤᠯᠬᠤ ᠠᠵᠢᠯᠲᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠤᠨ ᠲᠠᠮᠠᠭ᠎ᠠ ᠳᠠᠷᠤᠵᠤ᠂ 《ᠲᠤᠰ ᠬᠠᠭᠤᠯᠪᠤᠷᠢ᠎ᠨᠢ ᠤᠭ ᠮᠠᠲ᠋ᠧᠷᠢᠶᠠᠯ᠎ᠲᠠᠢ ᠨᠢᠭᠡᠳᠦᠯᠲᠡᠢ》 ᠭᠡᠵᠦ ᠲᠡᠮᠲᠡᠭᠯᠡᠨ᠎ᠡ᠃ ᠨᠢᠭᠤᠷ᠎ᠤᠨ ᠲᠤᠭ᠎ᠠ᠎ᠨᠢ ᠨᠡᠯᠢᠶᠡᠳ ᠣᠯᠠᠨ᠎ᠨᠢ ᠲᠡᠷᠢᠭᠦᠨ ᠨᠢᠭᠤᠷ᠂ ᠵᠠᠩᠭᠢᠯᠠᠭ᠎ᠠ ᠵᠢᠨ ᠨᠢᠭᠤᠷ᠎ᠲᠤ ᠲᠡᠮᠲᠡᠭ ᠲᠠᠯᠪᠢᠵᠤ᠂ ᠲᠠᠮᠠᠭ᠎ᠠ ᠳᠠᠷᠤᠬᠤ ᠵᠢᠨ ᠬᠠᠮᠲᠤ ᠠᠭᠤᠯᠵᠠᠷ᠎ᠤᠨ ᠲᠠᠮᠠᠭ᠎ᠠ ᠳᠠᠷᠤᠨ᠎ᠠ᠃
7. ᠣᠶ᠋ᠢᠷ᠎ᠠ ᠵᠢᠨ ᠬᠤᠭᠤᠴᠠᠭ᠋ᠠᠨ᠎ᠤ ᠲᠢᠲᠢᠮ ᠦᠭᠡᠢ 2 ᠢᠮᠠᠬᠤ ᠵᠢᠨ ᠪᠤᠳᠤᠭᠲᠤ ᠰᠡᠭᠦᠳᠡᠷ (3 ᠬᠠᠭᠤᠳᠠᠰᠤ)
8.《ᠠᠳᠠᠯᠢᠳᠬᠠᠨ ᠰᠣᠩᠭᠣᠭᠰᠠᠨ ᠨᠡᠷ᠎ᠡ ᠮᠡᠳᠡᠭᠦᠯᠬᠦ ᠬᠦᠰᠦᠨᠦᠭᠲᠦ》᠎ᠳᠤ ᠠᠵᠢᠯᠯᠠᠭᠰᠠᠨ ᠥᠩᠭᠡᠷᠡᠯᠲᠡ ᠪᠠ ᠠᠵᠢᠯ᠎ᠤᠨ ᠠᠮᠵᠢᠯᠲᠠ ᠪᠦᠲᠦᠮᠵᠢ ᠵᠢᠨ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ (ᠬᠣᠯᠪᠤᠭᠳᠠᠯ ᠪᠦᠬᠦᠢ ᠠᠵᠢᠯ᠎ᠤᠨ ᠥᠩᠭᠡᠷᠡᠯᠲᠡ ᠵᠢ ᠱᠠᠭ᠋ᠠᠷᠳᠠᠭᠰᠠᠨ ᠪᠠᠶ᠋ᠢᠪᠠᠯ᠂ ᠡᠷᠬᠡᠪᠰᠢ ᠠᠵᠢᠯ᠎ᠤᠨ ᠥᠩᠭᠡᠷᠡᠯᠲᠡ ᠵᠢᠨ ᠭᠡᠷᠡᠴᠢ ᠵᠢ ᠬᠠᠩᠭ᠋ᠠᠵᠤ᠂ ᠠᠵᠢᠯ᠎ᠤᠨ ᠥᠩᠭᠡᠷᠡᠯᠲᠡ ᠵᠢᠨ ᠡᠬᠢᠯᠡᠵᠦ ᠲᠡᠭᠦᠰᠦᠭᠰᠡᠨ ᠴᠠᠭ᠂ ᠭᠡᠷᠡᠴᠢᠯᠡᠭᠴᠢ ᠵᠢᠨ ᠡᠭᠦᠷᠭᠡ ᠲᠤᠰᠢᠶᠠᠯ᠂ ᠭᠡᠷᠡᠴᠢᠯᠡᠭᠴᠢ ᠵᠢᠨ ᠣᠪᠣᠭ ᠨᠡᠷ᠎ᠡ ᠵᠢᠴᠢ ᠤᠲᠠᠰᠤ ᠵᠢ ᠲᠤᠳᠤᠷᠬᠠᠢ᠌ᠯᠠᠵᠤ᠂ ᠪᠠᠶ᠋ᠢᠭᠤᠯᠭ᠎ᠠ ᠨᠢᠭᠡᠴᠢ᠎ᠠᠴᠠ ᠲᠠᠮᠠᠭ᠎ᠠ ᠳᠠᠷᠤᠨ᠎ᠠ)
9. ᠲᠣᠰ ᠬᠥᠮᠦᠨ᠎ᠤ ᠭᠠᠷᠤᠨ ᠥᠰᠥᠭ ᠵᠢᠷᠤᠭᠰᠠᠨ ᠰᠢᠯᠭ᠋ᠠᠭᠤᠯᠤᠭᠴᠢ ᠵᠢᠨ ᠦᠨᠡᠨᠴᠢ ᠢᠲᠡᠭᠡᠮᠵᠢ ᠵᠢᠨ ᠠᠮᠠᠯᠠᠯᠲᠠ ᠵᠢᠨ ᠪᠢᠴᠢᠭ (ᠳᠠᠭ᠋ᠠᠯᠳᠤᠭᠤᠯᠤᠯ)
10. ᠨᠡᠷ᠎ᠡ ᠮᠡᠳᠡᠭᠦᠯᠬᠦ ᠠᠵᠢᠯ᠎ᠤᠨ ᠪᠠᠶ᠋ᠢᠷᠢ ᠵᠢᠨ ᠱᠠᠭ᠋ᠠᠷᠳᠠᠯᠭ᠎ᠠ᠎ᠲᠠᠢ ᠬᠣᠯᠪᠣᠭᠳᠠᠬᠤ ᠪᠤᠰᠤᠳ ᠭᠡᠷᠡᠴᠢ ᠮᠠᠲ᠋ᠧᠷᠢᠶᠠᠯ (ᠰᠢᠯᠭ᠋ᠠᠭᠤᠯᠤᠭᠴᠢ ᠥᠪᠡᠷ᠎ᠤᠨ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠥᠪᠡᠷᠲᠡᠭᠡᠨ ᠭᠡᠷᠡᠴᠢᠯᠡᠬᠦ ᠮᠠᠲ᠋ᠧᠷᠢᠶᠠᠯ)
(ᠲᠠᠪᠤ) ᠠᠩᠬᠠᠷᠬᠤ ᠵᠦᠢ᠍ᠯ
1. ᠬᠢᠷᠢ ᠬᠡᠮ᠎ᠤᠨ ᠳᠠᠬᠢᠨ ᠬᠢᠨᠠᠯᠲᠠ ᠵᠢᠨ ᠰᠢᠯᠭ᠋ᠠᠭᠤᠯᠤᠭᠴᠢ ᠵᠢᠨ ᠮᠡᠳᠡᠭᠡ ᠵᠠᠩᠭᠢ᠎ᠨᠢ ᠦᠨᠡᠨ ᠪᠣᠳᠠᠲᠠᠶ ᠣᠨᠣᠪᠴᠢᠲᠠᠶ ᠡᠰᠡᠬᠦ᠂ ᠨᠡᠷ᠎ᠡ ᠮᠡᠳᠡᠭᠦᠯᠦᠭᠰᠡᠨ ᠠᠵᠢᠯ᠎ᠤᠨ ᠪᠠᠶ᠋ᠢᠷᠢ ᠵᠢᠨ ᠵᠣᠬᠢᠴᠠᠩᠭᠤᠶ ᠬᠢᠷᠢ ᠬᠡᠮ᠎ᠤᠨ ᠨᠥᠬᠦᠴᠡᠯ᠎ᠳᠤ ᠨᠡᠶ᠋ᠢᠴᠡᠬᠦ ᠡᠰᠡᠬᠦ ᠵᠢ ᠭᠣᠣᠯᠳᠠᠯᠭ᠎ᠠ᠎ᠲᠠᠢ ᠬᠢᠨᠠᠨ ᠬᠠᠷᠭᠤᠭᠤᠯᠤᠨ᠎ᠠ᠃ ᠮᠡᠳᠡᠭᠦᠯᠦᠨ ᠰᠢᠯᠭ᠋ᠠᠭᠤᠯᠬᠤ ᠨᠥᠬᠥᠴᠡᠯ᠎ᠳᠤ ᠨᠡᠶ᠋ᠢᠴᠡᠬᠦ ᠦᠭᠡᠶ᠂ ᠬᠤᠪᠢ ᠬᠥᠮᠦᠨ᠎ᠤ ᠲᠠᠭᠯᠠᠨ ᠮᠡᠳᠡᠭᠦᠯᠦᠭᠰᠡᠨ ᠮᠡᠳᠡᠭᠡ ᠵᠠᠩᠭᠢ᠎ᠨᠢ ᠦᠨᠡᠮᠯᠡᠯ᠎ᠲᠠᠢ ᠨᠢᠭᠡᠳᠦᠯᠲᠡᠢ ᠪᠣᠰᠣ ᠵᠢᠴᠢ ᠴᠢᠬᠤᠯᠠ ᠮᠡᠳᠡᠭᠡ ᠵᠠᠩᠭᠢ᠎ᠪᠠᠨ ᠨᠢᠭᠤᠨ ᠳᠠᠯᠳᠠᠯᠠᠬᠤ ᠪᠤᠶᠤ ᠬᠤᠳᠠᠯ ᠬᠠᠭᠤᠷᠮᠠᠭ ᠭᠡᠷᠡᠴᠢ ᠮᠠᠲ᠋ᠧᠷᠢᠶᠠᠯ ᠬᠠᠩᠭ᠋ᠠᠪᠠᠯ᠂ ᠨᠢᠭᠤᠷᠳᠠᠨ ᠰᠢᠯᠭ᠋ᠠᠬᠤ ᠬᠢᠷᠢ ᠭᠡᠮ᠎ᠢ᠎ᠨᠢ ᠬᠦᠴᠦᠨ ᠦᠭᠡᠶ ᠪᠣᠯᠭ᠋ᠠᠨ᠎ᠠ᠃
2. ᠰᠢᠯᠭ᠋ᠠᠭᠤᠯᠤᠭᠴᠢ ᠮᠠᠲ᠋ᠧᠷᠢᠶᠠᠯ ᠵᠶ᠋ᠠᠨ ᠤᠷᠢᠳᠴᠢᠯᠠᠨ ᠪᠡᠯᠡᠳᠬᠡᠬᠦ ᠵᠢᠨ ᠬᠠᠮᠲᠤ ᠮᠠᠲ᠋ᠧᠷᠢᠶᠠᠯ ᠵᠶ᠋ᠠᠨ ᠳᠡᠭᠡᠷ᠎ᠡ ᠳᠤᠷᠠᠳᠤᠭᠰᠠᠨ ᠳᠡᠰ ᠳᠠᠷᠠᠭ᠋ᠠᠯᠠᠯ ᠵᠶ᠋ᠠᠷ ᠡᠮᠬᠢᠯᠡᠵᠦ ᠲᠠᠯᠪᠢᠬᠤ ᠬᠡᠷᠡᠭᠲᠡᠢ᠃ ᠬᠡᠷᠪᠡ ᠬᠢᠷᠢ ᠬᠡᠮ᠎ᠤᠨ ᠳᠠᠬᠢᠨ ᠬᠢᠨᠠᠯᠲᠠ᠎ᠳᠤ ᠣᠷᠣᠯᠴᠠᠬᠤ ᠦᠶ᠎ᠡ᠎ᠳᠤ ᠮᠠᠲ᠋ᠧᠷᠢᠶᠠᠯ᠎ᠨᠢ ᠪᠦᠷᠢᠨ ᠪᠤᠰᠤ᠎ᠠᠴᠠ ᠪᠣᠯᠵᠣ ᠬᠢᠨᠠᠨ ᠬᠠᠷᠭᠤᠭᠤᠯᠭ᠎ᠠ᠎ᠳᠤ ᠪᠠᠲᠤᠯᠠᠭᠳᠠᠭᠰᠠᠨ ᠥᠬᠡᠶ ᠪᠠᠶ᠋ᠢᠪᠠᠯ᠂ ᠬᠠᠷᠢᠭᠤᠴᠠᠯᠭ᠎ᠠ ᠵᠢ ᠰᠢᠯᠭ᠋ᠠᠭᠤᠯᠤᠭᠴᠢ ᠡᠭᠦᠷᠭᠡᠯᠡᠨ᠎ᠡ᠃ ᠮᠠᠲ᠋ᠧᠷᠢᠶᠠᠯ ᠪᠡᠯᠡᠳᠭᠡᠬᠦ ᠬᠣᠯᠪᠤᠭᠳᠠᠯ ᠪᠥᠬᠦᠶ ᠤᠴᠢᠷ ᠶᠠᠪᠤᠳᠠᠯ᠎ᠢ ᠤᠲᠠᠰᠤ᠎ᠪᠠᠷ ᠤᠷᠢᠳᠴᠢᠯᠠᠨ ᠠᠰᠠᠭᠤᠨ ᠯᠠᠪᠯᠠᠵᠤ ᠪᠣᠯᠤᠨ᠎ᠠ᠃
3. ᠬᠢᠷᠢ ᠬᠡᠮ᠎ᠤᠨ ᠳᠠᠬᠢᠨ ᠬᠢᠨᠠᠯᠲᠠ ᠵᠢᠨ ᠬᠤᠭᠤᠴᠠᠭ᠋ᠠᠨ᠎ᠳᠤ᠂ ᠰᠢᠯᠭ᠋ᠠᠭᠤᠯᠤᠭᠴᠢ ᠡᠷᠬᠡᠪᠰᠢ ᠴᠢᠮᠡᠭᠡ ᠨᠡᠪᠲᠡᠷᠡᠯᠭᠡ ᠵᠢᠨ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠬᠡᠷᠡᠭᠲᠡᠶ᠃ ᠰᠢᠯᠭ᠋ᠠᠭᠤᠯᠤᠭᠴᠢ ᠵᠢᠨ ᠬᠤᠪᠢ ᠬᠥᠮᠦᠨ᠎ᠤ ᠰᠢᠯᠲᠠᠭ᠋ᠠᠨ᠎ᠠᠴᠠ ᠪᠣᠯᠵᠣ ᠬᠠᠷᠢᠯᠴᠠᠵᠤ ᠳᠡᠶ᠋ᠢᠯᠦᠭᠰᠡᠨ ᠥᠬᠡᠶ ᠪᠤᠶᠤ ᠲᠣᠭᠲᠠᠭᠰᠠᠨ ᠴᠠᠭ᠎ᠤᠨ ᠳᠣᠲᠣᠷ᠎ᠠ ᠬᠢᠷᠢ ᠬᠡᠮ᠎ᠤᠨ ᠳᠠᠬᠢᠨ ᠬᠢᠨᠠᠯᠲᠠ ᠵᠢᠨ ᠮᠠᠲ᠋ᠧᠷᠢᠶᠠᠯ ᠵᠶ᠋ᠠᠨ ᠲᠤᠰᠢᠶᠠᠭᠰᠠᠨ ᠥᠬᠡᠶ ᠪᠠᠶ᠋ᠢᠪᠠᠯ᠂ ᠥᠪᠡᠷᠲᠡᠭᠡᠨ ᠬᠠᠶᠠᠭᠰᠠᠨ ᠵᠶ᠋ᠠᠷ ᠦᠵᠡᠵᠦ᠂ ᠨᠢᠭᠤᠷᠲᠠᠨ ᠰᠢᠯᠭ᠋ᠠᠬᠤ ᠬᠢᠷᠢ ᠬᠡᠮ᠎ᠢ᠎ᠨᠢ ᠬᠦᠴᠦᠨ ᠥᠬᠡᠶ ᠪᠣᠯᠭ᠋ᠠᠨ᠎ᠠ᠃
4. ᠬᠢᠷᠢ ᠬᠡᠮ᠎ᠤᠨ ᠳᠠᠬᠢᠨ ᠬᠢᠨᠠᠯᠲᠠ᠎ᠳᠤ ᠬᠢᠷᠢ ᠲᠡᠩᠴᠡᠭᠰᠡᠨ ᠥᠬᠡᠶ᠂ ᠲᠣᠭᠲᠠᠭᠰᠠᠨ ᠴᠠᠭ᠎ᠤᠨ ᠳᠣᠲᠣᠷ᠎ᠠ ᠬᠢᠷᠢ ᠬᠡᠮ᠎ᠤᠨ ᠳᠠᠬᠢᠨ ᠬᠢᠨᠠᠯᠲᠠ᠎ᠳᠤ ᠣᠷᠣᠯᠴᠠᠭᠰᠠᠨ ᠥᠬᠡᠶ ᠰᠢᠯᠭ᠋ᠠᠭᠤᠯᠤᠭᠴᠢ ᠵᠢ ᠨᠢᠭᠤᠷᠲᠠᠨ ᠰᠢᠯᠭ᠋ᠠᠬᠤ ᠬᠢᠷᠢ ᠬᠡᠮ᠎ᠢ᠎ᠨᠢ ᠬᠦᠴᠦᠨ ᠥᠬᠡᠶ ᠪᠣᠯᠭ᠋ᠠᠬᠤ ᠵᠢᠨ ᠬᠠᠮᠲᠤ ᠲᠣᠰ ᠠᠵᠢᠯ᠎ᠤᠨ ᠪᠠᠶ᠋ᠢᠷᠢ ᠵᠢᠨ ᠪᠢᠷ᠎ᠤᠨ ᠰᠢᠯᠭ᠋ᠠᠯᠲᠠ ᠵᠢᠨ ᠬᠢᠷᠢ ᠪᠦᠲᠦᠮᠵᠢ ᠵᠢ ᠥᠨᠳᠥᠷ᠎ᠠᠴᠠ ᠳᠣᠤᠷ᠎ᠠ ᠳᠠᠷᠠᠭ᠋ᠠᠯᠠᠯ ᠵᠶ᠋ᠠᠷ ᠳᠠᠷᠠᠭ᠋ᠠᠯᠠᠨ ᠨᠥᠬᠦᠪᠥᠷᠢᠯᠡᠨ᠎ᠡ᠃ ᠳᠠᠷᠠᠭ᠋ᠠᠯᠠᠨ ᠨᠥᠬᠦᠪᠥᠷᠢᠯᠡᠬᠦ᠎ᠳᠤ ᠤᠲᠠᠰᠤᠳᠠᠬᠤ ᠬᠡᠯᠪᠡᠷᠢ᠎ᠪᠠᠷ ᠮᠡᠳᠡᠭᠳᠡᠵᠦ᠂ ᠰᠢᠯᠭ᠋ᠠᠭᠤᠯᠤᠭᠴᠢ ᠴᠢᠮᠡᠭᠡ ᠨᠡᠪᠲᠡᠷᠡᠯᠭᠡ ᠵᠢᠨ ᠰᠠᠭ᠋ᠠᠳ ᠥᠬᠡᠶ ᠨᠡᠪᠲᠡᠷᠡᠬᠦ᠎ᠪᠠᠨ ᠪᠠᠲᠤᠯᠠᠬᠤ ᠬᠡᠷᠡᠭᠲᠡᠢ᠂ ᠬᠡᠷᠪᠡ ᠤᠲᠠᠰᠤ ᠰᠠᠭ᠋ᠠᠳ᠎ᠲᠠᠢ᠎ᠠᠴᠠ ᠪᠣᠯᠵᠣ ᠳᠠᠷᠠᠭ᠋ᠠᠯᠠᠨ ᠨᠥᠬᠦᠪᠥᠷᠢᠯᠡᠬᠦ ᠲᠣᠬᠢᠶᠠᠯ᠎ᠢ ᠠᠯᠳᠠᠭᠰᠠᠨ ᠪᠠᠶ᠋ᠢᠪᠠᠯ᠂ ᠰᠢᠯᠭ᠋ᠠᠭᠤᠯᠤᠭᠴᠢ ᠰᠠᠶ᠋ᠢᠨ ᠳᠤᠷ᠎ᠠ᠎ᠠᠴᠠ᠎ᠪᠠᠨ ᠲᠠᠶᠠᠭᠳᠠᠭᠰᠠᠨ ᠵᠶ᠋ᠠᠷ ᠦᠵᠡᠨ᠎ᠡ᠃
5. ᠬᠢᠷᠢ ᠬᠡᠮ᠎ᠤᠨ ᠳᠠᠬᠢᠨ ᠬᠢᠨᠠᠯᠲᠠ᠎ᠳᠤ ᠬᠢᠷᠢ ᠲᠡᠩᠴᠡᠭᠰᠡᠨ ᠰᠢᠯᠭ᠋ᠠᠭᠤᠯᠤᠭᠴᠢ ᠵᠢ ᠠᠵᠢᠯᠲᠠᠨ ᠲᠤᠬᠠᠶ ᠵᠢᠨ ᠲᠠᠯᠠᠪᠤᠷ᠎ᠲᠤ 《ᠨᠢᠭᠤᠷᠲᠠᠨ ᠰᠢᠯᠭ᠋ᠠᠯᠲᠠ ᠵᠢᠨ ᠮᠡᠳᠡᠭᠳᠡᠯ᠎ᠤᠨ ᠪᠢᠴᠢᠭ》᠎ᠢ ᠲᠠᠷᠬᠠᠭ᠋ᠠᠵᠤ᠂ ᠰᠢᠯᠭ᠋ᠠᠭᠤᠯᠤᠭᠴᠢ ᠵᠢᠨ ᠨᠢᠭᠤᠷᠲᠠᠨ ᠰᠢᠯᠭ᠋ᠠᠯᠲᠠ᠎ᠳᠤ ᠣᠷᠣᠯᠴᠠᠬᠤ ᠭᠡᠷᠡᠴᠢ ᠪᠠᠷᠢᠮᠲᠠ ᠪᠣᠯᠭ᠋ᠠᠨ᠎ᠠ᠃
ᠭᠤᠷᠪᠠ᠂ ᠨᠢᠭᠤᠷᠳᠠᠨ ᠰᠢᠯᠭ᠋ᠠᠯᠲᠠ
(ᠨᠢᠭᠡ) ᠴᠠᠭ᠂ ᠭᠠᠵᠠᠷ
ᠨᠢᠭᠤᠷᠳᠠᠨ ᠰᠢᠯᠭ᠋ᠠᠯᠲᠠ ᠵᠢᠨ ᠭᠠᠵᠠᠷ᠎ᠢ ᠬᠥᠬᠡᠬᠤᠲᠠ᠎ᠳᠤ ᠲᠣᠬᠢᠷᠠᠭᠤᠯᠵᠤ᠂ ᠪᠣᠳᠠᠲᠠᠶ ᠴᠠᠭ᠂ ᠭᠠᠵᠠᠷ᠎ᠨᠢ ᠬᠢᠷᠢ ᠬᠡᠮ᠎ᠢ ᠳᠠᠬᠢᠨ ᠬᠢᠨᠠᠭᠰᠠᠨ᠎ᠤ ᠳᠠᠷᠠᠭ᠎ᠠ ᠠᠰᠲᠠᠭ᠋ᠠᠨ ᠮᠡᠳᠡᠭᠳᠡᠵᠦ᠂ ᠰᠢᠯᠭ᠋ᠠᠭᠤᠯᠤᠭᠴᠢ ᠡᠷᠬᠡᠪᠰᠢ 《ᠨᠢᠭᠤᠷᠲᠠᠨ ᠰᠢᠯᠭ᠋ᠠᠯᠲᠠ ᠵᠢᠨ ᠮᠡᠳᠡᠭᠳᠡᠯ᠎ᠤᠨ ᠪᠢᠴᠢᠭ》᠎ᠤᠨ ᠱᠠᠭ᠋ᠠᠷᠳᠠᠯᠭ᠎ᠠ ᠶᠣᠰᠣᠭ᠋ᠠᠷ᠂ ᠮᠠᠲ᠋ᠧᠷᠢᠶᠠᠯ ᠵᠶ᠋ᠠᠨ ᠠᠪᠴᠤ ᠴᠠᠭ ᠲᠤᠬᠠᠶ᠎ᠳᠤᠨᠢ ᠣᠷᠣᠯᠴᠠᠵᠤ᠂ ᠲᠣᠭᠲᠠᠭᠰᠠᠨ ᠴᠠᠭ᠎ᠲᠤ᠎ᠪᠠᠨ ᠨᠢᠭᠤᠷᠲᠠᠨ ᠰᠢᠯᠭ᠋ᠠᠯᠲᠠ᠎ᠳᠤ ᠣᠷᠣᠯᠴᠠᠵᠤ ᠳᠡᠶ᠋ᠢᠯᠬᠦ ᠥᠬᠡᠶ ᠪᠣᠯ ᠥᠪᠡᠷᠲᠡᠭᠡᠨ ᠲᠠᠶᠠᠭᠳᠠᠭᠰᠠᠨ ᠵᠶ᠋ᠠᠷ ᠦᠵᠡᠨ᠎ᠡ᠃
(ᠬᠣᠶᠠᠷ) ᠨᠢᠭᠤᠷᠳᠠᠨ ᠰᠢᠯᠭ᠋ᠠᠯᠲᠠ ᠵᠢᠨ ᠬᠡᠯᠪᠡᠷᠢ
ᠨᠢᠭᠤᠷᠳᠠᠨ ᠰᠢᠯᠭ᠋ᠠᠯᠲᠠ᠎ᠳᠤ ᠡᠷᠬᠡᠪᠰᠢ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ᠎ᠪᠠᠷ ᠬᠠᠷᠢᠭᠤᠯᠲᠠ ᠥᠭᠴᠦ᠂ ᠨᠢᠭᠤᠷᠳᠠᠨ ᠰᠢᠯᠭ᠋ᠠᠯᠲᠠ ᠵᠢᠨ ᠪᠦᠷᠢᠨ ᠬᠤᠪᠢ᠎ᠨᠢ 100 ᠬᠤᠪᠢ ᠪᠣᠯᠣᠨ᠎ᠠ᠃
ᠪᠦᠲᠦᠴᠡᠴᠢᠯᠡᠭᠰᠡᠨ ᠨᠢᠭᠤᠷᠳᠠᠨ ᠰᠢᠯᠭ᠋ᠠᠯᠲᠠ ᠵᠢᠨ ᠬᠡᠯᠪᠡᠷᠢ ᠵᠢ ᠬᠡᠷᠡᠭᠯᠡᠨ᠎ᠡ᠃ ᠨᠢᠭᠤᠷᠲᠠᠨ ᠰᠢᠯᠭ᠋ᠠᠯᠲᠠ᠎ᠳᠤ ᠭᠣᠣᠯᠳᠠᠭᠤ ᠨᠢᠭᠤᠷᠳᠠᠨ ᠰᠢᠯᠭ᠋ᠠᠭᠤᠯᠤᠭᠴᠢ ᠵᠢᠨ ᠤᠯᠤᠰ ᠲᠥᠷᠥ ᠵᠢᠨ ᠬᠡᠪ ᠴᠢᠨᠠᠷ᠂ ᠲᠤᠰᠬᠠᠶ ᠮᠡᠷᠭᠡᠵᠢᠯ᠎ᠤᠨ ᠬᠡᠪ ᠪᠣᠯᠪᠠᠰᠤᠷᠠᠯ᠂ ᠶᠡᠷᠦᠩᠬᠡᠶ᠋ᠢᠯᠡᠭᠰᠡᠨ ᠵᠠᠳᠠᠯᠤᠯᠲᠠ᠂ ᠬᠡᠯᠡᠨ᠎ᠤ ᠢᠯᠡᠳᠬᠡᠯ ᠪᠠ ᠠᠵᠢᠯ᠎ᠤᠨ ᠪᠠᠶ᠋ᠢᠷᠢ ᠵᠢᠨ ᠵᠣᠬᠢᠴᠠᠯᠳᠤᠯ᠎ᠤᠨ ᠬᠡᠮᠵᠢᠶ᠎ᠡ ᠵᠢ ᠰᠢᠯᠭ᠋ᠠᠨ᠎ᠠ᠃
ᠳᠥᠷᠪᠡ᠂ ᠠᠰᠠᠭᠤᠨ ᠯᠠᠪᠯᠠᠬᠤ ᠪᠠ ᠬᠢᠨᠠᠯᠲᠠ ᠲᠠᠯᠪᠢᠬᠤ ᠤᠲᠠᠰᠤ
ᠠᠰᠠᠭᠤᠨ ᠯᠠᠪᠯᠠᠬᠤ ᠤᠲᠠᠰᠤ᠄ 6906231 6606283
ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 6606227
ᠳᠠᠭ᠋ᠠᠯᠳᠤᠭᠤᠯᠤᠯ᠄ ᠰᠢᠯᠭ᠋ᠠᠭᠤᠯᠤᠭᠴᠢ ᠵᠢᠨ ᠦᠨᠡᠨᠴᠢ ᠢᠲᠡᠭᠡᠮᠵᠢ ᠵᠢᠨ ᠠᠮᠠᠯᠠᠯᠲᠠ ᠵᠢᠨ ᠪᠢᠴᠢᠭ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
2024 ᠣᠨ᠎ᠤ 3 ᠳ᠋ᠤᠭ᠋ᠠᠷ ᠰᠠᠷ᠎ᠠ ᠵᠢᠨ 25᠎ᠤ ᠡᠳᠦᠷ