ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠨᠢᠭᠡᠳᠦᠭᠡᠷ ᠹᠷᠣᠨᠲ᠎ᠤᠨ ᠡᠮᠴᠢ ᠰᠤᠪᠢᠯᠠᠭᠴᠢᠳ᠎ᠠᠴᠠ 《ᠪᠠᠶ᠋ᠢᠴᠠᠭ᠋ᠠᠨ ᠰᠢᠯᠭ᠋ᠠᠬᠤ ᠲᠥᠷᠥᠯ》᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠵᠣᠬᠢᠶᠠᠯ ᠡᠯᠰᠡᠬᠦ ᠲᠤᠬᠠᠶ ᠤᠯᠤᠰ᠎ᠤᠨ ᠡᠮᠴᠢᠯᠡᠭᠡᠨ᠎ᠤ ᠪᠠᠳᠤᠯᠠᠭ᠎ᠠ ᠵᠢᠨ ᠲᠣᠪᠴᠢᠶ᠎ᠠ ᠵᠢᠨ ᠠᠯᠪᠠᠨ ᠵᠠᠷ
ᠨᠡᠶ᠋ᠢᠲᠡᠯᠡᠭᠰᠡᠨ ᠴᠠᠭ᠄ 2024-06-27

   ᠠᠨᠠᠭ᠋ᠠᠬᠤ ᠤᠬᠠᠭ᠋ᠠᠨ᠎ᠤ ᠪᠠᠢ᠌ᠴᠠᠭ᠋ᠠᠨ ᠰᠢᠯᠭ᠋ᠠᠬᠤ᠎ᠨᠢ ᠡᠪᠡᠳᠴᠢᠨ ᠡᠮᠭᠡᠭ᠎ᠢ ᠣᠨᠣᠰᠢᠯᠠᠨ ᠡᠮᠨᠡᠬᠦ ᠵᠢᠨ ᠴᠢᠬᠤᠯᠠ ᠲᠤᠰᠠᠯᠠᠬᠤ ᠠᠷᠭ᠎ᠠ ᠪᠠᠷᠢᠯ ᠪᠣᠯᠤᠭᠰᠠᠨ᠎ᠤ ᠬᠤᠪᠢ᠎ᠳᠤ᠂ ᠡᠮᠴᠢ ᠰᠤᠪᠢᠯᠠᠭᠴᠢᠳ᠎ᠲᠤ ᠬᠡᠪ᠎ᠤᠨ ᠪᠤᠰᠤ ᠪᠠᠶ᠋ᠢᠳᠠᠯ᠎ᠢ ᠴᠠᠭ ᠲᠤᠬᠠᠶ᠎ᠳᠤᠨᠢ ᠢᠯᠡᠷᠡᠭᠦᠯᠬᠦ᠂ ᠡᠪᠡᠳᠴᠢᠨ᠎ᠤ ᠰᠢᠯᠲᠠᠭ᠋ᠠᠨ᠎ᠢ ᠮᠠᠭ᠋ᠠᠳᠯᠠᠨ ᠲᠣᠭᠲᠠᠭ᠋ᠠᠬᠤ᠂ ᠡᠮᠴᠢᠯᠡᠭᠡᠨ᠎ᠤ ᠠᠴᠢ ᠲᠤᠰᠠ ᠵᠢ ᠮᠥᠷᠳᠡᠵᠦ ᠰᠢᠢ᠍ᠳᠪᠦᠷᠢᠲᠦ ᠪᠣᠳᠣᠯᠭ᠎ᠠ ᠵᠢᠨ ᠲᠤᠰᠠᠯᠠᠮᠵᠢ ᠬᠠᠩᠭ᠋ᠠᠬᠤ᠂ ᠡᠪᠡᠳᠴᠢᠲᠡᠨ᠎ᠤ ᠡᠷᠡᠭᠦᠯᠵᠢᠬᠦ ᠡᠳᠡᠭᠡᠷᠡᠯᠲᠡ᠎ᠳᠤ ᠬᠠᠪᠰᠤᠷᠤᠯᠭ᠎ᠠ ᠵᠢᠯᠤᠭᠤᠳᠤᠯᠭ᠎ᠠ ᠬᠠᠩᠭ᠋ᠠᠪᠠ᠃ ᠡᠭᠦᠨ᠎ᠤ ᠬᠠᠮᠲᠤ᠂ ᠮᠠᠰᠢ ᠣᠯᠠᠨ ᠪᠠᠶ᠋ᠢᠴᠠᠭ᠋ᠠᠨ ᠰᠢᠯᠭ᠋ᠠᠬᠤ ᠲᠥᠷᠥᠯ ᠵᠦᠢ᠍ᠯ᠎ᠤᠨ ᠦᠨᠳᠦᠰᠦᠯᠡᠯ᠎ᠨᠢ ᠨᠡᠯᠢᠶᠡᠳ ᠪᠤᠳᠤᠯᠢᠶᠠᠨᠲᠠᠶ ᠪᠠᠶ᠋ᠢᠵᠤ᠂ ᠥᠷᠭᠡᠨ ᠣᠯᠠᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠭᠰᠠᠨ ᠡᠪᠡᠳᠴᠢᠲᠡᠨ᠎ᠳᠤ ᠠᠪᠴᠤ ᠬᠡᠯᠡᠪᠡᠯ᠂ ᠶᠠᠮᠠᠷ ᠶᠠᠮᠠᠷ ᠲᠥᠷᠥᠯ ᠵᠦᠢ᠍ᠯ᠎ᠢ ᠪᠠᠶ᠋ᠢᠴᠠᠭ᠋ᠠᠬᠤ ᠴᠢᠬᠤᠯᠠᠲᠠᠶ᠂ ᠶᠠᠭᠤᠨ᠎ᠳᠤ ᠪᠠᠶ᠋ᠢᠴᠠᠭ᠋ᠠᠬᠤ ᠪᠠ ᠬᠡᠷᠬᠢᠨ ᠪᠠᠶ᠋ᠢᠴᠠᠭ᠋ᠠᠬᠤ ᠵᠢ ᠲᠣᠳᠣᠷᠬᠠᠶ ᠮᠡᠳᠡᠬᠦ ᠥᠬᠡᠶ ᠪᠠᠶ᠋ᠢᠳᠠᠭ᠃

   ᠠᠷᠠᠳ ᠲᠦᠮᠡᠨ᠎ᠤ ᠡᠷᠡᠭᠦᠯ ᠮᠡᠨᠳᠦ᠎ᠳᠤ ᠨᠠᠩ ᠰᠠᠶ᠋ᠢᠨ ᠦᠢ᠍ᠯᠡᠴᠢᠯᠡᠬᠦ ᠵᠢᠨ ᠲᠥᠯᠥᠭᠡ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠣᠯᠠᠨ ᠲᠠᠯ᠎ᠠ ᠵᠢᠨ᠎ᠬᠢᠨ᠎ᠤ ᠨᠡᠪᠲᠡᠷᠡᠯᠴᠡᠬᠦ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠲᠠᠪᠴᠠᠩ᠎ᠢ ᠴᠢᠷᠮᠠᠶ᠋ᠢᠨ ᠪᠠᠶ᠋ᠢᠭᠤᠯᠪᠠ᠃ ᠲᠣᠰ ᠤᠳᠠᠭ᠋ᠠᠨ᠎ᠤ ᠡᠬᠡ ᠪᠢᠴᠢᠭ ᠡᠯᠰᠡᠬᠦ᠎ᠨᠢ ᠭᠤᠤᠯᠳᠠᠭᠤ ᠨᠢᠭᠡᠳᠦᠭᠡᠷ ᠹᠷᠣᠨᠲ᠎ᠤᠨ ᠡᠮᠴᠢ ᠰᠤᠪᠢᠯᠠᠭᠴᠢᠳ᠎ᠲᠤ ᠬᠠᠨᠳᠤᠭᠤᠯᠵᠤ᠂ ᠠᠨᠠᠭ᠋ᠠᠬᠤ ᠤᠬᠠᠭ᠋ᠠᠨ᠎ᠤ ᠪᠠᠶ᠋ᠢᠴᠠᠭ᠋ᠠᠯᠲᠠ᠂ ᠰᠢᠯᠭ᠋ᠠᠨ ᠪᠠᠶ᠋ᠢᠴᠠᠭ᠋ᠠᠬᠤ ᠲᠥᠷᠥᠯ᠎ᠤᠨ ᠬᠠᠮᠢᠶ᠎ᠠ ᠪᠥᠬᠦᠶ ᠭᠤᠤᠯ ᠰᠡᠳᠦᠪᠲᠦ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠵᠣᠬᠢᠶᠠᠯ ᠴᠤᠭᠯᠠᠭᠤᠯᠤᠨ᠎ᠠ᠃ ᠥᠷᠭᠡᠨ ᠣᠯᠠᠨ ᠨᠢᠭᠡᠳᠦᠭᠡᠷ ᠹᠷᠣᠨᠲ᠎ᠤᠨ ᠡᠮᠴᠢ ᠰᠤᠪᠢᠯᠠᠭᠴᠢᠳ ᠥᠪᠡᠷ᠎ᠤᠨ ᠪᠡᠶ᠎ᠡ ᠵᠢᠨ ᠥᠩᠭᠡᠷᠡᠯᠲᠡ ᠪᠠ ᠦᠨᠡᠨ ᠰᠡᠳᠬᠢᠯ᠎ᠤᠨ ᠲᠥᠷᠥᠭᠳᠡᠯ ᠵᠶ᠋ᠠᠷ ᠵᠶ᠋ᠠᠨ ᠠᠮᠢᠳᠤᠷᠠᠯ᠎ᠤᠨ ᠳᠤᠮᠳᠠ ᠦᠷᠭᠦᠯᠵᠢ ᠲᠣᠬᠢᠶᠠᠯᠳᠤᠳᠠᠭ ᠪᠥᠭᠡᠳ ᠵᠠᠷᠢᠮ ᠳᠠᠭ᠋ᠠᠳᠬᠠᠯ᠎ᠳᠤ ᠣᠷᠣᠯᠴᠠᠭᠰᠠᠨ ᠡᠪᠡᠳᠴᠢᠲᠡᠨ ᠴᠤ᠌ ᠰᠡᠵᠢᠭ᠎ᠲᠠᠢ ᠪᠠᠢ᠌ᠳᠠᠭ ᠠᠰᠠᠭᠤᠳᠠᠯ᠎ᠳᠤ ᠴᠢᠭᠯᠡᠭᠦᠯᠦᠨ᠂ ᠣᠯᠠᠨ᠎ᠢ ᠬᠠᠪᠰᠤᠷᠤᠨ ᠮᠠᠳᠠᠭ᠎ᠲᠠᠢ ᠠᠰᠠᠭᠤᠳᠠᠯ᠎ᠢ᠎ᠨᠢ ᠰᠢᠢ᠍ᠳᠪᠦᠷᠢᠯᠡᠬᠦ ᠵᠢ ᠪᠠᠶᠠᠷᠯᠠᠨ ᠤᠭᠲᠤᠵᠤ ᠪᠠᠢ᠌ᠨ᠎ᠠ᠃

   ᠳᠤᠤᠷᠠᠬᠢ ᠰᠡᠳᠦᠪ᠎ᠢ ᠣᠯᠠᠨ᠎ᠳᠤ ᠯᠠᠪᠯᠠᠯᠲᠠ ᠪᠣᠯᠭ᠋ᠠᠶ᠎ᠠ᠃ ᠡᠮᠴᠢ ᠰᠤᠪᠢᠯᠠᠭᠴᠢᠳ ᠥᠭᠡᠷ᠎ᠡ ᠰᠡᠳᠦᠪ ᠰᠣᠩᠭᠣᠭᠰᠠᠨ ᠴᠤ᠌ ᠪᠣᠯᠤᠨ᠎ᠠ᠃ ᠡᠭᠦᠨ᠎ᠤ ᠬᠠᠮᠲᠤ᠂ ᠤᠩᠰᠢᠭᠴᠢᠳ ᠰᠢᠭᠦᠮᠵᠢ ᠵᠢᠨ ᠲᠣᠭᠤᠷᠢᠭ᠎ᠲᠤ ᠥᠪᠡᠷ᠎ᠤᠨ ᠠᠩᠬᠠᠷᠴᠤ ᠪᠠᠶ᠋ᠢᠭ᠎ᠠ ᠠᠰᠠᠭᠤᠳᠠᠯ ᠵᠶ᠋ᠠᠨ ᠳᠤᠷᠠᠳᠬᠤ ᠵᠢ ᠪᠠᠶᠠᠷᠯᠠᠨ ᠤᠭᠲᠤᠵᠤ ᠪᠠᠶ᠋ᠢᠨ᠎ᠠ᠃

  (ᠨᠢᠭᠡ) ᠰᠢᠯᠭ᠋ᠠᠨ ᠪᠠᠶ᠋ᠢᠴᠠᠭ᠋ᠠᠬᠤ ᠲᠥᠷᠥᠯ

  1. ᠵᠠᠷᠢᠮ ᠬᠥᠮᠦᠨ ᠲᠣᠩ ᠡᠴᠡᠩᠬᠡᠢ᠂ ᠪᠠᠰᠠ ᠵᠡᠭᠦᠦ᠎ᠳᠤ ᠲᠣᠯᠣᠭ᠋ᠠᠢ ᠡᠷᠭᠢᠵᠦ ᠮᠡᠳᠡᠨ᠎ᠡ᠂ ᠶᠠᠭᠤᠨ᠎ᠳᠤ ᠬᠤᠷᠤᠭᠤᠨ ᠦᠵᠦᠭᠦᠷ᠎ᠤᠨ ᠴᠢᠰᠤ᠎ᠪᠠᠷ ᠨᠠᠮᠵᠢᠭᠤᠨ ᠰᠤᠳᠠᠯ᠎ᠤᠨ ᠴᠢᠰᠤ ᠵᠢ ᠣᠷᠣᠯᠠᠭᠤᠯᠵᠤ ᠪᠣᠯᠳᠠᠭ ᠦᠭᠡᠢ ᠪᠣᠢ?

  2. ᠥᠯᠥᠨ ᠪᠠᠢ᠌ᠳᠠᠯ᠎ᠤᠨ ᠴᠢᠰᠤᠨ ᠰᠢᠬᠢᠷ᠂ ᠬᠣᠭᠣᠯᠠᠨ᠎ᠤ ᠳᠠᠷᠠᠭ᠋ᠠᠬᠢ ᠴᠢᠰᠤᠨ᠎ᠤ ᠰᠢᠬᠢᠷ᠂ ᠰᠢᠬᠢᠷᠵᠢᠭᠰᠡᠨ ᠴᠢᠰᠤᠨ᠎ᠤ ᠤᠭᠤᠷᠠᠭ᠂ ᠰᠢᠬᠢᠷ᠎ᠤᠨ ᠳᠠᠭ᠋ᠠᠭ᠋ᠠᠴᠠ ᠵᠢᠨ ᠬᠡᠮᠵᠢᠶ᠎ᠡ ᠭᠡᠳᠡᠭ᠎ᠨᠢ ᠨᠢᠭᠡ ᠶᠠᠭᠤᠮ᠎ᠠ ᠵᠢ ᠵᠢᠭ᠋ᠠᠵᠤ ᠪᠠᠢ᠌ᠨ᠎ᠠ ᠤᠤ? ᠶᠠᠭᠤᠨ᠎ᠳᠤ ᠬᠠᠷᠢᠯᠴᠠᠨ ᠣᠷᠣᠯᠠᠵᠤ ᠪᠣᠯᠳᠠᠭ ᠦᠭᠡᠢ ᠪᠤᠢ?

  3. ᠶᠠᠭᠤᠨ᠎ᠤ ᠤᠴᠢᠷ᠎ᠠᠴᠠ ᠵᠢᠯ ᠪᠦᠷᠢ ᠵᠢᠨ ᠪᠡᠶ᠎ᠡ ᠵᠢᠨ ᠪᠠᠶ᠋ᠢᠴᠠᠭ᠋ᠠᠯᠲᠠ ᠵᠢᠨ ᠥᠯᠥᠨ ᠪᠠᠢ᠌ᠳᠠᠯ᠎ᠤᠨ ᠴᠢᠰᠤᠨ ᠰᠢᠬᠢᠷ᠎ᠨᠢ ᠬᠡᠪ᠎ᠤᠨ ᠪᠠᠢ᠌ᠬᠤ᠎ᠳᠤ᠂ ᠭᠡᠨᠡᠳᠲᠡ᠎ᠪᠠᠷ ᠰᠢᠬᠢᠷ ᠰᠢᠵᠢᠩ ᠡᠪᠡᠳᠴᠢᠨ ᠵᠶ᠋ᠠᠷ ᠣᠨᠢᠰᠤᠯᠠᠭᠳᠠᠳᠠᠭ ᠪᠤᠢ?

  4. ᠶᠠᠭᠤᠨ᠎ᠳᠤ ᠡᠯᠢᠭᠡᠨ᠎ᠤ ᠦᠷᠪᠢᠰᠦᠯ᠎ᠢ ᠡᠯᠢᠭᠡᠨ᠎ᠤ A ᠦᠷᠪᠢᠰᠦᠯ᠂ ᠡᠯᠢᠭᠡᠨ᠎ᠤ ᠬᠦᠬᠡᠭᠴᠢᠨ ᠦᠷᠪᠢᠰᠦᠯ᠂ C ᠬᠡᠯᠪᠡᠷᠢᠲᠦ ᠡᠯᠢᠭᠡᠨ ᠦᠷᠪᠢᠰᠦᠯ᠂  ᠪᠦᠲ᠋ᠢᠯ ᠸᠢᠷᠦ᠋ᠰ ᠡᠯᠢᠭᠡᠨ ᠦᠷᠪᠢᠰᠦᠯ ᠂ ᠡᠯᠢᠭᠡᠨ᠎ᠤ E ᠦᠷᠪᠢᠰᠦᠯ ᠭᠡᠵᠦ ᠡᠶ᠋ᠢᠮᠦ ᠨᠠᠷᠢᠯᠢᠭ ᠬᠤᠪᠢᠶᠠᠳᠠᠭ ᠪᠤᠢ? ᠶᠠᠭᠤᠨ᠎ᠳᠤ ᠵᠠᠷᠢᠮ ᠡᠯᠢᠭᠡᠨ᠎ᠤ ᠦᠷᠪᠢᠰᠦᠯ᠎ᠤᠨ ᠸᠢᠷᠦ᠋ᠰ᠎ᠤᠨ ᠬᠡᠮᠵᠢᠶ᠎ᠡ ᠵᠢ ᠪᠠᠢ᠌ᠴᠠᠭ᠋ᠠᠳᠠᠭ ᠪᠤᠢ?

  5. ᠵᠤᠨ᠎ᠤ ᠤᠯᠠᠷᠢᠯ᠎ᠳᠤ ᠳᠠᠯᠠᠢ ᠵᠢᠨ ᠢᠳᠡᠭᠡᠨ᠂ ᠫᠢᠸᠣ ᠵᠢ ᠬᠡᠮᠵᠢᠶᠡᠨ᠎ᠠᠴᠠ ᠬᠡᠲᠦᠷᠡᠲᠡᠯ᠎ᠡ ᠤᠤᠭᠤᠭᠰᠠᠨ᠎ᠤ ᠳᠠᠷᠠᠭ᠎ᠠ᠂ ᠬᠥᠯ ᠤᠯᠠᠢ᠌ᠵᠤ ᠭᠠᠵᠠᠷ ᠬᠦᠷᠴᠦ ᠳᠡᠢ᠌ᠯᠬᠦ ᠦᠭᠡᠢ ᠪᠣᠯᠵᠤ᠂ ᠡᠮᠨᠡᠯᠭᠡ ᠵᠢᠨ ᠬᠣᠷᠢᠶᠠᠨ᠎ᠳᠤ ᠣᠴᠢᠬᠤ ᠪᠠᠢ᠌ᠴᠠᠭ᠋ᠠᠯᠭ᠋ᠠᠬᠤ᠎ᠳᠤ ᠶᠠᠭᠤᠨ᠎ᠳᠤ ᠤᠷᠢᠳᠠᠪᠡᠷ ᠬᠥᠯ᠎ᠤᠨ ᠵᠢᠷᠤᠭ ᠠᠪᠬᠤ ᠦᠭᠡᠢ᠂ ᠬᠠᠷᠢᠨ ᠤᠷᠢᠳᠠᠪᠡᠷ ᠴᠢᠰᠤ ᠵᠢ ᠪᠠᠢ᠌ᠴᠠᠭ᠋ᠠᠳᠠᠭ ᠪᠤᠢ?

  6. ᠠᠷᠢᠬᠢ ᠤᠤᠭᠤᠵᠤ ᠰᠢᠷᠠᠯᠠᠭ᠎ᠠ ᠢᠳᠡᠭᠡᠨ ᠢᠳᠡᠭᠰᠡᠨ᠎ᠤ ᠳᠠᠷᠠᠭ᠎ᠠ ᠭᠡᠨᠡᠳᠲᠡ ᠭᠡᠳᠡᠰᠦ ᠡᠪᠡᠳᠴᠦ᠂ ᠲᠦᠷᠭᠡᠨ ᠡᠮᠴᠢᠯᠡᠭᠡ᠎ᠳᠤ ᠬᠥᠷᠥᠭᠰᠡᠨ᠎ᠤ ᠳᠠᠷᠠᠭ᠎ᠠ ᠡᠮᠴᠢ ᠶᠠᠭ᠋ᠠᠬᠢᠭ᠋ᠠᠳ ᠴᠢᠰᠤ ᠪᠠᠢ᠌ᠴᠠᠭ᠋ᠠᠯᠭ᠋ᠠᠳᠠᠭ ᠪᠣᠢ?

  7. ᠡᠳᠦᠷ᠎ᠨᠢ ᠰᠢᠷᠦᠭᠦᠨ ᠬᠥᠳᠡᠯᠭᠡᠭᠡᠨ ᠬᠢᠭᠰᠡᠨ᠎ᠤ ᠳᠠᠷᠠᠭ᠎ᠠ ᠵᠢᠵᠢᠭ ᠰᠠᠮ ᠬᠣᠷᠣᠬᠠᠢ ᠢᠳᠡᠭᠰᠡᠨ ᠴᠢᠨᠢ᠂ ᠣᠷᠣᠢ ᠪᠤᠯᠴᠢᠩ ᠰᠦᠷᠡᠬᠡᠢ ᠡᠪᠡᠳᠴᠦ᠂ ᠪᠥᠭᠡᠯᠵᠢᠰᠦ ᠬᠦᠷᠴᠦ᠂ ᠵᠢᠷᠦᠬᠡᠨ ᠴᠣᠬᠢᠯᠭ᠎ᠠ ᠲᠦᠷᠭᠡᠰᠴᠦ᠂ ᠡᠮᠴᠢ ᠶᠠᠭᠤᠨ᠎ᠳᠤ ᠬᠣᠳᠣᠭᠣᠳᠣ ᠭᠡᠳᠡᠰᠦᠨ᠎ᠤ ᠠᠰᠠᠭᠤᠳᠠᠯ᠎ᠢ ᠢᠯᠡᠭᠦᠬᠡᠨ ᠠᠰᠠᠭᠤᠬᠤ ᠦᠭᠡᠢ ᠬᠠᠷᠢᠨ ᠴᠢᠰᠤ ᠪᠠᠢ᠌ᠴᠠᠭ᠋ᠠᠯᠭ᠋ᠠᠳᠠᠭ ᠪᠣᠢ?

  8. ᠦᠷᠭᠦᠯᠵᠢᠯᠡᠨ ᠴᠠᠭ ᠨᠡᠮᠡᠵᠦ ᠠᠵᠢᠯᠯᠠᠭᠰᠠᠨ᠎ᠤ ᠳᠠᠷᠠᠭ᠎ᠠ ᠲᠠᠭᠰᠢᠭᠤᠷ᠎ᠲᠤ ᠨᠡᠷᠪᠡᠭᠳᠡᠵᠦ᠂ ᠬᠠᠨᠢᠶᠠᠵᠤ᠂ ᠬᠠᠯᠠᠭᠤᠷᠠᠵᠤ᠂ ᠴᠡᠭᠡᠵᠢ ᠵᠢᠭ᠋ᠠᠬᠠᠨ ᠡᠪᠡᠳᠴᠦ᠂ ᠡᠮᠴᠢ᠎ᠪᠠᠷ ᠦᠵᠡᠭᠦᠯᠬᠦ᠎ᠳᠤ᠂ ᠶᠠᠭᠤᠨ᠎ᠳᠤ ᠲᠠᠭᠰᠢᠭᠤᠷ᠎ᠤᠨ ᠡᠮ ᠥᠭᠬᠦ ᠦᠭᠡᠢ ᠬᠠᠷᠢᠨ ᠴᠢᠰᠤ ᠪᠠᠢ᠌ᠴᠠᠭ᠋ᠠᠯᠭ᠋ᠠᠳᠠᠭ ᠪᠤᠢ?

  9. ᠴᠢᠰᠤ ᠪᠠᠶ᠋ᠢᠴᠠᠭ᠋ᠠᠬᠤ᠎ᠨᠢ ᠲᠡᠶ᠋ᠢᠮᠦ ᠴᠢᠬᠤᠯᠠ ᠮᠥᠷᠲᠡᠭᠡᠨ ᠪᠠᠰᠠ ᠮᠠᠰᠢ ᠣᠯᠠᠨ ᠥᠮᠡᠨ ᠡᠪᠡᠳᠴᠢᠨ᠎ᠤ ᠬᠦᠢ᠍ᠴᠡᠳᠬᠡᠯ ᠲᠤᠭ᠎ᠠ ᠵᠢ ᠰᠢᠯᠭ᠋ᠠᠨ ᠪᠠᠶ᠋ᠢᠴᠠᠭ᠋ᠠᠵᠤ ᠭᠠᠷᠭ᠋ᠠᠳᠠᠭ᠂ ᠲᠡᠭᠡᠭᠡᠳ ᠶᠠᠭ᠋ᠠᠬᠢᠭ᠋ᠠᠳ ᠪᠠᠰᠠ ᠮᠠᠰᠢ ᠣᠯᠠᠨ ᠥᠮᠡᠨ ᠡᠪᠡᠳᠴᠢᠨ᠎ᠢ ᠴᠠᠭ ᠲᠤᠬᠠᠶ᠎ᠳᠤᠨᠢ ᠣᠯᠵᠤ ᠮᠡᠳᠡᠵᠦ ᠳᠡᠢ᠌ᠯᠳᠡᠭ ᠦᠭᠡᠢ ᠪᠣᠶ?

  10 . ᠵᠠᠷᠢᠮ ᠦᠶ᠎ᠡ᠎ᠳᠤ ᠡᠮᠨᠡᠯᠭᠡ᠎ᠳᠤ ᠴᠢᠰᠦ ᠪᠠᠢ᠌ᠴᠠᠭ᠋ᠠᠭ᠋ᠠᠳ ᠪᠠᠰᠠ ᠪᠠᠢ᠌ᠴᠠᠭ᠋ᠠᠵᠤ ᠭᠠᠷᠬᠤ ᠦᠭᠡᠢ ᠠᠰᠠᠭᠤᠳᠠᠯ᠎ᠢ᠂ ᠰᠢᠭᠡᠰᠦ ᠵᠢ ᠪᠠᠢ᠌ᠴᠠᠭ᠋ᠠᠪᠠᠯ ᠪᠠᠢ᠌ᠴᠠᠭ᠋ᠠᠭ᠋ᠠᠳ ᠭᠠᠷᠭ᠋ᠠᠴᠢᠬᠠᠳᠠᠭ᠂ ᠰᠢᠭᠡᠰᠦ ᠪᠠᠶ᠋ᠢᠴᠠᠭ᠋ᠠᠬᠤ᠎ᠨᠢ ᠴᠢᠰᠦ ᠪᠠᠶ᠋ᠢᠴᠠᠭ᠋ᠠᠬᠤ᠎ᠠᠴᠠ ᠪᠠᠰᠠ ᠣᠨᠤᠪᠴᠢᠲᠠᠢ ᠤᠤ?

  11. ᠨᠢᠭᠡᠨᠲᠡ ᠶᠠᠮᠠᠷ ᠨᠢᠭᠡᠨ ᠠᠭᠤᠰᠬᠢᠨ᠎ᠤ ᠥᠮᠡᠨ ᠭᠡᠵᠦ ᠣᠨᠣᠰᠢᠯᠠᠭᠰᠠᠨ ᠪᠥᠭᠡᠳ ᠪᠠᠰᠠ ᠣᠯᠠᠨ ᠵᠦᠢ᠍ᠯ᠎ᠤᠨ ᠡᠮ᠎ᠤᠨ ᠵᠦᠢ᠍ᠯ᠎ᠢ ᠬᠡᠷᠡᠭᠯᠡᠵᠦ ᠪᠣᠯᠬᠤ ᠪᠣᠯᠪᠠᠴᠤ ᠶᠠᠭ᠋ᠠᠬᠢᠭ᠋ᠠᠳ ᠪᠠᠰᠠ ᠭᠧᠨ᠎ᠤ ᠰᠢᠯᠭ᠋ᠠᠨ ᠪᠠᠶ᠋ᠢᠴᠠᠭ᠋ᠠᠯᠲᠠ ᠬᠢᠬᠦ ᠬᠡᠷᠡᠭᠲᠡᠢ ᠪᠤᠢ? ᠭᠧᠨ᠎ᠤ ᠪᠠᠢ᠌ᠴᠠᠭ᠋ᠠᠯᠲᠠ ᠬᠢᠭᠡᠳ ᠢᠵᠢᠯᠢ ᠪᠢᠰᠢ ᠪᠣᠯ ᠡᠮ ᠬᠡᠷᠡᠭᠯᠡᠭᠦᠯᠬᠦ ᠦᠭᠡᠢ᠎ᠨᠢ ᠶᠠᠮᠠᠷ ᠤᠴᠢᠷ ᠪᠤᠢ?

  12. ᠠᠮᠧᠷᠢᠺᠠ ᠤᠯᠤᠰ᠎ᠤᠨ ᠨᠢᠭᠡᠨ ᠡᠮᠡᠭᠲᠡᠢ ᠣᠳᠣᠨ ᠭᠧᠨ᠎ᠤ ᠰᠢᠯᠭ᠋ᠠᠨ ᠪᠠᠶ᠋ᠢᠴᠠᠭ᠋ᠠᠯᠲᠠ ᠬᠢᠭᠰᠡᠨ᠎ᠤ ᠳᠠᠷᠠᠭ᠎ᠠ ᠬᠣᠣᠷᠲᠤ ᠬᠠᠪᠤᠳᠠᠷ ᠡᠭᠦᠰᠬᠦ ᠠᠶᠤᠯ᠎ᠢ ᠳᠠᠷᠤᠬᠤ ᠵᠢᠨ ᠲᠥᠯᠥᠭᠡ᠂ ᠬᠥᠬᠦᠨ ᠪᠤᠯᠴᠢᠷᠬᠠᠢ᠎ᠪᠠᠨ ᠰᠠᠨᠠᠭ᠋ᠠᠴᠢᠯᠭ᠎ᠠ᠎ᠠᠴᠠ᠎ᠪᠠᠨ ᠣᠭᠲᠣᠯᠣᠭᠰᠠᠨ ᠪᠠᠢ᠌ᠨ᠎ᠠ᠂ ᠭᠧᠨ᠎ᠤ ᠰᠢᠯᠭ᠋ᠠᠨ ᠪᠠᠶ᠋ᠢᠴᠠᠭ᠋ᠠᠯᠲᠠ ᠪᠤᠷᠤᠭᠤ ᠪᠣᠯᠴᠢᠬᠠᠬᠤ᠎ᠠᠴᠠ ᠠᠶᠤᠬᠤ ᠦᠭᠡᠢ ᠦᠦ?

  13. ᠮᠠᠰᠢ ᠤᠯᠠᠨ ᠡᠮᠨᠡᠯᠬᠡ ᠵᠢᠨ ᠬᠤᠷᠢᠶᠠᠨ᠎ᠤ ᠴᠢᠰᠦᠨ᠎ᠤ ᠰᠢᠯᠭ᠋ᠠᠨ ᠪᠠᠶ᠋ᠢᠴᠠᠭ᠋ᠠᠯᠲᠠ᠂ ᠠᠮᠢᠲᠤ ᠪᠤᠲᠠᠰ᠎ᠤᠨ ᠬᠢᠮᠢ ᠵᠢᠨ ᠰᠢᠯᠭ᠋ᠠᠨ ᠪᠠᠶ᠋ᠢᠴᠠᠭ᠋ᠠᠯᠲᠠ᠂ ᠰᠢᠭᠡᠰᠤᠨ᠎ᠤ ᠰᠢᠯᠭ᠋ᠠᠨ ᠪᠠᠶ᠋ᠢᠴᠠᠭ᠋ᠠᠯᠲᠠ ᠪᠠ ᠡᠭᠡᠯᠢᠯᠡᠭᠡ ᠵᠢᠨ ᠤᠬᠠᠭ᠋ᠠᠨ᠎ᠤ ᠰᠢᠯᠭ᠋ᠠᠨ ᠪᠠᠶ᠋ᠢᠴᠠᠭ᠋ᠠᠯᠲᠠ ᠵᠡᠷᠬᠡ᠎ᠨᠢ ᠭᠤᠤᠯᠲᠠᠭᠤ ᠮᠠᠰᠢᠨ ᠳᠦᠭᠦᠭᠡᠷᠤᠮᠵᠢ᠎ᠳᠤ ᠲᠦᠰᠢᠭᠯᠡᠵᠦ᠂ ᠵᠠᠷᠢᠮ ᠡᠮᠨᠡᠯᠬᠡ ᠵᠢᠨ ᠬᠤᠷᠢᠶ᠎ᠠ᠎ᠨᠢ AI ᠵᠢ ᠠᠰᠢᠭᠯᠠᠨ ᠬᠡᠯᠪᠡᠷᠢ ᠲᠦᠷᠰᠤ ᠵᠢᠨ ᠰᠤᠲᠤᠯᠤᠯ᠎ᠤᠨ ᠵᠢᠷᠤᠭ᠎ᠢ ᠬᠠᠪᠰᠤᠷᠤᠨ ᠮᠠᠭ᠋ᠠᠳᠯᠠᠳᠠᠭ᠂ ᠲᠡᠭᠡᠪᠡᠯ ᠰᠢᠭᠤᠳ ᠺᠤᠮᠫᠢᠦ᠋ᠲ᠋ᠧᠷ ᠵᠶ᠋ᠠᠷ ᠤᠨᠤᠰᠢᠯᠠᠭᠤᠯᠵᠤ ᠪᠤᠯᠤᠨ᠎ᠠ ᠤᠤ? ᠡᠮᠴᠢ ᠵᠢᠨ ᠦᠢ᠍ᠯᠡᠳᠦᠯ᠎ᠨᠢ ᠶᠠᠭᠤ ᠪᠤᠢ?

  (ᠬᠤᠶᠠᠷ) ᠪᠠᠶ᠋ᠢᠴᠠᠭ᠋ᠠᠬᠤ ᠲᠥᠷᠥᠯ

  1. ᠬᠣᠳᠣᠭᠣᠳᠤ ᠭᠡᠳᠡᠰᠦᠨ᠎ᠤ ᠳᠤᠷᠠᠨ᠂ ᠬᠡᠪᠡᠯᠢ ᠵᠢᠨ ᠬᠥᠨᠳᠡᠢ ᠵᠢᠨ ᠳᠤᠷᠠᠨ ᠵᠡᠷᠭᠡ᠎ᠨᠢ ᠶᠠᠮᠠᠷ ᠢᠯᠭ᠋ᠠᠭ᠎ᠠ᠎ᠲᠠᠢ ᠪᠤᠢ?

  2. ᠬᠣᠳᠣᠭᠣᠳᠣ ᠭᠡᠳᠡᠰᠦᠨ᠎ᠤ ᠳᠤᠷᠠᠨ   ᠬᠢᠬᠦ᠎ᠠᠴᠠ ᠡᠮᠦᠨ᠎ᠡ ᠭᠡᠳᠡᠰᠦ ᠵᠢ ᠠᠷᠢᠯᠭ᠋ᠠᠬᠤ ᠬᠡᠷᠡᠭᠲᠡᠢ᠂ ᠡᠪᠡᠳᠦᠯ ᠦᠭᠡᠢ ᠬᠣᠳᠣᠭᠣᠳᠣ ᠭᠡᠳᠡᠰᠦᠨ᠎ᠤ ᠳᠤᠷᠠᠨ ᠬᠢᠬᠦ᠎ᠳᠤ ᠪᠠᠰᠠ ᠮᠢᠨᠴᠦᠭᠦᠷᠡᠭᠦᠯᠬᠦ ᠬᠡᠷᠡᠭᠲᠡᠢ᠂ ᠥᠭᠡᠷ᠎ᠡ ᠪᠠᠢ᠌ᠴᠠᠭ᠋ᠠᠯᠲᠠ ᠵᠢᠨ ᠠᠷᠭ᠎ᠠ᠎ᠪᠠᠷ ᠣᠷᠣᠯᠠᠭᠤᠯᠵᠤ ᠪᠣᠯᠬᠤ ᠦᠭᠡᠢ ᠦᠦ?

  3. ᠶᠠᠭᠤᠨ᠎ᠳᠤ ᠨᠢᠷᠤᠭᠤ ᠬᠥᠯ ᠡᠪᠡᠳᠴᠦ᠂ ᠵᠠᠮ ᠶᠠᠪᠤᠬᠤ᠎ᠳᠤ ᠬᠠᠩᠬᠤᠯᠵᠤ ᠪᠠᠶ᠋ᠢᠬᠤ᠎ᠳᠤ᠂ ᠡᠮᠴᠢ ᠳᠠᠷᠢᠬᠢᠨ ᠭᠡᠰᠡᠭ᠎ᠤᠨ ᠴᠦᠮ᠎ᠡ ᠰᠤᠷᠢᠨᠵᠢᠨ ᠳᠠᠷᠪᠢᠯᠳᠠ ᠬᠢᠬᠦ ᠵᠢ ᠱᠠᠭ᠋ᠠᠷᠳᠠᠳᠠᠭ ᠪᠤᠢ? ᠡᠨᠡ᠎ᠨᠢ ᠵᠦᠢ ᠵᠣᠬᠢᠰᠲᠠᠢ ᠦᠦ?

  4. ᠴᠢᠰᠤᠨ ᠳᠠᠷᠤᠯᠲᠠ ᠵᠢᠨ ᠬᠡᠮᠵᠢᠭᠦᠷ ᠳᠡᠭᠡᠷ᠎ᠡ ᠴᠢᠰᠤᠨ ᠳᠠᠷᠤᠯᠲᠠ ᠥᠨᠳᠥᠷ ᠪᠣᠯᠤᠭᠰᠠᠨ᠎ᠢ ᠢᠯᠡᠷᠡᠭᠦᠯᠵᠦ ᠪᠠᠢ᠌ᠬᠤ᠎ᠳᠤ᠂ ᠶᠠᠭᠤᠨ᠎ᠳᠤ ᠪᠠᠰᠠ ᠬᠥᠳᠡᠯᠦᠩᠭᠦᠢ ᠴᠢᠰᠤᠨ ᠳᠠᠷᠤᠯᠲᠠ ᠵᠢ ᠬᠢᠨᠠᠨ ᠬᠡᠮᠵᠢᠬᠦ ᠪᠣᠢ?

  5. ᠶᠠᠭ᠋ᠠᠭᠢᠭ᠋ᠠᠳ ᠬᠢᠮᠲᠠ X ᠬᠡᠷᠠᠯ᠎ᠤᠨ ᠪᠠᠢ᠍ᠢ᠍ᠴᠠᠭ᠋ᠠᠯᠲᠠ ᠣᠯᠠᠮ᠎ᠠᠴᠠ ᠣᠯᠠᠮ ᠪᠠᠭ᠋ᠠᠰᠴᠤ᠂ ᠦᠨᠡᠲᠡᠢ CT᠂ ᠴᠢᠩᠭ᠋ᠠᠷᠠᠭᠤᠯᠤᠭᠰᠠᠨ CT᠂ ᠴᠣᠢ᠍ᠮ᠎ᠠ ᠰᠤᠷᠢᠨᠵᠢᠨ ᠳᠠᠷᠪᠢᠯᠲᠠ᠂ PETCT ᠵᠠᠷᠭᠡ ᠲᠥᠷᠥᠯ ᠵᠦᠢ᠍ᠯ ᠣᠯᠠᠮ᠎ᠠᠴᠠ ᠣᠯᠠᠮ ᠣᠯᠠᠨ ᠪᠤᠯᠵᠤ ᠪᠠᠢ᠌ᠬᠤ ᠪᠤᠢ?

  6. ᠡᠮᠨᠠᠯᠭᠡ ᠵᠢᠨ ᠬᠣᠷᠢᠶᠠᠨ᠎ᠤ ᠪᠠᠢ᠍ᠢ᠍ᠴᠠᠭ᠋ᠠᠯᠲᠠ ᠵᠢᠨ ᠣᠢ᠍ᠷ᠎ᠠ ᠳ᠋ᠦᠩ᠎ᠢ ᠬᠠᠷᠢᠯᠴᠠᠨ ᠮᠡᠳᠡᠷᠡᠨ᠎ᠡ ᠭᠡᠵᠦ ᠬᠡᠯᠡᠳᠡᠭ᠂ ᠶᠠᠭᠤᠨ᠎ᠳᠤ 3 ᠰᠠᠷ᠎ᠠ ᠵᠢᠨ ᠡᠮᠣᠨ᠎ᠠ ᠣᠨᠳᠣᠣ ᠭᠠᠵᠠᠷ᠎ᠤᠨ ᠭᠤᠷᠪᠠᠳᠤᠭ᠋ᠠᠷ ᠳᠡᠰ᠎ᠤᠨ ᠬᠥᠬᠡ ᠳᠡᠰ᠎ᠤᠨ ᠡᠮᠨᠠᠯᠭᠡ ᠵᠢᠨ ᠬᠣᠷᠢᠶ᠎ᠡ᠎ᠳᠤ ᠬᠠᠪᠤᠳᠠᠷ᠎ᠳᠤ ᠬᠣᠯᠪᠤᠬᠲᠠᠬᠰᠠᠨ CT ᠬᠢᠭᠰᠡᠨ ᠪᠠᠢ᠌ᠬᠤ᠎ᠳᠤ᠂ ᠳᠣᠰ ᠭᠠᠵᠠᠷ᠎ᠤᠨ ᠡᠮᠨᠠᠯᠭᠡ ᠵᠢᠨ ᠬᠣᠷᠢᠶ᠎ᠡ ᠲᠠᠭᠢᠠ ᠨᠢᠭᠡ ᠣᠲᠠᠭ᠎ᠠ ᠬᠢᠬᠦ ᠵᠢ ᠱᠠᠭ᠋ᠠᠷᠳᠠᠳᠠᠭ ᠪᠤᠢ?

  7. ᠨᠢᠷᠤᠭᠤ ᠡᠪ ᠦᠭᠡᠢ᠎ᠠᠴᠠ ᠪᠣᠯᠵᠤ᠂ ᠨᠢᠭᠡ ᠭᠠᠷᠠᠭ᠎ᠤᠨ ᠡᠮᠦᠨ᠎ᠡ ᠬᠥᠬᠡ ᠡᠮᠨᠡᠯᠭᠡ᠎ᠳᠤ CT ᠬᠢᠵᠦ᠂ ᠳᠠᠷᠠᠭ᠎ᠠ ᠭᠠᠷᠠᠭ᠎ᠨᠢ ᠬᠥᠬᠡᠭᠴᠢᠨ ᠡᠮᠨᠡᠯᠭᠡ᠎ᠨᠢ ᠪᠠᠶ᠋ᠢᠷᠢᠯᠠᠯ ᠪᠣᠯᠤᠨ ᠵᠣᠭᠰᠣᠴᠠ᠎ᠨᠢ ᠲᠠᠭ᠋ᠠᠷᠠᠬᠤ ᠦᠭᠡᠢ᠂ ᠠᠳᠠᠯᠢ ᠬᠡᠯᠪᠡᠷᠢ ᠵᠢᠨ ᠮᠠᠰᠢᠨ ᠵᠶ᠋ᠠᠷ ᠠᠳᠠᠯᠢᠬᠠᠨ ᠨᠢᠷᠤᠭᠤ ᠵᠢᠨ CT ᠬᠢᠭᠰᠡᠨ ᠦᠷ᠎ᠡ ᠳ᠋ᠦᠩ᠎ᠨᠢ ᠠᠳᠠᠯᠢ ᠦᠭᠡᠢ ᠤᠤ?

  8. ᠨᠢᠭᠡ ᠦᠬᠢᠨ ᠳᠤᠭᠲᠠᠮᠠᠯ ᠬᠤᠭᠤᠴᠠᠭ᠎ᠠ᠎ᠲᠠᠢ᠎ᠪᠠᠷ ᠴᠢᠰᠤ ᠬᠠᠨᠢᠶᠠᠵᠤ᠂ ᠡᠮᠴᠢ ᠶᠠᠭᠤᠨ᠎ᠳᠤ ᠡᠪᠴᠢᠭᠦᠦ ᠵᠢ᠎ᠨᠢ ᠪᠠᠢ᠌ᠴᠠᠭ᠋ᠠᠬᠤ ᠵᠶ᠋ᠠᠷ ᠪᠠᠷᠠᠬᠤ ᠦᠭᠡᠢ ᠪᠠᠰᠠ ᠡᠮᠡᠭᠲᠡᠢ ᠵᠢᠨ ᠡᠮᠨᠡᠯᠭᠡ ᠵᠢᠨ ᠪᠠᠢ᠌ᠴᠠᠭ᠋ᠠᠯᠲᠠ ᠬᠢᠬᠦ ᠪᠣᠯᠣᠯᠴᠠᠭ᠎ᠠ᠎ᠲᠠᠢ ᠪᠤᠢ?

  9. ᠪᠡᠶ᠎ᠡ ᠵᠢᠨ ᠥᠨᠳᠥᠷ᠎ᠨᠢ 180cm ᠪᠣᠯᠬᠤ ᠪᠦᠯᠦ ᠠᠬ᠎ᠠ ᠡᠮᠨᠡᠯᠭᠡ᠎ᠳᠤ ᠪᠠᠶ᠋ᠢᠴᠠᠭ᠋ᠠᠯᠲᠠ ᠬᠢᠭᠰᠡᠨ᠎ᠤ ᠳᠠᠷᠠᠭ᠎ᠠ᠂ ᠡᠮᠴᠢ ᠲᠡᠭᠦᠨ᠎ᠢ ᠬᠥᠬᠦᠨ ᠪᠤᠯᠴᠢᠷᠬᠠᠶ ᠵᠢᠨ ᠥᠮᠡᠨ ᠣᠯᠵᠠᠶ ᠭᠡᠨ᠎ᠡ᠂ ᠡᠢ᠌ᠮᠦ ᠪᠣᠯᠣᠯᠴᠠᠭ᠎ᠠ ᠪᠠᠢ᠌ᠨ᠎ᠠ ᠦᠦ?

  10. ᠨᠠᠰᠤᠲᠠᠨ᠎ᠤ ᠪᠡᠶ᠎ᠡ᠎ᠨᠢ ᠶᠡᠷᠦ᠎ᠳᠤ᠎ᠪᠠᠨ ᠮᠠᠰᠢ ᠡᠷᠡᠭᠦᠯ ᠪᠠᠢ᠌ᠵᠤ᠂ ᠤᠴᠢᠷ ᠰᠢᠯᠲᠠᠭ᠋ᠠᠨ ᠦᠭᠡᠢ᠎ᠪᠠᠷ ᠬᠣᠳᠣᠭᠣᠳᠣ᠎ᠨᠢ ᠡᠪᠡᠳᠴᠦ᠂ ᠪᠠᠢ᠌ᠴᠠᠭ᠋ᠠᠯᠲᠠ ᠬᠢᠭᠰᠡᠨ᠎ᠤ ᠳᠠᠷᠠᠭ᠎ᠠ ᠶᠠᠭᠤᠨ᠎ᠤ ᠤᠴᠢᠷ᠎ᠠᠴᠠ ᠡᠮᠴᠢ ᠵᠢᠷᠦᠬᠡᠨ᠎ᠤ ᠲᠦᠭᠵᠢᠷᠡᠯ ᠭᠡᠵᠦ ᠬᠡᠯᠡᠳᠡᠭ ᠪᠤᠢ?

  ᠁ ᠁

   ᠡᠬᠡ ᠪᠢᠴᠢᠭ᠎ᠢ ᠰᠢᠯᠢᠨ ᠰᠣᠩᠭᠣᠭᠰᠠᠨ᠎ᠤ ᠳᠠᠷᠠᠭ᠎ᠠ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶᠠᠨ᠎ᠤ ᠠᠯᠪᠠᠨ ᠲᠠᠪᠴᠠᠩ᠎ᠳᠤ ᠵᠠᠯᠭ᠋ᠠᠭ᠎ᠠ᠎ᠪᠠᠷ ᠭᠠᠷ᠎ᠤᠨ ᠦᠰᠦᠭ ᠵᠢᠷᠤᠵᠤ ᠨᠡᠢ᠍ᠲᠡᠯᠡᠨ᠎ᠡ᠃ ᠡᠭᠦᠨ᠎ᠤ ᠬᠠᠮᠲᠤ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠪᠠᠰᠠ ᠡᠬᠡ ᠪᠢᠴᠢᠭ ᠬᠠᠩᠭ᠋ᠠᠭᠴᠢᠳ᠎ᠠᠴᠠ ᠨᠢᠭᠡ ᠪᠦᠯᠦᠭ ᠬᠦᠰᠡᠯ ᠡᠷᠡᠮᠡᠯᠵᠡᠯ᠎ᠲᠠᠢ ᠡᠮᠴᠢ ᠰᠤᠪᠢᠯᠠᠭᠴᠢ ᠵᠢ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠰᠠᠶ᠋ᠢᠨ ᠳᠤᠷ᠎ᠠ ᠵᠢᠨ ᠠᠵᠢᠯᠯᠠᠭᠴᠢ ᠪᠣᠯᠭ᠋ᠠᠵᠤ᠂ ᠣᠷᠳᠣ ᠬᠤᠭᠤᠴᠠᠭ᠎ᠠ᠎ᠪᠠᠷ ᠬᠠᠮᠲᠤᠷᠠᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠬᠢᠯᠭᠡᠨ᠎ᠡ᠃

   ᠡᠬᠡ ᠪᠢᠴᠢᠭ ᠢᠯᠡᠭᠡᠬᠦ ᠰᠢᠦᠳᠠᠨ ᠬᠠᠶ᠋ᠢᠷᠴᠠᠭ᠄ gjybjxwb@nhsa.gov.cn

   ᠠᠩᠬᠠᠷᠬᠤ ᠵᠦᠢ᠍ᠯ᠄ 1. ᠡᠬᠡ ᠪᠢᠴᠢᠭ ᠢᠯᠡᠭᠡᠬᠦ᠎ᠳᠤ ᠵᠢᠷᠤᠭ ᠪᠢᠴᠢᠭ᠎ᠢ ᠬᠤᠤᠰᠯᠠᠭᠤᠯᠬᠤ ᠪᠦᠭᠡᠳ ᠦᠰᠦᠭ ᠪᠢᠴᠢᠭ ᠪᠠ ᠭᠡᠷᠡᠯ ᠵᠢᠷᠤᠭ᠎ᠲᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠮᠠᠷᠭᠤᠯᠳᠤᠭ᠋ᠠᠨ ᠣᠷᠣᠰᠢᠬᠤ ᠦᠭᠡᠢ᠃ 2. ᠦᠰᠦᠭ ᠪᠢᠴᠢᠭ᠎ᠢ 2000 ᠦᠰᠦᠭ᠎ᠤᠨ ᠳᠣᠲᠣᠷ᠎ᠠ ᠬᠢᠵᠠᠭ᠋ᠠᠷᠯᠠᠵᠤ᠂ ᠦᠰᠦᠭ ᠪᠢᠴᠢᠭ ᠪᠠ ᠭᠡᠷᠡᠯ ᠵᠢᠷᠤᠭ᠎ᠨᠢ ᠠᠮᠢᠳᠤᠯᠢᠭ ᠳᠦᠷᠰᠦᠯᠢᠭ᠂ ᠬᠢᠯᠪᠠᠷ ᠣᠶ᠋ᠢᠯᠠᠭ᠋ᠠᠮᠵᠢᠲᠠᠶ ᠪᠠᠶ᠋ᠢᠵᠤ᠂ ᠨᠡᠯᠢᠶᠡᠳ ᠰᠠᠶ᠋ᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠵᠢᠨ ᠦᠷ᠎ᠡ ᠪᠦᠲᠦᠮᠵᠢ᠎ᠳᠤ ᠬᠦᠷᠬᠦ ᠬᠡᠷᠡᠭᠲᠡᠶ᠃ 3. ᠡᠬᠡ ᠪᠢᠴᠢᠭ ᠢᠯᠡᠭᠡᠬᠦ ᠦᠶ᠎ᠡ᠎ᠳᠤ ᠵᠣᠬᠢᠶᠠᠭᠴᠢ ᠵᠢᠨ ᠦᠨᠳᠦᠰᠦᠨ ᠮᠡᠳᠡᠭᠡ ᠵᠠᠩᠭᠢ ᠵᠢᠨ ᠬᠦᠰᠦᠨᠦᠭᠲᠦ ᠵᠢ ᠳᠠᠭ᠋ᠠᠯᠳᠤᠭᠤᠯᠤᠭ᠋ᠠᠷᠠᠢ (ᠳᠠᠭ᠋ᠠᠯᠳᠤᠭᠤᠯᠤᠯ᠎ᠳᠤ ᠦᠵᠡᠭᠡᠷᠡᠢ)᠃ 4. ᠡᠬᠡ ᠪᠢᠴᠢᠭ ᠡᠯᠰᠡᠬᠦ᠎ᠨᠢ ᠤᠷᠲᠤ ᠬᠤᠭᠤᠴᠠᠭ᠎ᠠ᠎ᠪᠠᠷ ᠬᠦᠴᠦᠨ᠎ᠲᠠᠢ᠂ ᠤᠯᠠᠨ᠎ᠤ ᠢᠳᠡᠪᠬᠢᠲᠡᠢ᠎ᠪᠠᠷ ᠡᠬᠡ ᠪᠢᠴᠢᠭ ᠬᠠᠩᠭ᠋ᠠᠬᠤ ᠵᠢ ᠪᠠᠶᠠᠷᠯᠠᠨ ᠤᠭᠲᠤᠵᠤ ᠪᠠᠢ᠌ᠨ᠎ᠠ᠃ 5. ᠡᠬᠡ ᠪᠢᠴᠢᠭ ᠡᠯᠰᠡᠬᠦ᠎ᠳᠤ ᠡᠬᠡ ᠪᠢᠴᠢᠭ᠎ᠤᠨ ᠵᠠᠷᠤᠳᠠᠯ ᠥᠭᠬᠦ ᠦᠭᠡᠢ᠂ ᠡᠬᠡ ᠪᠢᠴᠢᠭ᠎ᠢ ᠨᠡᠶ᠋ᠢᠲᠡᠯᠡᠭᠰᠡᠨ ᠦᠭᠡᠢ ᠪᠣᠯ ᠳᠠᠬᠢᠵᠤ ᠮᠡᠳᠡᠭᠳᠡᠬᠦ ᠦᠭᠡᠢ᠂ ᠲᠠ ᠪᠦᠬᠦᠨ  ᠣᠢ᠌ᠯᠠᠭ᠋ᠠᠭ᠋ᠠᠷᠠᠢ᠃

   ᠳᠠᠭ᠋ᠠᠯᠳᠤᠭᠤᠯᠤᠯ᠄ ᠵᠣᠬᠢᠶᠠᠭᠴᠢ ᠵᠢᠨ ᠦᠨᠳᠦᠰᠦᠨ ᠮᠡᠳᠡᠭᠡ ᠵᠠᠩᠭᠢ ᠵᠢᠨ ᠬᠦᠰᠦᠨᠦᠭᠲᠦ

  

   ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ

  2024 ᠣᠨ᠎ᠤ 6 ᠳ᠋ᠤᠭ᠋ᠠᠷ ᠰᠠᠷ᠎ᠠ ᠵᠢᠨ 27᠎ᠤ ᠡᠳᠦᠷ

  

ᠳᠠᠭ᠋ᠠᠯᠳᠤᠭᠤᠯᠤᠯ᠄  ᠵᠣᠬᠢᠶᠠᠭᠴᠢ ᠵᠢᠨ ᠦᠨᠳᠦᠰᠦᠨ ᠮᠡᠳᠡᠭᠡ ᠵᠠᠩᠭᠢ ᠵᠢᠨ ᠬᠦᠰᠦᠨᠦᠭᠲᠦ.doc

 

 

ᠢᠷᠡᠯᠲᠡ᠄ ᠤᠯᠤᠰ᠎ᠤᠨ ᠡᠮᠴᠢᠯᠡᠭᠡᠨ᠎ᠤ ᠪᠠᠳᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠬᠡᠰᠡᠭ ᠡᠮ᠎ᠤᠨ ᠵᠦᠢ᠍ᠯ᠎ᠤᠨ ᠬᠡᠪ᠎ᠤᠨ ᠪᠤᠰᠤ ᠦᠨ᠎ᠡ ᠵᠢ ᠲᠣᠬᠢᠷᠠᠭᠤᠯᠬᠤ ᠲᠤᠬᠠᠢ ᠮᠡᠳᠡᠭᠳᠡᠯ
《2024 ᠣᠨ᠎ᠤ ᠤᠯᠤᠰ᠎ᠤᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ ᠪᠠ ᠦᠷᠡᠵᠢᠯ᠎ᠤᠨ ᠳᠠᠭ᠋ᠠᠳᠬᠠᠯ᠎ᠤᠨ ᠡᠮ᠎ᠤᠨ ᠵᠦᠢ᠍ᠯ᠎ᠤᠨ ᠭᠠᠷᠴᠠᠭ᠎ᠲᠤ ᠲᠣᠬᠢᠷᠠᠭᠤᠯᠤᠯᠲᠠ ᠬᠢᠬᠦ ᠠᠵᠢᠯ᠎ᠤᠨ ᠲᠥᠰᠦᠯ》 ᠵᠢᠴᠢ ᠭᠤᠶᠤᠴᠢᠯᠠᠨ ᠮᠡᠳᠡᠭᠦᠯᠬᠦ ᠵᠦᠭᠯᠡᠭᠦᠷ ᠵᠡᠷᠭᠡ ᠪᠢᠴᠢᠭ ᠮᠠᠲ᠋ᠧᠷᠢᠶᠠᠯ᠎ᠢ ᠨᠡᠶ᠋ᠢᠲᠡᠯᠡᠬᠦ ᠲᠤᠬᠠᠶ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠠᠯᠪᠠᠨ ᠵᠠᠷ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶᠠᠨ᠎ᠤ ᠬᠠᠷᠢᠶ᠎ᠠ ᠠᠵᠢᠯ ᠦᠢᠯᠡᠰ᠎ᠤᠨ ᠨᠢᠭᠡᠴᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ᠎ᠤᠨ 2025 ᠣᠨ᠎ᠤ ᠥᠷᠢᠰᠥᠯᠳᠦᠭᠡᠨ᠎ᠤ ᠴᠢᠨᠠᠷᠲᠠᠶ ᠠᠳᠠᠯᠢᠳᠬᠠᠨ ᠰᠣᠩᠭᠤᠬᠤ ᠠᠵᠢᠯᠲᠠᠨ᠎ᠤ ᠵᠠᠷᠯᠠᠯ
 
            