ᠥᠪᠥᠷ ᠡᠮ ᠬᠤᠳᠠᠯᠳᠤᠨ ᠠᠪᠬᠤ ᠲᠥᠪ ᠦᠰᠦᠭ [2024] 133 ᠳ᠋ᠤᠭ᠋ᠠᠷ ᠲᠣᠭ᠋ᠠᠲᠤ
ᠡᠯ᠎ᠡ ᠬᠠᠮᠢᠶ᠎ᠠ ᠪᠥᠬᠦᠶ ᠨᠢᠭᠡᠴᠢ᠄
ᠦᠪᠡᠷᠳᠡᠭᠡᠨ ᠵᠠᠰᠠᠬᠤ ᠣᠷᠣᠨ᠎ᠤ ᠠᠵᠢᠯ᠎ᠤᠨ ᠲᠣᠬᠢᠷᠡᠭᠤᠯᠥᠯᠳᠡ ᠪᠠ ᠬᠠᠮᠳᠣᠷᠡᠨ ᠬᠤᠳᠠᠯᠳᠣᠨ ᠠᠪᠬᠤ ᠠᠯᠪᠠᠨ ᠭᠡᠷ᠎ᠤᠨ ᠨᠡᠶ᠋ᠢᠳᠡᠯᠡᠭᠰᠡᠨ ᠪᠦᠬᠦ ᠣᠯᠥᠰ᠎ᠤᠨ ᠡᠮ᠎ᠤᠨ ᠵᠦᠢ᠍ᠯ᠎ᠢ ᠳᠥᠪᠯᠡᠷᠡᠬᠦᠯᠥᠨ ᠬᠤᠳᠠᠯᠳᠣᠨ ᠠᠪᠬᠤ (GY-YD2024 —1 )᠎ᠳᠤ ᠰᠣᠩᠭᠣᠭᠳᠠᠭᠰᠠᠨ ᠦᠷ᠎ᠠ ᠳ᠋ᠥᠡᠭᠢ ᠦᠨᠳᠣᠰᠣᠯᠡᠨ᠂ ᠡᠳᠦᠭᠡ ᠪᠦᠬᠦ ᠣᠯᠥᠰ᠎ᠤᠨ ᠡᠮ᠎ᠤᠨ ᠵᠦᠢ᠍ᠯ᠎ᠢ ᠳᠥᠪᠯᠡᠷᠡᠬᠦᠯᠥᠨ ᠬᠤᠳᠠᠯᠳᠣᠨ ᠠᠪᠬᠤ (ᠨᠣᠢ᠌ᠷᠤᠨ ᠠᠷᠠᠯ᠎ᠤᠨ ᠡᠳ᠋᠎ᠢ ᠲᠤᠰᠬᠠᠢ ᠵᠦᠢ᠍ᠯ ᠵᠶ᠋ᠠᠷ ᠦᠷᠭᠦᠯᠵᠢᠯᠡᠭᠦᠯᠬᠦ)᠎ᠳᠤ ᠰᠣᠩᠭᠣᠭᠳᠠᠭᠰᠠᠨ ᠦᠷ᠎ᠠ ᠳ᠋ᠥᠡᠭᠢ ᠭᠡᠷᠡᠭᠵᠢᠬᠦᠯᠬᠦ ᠠᠵᠢᠯ᠎ᠢ ᠰᠠᠶ᠋ᠢᠳᠣᠷ ᠬᠢᠬᠦ ᠲᠣᠬᠠᠢ ᠲᠣᠣᠷᠡᠬᠢ ᠮᠡᠳᠣ ᠮᠡᠳᠡᠭᠳᠡᠶ᠎ᠡ᠄
ᠨᠢᠭᠡ᠂ ᠬᠡᠷᠡᠭᠵᠢᠭᠦᠯᠬᠦ ᠬᠡᠪᠴᠢᠶ᠎ᠡ
(ᠨᠢᠭᠡ) ᠪᠠᠶ᠋ᠢᠭᠤᠯᠤᠮᠵᠢ ᠵᠢᠨ ᠬᠦᠷᠢᠶ᠎ᠡ ᠬᠡᠪᠴᠢᠶ᠎ᠡ
ᠪᠦᠬᠦ ᠣᠷᠣᠨ᠎ᠤ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ (ᠴᠡᠷᠢᠭ ᠠᠩᠭᠢ ᠵᠢᠨ ᠡᠮᠴᠢᠯᠡᠭᠡᠨ᠎ᠤ ᠪᠠᠶ᠋ᠢᠭᠤᠯᠤᠮᠵᠢ ᠪᠠᠭᠲᠠᠨ᠎ᠠ) ᠪᠦᠬᠦᠨ ᠴᠥᠮ ᠡᠮ᠎ᠤᠨ ᠵᠦᠢ᠍ᠯᠡᠰ᠎ᠢ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ᠎ᠳᠤ ᠣᠷᠣᠯᠴᠠᠵᠤ᠂ ᠡᠮᠴᠢᠯᠡᠭᠡᠨ᠎ᠤ ᠳᠠᠭ᠋ᠠᠳᠬᠠᠯ᠎ᠤᠨ ᠴᠡᠭ ᠲᠣᠭᠲᠠᠭ᠋ᠠᠭᠰᠠᠨ ᠨᠡᠶ᠋ᠢᠭᠡᠮ᠎ᠤᠨ ᠡᠷᠬᠢᠯᠡᠭᠰᠡᠨ ᠡᠮᠴᠢᠯᠡᠭᠡᠨ᠎ᠤ ᠪᠠᠶ᠋ᠢᠭᠤᠯᠤᠮᠵᠢ ᠪᠠ ᠴᠡᠭ ᠲᠣᠭᠲᠠᠭᠰᠠᠨ ᠡᠮ᠎ᠤᠨ ᠳᠡᠯᠭᠡᠭᠦᠷ᠎ᠢ ᠴᠡᠭ ᠲᠣᠭᠲᠠᠭ᠋ᠠᠨ ᠬᠡᠯᠡᠯᠴᠡᠭᠡᠷ ᠵᠶ᠋ᠠᠷ ᠬᠠᠮᠢᠶᠠᠷᠬᠤ ᠱᠠᠭ᠋ᠠᠷᠳᠠᠯᠭ᠎ᠠ ᠶᠣᠰᠣᠭ᠋ᠠᠷ ᠯᠠᠪᠯᠠᠯᠲᠠ ᠪᠣᠯᠭ᠋ᠠᠨ ᠬᠡᠷᠡᠭᠵᠢᠭᠦᠯᠦᠨ᠎ᠡ᠃
(ᠬᠤᠶᠠᠷ) ᠡᠮ᠎ᠤᠨ ᠵᠦᠢ᠍ᠯ᠎ᠤᠨ ᠬᠡᠪᠴᠢᠶ᠎ᠠ
ᠪᠦᠬᠦ ᠤᠯᠤᠰ᠎ᠤᠨ ᠡᠮ᠎ᠤᠨ ᠵᠦᠢ᠍ᠯᠡᠰ᠎ᠢ ᠲᠥᠪᠯᠡᠷᠡᠭᠦᠯᠦᠨ ᠬᠤᠳᠠᠯᠳᠤᠨ ᠠᠪᠬᠤ (ᠨᠤᠶ᠋ᠢᠷᠤᠨ ᠠᠷᠠᠯ᠎ᠤᠨ ᠡᠳ᠋᠎ᠢ ᠲᠤᠰᠬᠠᠶ ᠵᠦᠢ᠍ᠯ ᠵᠶ᠋ᠠᠷ ᠦᠷᠭᠦᠯᠵᠢᠯᠡᠭᠦᠯᠬᠦ)᠎ᠳᠤ ᠰᠣᠩᠭᠣᠭᠳᠠᠭᠰᠠᠨ ᠲᠥᠷᠥᠯ ᠵᠦᠢ᠍ᠯ᠎ᠤᠨ ᠬᠠᠩᠭ᠋ᠠᠬᠤ ᠨᠠᠷᠢᠨ ᠬᠠᠭᠤᠳᠠᠰᠤ (ᠳᠠᠭ᠋ᠠᠯᠳᠤᠭᠤᠯᠤᠯ 1)᠃
ᠬᠤᠶᠠᠷ᠂ ᠬᠡᠷᠡᠭᠵᠢᠭᠦᠯᠬᠦ ᠴᠠᠭ ᠬᠤᠭᠤᠴᠠᠭ᠎ᠠ
2024 ᠣᠨ᠎ᠤ 7 ᠳ᠋ᠤᠭ᠋ᠠᠷ ᠰᠠᠷ᠎ᠠ ᠵᠢᠨ 1᠎ᠤ ᠡᠳᠦᠷ᠃
ᠭᠤᠷᠪᠠ᠂ ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶ᠎ᠡ
ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶ᠎ᠡ᠎ᠨᠢ ᠡᠯ᠎ᠡ ᠡᠮᠴᠢᠯᠡᠭᠡᠨ᠎ᠤ ᠪᠠᠶ᠋ᠢᠭᠤᠯᠤᠮᠵᠢ ᠵᠢᠨ 《ᠪᠥᠬᠦ ᠤᠯᠤᠰ᠎ᠤᠨ ᠡᠮ᠎ᠤᠨ ᠵᠦᠢ᠍ᠯ᠎ᠢ ᠲᠥᠪᠯᠡᠷᠡᠭᠦᠯᠦᠨ ᠬᠤᠳᠠᠯᠳᠤᠨ ᠠᠪᠬᠤ ᠪᠢᠴᠢᠭ ᠮᠠᠲ᠋ᠧᠷᠢᠶᠠᠯ (ᠨᠤᠶ᠋ᠢᠷᠤᠨ ᠠᠷᠠᠯ᠎ᠤᠨ ᠡᠳ᠋᠎ᠢ ᠲᠤᠰᠬᠠᠶ ᠵᠦᠢ᠍ᠯ ᠵᠶ᠋ᠠᠷ ᠦᠷᠭᠦᠯᠵᠢᠯᠡᠭᠦᠯᠬᠦ) (GY-YD2024 —1 )》 (ᠳᠠᠭ᠋ᠠᠯᠳᠤᠭᠤᠯᠤᠯ 2)᠎ᠤᠨ ᠬᠠᠮᠢᠶ᠎ᠠ ᠪᠦᠬᠦᠢ ᠳᠦᠷᠢᠮ ᠲᠣᠭᠲᠠᠭ᠋ᠠᠯ ᠶᠣᠰᠣᠭ᠋ᠠᠷ ᠤᠯᠤᠰ᠎ᠠᠴᠠ ᠵᠣᠬᠢᠶᠠᠨ ᠪᠠᠢ᠌ᠭᠤᠯᠵᠤ ᠡᠮ᠎ᠤᠨ ᠵᠦᠢ᠍ᠯ᠎ᠢ ᠲᠥᠪᠯᠡᠷᠡᠭᠦᠯᠦᠨ ᠬᠤᠳᠠᠯᠳᠤᠨ ᠠᠪᠬᠤ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠲᠠᠪᠴᠠᠩ᠎ᠳᠤ ᠨᠤᠲᠠᠯᠠᠭᠰᠠᠨ ᠬᠡᠯᠡᠯᠴᠡᠭᠡᠷ᠎ᠤᠨ ᠬᠤᠳᠠᠯᠳᠤᠨ ᠠᠪᠬᠤ ᠬᠡᠮᠵᠢᠶ᠎ᠡ ᠪᠣᠯᠣᠨ᠎ᠠ᠃ ᠡᠮᠴᠢᠯᠡᠭᠡᠨ᠎ᠤ ᠪᠠᠶ᠋ᠢᠭᠤᠯᠤᠮᠵᠢ ᠪᠣᠯᠤᠨ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ ᠴᠥᠮ ᠥᠪᠥᠷ ᠮᠣᠩᠭᠤᠯ᠎ᠤᠨ ᠡᠮ᠎ᠤᠨ ᠵᠦᠢ᠍ᠯ ᠪᠣᠯᠤᠨ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠠᠭ᠋ᠠᠭ᠋ᠠᠴᠢᠯᠠᠯᠲᠠ ᠵᠠᠷᠯᠠᠨ ᠬᠤᠳᠠᠯᠳᠤᠨ ᠠᠪᠬᠤ ᠬᠠᠮᠢᠶᠠᠷᠤᠯᠲᠠ ᠵᠢᠨ ᠰᠢᠰᠲ᠋ᠧᠮ᠎ᠳᠤ ᠪᠠᠶ᠋ᠢᠴᠠᠭ᠋ᠠᠨ ᠦᠵᠡᠵᠦ ᠪᠣᠯᠤᠨ᠎ᠠ᠃
ᠳᠥᠷᠪᠡ᠂ ᠠᠵᠢᠯ᠎ᠤᠨ ᠠᠭᠤᠯᠭ᠎ᠠ
(ᠨᠢᠭᠡ) ᠬᠡᠷᠡᠭᠯᠡᠭᠴᠢ ᠳᠠᠩᠰᠠᠯᠠᠭᠤᠯᠬᠤ
1. ᠨᠢᠭᠡᠨᠲᠡ ᠰᠦᠯᠵᠢᠶᠡᠨ᠎ᠳᠤ ᠬᠤᠯᠪᠣᠭᠰᠠᠨ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ ᠤᠤᠯ᠎ᠤᠨ ᠬᠡᠷᠡᠭᠯᠡᠭᠴᠢ ᠵᠢᠨ ᠨᠡᠷ᠎ᠡ ᠨᠢᠭᠤᠴᠠ ᠺᠣᠳ᠋ ᠵᠶ᠋ᠠᠨ ᠦᠷᠭᠦᠯᠵᠢᠯᠡᠨ ᠬᠡᠷᠡᠭᠯᠡᠵᠦ ᠥᠪᠥᠷ ᠮᠣᠩᠭᠤᠯ᠎ᠤᠨ ᠡᠮ᠎ᠤᠨ ᠵᠦᠢ᠍ᠯ ᠪᠣᠯᠤᠨ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠠᠭ᠋ᠠᠭ᠋ᠠᠴᠢᠯᠠᠯᠲᠠ ᠵᠠᠷᠯᠠᠨ ᠬᠤᠳᠠᠯᠳᠤᠨ ᠠᠪᠬᠤ ᠬᠠᠮᠢᠶᠠᠷᠤᠯᠲᠠ ᠵᠢᠨ ᠰᠢᠰᠲ᠋ᠧᠮ᠎ᠳᠤ ᠣᠷᠣᠵᠤ ᠡᠮ᠎ᠤᠨ ᠵᠦᠢ᠍ᠯ᠎ᠤᠨ ᠮᠡᠳᠡᠭᠡ ᠵᠠᠩᠭᠢ᠎ᠪᠠᠨ ᠭᠤᠶᠤᠴᠢᠯᠠᠨ ᠮᠡᠳᠡᠭᠦᠯᠵᠦ᠂ ᠳᠠᠬᠢᠨ ᠳᠠᠩᠰᠠᠯᠠᠭᠤᠯᠬᠤ ᠴᠢᠬᠤᠯᠠ ᠥᠬᠡᠶ᠃
2. ᠰᠢᠨ᠎ᠡ᠎ᠪᠠᠷ ᠨᠡᠮᠡᠭᠳᠡᠭᠰᠡᠨ ᠰᠦᠯᠵᠢᠶᠡᠨ᠎ᠳᠤ ᠬᠤᠯᠪᠤᠭᠰᠠᠨ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠨᠢ ᠡᠷᠬᠡᠪᠰᠢ ᠥᠪᠥᠷ ᠮᠣᠩᠭᠤᠯ᠎ᠤᠨ ᠡᠮᠴᠢᠯᠡᠭᠡᠨ᠎ᠤ ᠪᠠᠲᠤᠯᠠᠭ᠎ᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ ᠵᠶ᠋ᠠᠷ ᠳᠡᠩᠰᠡᠯᠡᠵᠦ ᠭᠡᠷᠡᠴᠢᠯᠡᠬᠦ ᠬᠡᠷᠡᠭᠲᠡᠶ᠂ ᠭᠡᠷᠡᠴᠢᠯᠡᠯ᠎ᠢ ᠠᠮᠵᠢᠯᠲᠠ ᠣᠯᠤᠭᠰᠠᠨ᠎ᠤ ᠳᠠᠷᠠᠭ᠎ᠠ ᠥᠪᠥᠷ ᠮᠣᠩᠭᠤᠯ᠎ᠤᠨ ᠡᠮ᠎ᠤᠨ ᠵᠦᠢ᠍ᠯ ᠪᠣᠯᠤᠨ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠠᠭ᠋ᠠᠭ᠋ᠠᠴᠢᠯᠠᠯᠲᠠ ᠵᠠᠷᠯᠠᠨ ᠬᠤᠳᠠᠯᠳᠤᠨ ᠠᠪᠬᠤ ᠬᠠᠮᠢᠶᠠᠷᠤᠯᠲᠠ ᠵᠢᠨ ᠰᠢᠰᠲ᠋ᠧᠮ᠎ᠳᠤ ᠣᠷᠣᠵᠤ ᠡᠮ᠎ᠤᠨ ᠵᠦᠢ᠍ᠯ᠎ᠤᠨ ᠮᠡᠳᠡᠭᠡ ᠵᠠᠩᠭᠢ ᠵᠢ ᠮᠡᠳᠡᠭᠦᠯᠦᠨ᠎ᠡ᠃
ᠰᠣᠩᠭᠤᠭᠳᠠᠭᠰᠠᠨ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ ᠴᠠᠭ ᠲᠤᠬᠠᠶ᠎ᠳᠤᠨᠢ ᠪᠢᠴᠢᠭ ᠮᠠᠲ᠋ᠧᠷᠢᠶᠠᠯ᠎ᠤᠨ ᠳᠣᠤᠷ᠎ᠠ ᠲᠠᠯ᠎ᠠ ᠵᠢᠨ ᠬᠤᠶᠠᠷ ᠬᠡᠮᠵᠢᠯᠳᠦ ᠺᠣᠳ᠋᠎ᠢ ᠰᠢᠷᠪᠢᠵᠦ ᠵᠢᠷᠭᠤᠳᠤᠭ᠋ᠠᠷ ᠪᠦᠯᠦᠭ᠎ᠤᠨ ᠤᠯᠤᠰ᠎ᠤᠨ ᠲᠥᠪᠯᠡᠷᠡᠭᠦᠯᠦᠨ ᠬᠤᠳᠠᠯᠳᠤᠨ ᠠᠪᠬᠤ ᠨᠦᠢ᠍ᠷ᠎ᠤᠨ ᠠᠷᠠᠯ᠎ᠤᠨ ᠡᠳ᠋ ᠵᠢ ᠦᠷᠭᠦᠯᠵᠢᠯᠡᠭᠦᠯᠬᠦ ᠠᠵᠢᠯ᠎ᠤᠨ ᠴᠤᠭᠯᠠᠷᠠᠯ᠎ᠳᠤ ᠣᠷᠣᠵᠤ᠂ ᠴᠤᠭᠯᠠᠷᠠᠯ᠎ᠤᠨ ᠠᠯᠪᠠᠨ ᠵᠠᠷ᠎ᠤᠨ ᠱᠠᠭ᠋ᠠᠷᠳᠠᠯᠭ᠎ᠠ ᠶᠣᠰᠣᠭ᠋ᠠᠷ ᠬᠠᠮᠢᠶ᠎ᠠ ᠪᠥᠬᠦᠶ ᠠᠵᠢᠯ᠎ᠢ ᠵᠢᠷᠤᠮᠵᠢᠭᠤᠯᠤᠨ ᠥᠷᠨᠢᠭᠦᠯᠦᠨ᠎ᠡ᠃
(ᠬᠤᠶᠠᠷ) ᠡᠮ᠎ᠤᠨ ᠵᠦᠢ᠍ᠯ᠎ᠢ ᠮᠡᠳᠡᠭᠦᠯᠬᠦ
ᠰᠣᠩᠭᠤᠭᠳᠠᠭᠰᠠᠨ ᠠᠵᠤ ᠠᠬᠤᠶ᠋ᠢᠯᠠᠯ 2024 ᠣᠨ᠎ᠤ 6 ᠳ᠋ᠤᠭ᠋ᠠᠷ ᠰᠠᠷ᠎ᠠ ᠵᠢᠨ 20᠎ᠤ ᠡᠳᠦᠷ᠎ᠠᠴᠠ 6 ᠳ᠋ᠤᠭ᠋ᠠᠷ ᠰᠠᠷ᠎ᠠ ᠵᠢᠨ 23᠎ᠤ ᠡᠳᠦᠷ ᠪᠣᠯᠲᠠᠯ᠎ᠠ 《ᠥᠪᠥᠷ ᠮᠣᠩᠭᠤᠯ᠎ᠤᠨ ᠡᠮ᠎ᠤᠨ ᠵᠦᠢ᠍ᠯ ᠪᠣᠯᠤᠨ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠠᠭ᠋ᠠᠭ᠋ᠠᠴᠢᠯᠠᠯᠲᠠ ᠵᠠᠷᠯᠠᠨ ᠬᠤᠳᠠᠯᠳᠤᠨ ᠠᠪᠬᠤ ᠬᠠᠮᠢᠶᠠᠷᠤᠯᠲᠠ ᠵᠢᠨ ᠰᠢᠰᠲ᠋ᠧᠮ》 — 《ᠡᠮ᠎ᠤᠨ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠬᠤ ᠬᠠᠮᠢᠶᠠᠷᠤᠯᠲᠠ》 ᠵᠢᠨ ᠬᠡᠰᠡᠭ᠎ᠲᠤ ᠣᠷᠣᠵᠤ᠂ ᠬᠠᠮᠢᠶ᠎ᠠ ᠪᠥᠬᠦᠶ ᠰᠣᠩᠭᠤᠭᠳᠠᠭᠰᠠᠨ ᠡᠮ᠎ᠤᠨ ᠵᠦᠢ᠍ᠯ᠎ᠢ ᠭᠤᠶᠤᠴᠢᠯᠠᠨ ᠮᠡᠳᠡᠭᠦᠯᠵᠦ ᠰᠦᠯᠵᠢᠶᠡᠨ᠎ᠳᠤ ᠬᠣᠯᠪᠣᠬᠤ ᠵᠢ ᠪᠡᠶᠡᠯᠡᠭᠦᠯᠵᠦ᠂ ᠨᠢᠭᠡᠨᠲᠡ ᠰᠦᠯᠵᠢᠶᠡᠨ᠎ᠳᠤ ᠬᠤᠯᠪᠤᠭᠰᠠᠨ ᠡᠮ᠎ᠤᠨ ᠵᠦᠢ᠍ᠯ᠎ᠢ ᠭᠤᠶᠤᠴᠢᠯᠠᠨ ᠮᠡᠳᠡᠭᠦᠯᠬᠦ ᠴᠢᠬᠤᠯᠠ ᠥᠬᠡᠶ᠃
1. 《ᠬᠢᠷᠢ ᠬᠡᠮ᠎ᠤᠨ ᠬᠥᠮᠥᠷᠭᠡ ᠵᠢᠨ ᠬᠠᠮᠢᠶᠠᠷᠤᠯᠲᠠ》 — 《ᠮᠢᠨᠦ ᠠᠵᠤ ᠠᠬᠤᠶ᠋ᠢᠯᠠᠯ᠎ᠤᠨ ᠮᠡᠳᠡᠭᠡ ᠵᠠᠩᠭᠢ》 / 《ᠮᠢᠨᠤ ᠡᠮ᠎ᠤᠨ ᠵᠦᠢ᠍ᠯ᠎ᠤᠨ ᠬᠥᠮᠥᠷᠭᠡ》᠎ᠳᠤ ᠣᠷᠣᠵᠤ ᠠᠵᠤ ᠠᠬᠤᠶ᠋ᠢᠯᠠᠯ ᠵᠢᠴᠢ ᠡᠮ᠎ᠤᠨ ᠵᠦᠢ᠍ᠯ᠎ᠤᠨ ᠬᠢᠷᠢ ᠬᠡᠮ᠎ᠤᠨ ᠮᠡᠳᠡᠭᠡ ᠵᠠᠩᠭᠢ ᠵᠢ ᠬᠠᠮᠠᠭ᠋ᠠᠯᠠᠨ᠎ᠠ (ᠬᠢᠷᠢ ᠬᠡᠮ᠎ᠤᠨ ᠬᠥᠮᠥᠷᠭᠡ᠎ᠳᠠᠬᠢ ᠠᠵᠤ ᠠᠬᠤᠶ᠋ᠢᠯᠠᠯ᠎ᠤᠨ ᠮᠡᠳᠡᠭᠡ ᠵᠠᠩᠭᠢ ᠪᠠ ᠡᠮ᠎ᠤᠨ ᠵᠦᠢ᠍ᠯ᠎ᠤᠨ ᠮᠡᠳᠡᠭᠡ ᠵᠠᠩᠭᠢ ᠵᠢᠨ ᠬᠠᠮᠠᠭ᠋ᠠᠯᠠᠯᠲᠠ᠎ᠨᠢ 《ᠮᠡᠳᠡᠭᠦᠯᠬᠦ ᠴᠢᠬᠤᠯᠠᠲᠠᠶ ᠬᠦᠰᠦᠨᠦᠭᠲᠦ》 ᠪᠣᠯᠵᠤ ᠪᠦᠷᠢᠯᠳᠦᠨ᠎ᠡ)
2. 《ᠬᠥᠳᠡᠯᠦᠩᠭᠢ ᠲᠣᠬᠢᠷᠠᠭᠤᠯᠤᠯᠲᠠ ᠬᠠᠮᠢᠶᠠᠷᠤᠯᠲᠠ》 — 《ᠡᠮ᠎ᠤᠨ ᠵᠦᠢ᠍ᠯ᠎ᠢ ᠭᠤᠶᠤᠴᠢᠯᠠᠨ ᠮᠡᠳᠡᠭᠦᠯᠬᠦ》᠎ᠳᠤ ᠣᠷᠣᠵᠤ᠂ 《ᠤᠯᠤᠰ᠎ᠤᠨ ᠬᠡᠮᠵᠢᠶ᠎ᠡ᠎ᠲᠠᠢ᠎ᠪᠠᠷ ᠬᠤᠳᠠᠯᠳᠤᠨ ᠠᠪᠬᠤ》 ᠵᠢᠨ ᠳᠠᠭ᠋ᠠᠭ᠋ᠠᠴᠢᠯᠠᠯᠲᠠ ᠵᠠᠷᠯᠠᠬᠤ ᠲᠦᠷᠦᠯ ᠵᠦᠢ᠍ᠯ᠎ᠤᠨ ᠨᠡᠪᠲᠡᠷᠡᠬᠦ ᠵᠠᠮ᠎ᠤᠨ 《ᠦᠢ᠍ᠯᠡᠳᠬᠦᠨ᠎ᠢ ᠭᠤᠶᠤᠴᠢᠯᠠᠨ ᠮᠡᠳᠡᠭᠦᠯᠬᠦ》 ᠵᠢ ᠳᠠᠷᠤᠵᠤ᠂ 《ᠭᠤᠶᠤᠴᠢᠯᠠᠨ ᠮᠡᠳᠡᠭᠦᠯᠬᠦ᠎ᠪᠠᠷ ᠪᠠᠢ᠌ᠭ᠎ᠠ ᠬᠦᠰᠦᠨᠦᠭᠲᠦ》᠎ᠳᠤ ᠭᠤᠶᠤᠴᠢᠯᠠᠨ ᠮᠡᠳᠡᠭᠦᠯᠬᠦ ᠴᠢᠬᠤᠯᠠᠲᠠᠢ ᠡᠮ᠎ᠤᠨ ᠵᠦᠢ᠍ᠯ᠎ᠢ ᠰᠤᠩᠭᠤᠵᠤ᠂ ᠦᠨ᠎ᠡ ᠬᠠᠩᠰᠢ ᠵᠢᠴᠢ ᠡᠷᠬᠡ ᠣᠯᠭᠤᠭᠰᠠᠨ ᠡᠷᠬᠡᠲᠦ ᠬᠦᠮᠦᠨ᠎ᠤ ᠬᠠᠮᠢᠶ᠎ᠠ ᠪᠦᠬᠦᠢ ᠮᠡᠳᠡᠭᠡ ᠵᠠᠩᠭᠢ ᠵᠢ ᠲᠠᠭᠯᠠᠨ ᠮᠡᠳᠡᠭᠦᠯᠵᠦ᠂ ᠡᠷᠬᠡ ᠣᠯᠭᠤᠭᠰᠠᠨ ᠭᠡᠷᠡᠴᠢ ᠪᠢᠴᠢᠭ ᠮᠠᠲ᠋ᠧᠷᠢᠶᠠᠯ᠎ᠢ ᠵᠡᠷᠭᠡ᠎ᠪᠠᠷ ᠳᠡᠭᠡᠭᠰᠢ ᠳᠠᠮᠵᠢᠭᠤᠯᠵᠤ᠂ ᠮᠡᠳᠡᠭᠡ ᠵᠠᠩᠭᠢ᠎ᠨᠢ ᠵᠥᠪ ᠣᠨᠤᠪᠴᠢᠲᠠᠢ ᠪᠤᠷᠤᠭᠤ ᠦᠭᠡᠢ ᠪᠣᠯ ᠲᠤᠰᠢᠶᠠᠵᠤ᠂ ᠮᠡᠳᠡᠭᠡ ᠵᠠᠩᠭᠢ ᠵᠢ ᠲᠤᠰᠢᠶᠠᠭᠰᠠᠨ᠎ᠤ ᠳᠠᠷᠠᠭ᠎ᠠ ᠪᠤᠴᠠᠭ᠋ᠠᠬᠤ ᠦᠭᠡᠢ᠂ ᠵᠠᠰᠠᠪᠤᠷᠢ ᠣᠷᠣᠭᠤᠯᠬᠤ ᠦᠭᠡᠢ᠃
(ᠭᠤᠷᠪᠠ) ca ᠳ᠋ᠢᠬᠢᠲ ᠦᠨᠡᠮᠯᠡᠯ᠎ᠢ ᠭᠦᠢ᠍ᠴᠡᠳᠬᠡᠬᠦ᠃ ᠰᠣᠩᠭᠤᠭᠳᠠᠭᠰᠠᠨ ᠠᠵᠤ ᠠᠬᠤᠶ᠋ᠢᠯᠠᠯ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ca ᠲᠠᠮᠠᠭ᠎ᠠ ᠳᠠᠷᠤᠭᠰᠠᠨ ᠮᠡᠳᠡᠭᠡ ᠵᠠᠩᠭᠢ ᠴᠤᠭᠯᠠᠭᠤᠯᠬᠤ ᠲᠠᠪᠴᠠᠩ》᠎ᠳᠤ ᠣᠷᠣᠵᠤ᠂ ca ᠳ᠋ᠢᠬᠢᠲ ᠦᠨᠡᠮᠯᠡᠯ ᠭᠦᠢ᠍ᠴᠡᠳᠬᠡᠬᠦ ᠶᠠᠪᠤᠴᠠ ᠵᠢᠨ ᠶᠣᠰᠣᠭ᠋ᠠᠷ᠂ ᠥᠪᠥᠷ ᠮᠣᠩᠭᠤᠯ᠎ᠤᠨ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠠᠭ᠋ᠠᠭ᠋ᠠᠴᠢᠯᠠᠯᠲᠠ ᠵᠠᠷᠯᠠᠨ ᠬᠤᠳᠠᠯᠳᠤᠨ ᠠᠪᠬᠤ ᠬᠠᠮᠢᠶᠠᠷᠤᠯᠲᠠ ᠵᠢᠨ ᠰᠢᠰᠲ᠋ᠧᠮ᠎ᠤᠨ ca ᠳ᠋ᠢᠬᠢᠲ ᠦᠨᠡᠮᠯᠡᠯ᠎ᠢ ᠭᠤᠶᠤᠴᠢᠯᠠᠨ᠎ᠠ᠃
(ᠳᠥᠷᠪᠡ) ᠨᠠᠢ᠌ᠳᠠᠵᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠮᠡᠳᠡᠭᠦᠯᠦᠨ ᠬᠦᠷᠭᠡᠬᠦ᠃ ᠰᠣᠩᠭᠤᠭᠳᠠᠭᠰᠠᠨ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠨᠢ ᠡᠷᠬᠡᠪᠰᠢ ᠱᠠᠭ᠋ᠠᠷᠳᠠᠯᠭ᠎ᠠ ᠶᠣᠰᠣᠭ᠋ᠠᠷ 2024 ᠣᠨ᠎ᠤ 6 ᠳ᠋ᠤᠭ᠋ᠠᠷ ᠰᠠᠷ᠎ᠠ ᠵᠢᠨ 20᠎ᠤ ᠡᠳᠦᠷ᠎ᠠᠴᠠ 6 ᠳ᠋ᠤᠭ᠋ᠠᠷ ᠰᠠᠷ᠎ᠠ ᠵᠢᠨ 25᠎ᠤ ᠡᠳᠦᠷ᠎ᠠᠴᠠ ᠡᠮᠦᠨ᠎ᠡ ᠨᠠᠢ᠌ᠳᠠᠵᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠮᠠᠲ᠋ᠧᠷᠢᠶᠠᠯ᠎ᠢ ᠮᠡᠳᠡᠭᠦᠯᠦᠨ ᠬᠦᠷᠭᠡᠬᠦ ᠬᠡᠷᠡᠭᠲᠡᠶ (ᠳᠠᠭ᠋ᠠᠯᠳᠤᠭᠤᠯᠤᠯ 3)᠃
(ᠲᠠᠪᠤ) ᠲᠣᠬᠢᠷᠠᠭᠤᠯᠤᠨ ᠬᠦᠷᠭᠡᠬᠦ ᠬᠠᠷᠢᠴᠠᠭ᠎ᠠ ᠪᠠᠶ᠋ᠢᠭᠤᠯᠬᠤ᠃ 2024 ᠣᠨ᠎ᠤ 6 ᠳ᠋ᠤᠭ᠋ᠠᠷ ᠰᠠᠷ᠎ᠠ ᠵᠢᠨ 26᠎ᠤ ᠡᠳᠦᠷ᠎ᠠᠴᠠ ᠡᠬᠢᠯᠡᠨ ᠰᠣᠩᠭᠤᠭᠳᠠᠭᠰᠠᠨ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ ᠬᠢᠭᠡᠳ ᠲᠡᠭᠦᠨ᠎ᠤ ᠨᠠᠶ᠋ᠢᠳᠠᠭᠰᠠᠨ ᠲᠣᠬᠢᠷᠠᠭᠤᠯᠤᠨ ᠬᠦᠷᠭᠡᠬᠦ ᠠᠵᠤ ᠠᠬᠤᠶ᠋ᠢᠯᠠᠯ ᠥᠪᠥᠷ ᠮᠣᠩᠭᠤᠯ᠎ᠤᠨ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠠᠭ᠋ᠠᠭ᠋ᠠᠴᠢᠯᠠᠯᠲᠠ ᠵᠠᠷᠯᠠᠨ ᠬᠤᠳᠠᠯᠳᠤᠨ ᠠᠪᠬᠤ ᠬᠠᠮᠢᠶᠠᠷᠤᠯᠲᠠ ᠵᠢᠨ ᠰᠢᠰᠲ᠋ᠧᠮ᠎ᠤᠨ 《ᠡᠮ᠎ᠤᠨ ᠵᠦᠢ᠍ᠯ᠎ᠤᠨ ᠠᠷᠠᠯᠵᠢᠶᠠᠨ᠎ᠤ ᠳ᠋ᠦᠩᠨᠡᠨ ᠪᠣᠳᠣᠯᠲᠠ》 ᠵᠢᠨ ᠬᠡᠰᠡᠭ᠎ᠲᠠᠬᠢ 《ᠳᠣᠭᠢᠷᠠᠭᠤᠯᠤᠨ ᠬᠦᠷᠭᠡᠬᠦ ᠬᠠᠷᠢᠴᠠᠭ᠋ᠠᠨ᠎ᠤ ᠬᠠᠮᠢᠶᠠᠷᠤᠯᠲᠠ》᠎ᠳᠤ ᠣᠷᠣᠵᠤ ᠲᠣᠬᠢᠷᠠᠭᠤᠯᠤᠨ ᠬᠦᠷᠭᠡᠬᠦ ᠬᠠᠷᠢᠴᠠᠭ᠎ᠠ ᠪᠠᠢ᠌ᠭᠤᠯᠤᠨ᠂ ᠡᠮᠴᠢᠯᠡᠭᠡᠨ᠎ᠤ ᠪᠠᠢ᠌ᠭᠤᠯᠤᠮᠵᠢ᠎ᠠᠴᠠ ᠰᠣᠩᠭᠣᠭᠳᠠᠭᠰᠠᠨ ᠡᠮ᠎ᠤᠨ ᠵᠦᠢ᠍ᠯᠡᠰ᠎ᠢ ᠪᠠᠢ᠌ᠩᠭᠤ ᠬᠤᠳᠠᠯᠳᠤᠨ ᠠᠪᠬᠤ ᠭᠠᠷᠴᠠᠭ᠎ᠲᠤ ᠣᠷᠣᠭᠤᠯᠬᠤ ᠵᠢᠨ ᠬᠠᠮᠲᠤ ᠰᠣᠩᠭᠣᠭᠳᠠᠭᠰᠠᠨ ᠡᠮ᠎ᠤᠨ ᠵᠦᠢ᠍ᠯᠡᠰ᠎ᠲᠤ ᠨᠢᠭᠡᠨᠲᠡ ᠲᠣᠬᠢᠷᠠᠭᠤᠯᠤᠨ ᠬᠦᠷᠭᠡᠬᠦ ᠬᠠᠷᠢᠴᠠᠭ᠎ᠠ ᠪᠠᠢ᠌ᠭᠤᠯᠤᠭᠰᠠᠨ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠠᠴᠠ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠢ ᠰᠣᠩᠭᠣᠨ ᠲᠣᠭᠲᠠᠭ᠋ᠠᠨ᠎ᠠ᠃
(ᠵᠢᠷᠭᠤᠭ᠎ᠠ) ᠡᠯᠧᠺᠲᠷᠣᠨ ᠬᠡᠯᠡᠯᠴᠡᠭᠡᠷ ᠲᠣᠭᠲᠠᠭ᠋ᠠᠬᠤ᠃ ᠡᠯ᠎ᠡ ᠨᠢᠭᠡᠴᠢ 2024 ᠣᠨ᠎ᠤ 6 ᠳ᠋ᠤᠭ᠋ᠠᠷ ᠰᠠᠷ᠎ᠠ ᠵᠢᠨ 26᠎ᠤ ᠡᠳᠦᠷ᠎ᠠᠴᠠ ᠡᠬᠢᠯᠡᠨ ᠥᠪᠥᠷ ᠮᠣᠩᠭᠤᠯ᠎ᠤᠨ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠠᠭ᠋ᠠᠭ᠋ᠠᠴᠢᠯᠠᠯᠲᠠ ᠵᠠᠷᠯᠠᠨ ᠬᠤᠳᠠᠯᠳᠤᠨ ᠠᠪᠬᠤ ᠬᠠᠮᠢᠶᠠᠷᠤᠯᠲᠠ ᠵᠢᠨ ᠰᠢᠰᠲ᠋ᠧᠮ᠎ᠤᠨ 《ᠡᠮ᠎ᠤᠨ ᠵᠦᠢ᠍ᠯ᠎ᠤᠨ ᠠᠷᠠᠯᠵᠢᠶᠠᠨ᠎ᠤ ᠳ᠋ᠦᠩᠨᠡᠨ ᠪᠣᠳᠣᠯᠲᠠ》᠎ᠳᠤ ᠣᠷᠣᠵᠤ ᠬᠡᠯᠡᠯᠴᠡᠭᠡᠷ ᠲᠣᠭᠲᠠᠬᠤ ᠠᠵᠢᠯ᠎ᠢ ᠥᠷᠨᠢᠭᠦᠯᠦᠨ᠎ᠡ᠃ ᠡᠮᠴᠢᠯᠡᠭᠡᠨ᠎ᠤ ᠪᠠᠶ᠋ᠢᠭᠤᠯᠤᠮᠵᠢ᠎ᠨᠢ ᠲᠣᠰ ᠲᠣᠰ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ᠎ᠲᠠᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠤᠨ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠬᠢᠭᠡᠳ ᠡᠮ ᠡᠮᠨᠡᠯᠭᠡ ᠵᠢᠨ ᠠᠵᠤ ᠠᠬᠤᠶ᠋ᠢᠯᠠᠯ᠎ᠤᠨ ᠰᠢᠭᠤᠳ ᠳ᠋ᠦᠩᠨᠡᠨ ᠪᠤᠳᠤᠬᠤ ᠨᠠᠢ᠌ᠳᠠᠯᠭ᠎ᠠ (ᠡᠯᠧᠺᠲᠷᠣᠨ) ᠵᠢᠨ ᠬᠡᠯᠡᠯᠴᠡᠭᠡᠷ》᠎ᠢ ᠲᠣᠭᠲᠠᠭ᠋ᠠᠵᠤ᠂ ᠰᠣᠩᠭᠤᠭᠳᠠᠭᠰᠠᠨ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ ᠵᠢᠴᠢ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠤᠨ ᠨᠠᠢ᠌ᠳᠠᠭᠰᠠᠨ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠲᠠᠢ 《ᠬᠡᠮᠵᠢᠶ᠎ᠡ᠎ᠲᠠᠢ᠎ᠪᠠᠷ ᠡᠮ᠎ᠤᠨ ᠵᠦᠢ᠍ᠯ᠎ᠢ ᠬᠤᠳᠠᠯᠳᠤᠨ ᠠᠪᠬᠤ ᠪᠠ ᠪᠣᠷᠣᠯᠠᠭᠤᠯᠬᠤ ᠭᠤᠷᠪᠠᠨ ᠲᠠᠯ᠎ᠠ ᠵᠢᠨ ᠬᠡᠯᠡᠯᠴᠡᠭᠡᠷ》᠎ᠢ ᠲᠣᠭᠲᠠᠭ᠋ᠠᠵᠤ᠂ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠤᠨ ᠨᠠᠢ᠌ᠳᠠᠭᠰᠠᠨ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠂ ᠨᠢᠭᠡᠳᠦᠯᠲᠡᠶ ᠲᠥᠯᠥᠪᠯᠡᠬᠦ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠭᠠᠷᠲᠠᠨ ᠭᠦᠢ᠍ᠴᠡᠳᠭᠡᠬᠦ ᠪᠠᠢ᠌ᠭᠤᠯᠤᠮᠵᠢ ᠵᠢᠴᠢ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ᠎ᠯᠦᠭᠡ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠤᠨ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠬᠢᠭᠡᠳ ᠡᠮ ᠡᠮᠨᠡᠯᠭᠡ ᠵᠢᠨ ᠠᠵᠤ ᠠᠬᠤᠶ᠋ᠢᠯᠠᠯ᠎ᠤᠨ ᠰᠢᠭᠤᠳ ᠳ᠋ᠦᠩᠨᠡᠨ ᠪᠤᠳᠤᠬᠤ (ᠡᠯᠧᠺᠲᠷᠣᠨ) ᠬᠡᠯᠡᠯᠴᠡᠭᠡᠷ》 ᠲᠣᠭᠲᠠᠨ᠎ᠠ᠂ ᠡᠭᠦᠨ᠎ᠳᠤ ᠡᠮᠴᠢᠯᠡᠭᠡᠨ᠎ᠤ ᠪᠠᠶ᠋ᠢᠭᠤᠯᠤᠮᠵᠢ ᠬᠢᠭᠡᠳ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ᠎ᠲᠠᠢ ᠨᠢᠭᠡᠨᠲᠡ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠤᠨ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠬᠢᠭᠡᠳ ᠡᠮ ᠡᠮᠨᠡᠯᠭᠡ ᠵᠢᠨ ᠠᠵᠤ ᠠᠬᠤᠶ᠋ᠢᠯᠠᠯ᠎ᠤᠨ ᠰᠢᠭᠤᠳ ᠳ᠋ᠦᠩᠨᠡᠨ ᠪᠤᠳᠤᠬᠤ ᠨᠠᠢ᠌ᠳᠠᠯᠭ᠎ᠠ (ᠡᠯᠧᠺᠲᠷᠣᠨ) ᠵᠢᠨ ᠬᠡᠯᠡᠯᠴᠡᠭᠡᠷ》 ᠲᠣᠭᠲᠠᠭᠰᠠᠨ᠎ᠨᠢ ᠳᠠᠬᠢᠨ ᠲᠣᠭᠲᠠᠬᠤ ᠴᠢᠬᠤᠯᠠ ᠦᠭᠡᠢ᠃
(ᠳᠤᠯᠤᠭ᠎ᠠ) ᠬᠤᠳᠠᠯᠳᠤᠨ ᠠᠪᠬᠤ ᠪᠠᠷᠠᠭ᠎ᠠ ᠵᠢᠨ ᠵᠣᠭᠣᠰ᠎ᠢ ᠤᠷᠢᠳᠴᠢᠯᠠᠨ ᠰᠠᠯᠭ᠋ᠠᠨ ᠥᠭᠬᠦ᠃ ᠮᠠᠨ᠎ᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠬᠢᠭᠡᠳ ᠡᠮ ᠡᠮᠨᠡᠯᠭᠡ ᠵᠢᠨ ᠠᠵᠤ ᠠᠬᠤᠶ᠋ᠢᠯᠠᠯ᠎ᠤᠨ ᠰᠢᠭᠤᠳ ᠳ᠋ᠦᠩᠨᠡᠨ ᠪᠤᠳᠤᠬᠤ ᠱᠠᠭ᠋ᠠᠷᠳᠠᠯᠭ᠎ᠠ ᠶᠣᠰᠣᠭ᠋ᠠᠷ᠂ ᠡᠯ᠎ᠡ ᠨᠢᠭᠡᠳᠦᠯᠲᠡᠶ ᠲᠥᠯᠥᠪᠯᠡᠬᠦ ᠣᠷᠣᠨ᠎ᠨᠢ ᠮᠠᠨ᠎ᠤ ᠲᠥᠪ᠎ᠤᠨ ᠪᠠᠭᠤᠯᠭ᠋ᠠᠭᠰᠠᠨ ᠪᠠᠷᠠᠭ᠋ᠠᠨ᠎ᠤ ᠵᠣᠭᠤᠰ᠎ᠢ ᠤᠷᠢᠳᠴᠢᠯᠠᠨ ᠰᠠᠯᠭ᠋ᠠᠨ ᠥᠭᠬᠦ ᠵᠠᠬᠢᠳᠠᠯ᠎ᠢ ᠦᠨᠳᠦᠰᠦᠯᠡᠨ ᠰᠣᠩᠭᠣᠭᠳᠠᠭᠰᠠᠨ ᠡᠮ᠎ᠤᠨ ᠵᠦᠢ᠍ᠯ᠎ᠤᠨ ᠪᠠᠷᠠᠭ᠋ᠠᠨ᠎ᠤ ᠵᠣᠭᠤᠰ᠎ᠢ ᠴᠠᠭ ᠲᠤᠬᠠᠶ᠎ᠳᠤᠨᠢ ᠤᠷᠢᠳᠴᠢᠯᠠᠨ ᠰᠠᠯᠭ᠋ᠠᠨ ᠥᠭᠴᠦ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠤᠷᠢᠳᠴᠢᠯᠠᠨ ᠰᠠᠯᠭ᠋ᠠᠨ ᠥᠭᠬᠦ ᠪᠠᠷᠠᠭ᠋ᠠᠨ᠎ᠤ ᠵᠣᠭᠤᠰ᠎ᠤᠨ ᠲᠤᠭ᠎ᠠ ᠬᠡᠮᠵᠢᠶ᠎ᠡ ᠵᠢᠨ ᠳᠣᠲᠣᠷ᠎ᠠ ᠬᠤᠳᠠᠯᠳᠤᠨ ᠠᠪᠬᠤ ᠵᠢ ᠦᠨᠡᠨ ᠬᠦ᠌ ᠪᠠᠲᠤᠯᠠᠨ᠎ᠠ᠃
ᠲᠠᠪᠤ᠂ ᠬᠤᠳᠠᠯᠳᠤᠨ ᠠᠪᠬᠤ ᠱᠠᠭ᠋ᠠᠷᠳᠠᠯᠭ᠎ᠠ
(ᠨᠢᠭᠡ) ᠬᠤᠳᠠᠯᠳᠤᠨ ᠠᠪᠬᠤ ᠪᠠ ᠬᠥᠮᠥᠷᠭᠡ᠎ᠳᠤ ᠣᠷᠣᠭᠤᠯᠬᠤ᠃ ᠡᠮᠴᠢᠯᠡᠭᠡᠨ᠎ᠤ ᠪᠠᠶ᠋ᠢᠭᠤᠯᠤᠮᠵᠢ᠎ᠨᠢ ᠪᠣᠳᠠᠲᠠᠶ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠰᠦᠯᠵᠢᠶ᠎ᠡ᠎ᠪᠠᠷ ᠳᠠᠮᠵᠢᠭᠤᠯᠤᠨ ᠰᠣᠩᠭᠣᠭᠳᠠᠭᠰᠠᠨ ᠡᠮ᠎ᠤᠨ ᠵᠦᠢ᠍ᠯ᠎ᠢ ᠬᠤᠳᠠᠯᠳᠤᠨ ᠠᠪᠬᠤ ᠵᠢᠨ ᠬᠠᠮᠲᠤ ᠪᠠᠷᠢᠮᠲᠠ ᠵᠢ ᠬᠢᠨᠠᠨ ᠰᠢᠯᠭ᠋ᠠᠵᠤ᠂ ᠪᠠᠷᠢᠮᠲᠠ ᠪᠠᠷᠠᠭ᠎ᠠ ᠬᠠᠷᠢᠯᠴᠠᠨ ᠨᠡᠶ᠋ᠢᠴᠡᠭᠰᠡᠨ ᠪᠠᠶ᠋ᠢᠪᠠᠯ ᠴᠠᠭ ᠲᠤᠬᠠᠶ᠎ᠳᠤᠨᠢ ᠰᠢᠯᠭ᠋ᠠᠨ ᠠᠪᠴᠤ ᠬᠥᠮᠥᠷᠭᠡ᠎ᠳᠤ ᠣᠷᠣᠭᠤᠯᠬᠤ ᠬᠡᠷᠡᠭᠲᠡᠶ᠃ ᠰᠣᠩᠭᠤᠭᠳᠠᠭᠰᠠᠨ ᠡᠮ᠎ᠤᠨ ᠵᠦᠢ᠍ᠯ᠎ᠢ ᠬᠤᠳᠠᠯᠳᠤᠨ ᠠᠪᠬᠤ᠎ᠳᠠᠭᠠᠨ ᠵᠠᠷᠴᠢᠮ ᠳᠡᠭᠡᠷ᠎ᠡ᠎ᠪᠠᠨ ᠪᠠᠷᠠᠭ᠎ᠠ ᠪᠤᠴᠠᠭ᠋ᠠᠬᠤ ᠵᠢ ᠵᠥᠪᠰᠢᠶᠡᠷᠡᠬᠦ ᠦᠭᠡᠢ (ᠣᠨᠴᠠᠭ᠋ᠠᠢ ᠪᠠᠢ᠌ᠳᠠᠯ᠎ᠠᠴᠠ ᠭᠠᠳᠠᠨ᠎ᠠ)᠃
(ᠬᠤᠶᠠᠷ) ᠡᠮ᠎ᠤᠨ ᠵᠦᠢ᠍ᠯᠡᠰ ᠵᠢ ᠲᠣᠬᠢᠷᠠᠭᠤᠯᠤᠨ ᠬᠦᠷᠭᠡᠬᠦ᠃ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ ᠪᠣᠯ ᠡᠮ᠎ᠤᠨ ᠵᠦᠢ᠍ᠯᠡᠰ᠎ᠢ ᠬᠠᠩᠭ᠋ᠠᠵᠤ ᠲᠣᠬᠢᠷᠠᠭᠤᠯᠤᠨ ᠬᠦᠷᠭᠡᠬᠦ ᠨᠢᠭᠡᠳᠦᠭᠡᠷ ᠬᠠᠷᠢᠭᠤᠴᠠᠯᠭ᠋ᠠᠲᠠᠨ ᠪᠣᠯᠬᠣᠷ᠂ ᠡᠮ᠎ᠤᠨ ᠵᠦᠢ᠍ᠯᠡᠰ᠎ᠢ ᠴᠠᠭ ᠲᠤᠬᠠᠶ᠎ᠳᠤᠨᠢ ᠭᠦᠢ᠍ᠴᠡᠳ ᠬᠠᠩᠭ᠋ᠠᠬᠤ ᠵᠢ ᠪᠠᠲᠤᠯᠠᠬᠤ ᠬᠡᠷᠡᠭᠲᠡᠶ᠃ ᠡᠮ᠎ᠤᠨ ᠵᠦᠢ᠍ᠯ ᠦᠢ᠍ᠯᠡᠳᠪᠦᠷᠢᠯᠡᠬᠦ ᠪᠤᠶᠤ ᠲᠣᠬᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠨᠢ ᠬᠤᠳᠠᠯᠳᠤᠨ ᠠᠪᠬᠤ ᠵᠠᠬᠢᠶᠠᠯᠠᠭ᠎ᠠ ᠵᠢᠨ ᠬᠠᠭᠤᠳᠠᠰᠤ ᠵᠢ ᠬᠦᠯᠢᠶᠡᠨ ᠠᠪᠤᠭᠰᠠᠨ᠎ᠠᠴᠠ ᠡᠬᠢᠯᠡᠨ᠂ 72 ᠴᠠᠭ᠎ᠤᠨ ᠳᠣᠲᠣᠷ᠎ᠠ ᠴᠠᠭ ᠲᠤᠬᠠᠶ᠎ᠳᠤᠨᠢ ᠭᠦᠢ᠍ᠴᠡᠳ ᠵᠣᠬᠢᠶᠠᠨ ᠪᠠᠶ᠋ᠢᠭᠤᠯᠵᠤ ᠲᠣᠬᠢᠷᠠᠭᠤᠯᠤᠨ ᠬᠦᠷᠭᠡᠬᠦ ᠬᠡᠷᠡᠭᠲᠡᠢ᠃ ᠡᠮ᠎ᠤᠨ ᠵᠦᠢ᠍ᠯ ᠦᠢ᠍ᠯᠡᠳᠪᠦᠷᠢᠯᠡᠬᠦ ᠪᠤᠶᠤ ᠲᠣᠬᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠨᠢ ᠡᠮ᠎ᠤᠨ ᠵᠦᠢ᠍ᠯ᠎ᠢ ᠲᠣᠬᠢᠷᠠᠭᠤᠯᠤᠨ ᠬᠦᠷᠭᠡᠬᠦ ᠦᠶ᠎ᠡ᠎ᠳᠤ ᠪᠠᠷᠠᠭ᠎ᠠ ᠪᠠᠷᠢᠮᠲᠠ ᠵᠢ ᠬᠠᠮᠲᠤᠳᠤᠨᠢ ᠶᠠᠪᠤᠭᠤᠯᠵᠤ᠂ ᠪᠠᠷᠢᠮᠲᠠ ᠵᠢᠨ ᠮᠡᠳᠡᠭᠡ ᠵᠠᠩᠭᠢ ᠵᠢ ᠴᠠᠭ ᠲᠤᠬᠠᠶ᠎ᠳᠤᠨᠢ ᠰᠢᠰᠲ᠋ᠧᠮ᠎ᠳᠤ ᠳᠠᠮᠵᠢᠭᠤᠯᠬᠤ ᠬᠡᠷᠡᠭᠲᠡᠶ ᠪᠥᠭᠡᠳ ᠪᠠᠷᠢᠮᠲᠠ᠎ᠳᠤ ᠪᠤᠰᠤᠳ ᠰᠣᠩᠭᠣᠭᠳᠠᠭᠰᠠᠨ ᠦᠭᠡᠢ ᠡᠮ᠎ᠤᠨ ᠵᠦᠢ᠍ᠯ᠎ᠢ ᠬᠣᠯᠢᠵᠤ ᠣᠷᠣᠭᠤᠯᠵᠤ ᠪᠣᠯᠬᠤ ᠦᠭᠡᠶ᠃
(ᠭᠤᠷᠪᠠ) ᠪᠠᠷᠠᠭ᠋ᠠᠨ᠎ᠤ ᠵᠣᠭᠣᠰ᠎ᠢ ᠳ᠋ᠦᠩᠨᠡᠨ ᠪᠣᠳᠣᠬᠤ᠃ ᠰᠣᠩᠭᠣᠭᠳᠠᠭᠰᠠᠨ ᠡᠮ᠎ᠤᠨ ᠵᠦᠢ᠍ᠯ᠎ᠢ ᠬᠦᠮᠦᠷᠭᠡ᠎ᠳᠤ ᠤᠷᠤᠭᠤᠯᠤᠭᠰᠠᠨ᠎ᠤ ᠳᠠᠷᠠᠭ᠎ᠠ ᠰᠢᠰᠲ᠋ᠧᠮ᠎ᠨᠢ ᠳ᠋ᠦᠩᠨᠡᠨ ᠪᠤᠳᠤᠬᠤ ᠬᠠᠭᠤᠳᠠᠰᠤ ᠵᠢ ᠠᠶᠠᠨᠳᠠᠭ᠋ᠠᠨ ᠪᠣᠢ ᠪᠣᠯᠭ᠋ᠠᠵᠤ᠂ ᠡᠮᠴᠢᠯᠡᠭᠡᠨ᠎ᠤ ᠪᠠᠶ᠋ᠢᠭᠤᠯᠤᠮᠵᠢ᠎ᠨᠢ 15 ᠡᠳᠦᠷ᠎ᠤᠨ ᠳᠣᠲᠤᠷ᠎ᠠ ᠡᠳ᠋᠎ᠤᠨ ᠶᠠᠪᠤᠳᠠᠯ᠎ᠤᠨ ᠲᠠᠮᠠᠭ᠎ᠠ ᠪᠠ ᠬᠠᠤᠯᠢ ᠵᠢᠨ ᠡᠷᠬᠡᠲᠡᠨ᠎ᠤ ᠲᠠᠮᠠᠭ᠎ᠠ ᠵᠢ ᠳᠠᠷᠤᠵᠤ᠂ ᠲᠣᠭᠲᠠᠭᠰᠠᠨ ᠬᠤᠭᠤᠴᠠᠭ᠋ᠠᠨ᠎ᠳᠤ ᠲᠠᠮᠠᠭ᠎ᠠ ᠳᠠᠷᠤᠭᠰᠠᠨ ᠦᠭᠡᠢ ᠪᠣᠯ ᠰᠢᠰᠲ᠋ᠧᠮ ᠵᠶ᠋ᠠᠷ ᠳ᠋ᠦᠩᠨᠡᠨ ᠪᠣᠳᠣᠯᠲᠠ᠎ᠳᠤ ᠠᠶᠠᠨᠳᠠᠭ᠋ᠠᠨ ᠣᠷᠣᠭᠤᠯᠤᠨ᠎ᠠ; ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ᠎ᠠᠴᠠ ᠰᠣᠩᠭᠣᠭᠳᠠᠭᠰᠠᠨ ᠡᠮ᠎ᠤᠨ ᠵᠦᠢ᠍ᠯ᠎ᠢ ᠬᠦᠮᠦᠷᠭᠡ᠎ᠳᠤ ᠣᠷᠣᠭᠤᠯᠤᠭᠰᠠᠨ᠎ᠤ ᠳᠠᠷᠠᠭ᠎ᠠ 30 ᠡᠳᠦᠷ᠎ᠤᠨ ᠳᠣᠲᠤᠷ᠎ᠠ ᠵᠣᠭᠣᠰ ᠥᠭᠬᠦ ᠵᠢ ᠦᠨᠡᠨ ᠬᠦ᠌ ᠪᠠᠲᠤᠯᠠᠵᠤ᠂ ᠡᠯ᠎ᠡ ᠬᠠᠮᠢᠶ᠎ᠠ ᠪᠦᠬᠦᠢ ᠨᠢᠭᠡᠴᠢ᠎ᠠᠴᠠ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠳ᠋ᠦᠩᠨᠡᠨ ᠪᠤᠳᠤᠬᠤ ᠰᠢᠰᠲ᠋ᠧᠮ᠎ᠳᠤ ᠪᠠᠩᠬᠢ ᠵᠢᠨ ᠭᠠᠷᠭ᠋ᠠᠭᠰᠠᠨ ᠡᠯ᠎ᠡ ᠲᠥᠷᠥᠯ᠎ᠤᠨ ᠬᠠᠷᠢᠭᠤ ᠬᠠᠭᠤᠳᠠᠰᠤ ᠵᠢ ᠪᠠᠭᠤᠯᠭ᠋ᠠᠨ ᠲᠣᠰ ᠪᠦᠷᠢ ᠬᠠᠷᠠᠭ᠋ᠠᠯᠵᠠᠭᠰᠠᠨ ᠳᠠᠩᠰᠠᠨ᠎ᠤ ᠶᠠᠪᠤᠳᠠᠯ᠎ᠢ ᠰᠢᠢ᠍ᠳᠪᠦᠷᠢᠯᠡᠵᠦ ᠪᠣᠯᠣᠨ᠎ᠠ᠃
ᠳᠠᠭ᠋ᠠᠯᠳᠤᠭᠤᠯᠤᠯ᠄
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ
2024 ᠣᠨ᠎ᠤ 6 ᠳ᠋ᠤᠭ᠋ᠠᠷ ᠰᠠᠷ᠎ᠠ ᠵᠢᠨ 20᠎ᠤ ᠡᠳᠦᠷ