ᠥᠪᠥᠷ ᠡᠮ ᠬᠤᠳᠠᠯᠳᠤᠨ ᠠᠪᠬᠤ ᠲᠥᠪ ᠦᠰᠦᠭ [2024] 121 ᠳ᠋ᠤᠭᠡᠷ ᠲᠣᠭ᠋ᠠᠲᠤ
ᠡᠯ᠎ᠡ ᠬᠠᠮᠢᠶ᠎ᠠ ᠪᠥᠬᠦᠶ ᠠᠵᠤ ᠠᠬᠤᠶ᠋ᠢᠯᠠᠯ᠄
2024 ᠣᠨ᠎ᠤ 4 ᠳ᠋ᠦ᠍ᠭᠡᠷ ᠰᠠᠷ᠎ᠠ᠎ᠳᠤ ᠳᠤᠲᠠᠭᠳᠠᠵᠤ ᠪᠠᠶ᠋ᠢᠭ᠎ᠠ ᠡᠮ᠎ᠤᠨ ᠵᠦᠢ᠍ᠯ᠎ᠢ ᠬᠢᠨᠠᠨ ᠬᠡᠮᠵᠢᠭᠰᠡᠨ ᠦᠷ᠎ᠡ ᠳ᠋ᠦᠩ᠎ᠢ ᠦᠨᠳᠦᠰᠦᠯᠡᠨ᠂ ᠣᠲᠣ ᠬᠡᠰᠡᠭ ᠳᠤᠲᠠᠭᠳᠠᠵᠤ ᠪᠠᠶ᠋ᠢᠭ᠎ᠠ ᠡᠮ᠎ᠤᠨ ᠵᠦᠢ᠍ᠯ᠎ᠤᠨ ᠦᠨ᠎ᠡ ᠬᠠᠩᠰᠢ ᠵᠢ ᠲᠣᠳᠣᠷᠬᠠᠶ᠋ᠢᠯᠠᠬᠤ ᠠᠵᠢᠯ᠎ᠤᠨ ᠲᠤᠬᠠᠶ ᠳᠣᠤᠷᠠᠬᠢ ᠮᠡᠲᠦ ᠮᠡᠳᠡᠭᠳᠡᠶ᠎ᠡ᠄
ᠨᠢᠭᠡ᠂ ᠲᠣᠳᠣᠷᠬᠠᠶ᠋ᠢᠯᠠᠬᠤ ᠠᠭᠤᠯᠭ᠎ᠠ
ᠬᠡᠰᠡᠭ ᠳᠤᠲᠠᠭᠳᠠᠵᠤ ᠪᠠᠢ᠌ᠭ᠎ᠠ ᠡᠮ᠎ᠤᠨ ᠵᠦᠢ᠍ᠯ᠎ᠤᠨ ᠬᠡᠪ᠎ᠤᠨ ᠪᠤᠰᠤ ᠠᠷᠠᠯᠵᠢᠶᠠᠨ᠎ᠤ ᠦᠨ᠎ᠡ (ᠨᠠᠷᠢᠨ ᠵᠦᠢ᠍ᠯ᠎ᠢ ᠳᠠᠭ᠋ᠠᠯᠳᠤᠭᠤᠯᠤᠯ᠎ᠳᠤ ᠦᠵᠡ)
ᠬᠤᠶᠠᠷ᠂ ᠲᠣᠳᠣᠷᠬᠠᠶ᠋ᠢᠯᠠᠬᠤ ᠮᠠᠲ᠋ᠧᠷᠢᠶᠠᠯ
ᠠᠵᠤ ᠠᠬᠤᠶ᠋ᠢᠯᠠᠯ ᠲᠣᠭᠲᠠᠭᠰᠠᠨ ᠴᠠᠭ᠎ᠤᠨ ᠳᠣᠲᠣᠷ᠎ᠠ ᠦᠨᠡᠨ ᠪᠣᠳᠠᠲᠠᠢ ᠪᠥᠭᠡᠳ ᠬᠦᠴᠦᠨ᠎ᠲᠠᠢ᠂ ᠪᠦᠷᠢᠨ ᠭᠦᠢ᠍ᠴᠡᠳ ᠭᠡᠷᠡᠴᠢ ᠪᠠ ᠭᠡᠷᠡᠴᠢ ᠮᠠᠲ᠋ᠧᠷᠢᠶᠠᠯ᠎ᠢ ᠬᠠᠩᠭ᠋ᠠᠬᠤ ᠬᠡᠷᠡᠭᠲᠡᠢ᠃ ᠲᠤᠰᠢᠶᠠᠬᠤ ᠮᠠᠲ᠋ᠧᠷᠢᠶᠠᠯ᠎ᠳᠤ᠄ ᠲᠤᠬᠠᠶ᠋ᠢᠯᠠᠭᠰᠠᠨ ᠠᠵᠢᠯ᠎ᠢ ᠬᠦᠯᠢᠶᠡᠨ ᠠᠪᠴᠤ ᠰᠢᠢ᠍ᠳᠪᠦᠷᠢᠯᠡᠬᠦ ᠬᠦᠰᠦᠨᠦᠭᠲᠦ᠂ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠡᠷᠬᠡ ᠣᠯᠭᠣᠭᠰᠠᠨ ᠪᠢᠴᠢᠭ᠂ ᠲᠣᠳᠣᠷᠬᠠᠢ᠌ᠯᠠᠭᠰᠠᠨ ᠡᠮ᠎ᠤᠨ ᠵᠦᠢ᠍ᠯ᠎ᠤᠨ ᠬᠤᠷᠢᠶᠠᠩᠭᠤᠶ ᠬᠦᠰᠦᠨᠦᠭᠲᠦ᠂ ᠲᠣᠳᠣᠷᠬᠠᠶ᠋ᠢᠯᠠᠬᠤ ᠮᠠᠲ᠋ᠧᠷᠢᠶᠠᠯ ᠪᠠ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ᠂ ᠲᠣᠳᠣᠷᠬᠠᠶ᠋ᠢᠯᠠᠬᠤ ᠮᠠᠲ᠋ᠧᠷᠢᠶᠠᠯ ᠵᠶ᠋ᠠᠨ ᠲᠤᠰᠢᠶᠠᠬᠤ᠎ᠳᠤ ᠡᠷᠬᠡᠪᠰᠢ ᠬᠠᠭᠤᠳᠠᠰᠤ ᠳᠠᠷᠠᠭ᠋ᠠᠯᠠᠨ ᠠᠵᠤ ᠠᠬᠤᠶ᠋ᠢᠯᠠᠯ᠎ᠤᠨ ᠠᠯᠪᠠᠨ ᠲᠠᠮᠠᠭ᠎ᠠ ᠵᠢ ᠳᠠᠷᠤᠬᠤ ᠬᠡᠷᠡᠭᠲᠡᠶ᠃ ᠦᠨ᠎ᠡ ᠬᠠᠩᠰᠢ᠎ᠨᠢ ᠬᠡᠪ᠎ᠤᠨ ᠪᠤᠰᠤ ᠡᠮ᠎ᠤᠨ ᠵᠦᠢ᠍ᠯ᠎ᠤᠨ ᠪᠦᠬᠦ ᠤᠯᠤᠰ᠎ᠤᠨ ᠡᠯ᠎ᠡ ᠮᠤᠵᠢ ᠵᠢᠨ ᠰᠦᠯᠵᠢᠶᠡᠨ᠎ᠳᠤ ᠲᠠᠯᠪᠢᠭᠰᠠᠨ ᠦᠨ᠎ᠡ ᠪᠣᠯᠤᠨ ᠦᠨ᠎ᠡ ᠬᠠᠩᠰᠢ ᠵᠢᠨ ᠬᠡᠷᠡᠭᠵᠢᠭᠦᠯᠬᠦ ᠴᠠᠭ ᠬᠤᠭᠤᠴᠠᠭ᠎ᠠ ᠵᠢ ᠲᠣᠳᠣᠷᠬᠠᠶ᠋ᠢᠯᠠᠬᠤ ᠵᠢᠨ ᠬᠠᠮᠲᠤ ᠡᠯ᠎ᠡ ᠮᠤᠵᠢ ᠵᠢᠨ ᠰᠦᠯᠵᠢᠶᠡᠨ᠎ᠳᠤ ᠲᠠᠯᠪᠢᠭᠰᠠᠨ ᠦᠨ᠎ᠡ ᠬᠠᠩᠰᠢ ᠵᠢᠨ ᠭᠡᠷᠡᠴᠢᠯᠡᠬᠦ ᠮᠠᠲ᠋ᠧᠷᠢᠶᠠᠯ᠎ᠢ ᠬᠠᠩᠭ᠋ᠠᠬᠤ ᠬᠡᠷᠡᠭᠲᠡᠶ᠃
ᠭᠤᠷᠪᠠ᠂ ᠲᠤᠰᠢᠶᠠᠬᠤ ᠠᠷᠭ᠎ᠠ ᠮᠠᠶᠢᠭ
ᠰᠦᠯᠵᠢᠶᠡᠨ ᠳᠡᠭᠡᠷ᠎ᠡ ᠮᠠᠲ᠋ᠧᠷᠢᠶᠠᠯ ᠲᠤᠰᠢᠶᠠᠬᠤ ᠠᠵᠤ ᠠᠬᠤᠶ᠋ᠢᠯᠠᠯ 《ᠰᠦᠯᠵᠢᠶᠡᠨ ᠳᠡᠭᠡᠷᠡᠬᠢ ᠲᠤᠬᠠᠶ᠋ᠢᠯᠠᠭᠰᠠᠨ ᠠᠵᠢᠯ᠎ᠤᠨ ᠭᠦᠢ᠍ᠴᠡᠳᠭᠡᠬᠦ ᠰᠢᠰᠲ᠋ᠧᠮ》 — 《ᠲᠤᠰᠬᠠᠶ ᠵᠦᠢ᠍ᠯ᠎ᠤᠨ ᠲᠤᠬᠠᠶ᠋ᠢᠯᠠᠭᠰᠠᠨ ᠠᠵᠢᠯ᠎ᠤᠨ ᠬᠡᠰᠡᠭ》 — 《ᠡᠮ᠎ᠤᠨ ᠵᠦᠢ᠍ᠯ᠎ᠤᠨ ᠬᠡᠪ᠎ᠤᠨ ᠪᠤᠰᠤ ᠠᠷᠠᠯᠵᠢᠶᠠᠨ᠎ᠤ ᠦᠨ᠎ᠡ ᠬᠠᠩᠰᠢ ᠪᠠ ᠳᠣᠭᠢᠷᠠᠭᠤᠯᠤᠨ ᠬᠦᠷᠭᠡᠬᠦ ᠪᠠᠶ᠋ᠢᠳᠠᠯ᠎ᠢ ᠬᠠᠷᠭᠤᠭᠤᠯᠤᠨ ᠪᠠᠶ᠋ᠢᠴᠠᠭ᠋ᠠᠬᠤ》᠎ᠳᠤ ᠣᠷᠣᠵᠤ᠂ PDF ᠵᠢᠨ ᠬᠡᠯᠪᠡᠷᠢ᠎ᠪᠠᠷ ᠲᠣᠳᠣᠷᠬᠠᠢ᠌ᠯᠠᠬᠤ ᠮᠠᠲ᠋ᠧᠷᠢᠶᠠᠯ᠎ᠢ ᠳᠡᠭᠡᠭᠰᠢ ᠳᠠᠮᠵᠢᠭᠤᠯᠵᠤ᠂ ᠣᠯᠠᠨ ᠵᠦᠢ᠍ᠯ᠎ᠤᠨ ᠠᠭᠤᠯᠭ᠎ᠠ ᠵᠢ ᠨᠢᠭᠡᠨ PDF ᠪᠢᠴᠢᠭ ᠮᠠᠲ᠋ᠧᠷᠢᠶᠠᠯ ᠪᠣᠯᠭ᠋ᠠᠬᠤ ᠴᠢᠬᠤᠯᠠᠲᠠᠶ᠃
ᠳᠥᠷᠪᠡ᠂ ᠭᠥᠯᠢᠶᠡᠨ ᠠᠪᠴᠤ ᠰᠢᠢ᠍ᠳᠪᠦᠷᠢᠯᠡᠬᠦ ᠴᠠᠭ
2024 ᠣᠨ᠎ᠤ 6 ᠳ᠋ᠤᠭ᠋ᠠᠷ ᠰᠠᠷ᠎ᠠ ᠵᠢᠨ 4᠎ᠤ ᠡᠳᠦᠷ — 2024 ᠣᠨ᠎ᠤ 6 ᠳ᠋ᠤᠭ᠋ᠠᠷ ᠰᠠᠷ᠎ᠠ ᠵᠢᠨ 10᠎ᠤ ᠡᠳᠦᠷ᠃
ᠲᠠᠪᠤ᠂ ᠲᠣᠳᠣᠷᠬᠠᠶ᠋ᠢᠯᠠᠬᠤ ᠱᠠᠭ᠋ᠠᠷᠳᠠᠯᠭ᠎ᠠ
ᠬᠠᠮᠢᠶ᠎ᠠ ᠪᠥᠬᠦᠶ ᠠᠵᠤ ᠠᠬᠤᠶ᠋ᠢᠯᠠᠯ᠎ᠨᠢ ᠬᠠᠷᠭᠤᠭᠤᠯᠤᠨ ᠪᠠᠶ᠋ᠢᠴᠠᠭ᠋ᠠᠬᠤ ᠠᠭᠤᠯᠭ᠎ᠠ᠎ᠳᠤ ᠰᠢᠯᠲᠠᠭ᠋ᠠᠨ᠎ᠢ᠎ᠨᠢ ᠲᠣᠳᠣᠷᠬᠠᠶ᠋ᠢᠯᠠᠬᠤ ᠵᠢᠨ ᠬᠠᠮᠲᠤ ᠵᠣᠬᠢᠴᠠᠩᠭᠤᠶ ᠭᠡᠷᠡᠴᠢᠯᠡᠬᠦ ᠮᠠᠲ᠋ᠧᠷᠢᠶᠠᠯ ᠬᠠᠩᠭ᠋ᠠᠬᠤ ᠴᠢᠬᠤᠯᠠᠲᠠᠶ᠂ ᠱᠠᠭ᠋ᠠᠷᠳᠠᠯᠭ᠎ᠠ ᠶᠣᠰᠣᠭ᠋ᠠᠷ ᠲᠣᠳᠣᠷᠬᠠᠶ᠋ᠢᠯᠠᠬᠤ ᠮᠠᠲ᠋ᠧᠷᠢᠶᠠᠯ ᠵᠶ᠋ᠠᠨ ᠲᠤᠰᠢᠶᠠᠭᠰᠠᠨ ᠥᠬᠡᠶ ᠪᠣᠯ᠂ 《ᠡᠮ ᠡᠮᠨᠡᠯᠭᠡ ᠵᠢᠨ ᠦᠨ᠎ᠡ ᠬᠠᠩᠰᠢ ᠪᠠ ᠲᠥᠪᠯᠡᠷᠡᠭᠦᠯᠦᠨ ᠬᠤᠳᠠᠯᠳᠤᠨ ᠠᠪᠬᠤ ᠢᠲᠡᠭᠡᠮᠵᠢ ᠵᠢᠨ ᠦᠨᠡᠯᠡᠯᠲᠡ ᠵᠢᠨ ᠲᠠᠰᠤᠯᠤᠯᠲᠠ ᠵᠢᠨ ᠪᠠᠷᠢᠮᠵᠢᠶ᠎ᠠ (2020 ᠣᠨ᠎ᠤ ᠬᠡᠪᠯᠡᠯ)》 ᠵᠢᠨ ᠶᠣᠰᠣᠭ᠋ᠠᠷ ᠰᠢᠢ᠍ᠳᠪᠦᠷᠢᠯᠡᠨ᠎ᠡ᠃ ᠬᠠᠷᠭᠤᠭᠤᠯᠤᠨ ᠪᠠᠶ᠋ᠢᠴᠠᠭ᠋ᠠᠭᠰᠠᠨ ᠰᠢᠯᠲᠠᠭ᠋ᠠᠨ᠎ᠨᠢ ᠦᠢ᠍ᠯᠡᠳᠪᠦᠷᠢᠯᠡᠯ᠎ᠤᠨ ᠥᠪᠡᠷ᠎ᠤᠨ ᠥᠷᠲᠡᠭ᠎ᠤᠨ ᠲᠠᠯ᠎ᠠ᠎ᠳᠤ ᠬᠠᠷᠢᠶᠠᠯᠠᠭᠳᠠᠪᠠᠯ᠂ ᠲᠦᠭᠦᠬᠡᠶ ᠮᠠᠲ᠋ᠧᠷᠢᠶᠠᠯ ᠡᠮ᠎ᠤᠨ ᠦᠨ᠎ᠡ ᠥᠰᠬᠦ᠎ᠲᠠᠢ ᠬᠤᠯᠪᠣᠭᠳᠠᠪᠠᠯ᠂ ᠲᠦᠭᠦᠬᠡᠶ ᠮᠠᠲ᠋ᠧᠷᠢᠶᠠᠯ ᠡᠮ ᠬᠤᠳᠠᠯᠳᠤᠨ ᠠᠪᠬᠤ ᠠᠷᠭ᠎ᠠ ᠵᠠᠮ ᠵᠢᠴᠢ ᠦᠨ᠎ᠡ ᠬᠠᠩᠰᠢ ᠵᠢᠨ ᠬᠤᠪᠢᠷᠠᠯᠲᠠ ᠵᠢᠨ ᠪᠠᠶ᠋ᠢᠳᠠᠯ᠂ ᠲᠦᠭᠦᠬᠡᠶ ᠮᠠᠲ᠋ᠧᠷᠢᠶᠠᠯ ᠡᠮ ᠬᠤᠳᠠᠯᠳᠤᠨ ᠠᠪᠬᠤ᠎ᠳᠤ ᠵᠠᠪᠰᠠᠷ᠎ᠤᠨ ᠬᠤᠳᠠᠯᠳᠤᠭ᠋ᠠᠴᠢᠨ ᠵᠡᠷᠭᠡ ᠵᠣᠷᠢᠭᠤᠳᠠ ᠨᠡᠮᠡᠭᠰᠡᠨ ᠭᠤᠭᠴᠤᠭ᠎ᠠ ᠣᠷᠣᠰᠢᠵᠤ ᠪᠠᠶ᠋ᠢᠬᠤ ᠡᠰᠡᠬᠦ ᠵᠢ ᠨᠠᠷᠢᠨ ᠲᠣᠳᠣᠷᠬᠠᠢ᠌ᠯᠠᠬᠤ ᠬᠡᠷᠡᠭᠲᠡᠢ; ᠬᠡᠷᠪᠡ ᠦᠢ᠍ᠯᠡᠳᠪᠦᠷᠢᠯᠡᠯ᠎ᠤᠨ ᠬᠡᠪᠴᠢᠶ᠎ᠡ ᠵᠢᠨ ᠲᠣᠬᠢᠷᠠᠭᠤᠯᠤᠯᠲᠠ᠎ᠠᠴᠠ ᠪᠣᠯᠵᠤ ᠦᠢ᠍ᠯᠡᠳᠪᠦᠷᠢᠯᠡᠯ᠎ᠤᠨ ᠥᠪᠡᠷ᠎ᠤᠨ ᠥᠷᠲᠡᠭ ᠨᠡᠮᠡᠭᠳᠡᠭᠰᠡᠨ᠎ᠳᠤ ᠬᠣᠯᠪᠣᠭᠳᠠᠪᠠᠯ᠂ ᠠᠵᠤ ᠠᠬᠤᠶ᠋ᠢᠯᠠᠯ᠎ᠠᠴᠠ ᠡᠯ᠎ᠡ ᠵᠦᠢ᠍ᠯ᠎ᠤᠨ ᠲᠣᠬᠢᠷᠠᠭᠤᠯᠤᠯᠲᠠ ᠵᠢᠨ ᠥᠪᠡᠷ᠎ᠤᠨ ᠥᠷᠲᠡᠭ ᠵᠢᠴᠢ ᠬᠦᠴᠦᠨ ᠪᠥᠬᠦᠶ ᠭᠡᠷᠡᠴᠢ ᠵᠢ ᠨᠠᠷᠢᠨ ᠬᠠᠩᠭ᠋ᠠᠬᠤ ᠬᠡᠷᠡᠭᠲᠡᠶ᠃ ᠪᠣᠷᠣᠯᠠᠭᠤᠯᠬᠤ ᠵᠠᠭᠪᠤᠷ᠎ᠤᠨ ᠲᠠᠯ᠎ᠠ᠎ᠳᠤ ᠬᠠᠷᠢᠶᠠᠯᠠᠭᠳᠠᠪᠠᠯ᠂ ᠣᠷᠣᠯᠠᠨ ᠭᠦᠢ᠍ᠴᠡᠳᠬᠡᠬᠦ ᠬᠤᠳᠠᠯᠳᠤᠭ᠋ᠠᠴᠢᠨᠯᠤᠭᠠ ᠲᠤᠰᠠᠭ᠋ᠠᠷ ᠪᠣᠷᠣᠯᠠᠭᠤᠯᠬᠤ᠂ ᠲᠣᠬᠢᠷᠠᠭᠤᠯᠤᠨ ᠬᠦᠷᠭᠡᠬᠦ ᠵᠥᠪᠯᠡᠯᠴᠡᠭᠡᠷ ᠲᠣᠭᠲᠠᠬᠤ ᠵᠢᠨ ᠬᠠᠮᠲᠤ ᠣᠷᠣᠯᠠᠨ ᠭᠦᠢ᠍ᠴᠡᠳᠬᠡᠬᠦ ᠬᠤᠳᠠᠯᠳᠤᠭ᠋ᠠᠴᠢᠨ᠎ᠳᠤ ᠡᠷᠬᠡ ᠣᠯᠭᠤᠵᠤ ᠰᠦᠯᠵᠢᠶᠡᠨ᠎ᠳᠤ ᠲᠠᠯᠪᠢᠭᠰᠠᠨ ᠦᠨ᠎ᠡ ᠵᠢ ᠬᠠᠮᠠᠭ᠋ᠠᠯᠠᠭᠤᠯᠤᠭᠰᠠᠨ ᠡᠰᠡᠬᠦ᠂ ᠣᠷᠣᠯᠠᠨ ᠭᠦᠢ᠍ᠴᠡᠳᠬᠡᠬᠦ ᠬᠤᠳᠠᠯᠳᠤᠭ᠋ᠠᠴᠢᠨ᠎ᠳᠤ ᠬᠠᠩᠭ᠋ᠠᠭᠰᠠᠨ ᠦᠨ᠎ᠡ ᠬᠠᠩᠰᠢ ᠬᠢᠭᠡᠳ ᠰᠦᠯᠵᠢᠶᠡᠨ᠎ᠳᠤ ᠲᠠᠯᠪᠢᠭᠰᠠᠨ ᠦᠨ᠎ᠡ ᠵᠢᠨ ᠬᠤᠭᠤᠷᠣᠨᠳᠣᠬᠢ ᠦᠨ᠎ᠡ ᠵᠢᠨ ᠵᠥᠷᠢᠶ᠎ᠡ ᠵᠢᠨ ᠵᠦᠶ ᠶᠣᠰᠣᠴᠢ ᠴᠢᠨᠠᠷ᠎ᠢ ᠲᠣᠳᠣᠷᠬᠠᠢ᠌ᠯᠠᠭᠰᠠᠨ ᠬᠦᠴᠦᠨ ᠪᠥᠬᠦᠶ ᠭᠡᠷᠡᠴᠢᠯᠡᠬᠦ ᠮᠠᠲ᠋ᠧᠷᠢᠶᠠᠯ᠎ᠢ ᠬᠠᠩᠭ᠋ᠠᠬᠤ ᠬᠡᠷᠡᠭᠲᠡᠶ᠃ ᠡᠭᠦᠨ᠎ᠤ ᠬᠠᠮᠲᠤ ᠨᠠᠶ᠋ᠢᠷᠠᠭᠰᠠᠨ ᠨᠠᠶ᠋ᠢᠷᠠᠯᠭ᠎ᠠ ᠵᠢᠨ ᠣᠷᠣᠯᠠᠭᠴᠢ ᠬᠤᠳᠠᠯᠳᠤᠭ᠋ᠠᠴᠢᠨ ᠪᠣᠯᠤᠨ ᠲᠦᠭᠦᠬᠡᠶ ᠮᠠᠲ᠋ᠧᠷᠢᠶᠠᠯ ᠡᠮ ᠦᠢ᠍ᠯᠡᠳᠪᠦᠷᠢᠯᠡᠬᠦ ᠠᠵᠤ ᠠᠬᠤᠶ᠋ᠢᠯᠠᠯ ᠪᠤᠶᠤ ᠵᠠᠪᠰᠠᠷ᠎ᠤᠨ ᠬᠤᠳᠠᠯᠳᠤᠭ᠋ᠠᠴᠢᠨ᠎ᠲᠠᠢ ᠬᠤᠯᠪᠣᠭ᠎ᠠ᠎ᠲᠠᠢ ᠡᠰᠡᠬᠦ ᠵᠢ ᠲᠣᠳᠣᠷᠬᠠᠶ᠋ᠢᠯᠠᠨ᠎ᠠ᠃
ᠳᠠᠭ᠋ᠠᠯᠳᠤᠭᠤᠯᠤᠯ᠄
1. ᠲᠣᠳᠣᠷᠬᠠᠢ᠌ᠯᠠᠭᠰᠠᠨ ᠡᠮ᠎ᠤᠨ ᠵᠦᠢ᠍ᠯ᠎ᠤᠨ ᠬᠦᠰᠦᠨᠦᠭᠲᠦ
2. ᠲᠤᠬᠠᠶ᠋ᠢᠯᠠᠭᠰᠠᠨ ᠠᠵᠢᠯ᠎ᠢ ᠬᠦᠯᠢᠶᠡᠨ ᠠᠪᠴᠤ ᠰᠢᠢ᠍ᠳᠪᠦᠷᠢᠯᠡᠬᠦ ᠬᠦᠰᠦᠨᠦᠭᠲᠦ
3. ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠡᠷᠬᠡ ᠣᠯᠭᠣᠭᠰᠠᠨ ᠪᠢᠴᠢᠭ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ
2024 ᠣᠨ᠎ᠤ 6 ᠳ᠋ᠤᠭ᠋ᠠᠷ ᠰᠠᠷ᠎ᠠ ᠵᠢᠨ 4᠎ᠤ ᠡᠳᠦᠷ
ᠳᠠᠭ᠋ᠠᠯᠳᠤᠭᠤᠯᠤᠯ᠄
1. ᠲᠣᠳᠣᠷᠬᠠᠢ᠌ᠯᠠᠭᠰᠠᠨ ᠡᠮ᠎ᠤᠨ ᠵᠦᠢ᠍ᠯ᠎ᠤᠨ ᠬᠦᠰᠦᠨᠦᠭᠲᠦ (2024.4). xlsx
2. ᠲᠤᠬᠠᠶ᠋ᠢᠯᠠᠭᠰᠠᠨ ᠠᠵᠢᠯ᠎ᠢ ᠭᠥᠯᠢᠶᠡᠨ ᠠᠪᠴᠤ ᠰᠢᠢ᠍ᠳᠪᠦᠷᠢᠯᠡᠬᠦ ᠬᠦᠰᠦᠨᠦᠭᠲᠦ.docx
3. ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠡᠷᠬᠡ ᠣᠯᠭᠣᠭᠰᠠᠨ ᠪᠢᠴᠢᠭ .docx