ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠠᠷᠭ᠎ᠠ ᠬᠡᠯᠪᠡᠷᠢ ᠵᠢᠨ ᠥᠭᠡᠷᠡᠴᠢᠯᠡᠯᠲᠡ ᠵᠢᠨ ᠶᠠᠷᠢᠯᠴᠠᠬᠤ ᠬᠤᠷᠠᠯ᠎ᠤᠨ ᠬᠤᠷᠠᠯ᠎ᠳᠤ ᠣᠷᠣᠯᠴᠠᠭᠰᠠᠳ᠎ᠢ ᠡᠯᠰᠡᠬᠦ ᠲᠤᠬᠠᠶ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠠᠯᠪᠠᠨ ᠬᠡᠷ᠎ᠤᠨ ᠵᠠᠷᠯᠠᠯ
ᠨᠡᠶ᠋ᠢᠲᠡᠯᠡᠭᠰᠡᠨ ᠴᠠᠭ᠄ 2024-04-16

   ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠠᠷᠭ᠎ᠠ ᠬᠡᠯᠪᠡᠷᠢ ᠵᠢᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠂ ᠡᠮᠴᠢᠯᠡᠭᠡᠨ᠎ᠤ ᠪᠠᠶ᠋ᠢᠭᠤᠯᠤᠮᠵᠢ᠂ ᠡᠮᠴᠢ ᠰᠤᠪᠢᠯᠠᠭᠴᠢ ᠵᠢᠨ ᠡᠪᠡᠳᠴᠢᠲᠡᠨ᠎ᠤ ᠳᠤᠭᠤᠶ᠋ᠢᠯᠠᠩ (DRG) ᠪᠠ ᠡᠪᠡᠳᠴᠢᠨ᠎ᠤ ᠲᠥᠷᠥᠯ᠎ᠤᠨ ᠨᠣᠭᠳᠠᠯ ᠬᠤᠪᠢ (DIP)᠎ᠪᠠᠷ ᠰᠦᠢ᠍ᠳᠭᠡᠯ  ᠲᠤᠰᠢᠶᠠᠬᠤ ᠥᠭᠡᠷᠡᠴᠢᠯᠡᠯᠲᠡ ᠵᠢᠨ ᠲᠤᠬᠠᠶ ᠰᠠᠨᠠᠯ ᠰᠠᠨᠠᠭᠤᠯᠭ᠎ᠠ ᠵᠢ ᠥᠷᠭᠡᠨ ᠵᠶ᠋ᠠᠷ ᠰᠣᠨᠣᠰᠴᠤ᠂ ᠡᠮᠴᠢᠯᠡᠭᠡᠨ᠎ᠤ  ᠳᠠᠭ᠋ᠠᠳᠬᠠᠯ᠂ ᠡᠮᠴᠢᠯᠡᠭᠡ᠂ ᠡᠮ ᠡᠮᠨᠡᠯᠭᠡ ᠵᠢᠨ ᠬᠠᠮᠵᠢᠯᠴᠠᠨ ᠬᠥᠭᠵᠢᠬᠦ ᠪᠠ ᠵᠠᠰᠠᠯᠲᠠ ᠵᠢ ᠠᠬᠢᠭᠤᠯᠬᠤ ᠵᠢᠨ ᠲᠥᠯᠥᠭᠡ᠂ ᠤᠯᠤᠰ᠎ᠤᠨ ᠡᠮᠴᠢᠯᠡᠭᠡᠨ᠎ᠤ  ᠳᠠᠭ᠋ᠠᠳᠬᠠᠯ᠎ᠤᠨ ᠲᠣᠪᠴᠢᠶ᠎ᠠ᠎ᠠᠴᠠ ᠲᠣᠰ ᠭᠠᠷᠠᠭ᠎ᠲᠤ ᠬᠤᠷᠠᠯ ᠬᠤᠷᠠᠯᠳᠤᠭᠤᠯᠵᠤ᠂ ᠲᠥᠪᠯᠡᠷᠡᠭᠦᠯᠦᠨ ᠶᠠᠷᠢᠯᠴᠠᠨ ᠰᠣᠯᠢᠯᠴᠠᠬᠤ ᠵᠢ ᠵᠣᠬᠢᠶᠠᠨ ᠪᠠᠶ᠋ᠢᠭᠤᠯᠵᠤ᠂ ᠥᠷᠭᠡᠨ ᠣᠯᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠬᠠᠮᠢᠶᠠᠷᠤᠭᠴᠢ᠂ ᠡᠮᠴᠢ ᠰᠤᠪᠢᠯᠠᠭᠴᠢ ᠵᠢᠨ ᠨᠡᠷ᠎ᠡ ᠮᠡᠳᠡᠭᠦᠯᠬᠦ ᠵᠢ ᠪᠠᠶᠠᠷᠯᠠᠨ ᠤᠭᠲᠤᠵᠤ ᠪᠠᠢ᠌ᠨ᠎ᠠ᠃ ᠡᠳᠦᠭᠡ ᠬᠠᠮᠢᠶ᠎ᠠ ᠪᠦᠬᠦᠢ ᠤᠴᠢᠷ᠎ᠢ ᠳᠣᠤᠷᠠᠬᠢ ᠮᠡᠲᠦ ᠵᠠᠷᠯᠠᠶ᠎ᠠ᠃

   ᠨᠢᠭᠡ᠂ ᠦᠨᠳᠦᠰᠦᠨ ᠨᠥᠬᠦᠴᠡᠯ

  (ᠨᠢᠭᠡ) ᠣᠳᠣᠬᠠᠨ᠎ᠳᠤ ᠡᠮᠴᠢᠯᠡᠭᠡᠨ᠎ᠤ ᠪᠠᠶ᠋ᠢᠭᠤᠯᠤᠮᠵᠢ᠎ᠳᠤ ᠠᠵᠢᠯᠯᠠᠵᠤ ᠪᠠᠶ᠋ᠢᠭ᠎ᠠ ᠪᠡᠶ᠎ᠡ ᠭᠠᠷᠤᠯ᠎ᠲᠠᠢ ᠡᠮᠴᠢᠯᠡᠭᠡᠨ᠎ᠤ ᠪᠠᠶ᠋ᠢᠭᠤᠯᠤᠮᠵᠢ ᠵᠢᠨ ᠬᠠᠮᠢᠶᠠᠷᠤᠭᠴᠢ᠂ ᠡᠮᠴᠢᠯᠡᠭᠡᠨ᠎ᠤ ᠳᠠᠭ᠋ᠠᠳᠬᠠᠯ᠎ᠤᠨ ᠠᠯᠪᠠᠨ ᠬᠡᠷ᠎ᠤᠨ ᠬᠠᠷᠢᠭᠤᠴᠠᠯᠭ᠋ᠠᠲᠠᠳ᠂ ᠨᠢᠭᠡᠳᠦᠭᠡᠷ ᠹᠷᠣᠨᠲ᠎ᠤᠨ ᠡᠮᠴᠢ ᠰᠤᠪᠢᠯᠠᠭᠴᠢ᠂ ᠪᠠᠶ᠋ᠢᠭ᠎ᠠ ᠡᠮᠴᠢᠯᠡᠭᠡᠨ᠎ᠤ ᠪᠠᠶ᠋ᠢᠭᠤᠯᠤᠮᠵᠢ᠎ᠨᠢ DRG/DIP ᠵᠢᠨ ᠰᠦᠢ᠍ᠳᠭᠡᠯ  ᠲᠤᠰᠢᠶᠠᠬᠤ ᠵᠢ ᠨᠢᠭᠡ ᠵᠢᠯ᠎ᠠᠴᠠ ᠳᠡᠭᠡᠭᠰᠢ ᠬᠡᠷᠡᠭᠵᠢᠭᠦᠯᠵᠦ᠂ ᠲᠤᠰᠬᠠᠭᠰᠠᠨ ᠪᠠᠶ᠋ᠢᠳᠠᠯ ᠪᠠ ᠰᠠᠨᠠᠯ᠎ᠨᠢ ᠨᠡᠯᠢᠶᠡᠳ ᠴᠢᠩᠭ᠎ᠠ ᠲᠥᠯᠥᠭᠡᠯᠡᠬᠦ ᠴᠢᠨᠠᠷ᠎ᠲᠠᠢ ᠃

  (ᠬᠤᠶᠠᠷ) ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠰ᠎ᠲᠤ ᠣᠷᠭᠢᠯᠣᠮ᠎ᠠ ᠬᠠᠯᠠᠭᠤᠨ ᠰᠡᠳᠭᠢᠯᠭᠡ᠎ᠲᠠᠢ᠂ ᠡᠮᠴᠢᠯᠡᠭᠡᠨ᠎ᠤ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢ ᠰᠠᠢ᠌ᠨ ᠮᠡᠳᠡᠳᠡᠭ᠂ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠠᠷᠭ᠎ᠠ ᠬᠡᠯᠪᠡᠷᠢ ᠵᠢᠨ ᠥᠭᠡᠷᠡᠴᠢᠯᠡᠯᠲᠡ ᠵᠢ ᠬᠠᠯᠠᠮᠵᠢᠯᠠᠳᠠᠭ᠃

  (ᠭᠤᠷᠪᠠ) ᠡᠮᠴᠢᠯᠡᠭᠡᠨ᠎ᠤ ᠪᠠᠶ᠋ᠢᠭᠤᠯᠤᠮᠵᠢ ᠵᠢᠨ ᠳᠣᠲᠣᠭ᠋ᠠᠳᠤ ᠵᠢᠨ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠶᠠᠪᠤᠴᠠ ᠵᠢᠴᠢ ᠬᠣᠯᠪᠤᠭᠳᠠᠯ ᠪᠥᠬᠦᠶ ᠬᠠᠮᠢᠶᠠᠷᠤᠯᠲᠠ ᠵᠢᠨ ᠲᠦᠷᠢᠮ᠎ᠢ ᠲᠣᠳᠣᠷᠬᠠᠶ ᠣᠢ᠌ᠯᠠᠭ᠋ᠠᠳᠠᠭ᠃

   ᠬᠤᠶᠠᠷ᠂ ᠬᠤᠷᠠᠯ᠎ᠤᠨ ᠲᠣᠬᠢᠷᠠᠭᠤᠯᠤᠯᠲᠠ

  (ᠨᠢᠭᠡ) ᠡᠮᠴᠢᠯᠡᠭᠡᠨ᠎ᠤ ᠪᠠᠶ᠋ᠢᠭᠤᠯᠤᠮᠵᠢ ᠵᠢᠨ ᠬᠠᠷᠢᠭᠤᠴᠠᠯᠭ᠋ᠠᠲᠠᠨ᠎ᠤ ᠶᠠᠷᠢᠯᠴᠠᠬᠤ ᠬᠤᠷᠠᠯ᠃

   ᠴᠠᠭ᠄ 2024 ᠣᠨ᠎ᠤ 4   ᠳ᠋ᠦ᠍ᠭᠡᠷ ᠰᠠᠷ᠎ᠠ ᠵᠢᠨ 17᠎ᠤ ᠡᠳᠦᠷ (ᠭᠠᠷᠠᠭ᠎ᠤᠨ ᠭᠤᠷᠪᠠᠨ)᠎ᠤᠨ ᠦᠳᠡ ᠵᠢᠨ ᠡᠮᠦᠨ᠎ᠡ᠃

   ᠭᠠᠵᠠᠷ᠄ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶᠠᠨ᠎ᠤ ᠬᠤᠷᠠᠯ᠎ᠤᠨ ᠭᠡᠷ (ᠬᠠᠶᠢᠭ᠄ ᠪᠡᠭᠡᠵᠢᠩ ᠬᠤᠲᠠ ᠵᠢᠨ ᠪᠠᠷᠠᠭᠤᠨ ᠬᠤᠲᠠ ᠲᠣᠭᠤᠷᠢᠭ᠎ᠤᠨ ᠶᠤᠸᠠᠢ ᠲᠠᠨ ᠬᠤᠶ᠋ᠢᠲᠤ ᠪᠠᠭ᠎ᠠ ᠵᠡᠭᠡᠯᠢ ᠵᠢᠨ 2 ᠳ᠋ᠤᠭ᠋ᠠᠷ ᠲᠣᠭ᠋ᠠᠲᠤ)᠃

   ᠣᠷᠣᠯᠴᠠᠬᠤ ᠡᠲᠡᠭᠡᠳ᠄ ᠡᠯ᠎ᠡ ᠱᠠᠲᠤᠨ᠎ᠤ ᠡᠮᠴᠢᠯᠡᠭᠡᠨ᠎ᠤ ᠪᠠᠶ᠋ᠢᠭᠤᠯᠤᠮᠵᠢ ᠵᠢᠨ ᠬᠠᠷᠢᠭᠤᠴᠠᠯᠭ᠋ᠠᠲᠠᠳ᠎ᠤᠨ ᠲᠥᠯᠥᠭᠡᠯᠡᠭᠴᠢ᠃

  (ᠬᠤᠶᠠᠷ) ᠡᠮᠴᠢᠯᠡᠭᠡᠨ᠎ᠤ ᠪᠠᠶ᠋ᠢᠭᠤᠯᠤᠮᠵᠢ ᠵᠢᠨ ᠬᠠᠷᠢᠭᠤᠴᠠᠯᠭ᠋ᠠᠲᠠᠨ᠎ᠤ ᠶᠠᠷᠢᠯᠴᠠᠬᠤ ᠬᠤᠷᠠᠯ᠃

   ᠴᠠᠭ᠄ 2024 ᠣᠨ᠎ᠤ 4 ᠳ᠋ᠦ᠍ᠭᠡᠷ ᠰᠠᠷ᠎ᠠ ᠵᠢᠨ 18᠎ᠤ ᠡᠳᠦᠷ (ᠭᠠᠷᠠᠭ᠎ᠤᠨ ᠳᠥᠷᠪᠡᠨ)᠎ᠤᠨ ᠦᠳᠡ ᠵᠢᠨ ᠡᠮᠦᠨ᠎ᠡ᠃

   ᠭᠠᠵᠠᠷ᠄ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶᠠᠨ᠎ᠤ ᠬᠤᠷᠠᠯ᠎ᠤᠨ ᠭᠡᠷ᠃

   ᠣᠷᠣᠯᠴᠠᠬᠤ ᠡᠲᠡᠭᠡᠳ᠄ ᠡᠯ᠎ᠡ ᠱᠠᠲᠤᠨ᠎ᠤ ᠡᠮᠴᠢᠯᠡᠭᠡᠨ᠎ᠤ ᠪᠠᠶ᠋ᠢᠭᠤᠯᠤᠮᠵᠢ ᠵᠢᠨ ᠬᠠᠷᠢᠭᠤᠴᠠᠯᠭ᠋ᠠᠲᠠᠳ᠎ᠤᠨ ᠲᠥᠯᠥᠭᠡᠯᠡᠭᠴᠢ (ᠬᠤᠷᠠᠯ᠎ᠳᠤ ᠣᠷᠣᠯᠴᠠᠬᠤ ᠠᠷᠪᠠ ᠭᠠᠷᠤᠢ ᠬᠦᠮᠦᠨ)᠃

  (ᠭᠤᠷᠪᠠ) ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡᠨ᠎ᠤ ᠳᠠᠭ᠋ᠠᠳᠬᠠᠯ᠎ᠤᠨ ᠬᠠᠮᠢᠶᠠᠷᠤᠭᠴᠢᠳ᠎ᠤᠨ ᠶᠠᠷᠢᠯᠴᠠᠬᠤ ᠬᠤᠷᠠᠯ᠃

   ᠴᠠᠭ᠄ 2024 ᠣᠨ᠎ᠤ 4 ᠳ᠋ᠦ᠍ᠭᠡᠷ ᠰᠠᠷ᠎ᠠ ᠵᠢᠨ 19᠎ᠤ ᠡᠳᠦᠷ (ᠭᠠᠷᠠᠭ᠎ᠤᠨ ᠲᠠᠪᠤᠨ)᠎ᠤᠨ ᠦᠳᠡ ᠵᠢᠨ ᠡᠮᠦᠨ᠎ᠡ᠃

   ᠭᠠᠵᠠᠷ᠄ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶᠠᠨ᠎ᠤ ᠬᠤᠷᠠᠯ᠎ᠤᠨ ᠭᠡᠷ᠃

   ᠣᠷᠣᠯᠴᠠᠬᠤ ᠡᠲᠡᠭᠡᠳ᠄ ᠡᠮᠴᠢᠯᠡᠭᠡᠨ᠎ᠤ ᠪᠠᠶ᠋ᠢᠭᠤᠯᠤᠮᠵᠢ ᠵᠢᠨ ᠬᠠᠷᠢᠭᠤᠴᠠᠯᠭ᠋ᠠᠲᠠᠨ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡᠨ᠎ᠤ ᠳᠠᠭ᠋ᠠᠳᠬᠠᠯ᠎ᠤᠨ ᠠᠯᠪᠠᠨ ᠭᠡᠷ᠎ᠤᠨ ᠬᠠᠷᠢᠭᠤᠴᠠᠯᠭ᠋ᠠᠲᠠᠨ ᠪᠤᠶᠤ ᠠᠵᠢᠯᠲᠠᠨ᠎ᠤ ᠲᠥᠯᠥᠭᠡᠯᠡᠭᠴᠢ (ᠬᠤᠷᠠᠯ᠎ᠳᠤ ᠣᠷᠣᠯᠴᠠᠬᠤ ᠠᠷᠪᠠ ᠭᠠᠷᠤᠢ ᠬᠥᠮᠦᠨ)᠃

  (ᠲᠦᠷᠪᠡ) ᠡᠮᠴᠢ ᠰᠤᠪᠢᠯᠠᠭᠴᠢᠳ᠎ᠤᠨ ᠶᠠᠷᠢᠯᠴᠠᠬᠤ ᠬᠤᠷᠠᠯ᠃

   ᠴᠠᠭ᠄ 2024 ᠣᠨ᠎ᠤ 4 ᠳ᠋ᠦ᠍ᠭᠡᠷ ᠰᠠᠷ᠎ᠠ ᠵᠢᠨ 20᠎ᠤ ᠡᠳᠦᠷ (ᠭᠠᠷᠠᠭ᠎ᠤᠨ ᠵᠢᠷᠭᠤᠭ᠋ᠠᠨ)᠎ᠤᠨ ᠦᠳᠡ ᠵᠢᠨ ᠡᠮᠦᠨ᠎ᠡ᠃

   ᠭᠠᠵᠠᠷ᠄ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶᠠᠨ᠎ᠤ ᠬᠤᠷᠠᠯ᠎ᠤᠨ ᠭᠡᠷ᠃

   ᠣᠷᠣᠯᠴᠠᠬᠤ ᠡᠲᠡᠭᠡᠳ᠄ ᠨᠢᠭᠡᠳᠦᠭᠡᠷ ᠹᠷᠣᠨᠲ᠎ᠤᠨ ᠡᠮᠨᠡᠯᠭᠡ ᠵᠢᠨ ᠠᠵᠢᠯᠲᠠᠨ᠂ ᠰᠤᠪᠢᠯᠠᠭᠴᠢ ᠵᠢᠨ ᠲᠥᠯᠥᠭᠡᠯᠡᠭᠴᠢ (ᠬᠤᠷᠠᠯ᠎ᠳᠤ ᠣᠷᠣᠯᠴᠠᠬᠤ ᠠᠷᠪᠠ ᠭᠠᠷᠤᠢ ᠬᠥᠮᠦᠨ)᠃

  (ᠲᠠᠪᠤ) ᠡᠮᠴᠢ ᠰᠤᠪᠢᠯᠠᠭᠴᠢᠳ᠎ᠤᠨ ᠶᠠᠷᠢᠯᠴᠠᠬᠤ ᠬᠤᠷᠠᠯ᠃

   ᠴᠠᠭ᠄ 2024 ᠣᠨ᠎ᠤ 4 ᠳ᠋ᠦ᠍ᠭᠡᠷ ᠰᠠᠷ᠎ᠠ ᠵᠢᠨ 20᠎ᠤ ᠡᠳᠦᠷ (ᠭᠠᠷᠠᠭ᠎ᠤᠨ ᠵᠢᠷᠭᠤᠭ᠋ᠠᠨ)᠎ᠤᠨ ᠦᠳᠡ ᠵᠢᠨ ᠬᠤᠶ᠋ᠢᠨ᠎ᠠ᠃

   ᠭᠠᠵᠠᠷ᠄ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶᠠᠨ᠎ᠤ ᠬᠤᠷᠠᠯ᠎ᠤᠨ ᠭᠡᠷ᠃

   ᠣᠷᠣᠯᠴᠠᠬᠤ ᠡᠲᠡᠭᠡᠳ᠄ ᠨᠢᠭᠡᠳᠦᠭᠡᠷ ᠹᠷᠣᠨᠲ᠎ᠤᠨ ᠡᠮᠨᠡᠯᠭᠡ ᠵᠢᠨ ᠠᠵᠢᠯᠲᠠᠨ᠂ ᠰᠤᠪᠢᠯᠠᠭᠴᠢ ᠵᠢᠨ ᠲᠥᠯᠥᠭᠡᠯᠡᠭᠴᠢ (ᠬᠤᠷᠠᠯ᠎ᠳᠤ ᠣᠷᠣᠯᠴᠠᠬᠤ ᠠᠷᠪᠠ ᠭᠠᠷᠤᠢ ᠬᠥᠮᠦᠨ)᠃

   ᠭᠤᠷᠪᠠ᠂ ᠨᠡᠷ᠎ᠡ ᠮᠡᠳᠡᠭᠦᠯᠬᠦ ᠬᠡᠯᠪᠡᠷᠢ

  (ᠨᠢᠭᠡ) ᠬᠤᠪᠢ ᠬᠦᠮᠦᠨ ᠥᠪᠡᠷ᠎ᠢ᠎ᠪᠠᠨ ᠲᠠᠨᠢᠯᠴᠠᠭᠤᠯᠬᠤ ᠬᠡᠯᠪᠡᠷᠢ᠎ᠪᠠᠷ ᠨᠡᠷ᠎ᠡ ᠮᠡᠳᠡᠭᠦᠯᠬᠦ ᠵᠢᠨ ᠬᠠᠮᠲᠤ ᠪᠠᠶ᠋ᠢᠭ᠎ᠠ ᠨᠢᠭᠡᠴᠢ ᠵᠢᠨ ᠵᠶ᠋ᠠᠨ ᠵᠥᠪᠰᠢᠶᠡᠷᠡᠯ᠎ᠢ ᠣᠯᠬᠤ᠃

  (ᠬᠣᠶᠠᠷ) ᠭᠠᠷᠠᠭ᠎ᠤᠨ ᠭᠤᠷᠪᠠᠨ᠂ ᠭᠠᠷᠠᠭ᠎ᠤᠨ ᠳᠥᠷᠪᠡᠨ᠎ᠤ ᠬᠤᠷᠠᠯ᠎ᠳᠤ ᠨᠡᠷ᠎ᠡ ᠮᠡᠳᠡᠭᠦᠯᠵᠦ ᠣᠷᠣᠯᠴᠠᠭᠰᠠᠳ 4 ᠳ᠋ᠦ᠍ᠭᠡᠷ ᠰᠠᠷ᠎ᠠ ᠵᠢᠨ 16᠎ᠤ ᠡᠳᠦᠷ (ᠭᠠᠷᠠᠭ᠎ᠤᠨ ᠬᠣᠶᠠᠷ)᠎ᠤᠨ ᠦᠳᠡ ᠵᠢᠨ ᠬᠣᠢ᠌ᠨᠠᠬᠢ 5 ᠴᠠᠭ᠎ᠠᠴᠠ ᠡᠮᠦᠨ᠎ᠡ ᠥᠪᠡᠷ᠎ᠤᠨ ᠲᠠᠨᠢᠯᠴᠠᠭᠤᠯᠭ᠎ᠠ ᠵᠢᠨ ᠬᠦᠰᠦᠨᠦᠭᠲᠦ᠎ᠪᠠᠨ yyszfc@nhsa.gov.cn᠎ᠳᠤ ᠶᠠᠪᠤᠭᠤᠯᠤᠭ᠋ᠠᠷᠠᠢ ᠃ ᠭᠠᠷᠠᠭ᠎ᠤᠨ ᠲᠠᠪᠤᠨ ᠭᠠᠷᠠᠭ᠎ᠤᠨ ᠵᠢᠷᠭᠤᠭ᠋ᠠᠨ᠎ᠤ ᠬᠤᠷᠠᠯ᠎ᠳᠤ ᠨᠡᠷ᠎ᠡ ᠮᠡᠳᠡᠭᠦᠯᠵᠦ ᠣᠷᠣᠯᠴᠠᠭᠰᠠᠳ 4 ᠳ᠋ᠦ᠍ᠭᠡᠷ ᠰᠠᠷ᠎ᠠ ᠵᠢᠨ17᠎ᠤ ᠡᠳᠦᠷ (ᠭᠠᠷᠠᠭ᠎ᠤᠨ ᠭᠤᠷᠪᠠᠨ)᠎ᠤᠨ ᠦᠳᠡ ᠵᠢᠨ ᠬᠣᠶ᠋ᠢᠨᠠᠬᠢ 5 ᠴᠠᠭ᠎ᠠᠴᠠ ᠡᠮᠦᠨ᠎ᠡ ᠥᠪᠡᠷ᠎ᠤᠨ ᠲᠠᠨᠢᠯᠴᠠᠭᠤᠯᠭ᠎ᠠ ᠵᠢᠨ ᠬᠦᠰᠦᠨᠦᠭᠲᠦ᠎ᠪᠠᠨ yyszfc@nhsa.gov.cn ᠎ᠳᠤ ᠶᠠᠪᠤᠭᠤᠯᠤᠭ᠋ᠠᠷᠠᠢ ᠃

   ᠳᠥᠷᠪᠡ᠂ ᠪᠤᠰᠤᠳ ᠵᠦᠢ᠍ᠯ

  (ᠨᠢᠭᠡ) ᠬᠤᠷᠠᠯ᠎ᠳᠤ ᠣᠷᠣᠯᠴᠠᠭᠰᠠᠳ ᠵᠠᠮ ᠬᠠᠷᠢᠯᠴᠠᠭ᠋ᠠᠨ᠎ᠤ ᠰᠦᠢ᠍ᠳᠬᠡᠯ᠂ ᠢᠳᠡᠵᠦ ᠤᠤᠭᠤᠬᠤ ᠬᠤᠨᠣᠵᠤ ᠬᠡᠪᠲᠡᠬᠦ ᠰᠦᠢ᠍ᠳᠬᠡᠯ ᠵᠶ᠋ᠠᠨ ᠥᠪᠡᠷᠲᠡᠭᠡᠨ ᠰᠢᠢ᠍ᠳᠪᠦᠷᠢᠯᠡᠨ᠎ᠡ᠃

  (ᠬᠤᠶᠠᠷ) ᠴᠠᠭ᠂ ᠲᠠᠯᠠᠪᠤᠷ ᠵᠡᠷᠭᠡ ᠰᠢᠯᠲᠠᠭ᠋ᠠᠨ᠎ᠠᠴᠠ ᠪᠣᠯᠵᠣ᠂ ᠬᠤᠷᠠᠯ᠎ᠳᠤ ᠣᠷᠣᠯᠴᠠᠭᠰᠠᠳ᠎ᠢ ᠤᠯᠤᠰ᠎ᠤᠨ ᠡᠮᠴᠢᠯᠡᠭᠡᠨ᠎ᠤ ᠡᠮᠴᠢᠯᠡᠭᠡᠨ᠎ᠤ ᠲᠣᠪᠴᠢᠶ᠎ᠠ ᠵᠢᠨ ᠰᠢᠯᠢᠨ ᠰᠣᠩᠭᠤᠭᠰᠠᠨ᠎ᠤ ᠳᠠᠷᠠᠭ᠎ᠠ ᠲᠣᠭᠲᠠᠭ᠋ᠠᠨ᠎ᠠ᠃ ᠪᠣᠳᠠᠲᠠᠶ ᠶᠠᠷᠢᠯᠴᠠᠵᠤ ᠰᠣᠯᠢᠯᠴᠠᠬᠤ ᠴᠠᠭ᠂ ᠭᠠᠵᠠᠷ᠎ᠢ ᠤᠲᠠᠰᠤ᠎ᠪᠠᠷ ᠠᠰᠲᠠᠭ᠋ᠠᠨ ᠮᠡᠳᠡᠭᠳᠡᠨ᠎ᠡ᠃

   ᠳᠠᠭ᠋ᠠᠯᠳᠤᠭᠤᠯᠤᠯ᠄ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠠᠷᠭ᠎ᠠ ᠬᠡᠯᠪᠡᠷᠢ ᠵᠢᠨ ᠥᠭᠡᠷᠡᠴᠢᠯᠡᠯᠲᠡ ᠵᠢᠨ ᠶᠠᠷᠢᠯᠴᠠᠬᠤ ᠬᠤᠷᠠᠯ᠎ᠤᠨ ᠥᠪᠡᠷ᠎ᠤᠨ ᠲᠠᠨᠢᠯᠴᠠᠭᠤᠯᠭ᠎ᠠ ᠵᠢᠨ ᠬᠦᠰᠦᠨᠦᠭ

  

ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠠᠯᠪᠠᠨ ᠭᠡᠷ

2024 ᠣᠨ᠎ᠤ 4 ᠳ᠋ᠦ᠍ᠭᠡᠷ ᠰᠠᠷ᠎ᠠ ᠵᠢᠨ 15᠎ᠤ ᠡᠳᠦᠷ

 

   ᠳᠠᠭ᠋ᠠᠯᠳᠤᠭᠤᠯᠤᠯ᠄

   ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠠᠷᠭ᠎ᠠ ᠬᠡᠯᠪᠡᠷᠢ ᠵᠢᠨ ᠥᠭᠡᠷᠡᠴᠢᠯᠡᠯᠲᠡ ᠵᠢᠨ ᠶᠠᠷᠢᠯᠴᠠᠬᠤ ᠬᠤᠷᠠᠯ᠎ᠤᠨ ᠥᠪᠡᠷ᠎ᠤᠨ ᠲᠠᠨᠢᠯᠴᠠᠭᠤᠯᠭ᠎ᠠ ᠵᠢᠨ ᠬᠦᠰᠦᠨᠦᠭ.docx

 

 

ᠢᠷᠡᠯᠲᠡ᠄ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
2024 ᠣᠨ᠎ᠤ ᠡᠮ ᠡᠮᠨᠡᠯᠭᠡ ᠲᠥᠪᠯᠡᠷᠡᠭᠦᠯᠦᠨ ᠬᠤᠳᠠᠯᠳᠤᠨ ᠠᠪᠬᠤ ᠠᠯᠪᠠᠨ ᠵᠢᠷᠤᠮ᠎ᠤᠨ ᠬᠢᠨᠠᠯᠲᠠ ᠲᠠᠯᠪᠢᠭᠴᠢ ᠵᠢᠨ ᠨᠡᠷᠡᠰ᠎ᠢ ᠨᠡᠶ᠋ᠢᠲᠡᠯᠡᠬᠦ ᠲᠤᠬᠠᠶ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠠᠯᠪᠠᠨ ᠬᠡᠷ᠎ᠤᠨ ᠠᠯᠪᠠᠨ ᠵᠠᠷ
ᠪᠥᠬᠦ ᠤᠯᠤᠰ᠎ᠤᠨ ᠡᠮ᠎ᠤᠨ ᠵᠦᠢ᠍ᠯ᠎ᠢ ᠲᠥᠪᠯᠡᠷᠡᠭᠦᠯᠦᠨ ᠬᠤᠳᠠᠯᠳᠤᠨ ᠠᠪᠬᠤ (ᠢᠰᠦᠯᠢᠨ ᠡᠳ᠋᠎ᠢ ᠲᠤᠰᠬᠠᠶ ᠵᠦᠢ᠍ᠯ ᠵᠶ᠋ᠠᠷ ᠦᠷᠭᠦᠯᠵᠢᠯᠡᠭᠦᠯᠬᠦ)᠎ᠳᠤ ᠰᠣᠩᠭᠣᠭᠳᠠᠬᠤ᠎ᠪᠠᠷ ᠪᠠᠢ᠌ᠭ᠎ᠠ ᠦᠷ᠎ᠡ ᠳ᠋ᠦᠩ᠎ᠤᠨ ᠵᠠᠷᠯᠠᠯ
2024 ᠣᠨ᠎ᠤ ᠪᠥᠬᠦ ᠤᠯᠤᠰ᠎ᠤᠨ ᠣᠶᠤᠨᠴᠢ ᠡᠮᠴᠢᠯᠡᠭᠡᠨ᠎ᠤ ᠳᠠᠭ᠋ᠠᠳᠬᠠᠯ᠎ᠤᠨ ᠤᠷᠤᠯᠳᠤᠭ᠋ᠠᠨ᠎ᠤ ᠵᠠᠷᠯᠠᠯ (ᠨᠡᠷ᠎ᠡ ᠮᠡᠳᠡᠭᠦᠯᠵᠦ ᠤᠷᠤᠯᠳᠤᠭ᠋ᠠᠨ᠎ᠳᠤ ᠣᠷᠣᠯᠴᠠᠬᠤ ᠠᠷᠭ᠎ᠠ ᠵᠢ ᠳᠠᠭ᠋ᠠᠯᠳᠤᠭᠤᠯᠤᠯ᠎ᠠᠴᠠ ᠦᠵᠡ)
ᠵᠠᠷᠯᠠᠯ
ᠰᠠᠨᠮᠢᠩ᠎ᠤᠨ ᠡᠮᠴᠢᠯᠡᠭᠡᠨ᠎ᠤ ᠥᠭᠡᠷᠡᠴᠢᠯᠡᠯᠲᠡ ᠵᠢᠨ ᠲᠤᠷᠰᠢᠯᠭ᠎ᠠ ᠵᠢ ᠤᠯᠠᠮ ᠨᠢᠭᠡ ᠠᠯᠬᠤᠮ ᠳᠡᠯᠭᠡᠷᠡᠭᠦᠯᠵᠦ ᠡᠮᠴᠢᠯᠡᠭᠡᠨ᠎ᠤ ᠳᠠᠭ᠋ᠠᠳᠬᠠᠯ᠎ᠤᠨ ᠠᠵᠢᠯ᠎ᠤᠨ ᠰᠢᠨ᠎ᠡ ᠵᠢ ᠡᠭᠦᠳᠦᠨ ᠬᠥᠭᠵᠢᠬᠦ ᠵᠢ ᠦᠷᠭᠦᠯᠵᠢᠯᠡᠨ ᠠᠬᠢᠭᠤᠯᠬᠤ ᠲᠤᠬᠠᠶ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠮᠡᠳᠡᠭᠳᠡᠯ
 
            