ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠯᠪᠠᠨ ᠨᠡᠶ᠋ᠢᠲᠡᠯᠡᠯ
2024 ᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ᠎ᠢ ᠰᠠᠢ᠌ᠲᠤᠷ ᠬᠢᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2024-06-24

ᠥᠪᠥᠷ ᠡᠮᠴᠢᠯᠡᠭᠡ ᠪᠠᠲᠤᠯᠠᠭ᠎ᠠ ᠠᠯᠪᠠᠨ ᠥᠰᠥᠭ [2024] 66 ᠳ᠋ᠤᠭ᠋ᠠᠷ ᠲᠣᠭ᠋ᠠᠲᠤ

ᠡᠯ᠎ᠡ ᠠᠢ᠌ᠮᠠᠭ ᠬᠤᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠳᠤ᠄

   ᠡᠨᠡ ᠵᠢᠯ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠠᠷᠠᠯᠲᠠ ᠡᠭᠦᠷᠭᠡ ᠵᠢ ᠪᠡᠶᠡᠯᠡᠭᠦᠯᠬᠦ ᠵᠠᠩᠭᠢᠯᠠᠭ᠎ᠠ ᠵᠢᠨ ᠨᠢᠭᠡ ᠵᠢᠯ ᠪᠣᠯᠤᠨ᠎ᠠ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ 《ᠣᠷᠣᠨ ᠪᠦᠰᠡ ᠵᠢᠨ ᠬᠠᠮᠵᠢᠯᠴᠠᠭ᠎ᠠ ᠵᠢ ᠴᠢᠩᠭ᠋ᠠᠳᠬᠠᠵᠤ 2024 ᠣᠨ᠎ᠤ ᠡᠮ ᠡᠮᠨᠡᠯᠭᠡ ᠲᠥᠪᠯᠡᠷᠡᠭᠦᠯᠦᠨ ᠬᠤᠳᠠᠯᠳᠤᠨ ᠠᠪᠬᠤ ᠶᠠᠰᠤ ᠴᠢᠨᠠᠷ᠎ᠢ ᠳᠡᠭᠡᠭᠰᠢᠯᠡᠭᠦᠯᠦᠨ ᠬᠡᠪᠴᠢᠶ᠎ᠡ ᠵᠢ ᠥᠷᠭᠡᠳᠬᠡᠬᠦ ᠵᠢ ᠰᠠᠶ᠋ᠢᠲᠤᠷ ᠬᠢᠬᠦ ᠲᠤᠬᠠᠶ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠡᠳᠦᠭᠡ ᠮᠠᠨ᠎ᠤ ᠣᠷᠣᠨ᠎ᠤ ᠲᠥᠪᠯᠡᠷᠡᠭᠦᠯᠦᠨ ᠬᠤᠳᠠᠯᠳᠤᠨ ᠠᠪᠬᠤ ᠠᠵᠢᠯ᠎ᠢ ᠰᠠᠶ᠋ᠢᠲᠤᠷ ᠬᠢᠬᠦ ᠬᠠᠮᠢᠶ᠎ᠠ ᠪᠥᠬᠦᠶ ᠵᠦᠢ᠍ᠯᠡᠰ᠎ᠢ ᠳᠣᠤᠷᠠᠬᠢ ᠮᠡᠲᠦ ᠮᠡᠳᠡᠭᠳᠡᠶ᠎ᠡ᠃

   ᠨᠢᠭᠡ᠂ ᠲᠥᠪᠯᠡᠷᠡᠭᠦᠯᠦᠨ ᠬᠤᠳᠠᠯᠳᠤᠨ ᠠᠪᠬᠤ᠎ᠳᠤ ᠰᠣᠩᠭᠤᠭᠳᠠᠭᠰᠠᠨ ᠦᠷ᠎ᠡ ᠳ᠋ᠦᠩ ᠪᠣᠯᠤᠨ ᠦᠷᠭᠦᠯᠵᠢᠯᠡᠭᠦᠯᠬᠦ ᠠᠵᠢᠯ᠎ᠢ ᠬᠢᠨᠠᠮᠠᠭ᠋ᠠᠶ ᠨᠠᠶ᠋ᠢᠳᠠᠪᠤᠷᠢᠵᠢᠭᠤᠯᠬᠤ ᠬᠡᠷᠡᠭᠲᠡᠶ

  (ᠨᠢᠭᠡ) ᠡᠮ᠎ᠤᠨ ᠵᠦᠢ᠍ᠯ᠎ᠢ ᠲᠥᠪᠯᠡᠷᠡᠭᠦᠯᠦᠨ ᠬᠤᠳᠠᠯᠳᠤᠨ ᠠᠪᠬᠤ ᠪᠠ ᠦᠷᠭᠦᠯᠵᠢᠯᠡᠭᠦᠯᠬᠦ ᠠᠵᠢᠯ᠎ᠢ ᠡᠮᠬᠢ ᠵᠢᠷᠤᠮ᠎ᠲᠠᠢ ᠥᠷᠨᠢᠭᠦᠯᠦᠨ᠎ᠡ᠃ ᠤᠯᠤᠰ᠎ᠤᠨ ᠵᠣᠬᠢᠶᠠᠨ ᠪᠠᠢ᠌ᠭᠤᠯᠤᠭᠰᠠᠨ ᠰᠢᠨ᠎ᠡ ᠪᠦᠯᠦᠭ ᠤᠳᠠᠭ᠎ᠠ ᠵᠢᠨ ᠡᠮ᠎ᠤᠨ ᠵᠦᠢ᠍ᠯ᠎ᠢ ᠲᠥᠪᠯᠡᠷᠡᠭᠦᠯᠦᠨ ᠬᠤᠳᠠᠯᠳᠤᠨ ᠠᠪᠬᠤ᠎ᠳᠤ ᠰᠣᠩᠭᠣᠭᠳᠠᠭᠰᠠᠨ ᠦᠷ᠎ᠡ ᠳ᠋ᠦᠩ᠎ᠢ ᠱᠠᠭ᠋ᠠᠷᠳᠠᠯᠭ᠎ᠠ ᠶᠣᠰᠣᠭ᠋ᠠᠷ ᠨᠠᠶ᠋ᠢᠳᠠᠪᠤᠷᠢᠵᠢᠭᠤᠯᠤᠨ ᠬᠡᠷᠡᠭᠵᠢᠭᠦᠯᠦᠨ᠎ᠡ᠃ ᠤᠯᠤᠰ᠎ᠤᠨ ᠵᠣᠬᠢᠶᠠᠨ ᠪᠠᠢ᠌ᠭᠤᠯᠤᠭᠰᠠᠨ ᠲᠥᠪᠯᠡᠷᠡᠭᠦᠯᠦᠨ ᠬᠤᠳᠠᠯᠳᠤᠨ ᠠᠪᠬᠤ ᠡᠮ᠎ᠤᠨ ᠵᠦᠢ᠍ᠯ᠎ᠢ ᠦᠷᠭᠦᠯᠵᠢᠯᠡᠭᠦᠯᠦᠨ ᠬᠤᠳᠠᠯᠳᠤᠨ ᠠᠪᠬᠤ ᠠᠵᠢᠯ᠎ᠢ ᠦᠷᠭᠦᠯᠵᠢᠯᠡᠨ ᠰᠠᠶ᠋ᠢᠲᠤᠷ ᠬᠢᠵᠦ᠂ ᠮᠠᠨ᠎ᠤ ᠣᠷᠣᠨ᠎ᠳᠤ ᠬᠠᠩᠭ᠋ᠠᠬᠤ ᠪᠤᠰᠤ ᠰᠣᠩᠭᠤᠭᠳᠠᠭᠰᠠᠨ ᠠᠵᠤ ᠠᠬᠤᠶ᠋ᠢᠯᠠᠯ᠎ᠤᠨ ᠰᠦᠯᠵᠢᠶᠡᠨ᠎ᠳᠤ ᠬᠤᠯᠪᠤᠭᠰᠠᠨ ᠦᠨ᠎ᠡ ᠬᠠᠩᠰᠢ ᠵᠢ ᠵᠦᠶ ᠵᠣᠬᠢᠰᠲᠠᠶ ᠬᠢᠵᠠᠭ᠋ᠠᠷᠯᠠᠨ᠎ᠠ᠃ ᠬᠤᠪᠧᠢ᠎ᠪᠠᠷ ᠲᠦᠷᠦᠭᠦᠯᠡᠭᠦᠯᠦᠭᠰᠡᠨ ᠬᠢᠲᠠᠳ ᠡᠮ᠎ᠤᠨ ᠬᠤᠯᠪᠤᠭ᠎ᠠ᠂ ᠱᠠᠨᠳᠦ᠋ᠩ ᠵᠶ᠋ᠡᠷ ᠲᠦᠷᠦᠭᠦᠯᠡᠭᠦᠯᠦᠭᠰᠡᠨ ᠬᠢᠳᠠᠳ ᠬᠡᠷᠴᠢᠮ ᠡᠮ᠎ᠤᠨ ᠬᠤᠯᠪᠤᠭ᠎ᠠ᠂ ᠾᠧᠨᠠᠨ ᠵᠶ᠋ᠡᠷ ᠲᠦᠷᠦᠭᠦᠯᠡᠭᠦᠯᠦᠭᠰᠡᠨ ᠤᠯᠤᠰ᠎ᠠᠴᠠ ᠬᠤᠳᠠᠯᠳᠤᠨ ᠠᠪᠬᠤ ᠣᠷᠣᠯᠠᠵᠤ ᠪᠤᠯᠬᠤ ᠡᠮ᠎ᠤᠨ ᠵᠦᠢ᠍ᠯ᠎ᠤᠨ ᠬᠤᠯᠪᠤᠭ᠎ᠠ᠂ ᠰᠠᠨᠮᠢᠩ ᠵᠶ᠋ᠡᠷ ᠲᠦᠷᠦᠭᠦᠯᠡᠭᠦᠯᠦᠭᠰᠡᠨ ᠬᠠᠪᠤᠳᠠᠷ ᠪᠤᠯᠤᠨ ᠠᠮᠢᠰᠬᠤᠯ᠎ᠤᠨ ᠰᠢᠰᠲ᠋ᠧᠮ ᠵᠡᠷᠭᠡ ᠵᠢᠨ ᠲᠥᠪᠯᠡᠷᠡᠭᠦᠯᠦᠨ ᠬᠤᠳᠠᠯᠳᠤᠨ ᠠᠪᠬᠤ ᠠᠵᠢᠯ᠎ᠳᠤ ᠢᠳᠡᠪᠬᠢᠳᠠᠢ ᠣᠷᠣᠯᠴᠠᠨ᠎ᠠ᠃ ᠭᠠᠳᠠᠷ ᠮᠤᠵᠢ᠎ᠳᠤ ᠨᠢᠭᠡᠨᠲᠡ ᠬᠡᠮᠵᠢᠶ᠎ᠡ᠎ᠲᠠᠢ ᠬᠤᠳᠠᠯᠳᠤᠨ ᠠᠪᠬᠤ ᠵᠢ ᠥᠷᠨᠢᠭᠦᠯᠦᠭᠰᠡᠨ ᠮᠥᠷᠲᠡᠭᠡᠨ ᠦᠨ᠎ᠡ᠎ᠨᠢ ᠭᠦᠢ᠍ᠴᠡᠳ ᠥᠷᠢᠰᠦᠯᠳᠦᠭᠡᠨ᠎ᠲᠠᠢ ᠲᠥᠷᠥᠯ ᠵᠦᠢ᠍ᠯ᠎ᠳᠤ ᠴᠠᠭ᠎ᠲᠤᠨᠢ ᠲᠣᠬᠢᠷᠠᠭᠤᠯᠤᠨ ᠬᠡᠮᠵᠢᠶ᠎ᠡ᠎ᠲᠠᠢ ᠦᠨ᠎ᠡ ᠬᠠᠩᠰᠢ ᠵᠢᠨ ᠬᠤᠯᠪᠣᠭ᠋ᠠᠯᠠᠨ ᠬᠥᠳᠡᠯᠦᠯᠴᠡᠬᠦ ᠵᠢ ᠥᠷᠨᠢᠭᠦᠯᠵᠦ᠂ ᠲᠥᠷᠥ ᠵᠢᠨ ᠪᠣᠳᠣᠯᠭ᠎ᠠ ᠵᠢ ᠵᠦᠢ ᠵᠣᠬᠢᠰᠲᠠᠢ ᠲᠣᠭᠲᠠᠭ᠋ᠠᠨ᠂ ᠬᠡᠮᠵᠢᠶ᠎ᠡ᠎ᠲᠠᠢ ᠪᠠᠶ᠋ᠢᠬᠤ ᠵᠠᠷᠴᠢᠮ᠎ᠢ ᠨᠠᠶ᠋ᠢᠳᠠᠪᠤᠷᠢᠵᠢᠭᠤᠯᠬᠤ ᠵᠢᠨ ᠬᠠᠮᠲᠤ ᠵᠣᠬᠢᠬᠤ ᠳᠦᠷᠢᠮ ᠵᠶ᠋ᠠᠷ ᠳᠠᠮᠵᠢᠭᠤᠯᠤᠨ ᠦᠨ᠎ᠡ ᠬᠠᠩᠰᠢ ᠵᠢᠨ ᠵᠥᠷᠢᠶ᠎ᠡ ᠵᠢ ᠪᠠᠭ᠋ᠠᠰᠬᠠᠵᠤ᠂ ᠳᠥᠭᠦᠮᠴᠢᠯᠡᠨ ᠠᠵᠢᠯᠯᠠᠬᠤ ᠪᠠ ᠦᠨ᠎ᠡ ᠬᠠᠩᠰᠢ ᠵᠢᠨ ᠥᠨᠳᠦᠷᠯᠢᠭ ᠭᠠᠵᠠᠷ ᠪᠣᠯᠬᠤ᠎ᠠᠴᠠ ᠵᠠᠢ᠌ᠯᠠᠰᠬᠢᠬᠤ ᠬᠡᠷᠡᠭᠲᠡᠢ᠃

  (ᠬᠤᠶᠠᠷ) ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠳ᠋᠎ᠢ ᠬᠡᠮᠵᠢᠶ᠎ᠡ᠎ᠲᠠᠢ᠎ᠪᠠᠷ ᠲᠥᠪᠯᠡᠷᠡᠭᠦᠯᠦᠨ ᠬᠤᠳᠠᠯᠳᠤᠨ ᠠᠪᠬᠤ ᠵᠢ ᠭᠦᠨᠵᠡᠭᠡᠶ ᠠᠬᠢᠭᠤᠯᠤᠨ᠎ᠠ᠃ ᠤᠯᠤᠰ᠎ᠤᠨ ᠡᠮᠴᠢᠯᠡᠭᠡᠨ᠎ᠤ ᠪᠠᠳᠤᠯᠠᠭ᠎ᠠ ᠵᠢᠨ ᠲᠣᠪᠴᠢᠶ᠎ᠠ ᠵᠢᠨ ᠨᠢᠭᠡᠳᠦᠯᠲᠡᠶ ᠲᠣᠬᠢᠷᠠᠭᠤᠯᠤᠯᠲᠠ ᠶᠣᠰᠣᠭ᠋ᠠᠷ᠂ ᠵᠣᠬᠢᠶᠠᠮᠠᠯ ᠦᠶ᠎ᠡ ᠪᠠ ᠪᠤᠰᠤᠳ ᠮᠤᠵᠢ ᠵᠢᠨ ᠬᠤᠭᠤᠷᠣᠨᠳᠣᠬᠢ ᠬᠤᠯᠪᠣᠭ᠋ᠠᠨ᠎ᠤ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠦᠷᠭᠦᠯᠵᠢᠯᠡᠭᠦᠯᠦᠨ ᠬᠤᠳᠠᠯᠳᠤᠨ ᠠᠪᠬᠤ ᠠᠵᠢᠯ᠎ᠢ ᠰᠠᠢ᠌ᠲᠤᠷ ᠬᠢᠨ᠎ᠠ᠃ ᠵᠢᠶᠠᠩᠰᠢ᠎ᠪᠠᠷ ᠲᠦᠷᠦᠭᠦᠯᠡᠭᠦᠯᠦᠭᠰᠡᠨ ᠠᠮᠢᠳᠤ ᠪᠣᠳᠠᠰ᠎ᠤᠨ ᠬᠢᠮᠢ ᠵᠢᠨ ᠲᠥᠷᠥᠯ ᠪᠠ ᠠᠨᠾᠦ᠋ᠢ᠎ᠪᠠᠷ ᠲᠦᠷᠦᠭᠦᠯᠡᠭᠦᠯᠦᠭᠰᠡᠨ ᠬᠠᠪᠤᠳᠠᠷ᠎ᠤᠨ ᠪᠡᠯᠭᠡ ᠲᠡᠮᠳᠡᠭ᠎ᠤᠨ ᠪᠣᠳᠠᠰ ᠵᠡᠷᠭᠡ ᠪᠡᠶ᠎ᠡ ᠵᠢᠨ ᠭᠠᠳᠠᠨᠠᠬᠢ ᠣᠨᠣᠰᠢᠯᠠᠬᠤ ᠲᠤᠷᠰᠢᠯᠲᠠ ᠵᠢᠨ ᠡᠳ᠋᠎ᠤᠨ ᠬᠤᠯᠪᠣᠭ᠎ᠠ᠂ ᠭᠤᠸᠠᠩᠳᠦ᠋ᠩ ᠵᠶ᠋ᠡᠷ ᠲᠦᠷᠦᠭᠦᠯᠡᠭᠦᠯᠦᠭᠰᠡᠨ ᠬᠡᠲᠦ ᠲᠠᠭᠤᠨ ᠬᠢᠲᠤᠭ᠋ᠠᠨ᠎ᠤ ᠬᠤᠯᠪᠣᠭ᠎ᠠ᠂ ᠵᠧᠵᠢᠶᠠᠩ ᠵᠶ᠋ᠡᠷ ᠲᠦᠷᠦᠭᠦᠯᠡᠭᠦᠯᠦᠭᠰᠡᠨ ᠬᠥᠬᠦᠨ᠎ᠤ ᠡᠷᠭᠢᠯᠳᠦᠨ ᠬᠡᠷᠴᠢᠬᠦ ᠵᠡᠭᠦᠦ ᠵᠢᠨ ᠬᠤᠯᠪᠣᠭ᠎ᠠ᠂ ᠹᠦᠵᠢᠶᠠᠨ ᠵᠶ᠋ᠡᠷ ᠲᠦᠷᠦᠭᠦᠯᠡᠭᠦᠯᠦᠭᠰᠡᠨ ᠴᠢᠰᠤᠨ ᠰᠤᠳᠠᠯ᠎ᠢ ᠪᠢᠲᠡᠭᠦᠯᠡᠵᠦ ᠵᠠᠩᠭᠢᠳᠬᠤ ᠬᠠᠪᠴᠢᠭᠤᠷ᠎ᠤᠨ ᠬᠤᠯᠪᠣᠭ᠎ᠠ᠂ ᠾᠧᠨᠠᠨ ᠵᠶ᠋ᠡᠷ ᠲᠦᠷᠦᠭᠦᠯᠡᠭᠦᠯᠦᠭᠰᠡᠨ ᠲᠢᠲᠢᠮ ᠰᠤᠳᠤᠯ᠎ᠤᠨ ᠬᠡᠷᠴᠢᠬᠦ ᠪᠥᠮᠪᠥᠭᠡᠨ ᠤᠭᠤᠲᠠ ᠵᠡᠷᠭᠡ ᠬᠤᠯᠪᠣᠭ᠎ᠠ᠂ ᠾᠧᠪᠸᠢ᠎ᠪᠠᠷ ᠲᠦᠷᠦᠭᠦᠯᠡᠭᠦᠯᠦᠭᠰᠡᠨ ᠴᠢᠰᠤᠨ ᠰᠤᠳᠠᠯ᠎ᠳᠤ ᠣᠷᠣᠯᠴᠠᠬᠤ ᠵᠡᠷᠭᠡ ᠬᠤᠯᠪᠣᠭ᠎ᠠ ᠵᠢᠨ ᠬᠤᠳᠠᠯᠳᠤᠨ ᠠᠪᠬᠤ᠎ᠳᠤ ᠢᠳᠡᠪᠬᠢᠲᠡᠢ ᠣᠷᠣᠯᠴᠠᠨ᠎ᠠ᠃ ᠤᠯᠤᠰ ᠵᠢᠴᠢ ᠮᠤᠵᠢ ᠵᠢᠨ ᠬᠤᠭᠤᠷᠣᠨᠳᠣᠬᠢ ᠬᠤᠯᠪᠣᠭ᠋ᠠᠨ᠎ᠤ ᠲᠥᠪᠯᠡᠷᠡᠭᠦᠯᠦᠨ ᠬᠤᠳᠠᠯᠳᠤᠨ ᠠᠪᠬᠤ ᠠᠷᠭ᠎ᠠ ᠬᠢᠳᠡᠯ ᠵᠶ᠋ᠠᠷ ᠭᠦᠢ᠍ᠴᠡᠳ ᠲᠣᠯᠢ ᠪᠣᠯᠭ᠋ᠠᠵᠤ᠂ ᠪᠠᠶ᠋ᠢᠴᠠᠭ᠋ᠠᠨ ᠰᠤᠳᠤᠯᠤᠯᠲᠠ ᠵᠢ ᠭᠦᠨᠵᠡᠭᠡᠶ ᠥᠷᠨᠢᠭᠦᠯᠵᠦ᠂ ᠡᠯ᠎ᠡ ᠲᠠᠯ᠎ᠠ ᠵᠢᠨ᠎ᠬᠢᠨ᠎ᠤ ᠰᠠᠨᠠᠯ ᠰᠠᠨᠠᠭᠤᠯᠭ᠎ᠠ ᠵᠢ ᠰᠣᠨᠣᠰᠴᠤ᠂ ᠤᠷᠢᠳᠴᠢᠯᠠᠨ ᠴᠡᠨᠡᠭᠯᠡᠬᠦ ᠬᠡᠯᠪᠡᠷᠢ ᠵᠢᠨ ᠳᠠᠮᠵᠢᠭᠤᠯᠬᠤ ᠬᠤᠭᠤᠯᠠᠶ ᠵᠢᠨ ᠤᠬᠢᠶᠠᠬᠤ ᠮᠠᠰᠢᠨ ᠵᠡᠷᠭᠡ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ ᠵᠢ ᠲᠦᠷᠦᠭᠦᠯᠡᠨ ᠥᠷᠨᠢᠭᠦᠯᠦᠨ᠎ᠡ᠃

   ᠬᠤᠶᠠᠷ᠂ ᠰᠣᠩᠭᠤᠭᠳᠠᠭᠰᠠᠨ ᠦᠢ᠍ᠯᠡᠳᠬᠦᠨ᠎ᠤ ᠬᠡᠷᠡᠭᠵᠢᠭᠦᠯᠬᠦ ᠬᠠᠮᠢᠶᠠᠷᠤᠯᠲᠠ ᠵᠢ ᠴᠢᠩᠭ᠋ᠠᠳᠬᠠᠨ᠎ᠠ

  (ᠨᠢᠭᠡ) ᠲᠥᠪᠯᠡᠷᠡᠭᠦᠯᠦᠨ ᠬᠤᠳᠠᠯᠳᠤᠨ ᠠᠪᠬᠤ ᠬᠡᠷᠡᠭᠵᠢᠭᠦᠯᠦᠯᠲᠡ ᠵᠢᠨ ᠬᠢᠨᠠᠨ ᠬᠡᠮᠵᠢᠯᠲᠡ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠲᠥᠪᠯᠡᠷᠡᠭᠦᠯᠦᠨ ᠬᠤᠳᠠᠯᠳᠤᠨ ᠠᠪᠬᠤ ᠦᠷ᠎ᠡ ᠪᠦᠲᠦᠮᠵᠢ ᠵᠢ ᠦᠷᠭᠦᠯᠵᠢᠯᠡᠨ ᠪᠠᠬᠢᠵᠢᠭᠦᠯᠦᠨ᠎ᠡ᠃ ᠲᠥᠪᠯᠡᠷᠡᠭᠦᠯᠦᠨ ᠬᠤᠳᠠᠯᠳᠤᠨ ᠠᠪᠬᠤ ᠦᠷ᠎ᠡ ᠪᠦᠲᠦᠮᠵᠢ᠎ᠳᠤ ᠬᠤᠯᠪᠣᠭᠳᠠᠬᠤ ᠵᠠᠩᠭᠢᠯᠠᠭ᠎ᠠ ᠵᠢᠨ ᠵᠦᠢ᠍ᠯᠡᠰ᠂ ᠵᠢᠱ᠌ᠢᠶᠡᠯᠡᠪᠡᠯ ᠮᠡᠳᠡᠭᠦᠯᠬᠦ ᠬᠡᠮᠵᠢᠶ᠎ᠡ ᠵᠢᠨ ᠬᠠᠮᠢᠶᠠᠷᠤᠯᠲᠠ᠂ ᠲᠥᠪᠯᠡᠷᠡᠭᠦᠯᠦᠨ ᠬᠤᠳᠠᠯᠳᠤᠨ ᠠᠪᠬᠤ ᠬᠡᠯᠡᠯᠴᠡᠭᠡᠷ᠎ᠤᠨ ᠬᠡᠮᠵᠢᠶ᠎ᠡ ᠵᠢ ᠬᠡᠷᠡᠭᠵᠢᠭᠦᠯᠬᠦ᠂ ᠰᠣᠩᠭᠣᠭᠳᠠᠭᠰᠠᠨ ᠦᠭᠡᠢ ᠦᠢ᠍ᠯᠡᠳᠬᠦᠨ᠎ᠤ ᠦᠨ᠎ᠡ ᠬᠠᠩᠰᠢ ᠵᠢᠨ ᠬᠠᠮᠢᠶᠠᠷᠤᠯᠲᠠ ᠵᠢᠴᠢ ᠰᠦᠯᠵᠢᠶᠡᠨ᠎ᠳᠤ ᠬᠤᠯᠪᠤᠬᠤ ᠵᠢ ᠲᠦᠷ ᠵᠣᠭᠰᠣᠭ᠋ᠠᠬᠤ ᠵᠡᠷᠭᠡ ᠲᠠᠯ᠎ᠠ᠎ᠪᠠᠷ᠂ ᠲᠦᠷᠦᠭᠦᠯᠡᠨ ᠬᠢᠬᠦ ᠮᠤᠵᠢ᠎ᠯᠤᠭ᠎ᠠ ᠨᠢᠭᠡᠳᠦᠯᠲᠡᠶ ᠪᠠᠶ᠋ᠢᠵᠤ᠂ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠲᠠᠯ᠎ᠠ᠎ᠪᠠᠷ ᠰᠤᠯᠠ ᠲᠠᠯᠪᠢᠵᠤ ᠡᠪᠯᠡᠭᠦᠯᠬᠦ᠎ᠠᠴᠠ ᠵᠠᠶ᠋ᠢᠯᠠᠰᠬᠢᠬᠦ ᠬᠡᠷᠡᠭᠲᠡᠶ᠃  ᠡᠯ᠎ᠡ ᠭᠠᠵᠠᠷ᠎ᠤᠨ᠎ᠬᠢᠨ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ ᠵᠢ ᠵᠣᠬᠢᠶᠠᠨ ᠪᠠᠶ᠋ᠢᠭᠤᠯᠵᠤ᠂ ᠡᠯ᠎ᠡ ᠲᠥᠷᠥᠯ᠎ᠤᠨ ᠡᠵᠡᠩᠨᠡᠯᠲᠡ ᠵᠢᠨ ᠭᠣᠤᠯ ᠴᠣᠭᠴᠠ᠎ᠳᠤ ᠭᠣᠤᠯᠴᠢ᠎ᠪᠠᠷ ᠬᠠᠨᠳᠤᠵᠤ᠂ ᠠᠵᠤ ᠠᠬᠤᠶ᠋ᠢᠯᠠᠯ᠎ᠤᠨ ᠥᠮᠴᠢᠯᠡᠯ᠂ ᠳᠠᠩᠰᠠᠯᠠᠭᠤᠯᠤᠭᠰᠠᠨ ᠭᠠᠵᠠᠷ᠂ ᠬᠡᠪᠴᠢᠶᠡᠨ᠎ᠤ ᠶᠡᠬᠡ ᠪᠠᠭ᠎ᠠ᠂ ᠳᠣᠲᠣᠭ᠋ᠠᠳᠤ ᠭᠠᠳᠠᠭ᠋ᠠᠳᠤ ᠪᠡᠯᠡ᠂ ᠮᠠᠨ᠎ᠤ ᠣᠷᠣᠨ᠎ᠳᠤ ᠪᠣᠷᠣᠯᠠᠭᠤᠯᠤᠨ ᠬᠤᠳᠠᠯᠳᠤᠭᠰᠠᠨ ᠲᠡᠮᠳᠡᠭᠯᠡᠯ᠎ᠲᠠᠢ ᠡᠰᠡᠬᠦ ᠵᠡᠷᠭᠡ ᠵᠦᠢ ᠵᠣᠬᠢᠰ ᠦᠭᠡᠶ ᠨᠥᠬᠥᠴᠡᠯ ᠵᠶ᠋ᠠᠷ ᠭᠠᠳᠠᠭᠤᠷᠴᠢᠯᠠᠬᠤ ᠴᠢᠨᠠᠷᠲᠠᠶ ᠳᠦᠷᠢᠮ᠎ᠢ ᠲᠣᠭᠲᠠᠭ᠋ᠠᠵᠤ ᠪᠣᠯᠬᠤ ᠦᠭᠡᠶ᠂ 《ᠣᠷᠣᠨ ᠨᠤᠲᠤᠭ᠎ᠤᠨ ᠬᠠᠮᠠᠭ᠋ᠠᠯᠠᠯᠲᠠ》 ᠵᠢ ᠴᠢᠩᠭ᠎ᠠ ᠰᠡᠷᠭᠡᠶ᠋ᠢᠯᠡᠬᠦ ᠬᠡᠷᠡᠭᠲᠡᠶ᠃

  (ᠬᠤᠶᠠᠷ) ᠲᠥᠪᠯᠡᠷᠡᠭᠦᠯᠦᠨ ᠬᠤᠳᠠᠯᠳᠤᠨ ᠠᠪᠤᠭᠰᠠᠨ ᠦᠷ᠎ᠡ ᠳ᠋ᠦᠩ᠎ᠢ ᠬᠢᠨᠠᠮᠠᠭ᠋ᠠᠶ ᠵᠣᠬᠢᠶᠠᠨ ᠪᠠᠶ᠋ᠢᠭᠤᠯᠬᠤ ᠵᠢᠨ ᠬᠠᠮᠲᠤ ᠰᠢᠮᠳᠠᠭᠤᠯᠤᠨ ᠬᠡᠷᠡᠭᠵᠢᠭᠦᠯᠬᠦ ᠬᠡᠷᠡᠭᠲᠡᠶ᠃ ᠡᠯ᠎ᠡ ᠭᠠᠵᠠᠷ᠎ᠤᠨ᠎ᠬᠢᠨ ᠬᠠᠷᠢᠶ᠎ᠠ ᠭᠠᠵᠠᠷᠵᠢᠭᠤᠯᠤᠭᠰᠠᠨ ᠬᠠᠮᠢᠶᠠᠷᠤᠯᠲᠠ ᠵᠢᠨ ᠵᠠᠷᠴᠢᠮ ᠶᠣᠰᠣᠭ᠋ᠠᠷ᠂ ᠲᠥᠪᠯᠡᠷᠡᠭᠦᠯᠦᠨ ᠬᠤᠳᠠᠯᠳᠤᠨ ᠠᠪᠬᠤ ᠲᠥᠷᠥ ᠵᠢᠨ ᠪᠣᠳᠣᠯᠭ᠎ᠠ ᠪᠠ ᠬᠤᠳᠠᠯᠳᠤᠨ ᠠᠪᠬᠤ ᠬᠡᠯᠡᠯᠴᠡᠭᠡᠷ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠰᠣᠩᠭᠣᠭᠳᠠᠭᠰᠠᠨ ᠦᠢ᠍ᠯᠡᠳᠬᠦᠨ᠎ᠤ ᠬᠠᠩᠭ᠋ᠠᠯᠭ᠎ᠠ ᠵᠢ ᠵᠣᠬᠢᠴᠠᠭᠤᠯᠤᠨ ᠪᠠᠲᠤᠯᠠᠬᠤ ᠵᠢ ᠴᠢᠩᠭ᠋ᠠᠳᠬᠠᠨ᠂ ᠡᠮᠴᠢᠯᠡᠭᠡᠨ᠎ᠤ ᠪᠠᠶ᠋ᠢᠭᠤᠯᠤᠮᠵᠢ ᠵᠢ ᠰᠢᠮᠳᠠᠭᠤᠯᠵᠤ ᠪᠠᠶ᠋ᠢᠭ᠋ᠠᠳ ᠱᠠᠭ᠋ᠠᠷᠳᠠᠯᠭ᠎ᠠ ᠶᠣᠰᠣᠭ᠋ᠠᠷ ᠡᠯᠧᠺᠲᠷᠣᠨ ᠬᠡᠯᠡᠯᠴᠡᠭᠡᠷ ᠲᠣᠭᠲᠠᠵᠤ᠂ ᠬᠡᠯᠡᠯᠴᠡᠭᠡᠷ᠎ᠤᠨ ᠬᠤᠳᠠᠯᠳᠤᠨ ᠠᠪᠬᠤ ᠬᠡᠮᠵᠢᠶ᠎ᠡ ᠵᠢ ᠴᠠᠭ ᠲᠤᠬᠠᠶ᠎ᠳᠤᠨᠢ ᠪᠡᠶᠡᠯᠡᠭᠦᠯᠦᠨ᠂ ᠰᠣᠩᠭᠤᠭᠳᠠᠭᠰᠠᠨ ᠦᠢ᠍ᠯᠡᠳᠬᠦᠨ᠎ᠢ ᠡᠩ ᠲᠡᠷᠢᠭᠦᠨ᠎ᠳᠤ ᠬᠡᠷᠡᠭᠯᠡᠬᠦ ᠬᠡᠷᠡᠭᠲᠡᠶ᠃ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠤᠯᠤᠰ᠎ᠤᠨ  ᠡᠮᠴᠢᠯᠡᠭᠡᠨ᠎ᠤ ᠪᠠᠲᠤᠯᠠᠭ᠎ᠠ ᠵᠢᠨ  ᠮᠡᠳᠡᠭᠡ ᠵᠠᠩᠭᠢ ᠵᠢᠨ ᠲᠠᠪᠴᠠᠩ᠎ᠤᠨ ᠳᠠᠭ᠋ᠠᠭ᠋ᠠᠴᠢᠯᠠᠯᠲᠠ ᠵᠠᠷᠯᠠᠨ ᠬᠤᠳᠠᠯᠳᠤᠨ ᠠᠪᠬᠤ ᠬᠤᠪᠢᠶᠠᠷᠢ ᠰᠢᠰᠲ᠋ᠧᠮ ᠵᠶ᠋ᠠᠷ ᠳᠠᠮᠵᠢᠭᠤᠯᠤᠨ᠂ ᠪᠥᠬᠦ ᠤᠯᠤᠰ᠎ᠤᠨ ᠬᠣᠯᠪᠣᠭ᠋ᠠᠯᠠᠨ ᠬᠤᠳᠠᠯᠳᠤᠨ ᠠᠪᠬᠤ ᠵᠢ ᠲᠦᠷᠦᠭᠦᠯᠡᠨ ᠬᠢᠭᠰᠡᠨ ᠮᠤᠵᠢ᠎ᠳᠤ ᠬᠤᠯᠪᠣᠭᠳᠠᠯ ᠪᠥᠬᠦᠶ ᠬᠤᠳᠠᠯᠳᠤᠨ ᠠᠪᠬᠤ ᠳ᠋ᠠᠢ᠌ᠲ᠋ᠠ ᠵᠢ ᠪᠠᠶ᠋ᠢᠴᠠᠭ᠋ᠠᠨ ᠯᠠᠪᠯᠠᠬᠤ ᠡᠷᠬᠡ ᠮᠡᠳᠡᠯ᠎ᠢ ᠨᠡᠭᠡᠭᠡᠵᠦ᠂ ᠡᠯ᠎ᠡ ᠭᠠᠵᠠᠷ᠎ᠤᠨ᠎ᠬᠢᠨ ᠳᠠᠭ᠋ᠠᠭ᠋ᠠᠴᠢᠯᠠᠯᠲᠠ ᠵᠠᠷᠯᠠᠨ ᠬᠤᠳᠠᠯᠳᠤᠨ ᠠᠪᠬᠤ ᠬᠤᠪᠢᠶᠠᠷᠢ ᠰᠢᠰᠲ᠋ᠧᠮ᠎ᠳᠤ ᠳ᠋ᠠᠢ᠌ᠲ᠋ᠠ ᠵᠢ ᠴᠠᠭ ᠲᠤᠬᠠᠶ᠎ᠳᠤᠨᠢ ᠵᠢᠷᠤᠮᠵᠢᠭᠤᠯᠤᠨ ᠳᠠᠮᠵᠢᠭᠤᠯᠬᠤ ᠬᠡᠷᠡᠭᠲᠡᠶ᠃ ᠲᠣᠰᠬᠣᠨ᠎ᠤ ᠡᠷᠡᠭᠦᠯ ᠬᠠᠮᠠᠭ᠋ᠠᠯᠠᠯ᠎ᠤᠨ ᠲᠠᠰᠤᠭ᠂ ᠠᠷᠠᠳ᠎ᠠᠴᠠ ᠡᠵᠡᠩᠨᠡᠭᠰᠡᠨ ᠡᠮᠴᠢᠯᠡᠭᠡᠨ᠎ᠤ ᠪᠠᠶ᠋ᠢᠭᠤᠯᠤᠮᠵᠢ ᠪᠣᠯᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠢ ᠵᠣᠷᠢᠭᠵᠢᠭᠤᠯᠤᠨ ᠲᠥᠪᠯᠡᠷᠡᠭᠦᠯᠦᠨ ᠬᠤᠳᠠᠯᠳᠤᠨ ᠠᠪᠬᠤ᠎ᠳᠤ ᠣᠷᠣᠯᠴᠠᠭᠤᠯᠬᠤ ᠵᠢᠨ ᠬᠠᠮᠲᠤ ᠴᠢᠬᠤᠯᠠ ᠪᠦᠬᠦᠢ ᠪᠣᠯᠪᠠᠰᠤᠷᠠᠯ᠂ ᠲᠥᠷᠥ ᠵᠢᠨ ᠪᠣᠳᠣᠯᠭ᠎ᠠ ᠵᠢᠨ ᠯᠠᠪᠯᠠᠯᠭ᠎ᠠ ᠵᠡᠷᠭᠡ ᠦᠢ᠍ᠯᠡᠴᠢᠯᠡᠭᠡ ᠬᠠᠩᠭ᠋ᠠᠬᠤ ᠬᠡᠷᠡᠭᠲᠡᠶ᠃ ᠨᠥᠬᠦᠴᠡᠯ᠎ᠨᠢ ᠪᠣᠯᠪᠠᠰᠤᠷᠠᠩᠭᠤᠶ ᠰᠣᠩᠭᠤᠭᠳᠠᠭᠰᠠᠨ ᠲᠥᠷᠥᠯ ᠵᠦᠢ᠍ᠯ᠎ᠢ ᠦᠨᠡᠯᠡᠨ ᠵᠢᠱ᠌ᠢᠬᠦ᠎ᠪᠠᠷ ᠳᠡᠮᠵᠢᠨ᠂ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠬᠢᠭᠡᠳ ᠡᠮ ᠡᠮᠨᠡᠯᠭᠡ ᠵᠢᠨ ᠠᠵᠤ ᠠᠬᠤᠶ᠋ᠢᠯᠠᠯ᠎ᠤᠨ ᠰᠢᠭᠤᠳ ᠳ᠋ᠦᠩᠨᠡᠨ ᠪᠤᠳᠤᠬᠤ᠎ᠳᠤ ᠣᠷᠣᠭᠤᠯᠤᠨ᠎ᠠ᠃

   ᠭᠤᠷᠪᠠ᠂ ᠲᠥᠪᠯᠡᠷᠡᠭᠦᠯᠦᠨ ᠬᠤᠳᠠᠯᠳᠤᠨ ᠠᠪᠬᠤ᠎ᠪᠠᠷ ᠭᠠᠷᠳᠠᠴᠠ ᠪᠣᠯᠭ᠋ᠠᠨ ᠰᠦᠯᠵᠢᠶ᠎ᠡ᠎ᠪᠠᠷ ᠬᠤᠳᠠᠯᠳᠤᠨ ᠠᠪᠬᠤ ᠨᠣᠷᠮ᠎ᠠ ᠵᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ

   ᠡᠯ᠎ᠡ ᠭᠠᠵᠠᠷ᠎ᠤᠨ᠎ᠬᠢᠨ ᠲᠥᠪᠯᠡᠷᠡᠭᠦᠯᠦᠨ ᠬᠤᠳᠠᠯᠳᠤᠨ ᠠᠪᠬᠤ᠎ᠳᠤ ᠣᠷᠣᠯᠴᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢ ᠰᠢᠮᠳᠠᠭᠤᠯᠵᠤ ᠪᠠᠢ᠌ᠭ᠋ᠠᠳ ᠱᠠᠭ᠋ᠠᠷᠳᠠᠯᠭ᠎ᠠ ᠶᠣᠰᠣᠭ᠋ᠠᠷ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠲᠠᠪᠴᠠᠩ᠎ᠠᠴᠠ ᠲᠥᠪᠯᠡᠷᠡᠭᠦᠯᠦᠨ ᠬᠤᠳᠠᠯᠳᠤᠨ ᠠᠪᠬᠤ ᠲᠥᠷᠥᠯ ᠵᠦᠢ᠍ᠯ᠎ᠢ ᠬᠤᠳᠠᠯᠳᠤᠨ ᠠᠪᠤᠭᠤᠯᠬᠤ ᠬᠡᠷᠡᠭᠲᠡᠢ᠂ ᠡᠭᠦᠨ᠎ᠳᠤ ᠰᠣᠩᠭᠣᠭᠳᠠᠭᠰᠠᠨ ᠦᠢ᠍ᠯᠡᠳᠬᠦᠨ ᠪᠠ ᠰᠣᠩᠭᠣᠭᠳᠠᠭᠰᠠᠨ ᠦᠭᠡᠢ ᠦᠢ᠍ᠯᠡᠳᠭᠦᠨ᠎ᠢ ᠪᠠᠭᠲᠠᠭ᠋ᠠᠨ᠎ᠠ᠃ ᠲᠥᠪᠯᠡᠷᠡᠭᠦᠯᠦᠨ ᠬᠤᠳᠠᠯᠳᠤᠨ ᠠᠪᠬᠤ ᠲᠦᠷᠦᠯ ᠵᠦᠢ᠍ᠯ ᠵᠶ᠋ᠠᠷ ᠭᠠᠷᠳᠠᠴᠠ ᠪᠣᠯᠭ᠋ᠠᠵᠤ᠂ ᠥᠨᠳᠥᠷ ᠥᠷᠲᠡᠭᠲᠦ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠤᠨ ᠰᠦᠯᠵᠢᠶ᠎ᠡ᠎ᠪᠠᠷ ᠬᠤᠳᠠᠯᠳᠤᠨ ᠠᠪᠬᠤ ᠨᠣᠷᠮ᠎ᠠ ᠵᠢ ᠭᠤᠤᠯᠳᠠᠯᠭ᠎ᠠ᠎ᠲᠠᠢ ᠳᠡᠭᠡᠭᠰᠢᠯᠡᠭᠦᠯᠬᠦ ᠬᠡᠷᠡᠭᠲᠡᠶ᠃ ᠡᠮᠴᠢᠯᠡᠭᠡᠨ᠎ᠤ ᠪᠠᠲᠤᠯᠠᠭ᠎ᠠ ᠵᠢᠨ  ᠮᠡᠳᠡᠭᠡ ᠵᠠᠩᠭᠢ ᠵᠢᠨ ᠰᠢᠰᠲ᠋ᠧᠮ ᠵᠶ᠋ᠠᠷ ᠳᠠᠮᠵᠢᠭᠤᠯᠤᠨ ᠳ᠋ᠦᠩᠨᠡᠨ ᠪᠤᠳᠤᠭᠰᠠᠨ ᠳ᠋ᠠᠢ᠌ᠲ᠋ᠠ ᠪᠠ ᠰᠦᠯᠵᠢᠶ᠎ᠡ᠎ᠪᠠᠷ ᠬᠤᠳᠠᠯᠳᠤᠨ ᠠᠪᠤᠭᠰᠠᠨ ᠳ᠋ᠠᠢ᠌ᠲ᠋ᠠ ᠵᠢ ᠬᠠᠷᠢᠴᠠᠭᠤᠯᠵᠤ᠂ ᠡᠮᠴᠢᠯᠡᠭᠡᠨ᠎ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ᠎ᠢ ᠰᠦᠯᠵᠢᠶ᠎ᠡ᠎ᠪᠠᠷ ᠬᠤᠳᠠᠯᠳᠤᠨ ᠠᠪᠬᠤ ᠵᠢ ᠲᠦᠷᠭᠡᠳᠬᠡᠨ ᠠᠬᠢᠭᠤᠯᠬᠤ ᠬᠡᠷᠡᠭᠲᠡᠶ᠃

   ᠳᠥᠷᠪᠡ᠂ ᠲᠥᠪᠯᠡᠷᠡᠭᠦᠯᠦᠨ ᠬᠤᠳᠠᠯᠳᠤᠨ ᠠᠪᠬᠤ ᠵᠢ ᠬᠡᠷᠡᠭᠵᠢᠭᠦᠯᠬᠦ ᠪᠥᠬᠦ ᠴᠤᠪᠤᠷᠠᠯ᠎ᠢ ᠰᠠᠭᠤᠷᠢ ᠮᠥᠩᠭᠦ ᠵᠢᠨ ᠭᠡᠨᠡᠳᠡᠭᠦᠯᠦᠨ ᠪᠠᠶ᠋ᠢᠴᠠᠭ᠋ᠠᠯᠲᠠ᠎ᠳᠤ ᠣᠷᠣᠭᠤᠯᠤᠨ᠎ᠠ

   ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠭᠡᠨᠡᠳᠡᠭᠦᠯᠦᠨ ᠪᠠᠶ᠋ᠢᠴᠠᠭ᠋ᠠᠯᠲᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠲᠥᠪᠯᠡᠷᠡᠭᠦᠯᠦᠨ ᠬᠤᠳᠠᠯᠳᠤᠨ ᠠᠪᠬᠤ᠎ᠳᠤ ᠰᠣᠩᠭᠣᠭᠳᠠᠭᠰᠠᠨ ᠦᠷ᠎ᠡ ᠳ᠋ᠦᠩ᠎ᠢ ᠬᠡᠷᠡᠭᠵᠢᠭᠦᠯᠦᠭᠰᠡᠨ ᠪᠠᠶ᠋ᠢᠳᠠᠯ᠎ᠢ ᠮᠠᠨ᠎ᠤ ᠣᠷᠣᠨ᠎ᠤ ᠭᠡᠨᠡᠳᠡᠭᠦᠯᠦᠨ ᠪᠠᠶ᠋ᠢᠴᠠᠭ᠋ᠠᠯᠲᠠ᠎ᠳᠤ ᠪᠥᠬᠦ ᠲᠠᠯ᠎ᠠ᠎ᠪᠠᠷ ᠣᠷᠣᠭᠤᠯᠤᠨ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠲᠥᠪᠯᠡᠷᠡᠭᠦᠯᠦᠨ ᠬᠤᠳᠠᠯᠳᠤᠨ ᠠᠪᠬᠤ᠎ᠳᠤ ᠰᠣᠩᠭᠣᠭᠳᠠᠭᠰᠠᠨ ᠦᠢ᠍ᠯᠡᠳᠬᠦᠨ᠎ᠢ ᠬᠤᠳᠠᠯᠳᠤᠨ ᠠᠪᠬᠤ᠂ ᠬᠡᠷᠡᠭᠯᠡᠬᠦ ᠪᠠ ᠳ᠋ᠦᠩᠨᠡᠨ ᠪᠣᠳᠣᠬᠤ ᠵᠡᠷᠭᠡ ᠪᠠᠶ᠋ᠢᠳᠠᠯ᠎ᠳᠤ ᠪᠠᠶ᠋ᠢᠴᠠᠭ᠋ᠠᠯᠲᠠ ᠬᠢᠵᠦ᠂ ᠰᠣᠩᠭᠣᠭᠳᠠᠭᠰᠠᠨ ᠦᠢ᠍ᠯᠡᠳᠬᠦᠨ᠎ᠢ ᠡᠮᠨᠡᠯᠭᠡ᠎ᠳᠤ ᠣᠷᠣᠭᠤᠯᠤᠭᠰᠠᠨ ᠥᠬᠡᠶ᠂ ᠬᠡᠯᠡᠯᠴᠡᠭᠡᠷ᠎ᠲᠤ ᠲᠣᠭᠲᠠᠭᠰᠠᠨ ᠬᠡᠮᠵᠢᠶ᠎ᠡ ᠵᠢ ᠪᠡᠶᠡᠯᠡᠭᠦᠯᠦᠭᠰᠡᠨ ᠥᠬᠡᠶ᠂ ᠲᠣᠭᠲᠠᠭᠰᠠᠨ ᠴᠠᠭ᠎ᠲᠠᠭᠠᠨ ᠵᠣᠭᠤᠰ ᠪᠤᠴᠠᠭ᠋ᠠᠭᠰᠠᠨ ᠥᠬᠡᠶ᠂ ᠥᠨᠳᠥᠷ ᠦᠨ᠎ᠡ᠎ᠲᠠᠢ ᠰᠣᠩᠭᠣᠭᠳᠠᠭᠰᠠᠨ ᠦᠭᠡᠢ ᠦᠢ᠍ᠯᠡᠳᠬᠦᠨ᠎ᠢ ᠬᠡᠷᠡᠭᠯᠡᠭᠰᠡᠨ ᠬᠠᠷᠢᠴᠠᠯ ᠥᠨᠳᠥᠷ᠂ ᠥᠨᠳᠥᠷ ᠦᠨ᠎ᠡ᠎ᠲᠠᠢ ᠣᠷᠣᠯᠠᠵᠤ ᠪᠣᠯᠬᠤ ᠲᠥᠷᠥᠯ ᠵᠦᠢ᠍ᠯ᠎ᠤᠨ ᠬᠡᠷᠡᠭᠯᠡᠯᠲᠡ ᠵᠢᠨ ᠬᠡᠪ᠎ᠤᠨ ᠪᠤᠰᠤ ᠨᠡᠮᠡᠭᠳᠡᠯ᠂ ᠰᠦᠯᠵᠢᠶᠡᠨ ᠭᠠᠳᠠᠨ᠎ᠠ ᠬᠤᠳᠠᠯᠳᠤᠨ ᠠᠪᠬᠤ᠂ ᠰᠣᠩᠭᠣᠭᠳᠠᠭᠰᠠᠨ ᠠᠵᠤ ᠠᠬᠤᠶ᠋ᠢᠯᠠᠯ ᠪᠠᠷᠠᠭ᠎ᠠ ᠬᠠᠩᠭ᠋ᠠᠬᠤ ᠵᠢ ᠬᠣᠢ᠌ᠰᠢᠯᠠᠭᠤᠯᠬᠤ ᠪᠤᠶᠤ ᠪᠠᠷᠠᠭ᠎ᠠ ᠬᠠᠩᠭ᠋ᠠᠭᠰᠠᠨ ᠥᠬᠡᠶ ᠵᠡᠷᠭᠡ ᠪᠠᠶ᠋ᠢᠳᠠᠯ᠎ᠢ ᠭᠤᠤᠯᠳᠠᠯᠭ᠎ᠠ᠎ᠲᠠᠢ ᠪᠠᠢ᠌ᠴᠠᠭ᠋ᠠᠨ᠎ᠠ᠃ ᠭᠡᠨᠡᠳᠡᠭᠦᠯᠦᠨ ᠪᠠᠶ᠋ᠢᠴᠠᠭ᠋ᠠᠬᠤ ᠳᠤᠮᠳᠠ ᠪᠠᠶ᠋ᠢᠴᠠᠭ᠋ᠠᠵᠤ ᠭᠠᠷᠭ᠋ᠠᠭᠰᠠᠨ ᠠᠰᠠᠭᠤᠳᠠᠯ᠎ᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠠᠴᠠ ᠬᠠᠮᠢᠶ᠎ᠠ ᠪᠥᠬᠦᠶ ᠡᠮᠴᠢᠯᠡᠭᠡᠨ᠎ᠤ ᠪᠠᠶ᠋ᠢᠭᠤᠯᠤᠮᠵᠢ ᠪᠠ ᠠᠵᠤ ᠠᠬᠤᠶ᠋ᠢᠯᠠᠯ᠎ᠢ ᠵᠠᠷᠯᠠᠨ ᠮᠡᠳᠡᠭᠳᠡᠵᠦ᠂ ᠪᠣᠯᠵᠣᠨ ᠶᠠᠷᠢᠯᠴᠠᠵᠤ᠂ ᠴᠡᠭᠴᠡᠯᠡᠨ ᠰᠠᠶ᠋ᠢᠵᠢᠷᠠᠭᠤᠯᠤᠭᠰᠠᠨ ᠵᠶ᠋ᠠᠷ ᠬᠦᠷᠦᠯᠴᠡᠬᠦ ᠥᠬᠡᠶ ᠵᠢ᠎ᠨᠢ ᠬᠠᠮᠢᠶ᠎ᠠ ᠪᠥᠬᠦᠶ ᠰᠠᠯᠠᠭ᠎ᠠ ᠮᠥᠴᠢᠷ᠎ᠲᠠᠢ ᠬᠠᠮᠲᠤᠷᠠᠨ ᠲᠣᠭᠲᠠᠭ᠋ᠠᠯ ᠶᠣᠰᠣᠭ᠋ᠠᠷ ᠤᠯᠠᠮ ᠨᠢᠭᠡ ᠠᠯᠬᠤᠮ ᠰᠢᠢ᠍ᠳᠪᠦᠷᠢᠯᠡᠨ᠎ᠡ᠃

   ᠲᠠᠪᠤ᠂ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠬᠤᠳᠠᠯᠳᠤᠨ ᠠᠪᠴᠤ ᠬᠡᠷᠡᠭᠯᠡᠬᠦ ᠵᠢ ᠬᠢᠨᠠᠨ ᠬᠠᠮᠢᠶᠠᠷᠬᠤ ᠡᠷᠴᠢᠮ ᠵᠶ᠋ᠠᠨ ᠴᠢᠩᠭ᠋ᠠᠷᠠᠭᠤᠯᠤᠨ᠎ᠠ

   ᠡᠯ᠎ᠡ ᠭᠠᠵᠠᠷ᠎ᠤᠨ᠎ᠬᠢᠨ᠎ᠨᠢ ᠡᠮᠴᠢᠯᠡᠭᠡᠨ᠎ᠤ ᠪᠠᠶ᠋ᠢᠭᠤᠯᠤᠮᠵᠢ᠂ ᠠᠵᠤ ᠠᠬᠤᠶ᠋ᠢᠯᠠᠯ᠎ᠯᠤᠭ᠎ᠠ ᠨᠡᠪᠲᠡᠷᠡᠯᠴᠡᠬᠦ ᠠᠷᠭ᠎ᠠ ᠵᠠᠮ᠎ᠢ ᠰᠠᠭ᠋ᠠᠳ ᠦᠭᠡᠶ ᠨᠡᠪᠲᠡᠷᠡᠭᠦᠯᠵᠦ᠂ ᠠᠰᠠᠭᠤᠳᠠᠯ᠎ᠢ ᠲᠤᠰᠬᠠᠬᠤ ᠲᠣᠭᠲᠠᠴᠠ ᠵᠢ ᠪᠠᠶ᠋ᠢᠭᠤᠯᠬᠤ ᠬᠡᠷᠡᠭᠲᠡᠶ᠃ ᠡᠷᠡᠭᠦᠯ ᠬᠠᠮᠠᠭ᠋ᠠᠯᠠᠯ᠂ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠯᠦᠭᠡ ᠵᠢᠨ ᠨᠡᠪᠲᠡᠷᠡᠯᠴᠡᠭᠡ ᠵᠣᠬᠢᠴᠠᠭᠤᠯᠭ᠎ᠠ᠎ᠪᠠᠨ ᠴᠢᠩᠭ᠋ᠠᠳᠬᠠᠵᠤ᠂ ᠲᠥᠪᠯᠡᠷᠡᠩᠭᠦᠶ ᠬᠡᠮᠵᠢᠶ᠎ᠡ᠎ᠲᠠᠢ ᠬᠤᠳᠠᠯᠳᠤᠨ ᠠᠪᠬᠤ ᠦᠢ᠍ᠯᠡᠳᠬᠦᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠤᠨ᠂ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢ ᠵᠦᠶ ᠵᠣᠬᠢᠰᠲᠠᠶ ᠬᠡᠷᠡᠭᠯᠡᠬᠦ ᠵᠢ ᠭᠦᠢ᠍ᠴᠡᠳ ᠪᠠᠲᠤᠯᠠᠵᠤ᠂ ᠳᠠᠭ᠋ᠠᠳᠬᠠᠯ᠎ᠢ ᠮᠡᠬᠡᠯᠡᠭᠰᠡᠨ ᠰᠡᠵᠢᠭᠯᠡᠯᠲᠡᠶ ᠦᠢ᠍ᠯᠡ ᠠᠵᠢᠯᠯᠠᠭ᠎ᠠ ᠵᠢ ᠣᠯᠵᠤ ᠮᠡᠳᠡᠪᠡᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠤ ᠰᠢᠯᠵᠢᠭᠦᠯᠦᠨ ᠬᠦᠷᠭᠡᠵᠦ᠂ ᠬᠠᠤᠯᠢ ᠲᠣᠭᠲᠠᠭ᠋ᠠᠯ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠨ᠎ᠡ᠃

  

   ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ

  2024 ᠣᠨ᠎ᠤ 6 ᠳ᠋ᠤᠭ᠋ᠠᠷ ᠰᠠᠷ᠎ᠠ ᠵᠢᠨ 17᠎ᠤ ᠡᠳᠦᠷ

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠨᠢᠭᠡᠳᠦᠭᠡᠷ ᠹᠷᠣᠨᠲ᠎ᠤᠨ ᠡᠮᠴᠢ ᠰᠤᠪᠢᠯᠠᠭᠴᠢᠳ᠎ᠠᠴᠠ 《ᠪᠠᠶ᠋ᠢᠴᠠᠭ᠋ᠠᠨ ᠰᠢᠯᠭ᠋ᠠᠬᠤ ᠲᠥᠷᠥᠯ》᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠵᠣᠬᠢᠶᠠᠯ ᠡᠯᠰᠡᠬᠦ ᠲᠤᠬᠠᠶ ᠤᠯᠤᠰ᠎ᠤᠨ ᠡᠮᠴᠢᠯᠡᠭᠡᠨ᠎ᠤ ᠪᠠᠳᠤᠯᠠᠭ᠎ᠠ ᠵᠢᠨ ᠲᠣᠪᠴᠢᠶ᠎ᠠ ᠵᠢᠨ ᠠᠯᠪᠠᠨ ᠵᠠᠷ
ᠬᠡᠰᠡᠭ ᠡᠮ᠎ᠤᠨ ᠵᠦᠢ᠍ᠯ᠎ᠤᠨ ᠬᠡᠪ᠎ᠤᠨ ᠪᠤᠰᠤ ᠦᠨ᠎ᠡ ᠵᠢ ᠲᠣᠬᠢᠷᠠᠭᠤᠯᠬᠤ ᠲᠤᠬᠠᠢ ᠮᠡᠳᠡᠭᠳᠡᠯ
《2024 ᠣᠨ᠎ᠤ ᠤᠯᠤᠰ᠎ᠤᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ ᠪᠠ ᠦᠷᠡᠵᠢᠯ᠎ᠤᠨ ᠳᠠᠭ᠋ᠠᠳᠬᠠᠯ᠎ᠤᠨ ᠡᠮ᠎ᠤᠨ ᠵᠦᠢ᠍ᠯ᠎ᠤᠨ ᠭᠠᠷᠴᠠᠭ᠎ᠲᠤ ᠲᠣᠬᠢᠷᠠᠭᠤᠯᠤᠯᠲᠠ ᠬᠢᠬᠦ ᠠᠵᠢᠯ᠎ᠤᠨ ᠲᠥᠰᠦᠯ》 ᠵᠢᠴᠢ ᠭᠤᠶᠤᠴᠢᠯᠠᠨ ᠮᠡᠳᠡᠭᠦᠯᠬᠦ ᠵᠦᠭᠯᠡᠭᠦᠷ ᠵᠡᠷᠭᠡ ᠪᠢᠴᠢᠭ ᠮᠠᠲ᠋ᠧᠷᠢᠶᠠᠯ᠎ᠢ ᠨᠡᠶ᠋ᠢᠲᠡᠯᠡᠬᠦ ᠲᠤᠬᠠᠶ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠠᠯᠪᠠᠨ ᠵᠠᠷ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶᠠᠨ᠎ᠤ ᠬᠠᠷᠢᠶ᠎ᠠ ᠠᠵᠢᠯ ᠦᠢᠯᠡᠰ᠎ᠤᠨ ᠨᠢᠭᠡᠴᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ᠎ᠤᠨ 2025 ᠣᠨ᠎ᠤ ᠥᠷᠢᠰᠥᠯᠳᠦᠭᠡᠨ᠎ᠤ ᠴᠢᠨᠠᠷᠲᠠᠶ ᠠᠳᠠᠯᠢᠳᠬᠠᠨ ᠰᠣᠩᠭᠤᠬᠤ ᠠᠵᠢᠯᠲᠠᠨ᠎ᠤ ᠵᠠᠷᠯᠠᠯ
 
            