ᠥᠪᠥᠷ ᠡᠮ ᠬᠤᠳᠠᠯᠳᠤᠨ ᠠᠪᠬᠤ ᠲᠥᠪ ᠦᠰᠦᠭ [2024] 124 ᠳ᠋ᠤᠭᠡᠷ ᠲᠣᠭ᠋ᠠᠲᠤ
ᠡᠯ᠎ᠡ ᠬᠠᠮᠢᠶ᠎ᠠ ᠪᠥᠬᠦᠶ ᠨᠢᠭᠡᠴᠢ᠄
《ᠤᠯᠤᠰ᠎ᠤᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ ᠪᠠ ᠦᠷᠡᠵᠢᠯ᠎ᠤᠨ ᠳᠠᠭ᠋ᠠᠳᠬᠠᠯ᠎ᠤᠨ ᠡᠮ᠎ᠤᠨ ᠵᠦᠢ᠍ᠯ᠎ᠤᠨ ᠭᠠᠷᠴᠠᠭ (2023 ᠣᠨ )᠎ᠢ ᠬᠡᠷᠡᠭᠵᠢᠭᠦᠯᠬᠦ ᠲᠤᠬᠠᠶ ᠮᠡᠳᠡᠭᠳᠡᠯ》 (ᠥᠪᠥᠷ ᠡᠮᠴᠢᠯᠡᠭᠡ ᠪᠠᠳᠤᠯᠠᠭ᠎ᠠ ᠲᠠᠷᠬᠠᠭ᠋ᠠᠭᠰᠠᠨ [2023] 22 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠡᠳᠦᠭᠡ ᠤᠯᠤᠰ᠎ᠤᠨ ᠬᠡᠯᠡᠯᠴᠡᠭᠡᠷ᠎ᠲᠠᠢ ᠡᠮ᠎ᠤᠨ ᠵᠦᠢ᠍ᠯ ᠪᠣᠯᠬᠤ ᠲᠠᠷᠢᠯᠭ᠎ᠠ᠎ᠳᠤ ᠬᠡᠷᠡᠭᠯᠡᠬᠦ ᠫᠤᠯᠢᠮᠢᠺᠰᠢᠨ E ᠮᠧᠲ᠋ᠢᠯ ᠰᠦᠯᠹᠣᠨ ᠬᠦᠴᠢᠯ᠎ᠤᠨ ᠨᠠᠳ᠋ᠷᠢ ᠵᠡᠷᠭᠡ ᠡᠮ᠎ᠤᠨ ᠵᠦᠢ᠍ᠯ᠎ᠢ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠢ ᠨᠡᠶ᠋ᠢᠲᠡᠯᠡᠪᠡ᠃ ᠦᠷ᠎ᠡ ᠳ᠋ᠦᠩ᠎ᠢ ᠨᠡᠢ᠍ᠲᠡᠯᠡᠭᠰᠡᠨᠤ ᠳᠠᠷᠠᠭ᠎ᠠ᠂ ᠡᠯ᠎ᠡ ᠭᠤᠶᠤᠴᠢᠯᠠᠨ ᠮᠡᠳᠡᠭᠦᠯᠦᠭᠰᠡᠨ ᠠᠵᠤ ᠠᠬᠤᠶ᠋ᠢᠯᠠᠯ᠎ᠨᠢ ᠬᠡᠷᠡᠭᠯᠡᠭᠴᠢ ᠵᠢᠨ ᠨᠡᠷ᠎ᠡ ᠪᠠ ᠨᠢᠭᠤᠴᠠ ᠨᠣᠮᠧᠷ ᠵᠶ᠋ᠠᠷ ᠵᠶ᠋ᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠠᠭ᠋ᠠᠭ᠋ᠠᠴᠢᠯᠠᠯᠲᠠ ᠵᠠᠷᠯᠠᠨ ᠬᠤᠳᠠᠯᠳᠤᠨ ᠠᠪᠬᠤ ᠬᠠᠮᠢᠶᠠᠷᠤᠯᠲᠠ ᠵᠢᠨ ᠰᠢᠰᠲ᠋ᠧᠮ》 — 《ᠬᠥᠳᠡᠯᠦᠩᠭᠦᠶ ᠲᠣᠬᠢᠷᠠᠭᠤᠯᠤᠯᠲᠠ ᠬᠠᠮᠢᠶᠠᠷᠤᠯᠲᠠ》᠎ᠳᠤ ᠣᠷᠣᠵᠤ ᠬᠠᠮᠢᠶ᠎ᠠ ᠪᠥᠬᠦᠶ ᠠᠵᠤ ᠠᠬᠤᠶ᠋ᠢᠯᠠᠯ ᠵᠢᠴᠢ ᠡᠮ᠎ᠤᠨ ᠵᠦᠢ᠍ᠯ᠎ᠤᠨ ᠮᠡᠳᠡᠭᠡ ᠵᠠᠩᠭᠢ ᠵᠢ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠢ ᠦᠵᠡᠭᠡᠷᠡᠢ᠃ ᠬᠢᠨᠠᠨ ᠬᠠᠷᠭᠤᠭᠤᠯᠬᠤ᠎ᠳᠤ ᠪᠠᠲᠤᠯᠠᠭᠰᠠᠨ ᠡᠮ᠎ᠤᠨ ᠵᠦᠢ᠍ᠯ᠎ᠢ ᠬᠤᠳᠠᠯᠳᠤᠨ ᠠᠪᠬᠤ ᠰᠢᠰᠲ᠋ᠧᠮ᠎ᠳᠤ ᠣᠷᠣᠭᠤᠯᠵᠤ᠂ ᠡᠯ᠎ᠡ ᠨᠢᠭᠡᠴᠢ᠎ᠨᠦᠭᠦᠳ ᠬᠠᠮᠢᠶ᠎ᠠ ᠪᠥᠬᠦᠶ ᠱᠠᠭ᠋ᠠᠷᠳᠠᠯᠭ᠎ᠠ ᠶᠣᠰᠣᠭ᠋ᠠᠷ ᠡᠮ᠎ᠤᠨ ᠵᠦᠢ᠍ᠯ ᠬᠤᠳᠠᠯᠳᠤᠨ ᠠᠪᠬᠤ ᠵᠢᠴᠢ ᠳᠣᠭᠢᠷᠠᠭᠤᠯᠤᠨ ᠬᠦᠷᠭᠡᠬᠦ ᠠᠵᠢᠯ᠎ᠢ ᠥᠷᠨᠢᠭᠦᠯᠵᠦ᠂ ᠡᠮᠴᠢᠯᠡᠭᠡᠨ᠎ᠳᠤ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠪᠠᠲᠤᠯᠠᠬᠤ ᠬᠡᠷᠡᠭᠲᠡᠶ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ
2024 ᠣᠨ᠎ᠤ 6 ᠳ᠋ᠤᠭ᠋ᠠᠷ ᠰᠠᠷ᠎ᠠ ᠵᠢᠨ 6᠎ᠤ ᠡᠳᠦᠷ