ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠯᠪᠠᠨ ᠨᠡᠶ᠋ᠢᠲᠡᠯᠡᠯ
2024 ᠣᠨ᠎ᠤ ᠳᠥᠷᠪᠡᠳᠦᠭᠡᠷ ᠪᠦᠯᠦᠭ᠎ᠤᠨ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠰᠦᠯᠵᠢᠶᠡᠨ᠎ᠳᠤ ᠬᠤᠯᠪᠤᠬᠤ ᠦᠢ᠍ᠯᠡᠳᠭᠦᠨ᠎ᠢ ᠢᠯᠡ ᠨᠡᠢ᠌ᠲᠡᠯᠡᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2024-04-12

         ᠥᠪᠥᠷ ᠡᠮ ᠬᠤᠳᠠᠯᠳᠤᠨ ᠠᠪᠬᠤ ᠲᠥᠪ ᠦᠰᠦᠭ [ 2024 ] 79 ᠳ᠋ᠤᠭᠡᠷ ᠲᠣᠭ᠋ᠠᠲᠤ

ᠡᠯ᠎ᠡ ᠬᠠᠮᠢᠶ᠎ᠠ ᠪᠥᠬᠦᠶ ᠨᠢᠭᠡᠴᠢ᠄

  《ᠡᠮ᠎ᠤᠨ ᠵᠦᠢ᠍ᠯ᠎ᠤᠨ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠰᠦᠯᠵᠢᠶᠡᠨ᠎ᠳᠤ ᠬᠤᠯᠪᠣᠬᠤ ᠠᠵᠢᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠮᠡᠳᠡᠭᠳᠡᠯ》 (ᠥᠪᠥᠷ ᠡᠮ ᠬᠤᠳᠠᠯᠳᠤᠨ ᠠᠪᠬᠤ ᠲᠥᠪ ᠥᠰᠥᠭ [ 2024 ] 40 ᠳ᠋ᠤᠭᠡᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠡᠳᠦᠭᠡ ᠨᠥᠬᠦᠴᠡᠯ᠎ᠳᠤ ᠨᠡᠢ᠌ᠴᠡᠬᠦ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ (ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠮ ᠪᠠᠭᠲᠠᠨ᠎ᠠ)᠎ᠤᠨ ᠮᠡᠳᠡᠭᠡ ᠵᠠᠩᠭᠢ ᠵᠢ ᠢᠯᠡ ᠨᠡᠢ᠌ᠲᠡᠯᠡᠬᠦ ᠵᠢᠨ ᠬᠠᠮᠲᠤ᠂ ᠬᠠᠮᠢᠶ᠎ᠠ ᠪᠥᠬᠦᠶ ᠤᠴᠢᠷ᠎ᠢ ᠳᠣᠤᠷᠠᠬᠢ ᠮᠡᠲᠦ ᠮᠡᠳᠡᠭᠳᠡᠶ᠎ᠡ᠃

   ᠨᠢᠭᠡ᠂ ᠢᠯᠡ ᠨᠡᠶ᠋ᠢᠲᠡᠯᠡᠬᠦ ᠠᠭᠤᠯᠭ᠎ᠠ

   ᠠᠵᠤ ᠠᠬᠤᠶ᠋ᠢᠯᠠᠯ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ (ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠮ ᠪᠠᠭᠲᠠᠨ᠎ᠠ)᠎ᠤᠨ ᠦᠢ᠍ᠯᠡᠳᠬᠦᠨ᠎ᠤ ᠮᠡᠳᠡᠭᠡ ᠵᠠᠩᠭᠢ᠎ᠪᠠᠨ ᠭᠤᠶᠤᠴᠢᠯᠠᠨ  ᠮᠡᠳᠡᠭᠦᠯᠦᠨ᠎ᠡ᠃ ᠭᠤᠶᠤᠴᠢᠯᠠᠨ ᠮᠡᠳᠡᠭᠦᠯᠦᠭᠰᠡᠨ ᠠᠵᠤ ᠠᠬᠤᠶ᠋ᠢᠯᠠᠯ ᠥᠪᠥᠷ ᠮᠣᠩᠭᠤᠯ᠎ᠤᠨ ᠡᠮ ᠡᠮᠨᠡᠯᠭᠡ ᠬᠤᠳᠠᠯᠳᠤᠨ ᠠᠪᠬᠤ ᠰᠦᠯᠵᠢᠶ᠎ᠡ - ᠥᠪᠥᠷ ᠮᠣᠩᠭᠤᠯ᠎ᠤᠨ ᠡᠮᠴᠢᠯᠡᠭᠡ ᠵᠢᠨ ᠳᠠᠭ᠋ᠠᠳᠬᠠᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮ - ᠬᠥᠳᠡᠯᠦᠩᠭᠦᠶ ᠲᠣᠬᠢᠷᠠᠭᠤᠯᠤᠯᠲᠠ ᠬᠠᠮᠢᠶᠠᠷᠤᠯᠲᠠ᠎ᠳᠤ ᠣᠷᠣᠵᠤ ᠮᠡᠳᠡᠭᠡ ᠵᠠᠩᠭᠢ ᠵᠢ ᠪᠠᠶ᠋ᠢᠴᠠᠭ᠋ᠠᠨ ᠦᠵᠡᠭᠡᠷᠡᠢ᠃

   ᠬᠤᠶᠠᠷ᠂ ᠢᠯᠡ ᠨᠡᠶ᠋ᠢᠲᠡᠯᠡᠬᠦ ᠴᠠᠭ ᠬᠤᠭᠤᠴᠠᠭ᠎ᠠ

  2024 ᠣᠨ᠎ᠤ 4 ᠳ᠋ᠦ᠍ᠭᠡᠷ ᠰᠠᠷ᠎ᠠ ᠵᠢᠨ 12᠎ᠤᠨ ᠡᠳᠦᠷ᠎ᠠᠴᠠ 4 ᠳ᠋ᠦ᠍ᠭᠡᠷ ᠰᠠᠷ᠎ᠠ ᠵᠢᠨ 18᠎ᠤ ᠡᠳᠦᠷ ᠪᠣᠯᠲᠠᠯ᠎ᠠ᠃

   ᠭᠤᠷᠪᠠ᠂ ᠪᠤᠰᠤᠳ ᠵᠦᠢ᠍ᠯ

  (ᠨᠢᠭᠡ) ᠡᠯ᠎ᠡ ᠬᠣᠯᠪᠣᠭᠳᠠᠯ ᠪᠦᠬᠦᠢ ᠠᠵᠤ ᠠᠬᠤᠶ᠋ᠢᠯᠠᠯ ᠬᠡᠷᠪᠡ ᠢᠯᠡ ᠨᠡᠶ᠋ᠢᠲᠡᠯᠡᠭᠰᠡᠨ ᠮᠡᠳᠡᠭᠡ ᠵᠠᠩᠭᠢ ᠵᠢᠴᠢ ᠦᠢ᠍ᠯᠡᠳᠬᠦᠨ᠎ᠤ ᠦᠨ᠎ᠡ ᠬᠠᠩᠰᠢ᠎ᠳᠤ ᠣᠨᠳᠣᠤ ᠰᠠᠨᠠᠯ᠎ᠲᠠᠢ ᠪᠣᠯ 《ᠬᠡᠨ ᠵᠣᠷᠢᠭᠰᠠᠨ ᠪᠣᠯ ᠲᠡᠷᠡ ᠭᠡᠷᠡᠴᠢ ᠭᠠᠷᠭ᠋ᠠᠬᠤ》 ᠵᠠᠷᠴᠢᠮ᠎ᠤᠨ ᠶᠣᠰᠣᠭ᠋ᠠᠷ᠂ ᠦᠨᠡᠨ ᠪᠣᠳᠠᠲᠠᠶ ᠪᠥᠭᠡᠳ ᠬᠦᠴᠦᠨ᠎ᠲᠠᠢ᠂ ᠪᠦᠷᠢᠨ ᠭᠦᠢ᠍ᠴᠡᠳ ᠭᠡᠷᠡᠴᠢ ᠪᠢᠴᠢᠭ ᠬᠠᠩᠭ᠋ᠠᠬᠤ ᠬᠡᠷᠡᠭᠲᠡᠶ᠂ ᠬᠤᠭᠤᠴᠠᠭ᠎ᠠ ᠥᠩᠭᠡᠷᠡᠲᠡᠯ᠎ᠡ ᠪᠠ ᠲᠣᠭᠲᠠᠭ᠋ᠠᠯ ᠶᠣᠰᠣᠭ᠋ᠠᠷ ᠲᠤᠰᠢᠶᠠᠭᠰᠠᠨ ᠦᠭᠡᠶ ᠪᠣᠯ ᠬᠦᠯᠢᠶᠡᠨ ᠠᠪᠴᠤ ᠰᠢᠢ᠍ᠳᠪᠦᠷᠢᠯᠡᠬᠦ ᠦᠭᠡᠶ᠃

  (ᠬᠤᠶᠠᠷ) ᠠᠵᠤ ᠠᠬᠤᠶ᠋ᠢᠯᠠᠯ᠎ᠤᠨ ᠲᠤᠰᠢᠶᠠᠬᠤ ᠭᠣᠮᠣᠳᠠᠯ ᠲᠣᠭ᠋ᠠᠴᠢᠯᠲᠠ (ᠵᠠᠭ᠋ᠠᠯᠳᠤᠯᠭ᠎ᠠ) ᠵᠢᠨ  ᠮᠠᠲ᠋ᠧᠷᠢᠶᠠᠯ᠎ᠳᠤ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ ᠪᠠᠭ᠋ᠠᠵᠢ ᠬᠡᠷᠡᠭᠰᠡᠯ᠎ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶ᠋ᠢᠯᠠᠭᠰᠠᠨ ᠠᠵᠢᠯ᠎ᠢ ᠭᠥᠯᠢᠶᠡᠨ ᠠᠪᠴᠤ ᠰᠢᠢ᠍ᠳᠪᠦᠷᠢᠯᠡᠬᠦ ᠬᠦᠰᠦᠨᠦᠭᠲᠦ᠂ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠡᠷᠬᠡ ᠣᠯᠭᠤᠭᠰᠠᠨ ᠪᠢᠴᠢᠭ᠂ ᠪᠠᠶ᠋ᠢᠳᠠᠯ᠎ᠤᠨ ᠲᠣᠳᠣᠷᠬᠠᠶ᠋ᠢᠯᠠᠯᠲᠠ ᠪᠠ ᠬᠠᠮᠢᠶ᠎ᠠ ᠪᠥᠬᠦᠶ ᠲᠣᠳᠣᠷᠬᠠᠶ ᠪᠥᠭᠡᠳ ᠬᠦᠴᠦᠨ ᠪᠥᠬᠦᠶ ᠭᠡᠷᠡᠴᠢ ᠮᠠᠲ᠋ᠧᠷᠢᠶᠠᠯ ᠪᠠᠭᠲᠠᠨ᠎ᠠ᠃

  (ᠭᠤᠷᠪᠠ) ᠲᠤᠰᠢᠶᠠᠬᠤ ᠬᠡᠯᠪᠡᠷᠢ

  1. ᠭᠣᠮᠣᠳᠠᠯ ᠲᠣᠭ᠋ᠠᠴᠢᠯᠲᠠ  ᠵᠠᠭ᠋ᠠᠯᠳᠤᠯᠭ᠎ᠠ ᠬᠢᠬᠦ ᠠᠵᠤ ᠠᠬᠤᠶ᠋ᠢᠯᠠᠯ ᠰᠦᠯᠵᠢᠶᠡᠨ ᠳᠡᠭᠡᠷᠡᠬᠢ ᠲᠤᠬᠠᠶ᠋ᠢᠯᠠᠭᠰᠠᠨ ᠠᠵᠢᠯ᠎ᠢ ᠭᠦᠢ᠍ᠴᠡᠳᠭᠡᠬᠦ ᠰᠢᠰᠲ᠋ᠧᠮ - ᠬᠤᠷᠣᠭᠳᠠᠯ ᠮᠠᠲ᠋ᠧᠷᠢᠶᠠᠯ᠎ᠤᠨ ᠦᠢ᠍ᠯᠡᠳᠬᠦᠨ᠎ᠤ ᠭᠤᠶᠤᠴᠢᠯᠠᠨ ᠮᠡᠳᠡᠭᠦᠯᠬᠦ ᠲᠤᠬᠠᠶ᠋ᠢᠯᠠᠭᠰᠠᠨ ᠠᠵᠢᠯ᠎ᠳᠤ ᠣᠷᠣᠵᠤ ᠭᠤᠶᠤᠴᠢᠯᠠᠯ ᠲᠣᠭ᠋ᠠᠴᠢᠯᠲᠠ ᠵᠠᠭ᠋ᠠᠯᠳᠤᠯᠭ᠎ᠠ ᠬᠢᠵᠦ᠂ ᠲᠤᠬᠠᠶ᠋ᠢᠯᠠᠭᠰᠠᠨ ᠠᠵᠢᠯ᠎ᠤᠨ ᠭᠥᠯᠢᠶᠡᠨ ᠠᠪᠴᠤ ᠰᠢᠢ᠍ᠳᠪᠦᠷᠢᠯᠡᠭᠦᠯᠬᠦ᠎ᠪᠠᠷ ᠲᠤᠰᠢᠶᠠᠨ᠎ᠠ᠃

  2. ᠲᠤᠬᠠᠶ ᠵᠢᠨ ᠲᠠᠯᠠᠪᠤᠷ᠎ᠲᠤ ᠮᠠᠲ᠋ᠧᠷᠢᠶᠠᠯ ᠵᠶ᠋ᠠᠨ ᠲᠤᠰᠢᠶᠠᠭᠰᠠᠨ ᠠᠵᠤ ᠠᠬᠤᠶ᠋ᠢᠯᠠᠯ᠎ᠨᠢ ᠮᠠᠲ᠋ᠧᠷᠢᠶᠠᠯ ᠵᠶ᠋ᠠᠨ ᠨᠢᠭᠤᠷ ᠳᠠᠷᠠᠭ᠋ᠠᠯᠠᠨ ᠠᠵᠤ ᠠᠬᠤᠶ᠋ᠢᠯᠠᠯ᠎ᠤᠨ ᠠᠯᠪᠠᠨ ᠲᠠᠮᠠᠭ᠎ᠠ (ᠠᠯᠪᠠᠨ ᠲᠠᠮᠠᠭ᠎ᠠ᠎ᠨᠢ ᠲᠣᠳᠣᠷᠬᠠᠶ ᠪᠠᠢ᠌ᠬᠤ ᠴᠢᠬᠤᠯᠠ᠎ᠲᠠᠢ) ᠵᠢ ᠳᠠᠷᠤᠭᠰᠠᠨ᠎ᠤ ᠳᠠᠷᠠᠭ᠎ᠠ᠂ ᠴᠣᠩᠬᠣᠪᠴᠢ᠎ᠪᠠᠷ ᠳᠠᠮᠵᠢᠭᠤᠯᠤᠨ ᠭᠦᠢ᠍ᠴᠡᠳᠬᠡᠨ᠎ᠡ᠃

  (ᠳᠥᠷᠪᠡ) ᠵᠠᠷᠯᠠᠨ ᠨᠡᠢ᠌ᠲᠡᠯᠡᠬᠦ ᠬᠤᠭᠤᠴᠠᠭ᠋ᠠᠨ᠎ᠳᠤ ᠭᠥᠯᠢᠶᠡᠨ ᠠᠪᠤᠭᠰᠠᠨ ᠭᠣᠮᠣᠳᠠᠯ ᠲᠣᠭ᠋ᠠᠴᠢᠯᠲᠠ (ᠵᠠᠭ᠋ᠠᠯᠳᠤᠯᠭ᠎ᠠ) ᠵᠢ ᠲᠥᠪᠯᠡᠷᠡᠭᠦᠯᠦᠨ ᠰᠢᠢ᠍ᠳᠪᠦᠷᠢᠯᠡᠵᠦ᠂ ᠲᠤᠬᠠᠶ ᠵᠢᠨ ᠦᠶ᠎ᠡ᠎ᠳᠤ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠰᠦᠯᠵᠢᠶ᠎ᠡ᠎ᠪᠠᠷ ᠳᠠᠮᠵᠢᠭᠤᠯᠤᠨ ᠨᠢᠭᠡᠳᠦᠯᠲᠡᠶ ᠦᠷ᠎ᠡ ᠳ᠋ᠦᠩ᠎ᠢ ᠨᠡᠶ᠋ᠢᠲᠡᠯᠡᠨ᠎ᠡ᠃ ᠵᠠᠷᠯᠠᠨ ᠨᠡᠶ᠋ᠢᠲᠡᠯᠡᠬᠦ᠎ᠳᠤ ᠣᠨᠳᠣᠤ ᠰᠠᠨᠠᠯ ᠥᠬᠡᠶ ᠦᠢ᠍ᠯᠡᠳᠬᠦᠨ᠎ᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠤᠨ ᠦᠢ᠍ᠯᠡᠳᠬᠦᠨ᠎ᠤ ᠠᠷᠠᠯᠵᠢᠶᠠᠨ᠎ᠤ ᠬᠥᠮᠥᠷᠭᠡ᠎ᠳᠤ ᠣᠷᠣᠭᠤᠯᠤᠨ᠎ᠠ᠃

   ᠳᠥᠷᠪᠡ᠂ ᠬᠠᠷᠢᠯᠴᠠᠬᠤ ᠠᠷᠭ᠎ᠠ ᠮᠠᠶᠢᠭ

0471 - 4919735 (ᠮᠠᠲ᠋ᠧᠷᠢᠶᠠᠯ᠎ᠢ ᠭᠥᠯᠢᠶᠡᠨ ᠠᠪᠴᠤ ᠰᠢᠢ᠍ᠳᠪᠦᠷᠢᠯᠡᠬᠦ)

0471 - 4930595 (ᠲᠤᠬᠠᠶ᠋ᠢᠯᠠᠭᠰᠠᠨ ᠠᠵᠢᠯ᠎ᠤᠨ  ᠯᠠᠪᠯᠠᠨ ᠠᠰᠠᠭᠤᠬᠤ)

   ᠬᠠᠷᠢᠯᠴᠠᠬᠤ ᠬᠠᠶᠢᠭ᠄ ᠬᠥᠬᠡᠬᠤᠲᠠ ᠵᠢᠨ ᠰᠢᠨ᠎ᠡ ᠬᠤᠲᠠ ᠲᠣᠭᠤᠷᠢᠭ᠎ᠤᠨ ᠤᠯᠠᠭ᠋ᠠᠨᠴᠠᠪ ᠪᠠᠷᠠᠭᠤᠨ ᠵᠡᠭᠡᠯᠢ ᠵᠢᠨ 19 ᠳ᠋ᠦ᠍ᠭᠡᠷ ᠲᠣᠭ᠋ᠠᠲᠤ

   ᠳᠠᠭ᠋ᠠᠯᠳᠤᠭᠤᠯᠤᠯ᠄

  1. ᠲᠤᠬᠠᠶ᠋ᠢᠯᠠᠭᠰᠠᠨ ᠠᠵᠢᠯ᠎ᠢ ᠬᠦᠯᠢᠶᠡᠨ ᠠᠪᠴᠤ ᠰᠢᠢ᠍ᠳᠪᠦᠷᠢᠯᠡᠬᠦ ᠬᠦᠰᠦᠨᠦᠭᠲᠦ

  2. ᠬᠠᠤᠯᠢ ᠵᠢᠨ ᠡᠷᠬᠡᠲᠡᠨ᠎ᠢ ᠡᠷᠬᠡ ᠣᠯᠭᠤᠭᠰᠠᠨ ᠪᠢᠴᠢᠭ

  

   ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ

  2024 ᠣᠨ᠎ᠤ 4 ᠳ᠋ᠦ᠍ᠭᠡᠷ  ᠰᠠᠷ᠎ᠠ ᠵᠢᠨ 12᠎ᠤᠨ ᠡᠳᠦᠷ

 

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ
          
ᠬᠠᠮᠢᠶ᠎ᠡ ᠪᠦᠬᠦᠢ ᠰᠣᠨᠢᠨ
ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠠᠷᠭ᠎ᠠ ᠬᠡᠯᠪᠡᠷᠢ ᠵᠢᠨ ᠥᠭᠡᠷᠡᠴᠢᠯᠡᠯᠲᠡ ᠵᠢᠨ ᠶᠠᠷᠢᠯᠴᠠᠬᠤ ᠬᠤᠷᠠᠯ᠎ᠤᠨ ᠬᠤᠷᠠᠯ᠎ᠳᠤ ᠣᠷᠣᠯᠴᠠᠭᠰᠠᠳ᠎ᠢ ᠡᠯᠰᠡᠬᠦ ᠲᠤᠬᠠᠶ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠠᠯᠪᠠᠨ ᠬᠡᠷ᠎ᠤᠨ ᠵᠠᠷᠯᠠᠯ
2024 ᠣᠨ᠎ᠤ ᠡᠮ ᠡᠮᠨᠡᠯᠭᠡ ᠲᠥᠪᠯᠡᠷᠡᠭᠦᠯᠦᠨ ᠬᠤᠳᠠᠯᠳᠤᠨ ᠠᠪᠬᠤ ᠠᠯᠪᠠᠨ ᠵᠢᠷᠤᠮ᠎ᠤᠨ ᠬᠢᠨᠠᠯᠲᠠ ᠲᠠᠯᠪᠢᠭᠴᠢ ᠵᠢᠨ ᠨᠡᠷᠡᠰ᠎ᠢ ᠨᠡᠶ᠋ᠢᠲᠡᠯᠡᠬᠦ ᠲᠤᠬᠠᠶ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠠᠯᠪᠠᠨ ᠬᠡᠷ᠎ᠤᠨ ᠠᠯᠪᠠᠨ ᠵᠠᠷ
ᠪᠥᠬᠦ ᠤᠯᠤᠰ᠎ᠤᠨ ᠡᠮ᠎ᠤᠨ ᠵᠦᠢ᠍ᠯ᠎ᠢ ᠲᠥᠪᠯᠡᠷᠡᠭᠦᠯᠦᠨ ᠬᠤᠳᠠᠯᠳᠤᠨ ᠠᠪᠬᠤ (ᠢᠰᠦᠯᠢᠨ ᠡᠳ᠋᠎ᠢ ᠲᠤᠰᠬᠠᠶ ᠵᠦᠢ᠍ᠯ ᠵᠶ᠋ᠠᠷ ᠦᠷᠭᠦᠯᠵᠢᠯᠡᠭᠦᠯᠬᠦ)᠎ᠳᠤ ᠰᠣᠩᠭᠣᠭᠳᠠᠬᠤ᠎ᠪᠠᠷ ᠪᠠᠢ᠌ᠭ᠎ᠠ ᠦᠷ᠎ᠡ ᠳ᠋ᠦᠩ᠎ᠤᠨ ᠵᠠᠷᠯᠠᠯ
2024 ᠣᠨ᠎ᠤ ᠪᠥᠬᠦ ᠤᠯᠤᠰ᠎ᠤᠨ ᠣᠶᠤᠨᠴᠢ ᠡᠮᠴᠢᠯᠡᠭᠡᠨ᠎ᠤ ᠳᠠᠭ᠋ᠠᠳᠬᠠᠯ᠎ᠤᠨ ᠤᠷᠤᠯᠳᠤᠭ᠋ᠠᠨ᠎ᠤ ᠵᠠᠷᠯᠠᠯ (ᠨᠡᠷ᠎ᠡ ᠮᠡᠳᠡᠭᠦᠯᠵᠦ ᠤᠷᠤᠯᠳᠤᠭ᠋ᠠᠨ᠎ᠳᠤ ᠣᠷᠣᠯᠴᠠᠬᠤ ᠠᠷᠭ᠎ᠠ ᠵᠢ ᠳᠠᠭ᠋ᠠᠯᠳᠤᠭᠤᠯᠤᠯ᠎ᠠᠴᠠ ᠦᠵᠡ)
ᠵᠠᠷᠯᠠᠯ
 
            