ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠯᠪᠠᠨ ᠨᠡᠶ᠋ᠢᠲᠡᠯᠡᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ᠎ᠤᠨ ᠦᠢ᠍ᠯᠡᠴᠢᠯᠡᠭᠡᠨ᠎ᠤ ᠵᠢᠷᠤᠮᠵᠢᠯ (1.0 ᠬᠡᠪᠯᠡᠯ)》᠎ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2024-06-24

         ᠥᠪᠥᠷ ᠡᠮᠴᠢᠯᠡᠭᠡ ᠪᠠᠲᠤᠯᠠᠭ᠎ᠠ ᠠᠯᠪᠠᠨ ᠲᠠᠷᠬᠠᠭ᠋ᠠᠭᠰᠠᠨ [2024] 21 ᠳ᠋ᠦ᠍ᠭᠡᠷ ᠲᠣᠭ᠋ᠠᠲᠤ

ᠡᠯ᠎ᠡ ᠠᠢ᠌ᠮᠠᠭ ᠬᠤᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠳᠤ᠄

  《ᠡᠮ ᠡᠮᠨᠡᠯᠭᠡ ᠵᠢᠨ ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ᠎ᠤᠨ ᠴᠢᠳᠠᠮᠵᠢ ᠵᠢ ᠳᠡᠭᠡᠭᠰᠢᠯᠡᠭᠦᠯᠦᠨ ᠲᠡᠭᠦᠯᠳᠡᠷᠵᠢᠭᠦᠯᠵᠦ ᠡᠮ ᠡᠮᠨᠡᠯᠭᠡ ᠵᠢᠨ ᠦᠨ᠎ᠡ ᠬᠠᠩᠰᠢ ᠵᠢᠨ ᠥᠭᠡᠷᠡᠴᠢᠯᠡᠯᠲᠡ ᠬᠢᠭᠡᠳ ᠬᠠᠮᠢᠶᠠᠷᠤᠯᠲᠠ ᠵᠢ ᠳᠡᠮᠵᠢᠬᠦ ᠲᠤᠬᠠᠶ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠰᠠᠨᠠᠯ》 ᠪᠠ 《〈ᠡᠮ ᠡᠮᠨᠡᠯᠭᠡ ᠵᠢᠨ ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ᠎ᠤᠨ ᠤᠶ᠋ᠢᠯᠡᠴᠢᠯᠡᠭᠡᠨ᠎ᠤ ᠵᠢᠷᠤᠮᠵᠢᠯ (1.0 ᠬᠡᠪᠯᠡᠯ)〉᠎ᠢ ᠳᠠᠷᠤᠮᠠᠯᠯᠠᠨ ᠲᠠᠷᠬᠠᠭ᠋ᠠᠬᠤ ᠲᠤᠬᠠᠶ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠠᠯᠪᠠᠨ ᠬᠡᠷ᠎ᠤᠨ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠠᠵᠢᠯ᠎ᠤᠨ ᠪᠣᠳᠠᠲᠠᠶ᠎ᠲᠠᠢ᠎ᠪᠠᠨ ᠤᠶᠠᠯᠳᠤᠭᠤᠯᠤᠨ᠂ ᠮᠠᠨ᠎ᠤ ᠣᠷᠣᠨ᠎ᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ᠎ᠤᠨ ᠤᠶ᠋ᠢᠯᠡᠴᠢᠯᠡᠭᠡᠨ᠎ᠤ ᠵᠢᠷᠤᠮᠵᠢᠯ (1.0 ᠬᠡᠪᠯᠡᠯ)》᠎ᠢ ᠲᠣᠭᠲᠠᠭ᠋ᠠᠵᠤ᠂ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠶ᠃ ᠲᠣᠰ ᠵᠢᠷᠤᠮᠵᠢᠯ᠎ᠢ 2024 ᠣᠨ᠎ᠤ 7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃


   ᠳᠠᠭ᠋ᠠᠯᠳᠤᠭᠤᠯᠤᠯ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ᠎ᠤᠨ ᠦᠢ᠍ᠯᠡᠴᠢᠯᠡᠭᠡᠨ᠎ᠤ ᠵᠢᠷᠤᠮᠵᠢᠯ (1.0 ᠬᠡᠪᠯᠡᠯ)


           ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ

          2024 ᠣᠨ᠎ᠤ 6 ᠳ᠋ᠤᠭ᠋ᠠᠷ ᠰᠠᠷ᠎ᠠ ᠵᠢᠨ 18᠎ᠤ ᠡᠳᠦᠷ

 

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
2024 ᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ᠎ᠢ ᠰᠠᠢ᠌ᠲᠤᠷ ᠬᠢᠬᠦ ᠲᠤᠬᠠᠶ ᠮᠡᠳᠡᠭᠳᠡᠯ
ᠨᠢᠭᠡᠳᠦᠭᠡᠷ ᠹᠷᠣᠨᠲ᠎ᠤᠨ ᠡᠮᠴᠢ ᠰᠤᠪᠢᠯᠠᠭᠴᠢᠳ᠎ᠠᠴᠠ 《ᠪᠠᠶ᠋ᠢᠴᠠᠭ᠋ᠠᠨ ᠰᠢᠯᠭ᠋ᠠᠬᠤ ᠲᠥᠷᠥᠯ》᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠵᠣᠬᠢᠶᠠᠯ ᠡᠯᠰᠡᠬᠦ ᠲᠤᠬᠠᠶ ᠤᠯᠤᠰ᠎ᠤᠨ ᠡᠮᠴᠢᠯᠡᠭᠡᠨ᠎ᠤ ᠪᠠᠳᠤᠯᠠᠭ᠎ᠠ ᠵᠢᠨ ᠲᠣᠪᠴᠢᠶ᠎ᠠ ᠵᠢᠨ ᠠᠯᠪᠠᠨ ᠵᠠᠷ
ᠬᠡᠰᠡᠭ ᠡᠮ᠎ᠤᠨ ᠵᠦᠢ᠍ᠯ᠎ᠤᠨ ᠬᠡᠪ᠎ᠤᠨ ᠪᠤᠰᠤ ᠦᠨ᠎ᠡ ᠵᠢ ᠲᠣᠬᠢᠷᠠᠭᠤᠯᠬᠤ ᠲᠤᠬᠠᠢ ᠮᠡᠳᠡᠭᠳᠡᠯ
《2024 ᠣᠨ᠎ᠤ ᠤᠯᠤᠰ᠎ᠤᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ ᠪᠠ ᠦᠷᠡᠵᠢᠯ᠎ᠤᠨ ᠳᠠᠭ᠋ᠠᠳᠬᠠᠯ᠎ᠤᠨ ᠡᠮ᠎ᠤᠨ ᠵᠦᠢ᠍ᠯ᠎ᠤᠨ ᠭᠠᠷᠴᠠᠭ᠎ᠲᠤ ᠲᠣᠬᠢᠷᠠᠭᠤᠯᠤᠯᠲᠠ ᠬᠢᠬᠦ ᠠᠵᠢᠯ᠎ᠤᠨ ᠲᠥᠰᠦᠯ》 ᠵᠢᠴᠢ ᠭᠤᠶᠤᠴᠢᠯᠠᠨ ᠮᠡᠳᠡᠭᠦᠯᠬᠦ ᠵᠦᠭᠯᠡᠭᠦᠷ ᠵᠡᠷᠭᠡ ᠪᠢᠴᠢᠭ ᠮᠠᠲ᠋ᠧᠷᠢᠶᠠᠯ᠎ᠢ ᠨᠡᠶ᠋ᠢᠲᠡᠯᠡᠬᠦ ᠲᠤᠬᠠᠶ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠠᠯᠪᠠᠨ ᠵᠠᠷ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶᠠᠨ᠎ᠤ ᠬᠠᠷᠢᠶ᠎ᠠ ᠠᠵᠢᠯ ᠦᠢᠯᠡᠰ᠎ᠤᠨ ᠨᠢᠭᠡᠴᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ᠎ᠤᠨ 2025 ᠣᠨ᠎ᠤ ᠥᠷᠢᠰᠥᠯᠳᠦᠭᠡᠨ᠎ᠤ ᠴᠢᠨᠠᠷᠲᠠᠶ ᠠᠳᠠᠯᠢᠳᠬᠠᠨ ᠰᠣᠩᠭᠤᠬᠤ ᠠᠵᠢᠯᠲᠠᠨ᠎ᠤ ᠵᠠᠷᠯᠠᠯ
 
            