ᠥᠪᠥᠷ ᠡᠮ ᠬᠤᠳᠠᠯᠳᠤᠨ ᠠᠪᠬᠤ ᠲᠥᠪ ᠦᠰᠦᠭ [2024] 132 ᠳ᠋ᠤᠭ᠋ᠠᠷ ᠲᠣᠭ᠋ᠠᠲᠤ
ᠡᠯ᠎ᠡ ᠬᠠᠮᠢᠶ᠎ᠠ ᠪᠥᠬᠦᠶ ᠨᠢᠭᠡᠴᠢ᠄
《ᠡᠮ᠎ᠤᠨ ᠵᠦᠢ᠍ᠯ᠎ᠤᠨ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠰᠦᠯᠵᠢᠶᠡᠨ᠎ᠳᠤ ᠬᠤᠯᠪᠣᠬᠤ ᠠᠵᠢᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠮᠡᠳᠡᠭᠳᠡᠯ》 (ᠥᠪᠥᠷ ᠡᠮ ᠬᠤᠳᠠᠯᠳᠤᠨ ᠠᠪᠬᠤ ᠲᠥᠪ ᠥᠰᠥᠭ [2024] 40 ᠳ᠋ᠤᠭᠡᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠡᠳᠦᠭᠡ ᠢᠯᠡ ᠨᠡᠢ᠌ᠲᠡᠯᠡᠭᠡᠳ ᠣᠨᠳᠣᠤ ᠰᠠᠨᠠᠯ ᠥᠬᠡᠶ ᠦᠢ᠍ᠯᠡᠳᠭᠦᠨ᠎ᠢ ᠨᠡᠢ᠌ᠲᠡᠯᠡᠵᠦ᠂ ᠡᠯ᠎ᠡ ᠭᠤᠶᠤᠴᠢᠯᠠᠨ ᠮᠡᠳᠡᠭᠦᠯᠦᠭᠰᠡᠨ ᠠᠵᠤ ᠠᠬᠤᠶ᠋ᠢᠯᠠᠯ᠎ᠨᠢ ᠥᠪᠥᠷ ᠮᠣᠩᠭᠤᠯ᠎ᠤᠨ ᠡᠮ ᠡᠮᠨᠡᠯᠭᠡ ᠵᠢᠨ ᠬᠤᠳᠠᠯᠳᠤᠨ ᠠᠪᠬᠤ ᠰᠦᠯᠵᠢᠶ᠎ᠡ — ᠥᠪᠥᠷ ᠮᠣᠩᠭᠤᠯ᠎ᠤᠨ ᠡᠮᠴᠢᠯᠡᠭᠡᠨ᠎ᠤ ᠪᠠᠲᠤᠯᠠᠭ᠎ᠠ ᠵᠢᠨ ᠣᠯᠠᠨ ᠨᠡᠢ᠍ᠲᠡ ᠵᠢᠨ ᠦᠢ᠍ᠯᠡᠴᠢᠯᠡᠭᠡᠨ᠎ᠤ ᠰᠢᠰᠲ᠋ᠧᠮ — ᠬᠥᠳᠡᠯᠦᠩᠭᠦᠶ ᠲᠣᠬᠢᠷᠠᠭᠤᠯᠤᠯᠲᠠ ᠬᠠᠮᠢᠶᠠᠷᠤᠯᠲᠠ᠎ᠳᠤ ᠣᠷᠣᠵᠤ ᠦᠷ᠎ᠡ ᠳ᠋ᠦᠩ᠎ᠢ ᠪᠠᠢ᠌ᠴᠠᠭ᠋ᠠᠨ ᠦᠵᠡᠭᠡᠷᠡᠢ᠃
ᠦᠢ᠍ᠯᠡᠳᠬᠦᠨ᠎ᠢ ᠰᠦᠯᠵᠢᠶᠡᠨ᠎ᠳᠤ ᠬᠣᠯᠪᠣᠭᠰᠠᠨᠤ ᠳᠠᠷᠠᠭ᠎ᠠ᠂ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠨᠢ ᠠᠢ᠌ᠮᠠᠭ ᠬᠤᠲᠠ ᠵᠢᠨ ᠰᠢᠯᠢᠨ ᠰᠣᠩᠭᠤᠭᠰᠠᠨ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠳᠤ ᠨᠠᠢ᠌ᠳᠠᠵᠤ ᠳᠣᠭᠢᠷᠠᠭᠤᠯᠤᠨ ᠬᠦᠷᠭᠡᠬᠦ ᠪᠤᠶᠤ ᠥᠪᠡᠰᠦᠪᠡᠨ ᠵᠣᠬᠢᠶᠠᠨ ᠪᠠᠢ᠌ᠭᠤᠯᠵᠤ᠂ ᠡᠮᠴᠢᠯᠡᠭᠡᠨ᠎ᠳᠤ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠦᠨᠡᠨ ᠬᠦ᠌ ᠪᠠᠲᠤᠯᠠᠬᠤ ᠬᠡᠷᠡᠭᠲᠡᠢ᠃ ᠡᠯ᠎ᠡ ᠡᠮᠴᠢᠯᠡᠭᠡᠨ᠎ᠤ ᠪᠠᠶ᠋ᠢᠭᠤᠯᠤᠮᠵᠢ᠎ᠨᠢ ᠠᠵᠤ ᠠᠬᠤᠶ᠋ᠢᠯᠠᠯ᠎ᠤᠨ ᠮᠡᠳᠡᠭᠦᠯᠦᠭᠰᠡᠨ ᠦᠨ᠎ᠡ ᠬᠠᠩᠰᠢ᠎ᠪᠠᠷ ᠯᠠᠪᠯᠠᠯᠲᠠ ᠪᠣᠯᠭ᠋ᠠᠨ ᠥᠪᠥᠷ ᠮᠣᠩᠭᠤᠯ᠎ᠤᠨ ᠡᠮᠴᠢᠯᠡᠭᠡᠨ᠎ᠤ ᠪᠠᠲᠤᠯᠠᠭ᠎ᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮ᠎ᠳᠤ ᠵᠥᠪᠯᠡᠭᠰᠡᠨ ᠦᠨ᠎ᠡ᠎ᠪᠠᠷ ᠬᠤᠳᠠᠯᠳᠤᠨ ᠠᠪᠤᠨ᠎ᠠ᠃ ᠦᠢ᠍ᠯᠡᠳᠬᠦᠨ ᠬᠤᠳᠠᠯᠳᠤᠨ ᠠᠪᠬᠤ᠂ ᠲᠣᠬᠢᠷᠠᠭᠤᠯᠤᠨ ᠬᠦᠷᠭᠡᠬᠦ ᠵᠢᠴᠢ ᠳ᠋ᠦᠩᠨᠡᠨ ᠪᠣᠳᠣᠬᠤ ᠵᠡᠷᠭᠡ ᠵᠢ ᠥᠪᠡᠷᠲᠡᠭᠡᠨ ᠵᠠᠰᠠᠬᠤ ᠣᠷᠣᠨ᠎ᠤ ᠡᠮ᠎ᠤᠨ ᠪᠠᠭ᠋ᠠᠵᠢ ᠬᠡᠷᠡᠭᠰᠡᠯ᠎ᠢ ᠲᠥᠪᠯᠡᠷᠡᠭᠦᠯᠦᠨ ᠬᠤᠳᠠᠯᠳᠤᠨ ᠠᠪᠬᠤ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ
2024 ᠣᠨ᠎ᠤ 6 ᠳ᠋ᠤᠭ᠋ᠠᠷ ᠰᠠᠷ᠎ᠠ ᠵᠢᠨ 19᠎ᠤ ᠡᠳᠦᠷ