ᠥᠪᠥᠷ ᠡᠮ ᠬᠤᠳᠠᠯᠳᠤᠨ ᠲᠥᠪ ᠦᠰᠦᠭ [2025] 204 ᠳ᠋ᠤᠭᠡᠷ ᠲᠣᠭᠠᠲᠤ
ᠡᠯ᠎ᠡ ᠠᠢᠮᠠᠭ ᠬᠤᠲᠠ᠎ᠶ᠋ᠢᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ᠎ᠶ᠋ᠢᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠎ᠳᠤ᠄
ᠭᠤᠸᠠᠩᠰᠢ᠎ᠶ᠋ᠢᠨ ᠵᠤᠸᠠᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠬᠠᠮᠲᠤᠷᠠᠨ ᠬᠤᠳᠠᠯᠳᠤᠨ ᠠᠪᠬᠤ ᠠᠯᠪᠠᠨ ᠬᠡᠷ᠎ᠤᠨ 《ᠬᠢᠲᠠᠳ ᠡᠮᠨᠡᠯᠭᠡ᠎ᠶ᠋ᠢᠨ ᠲᠥᠷᠥᠯ᠎ᠤᠨ ᠵᠡᠭᠦᠦ᠍᠎ᠶ᠋ᠢᠨ ᠬᠡᠷᠡᠭ᠌ᠰᠡᠯ᠎ᠤᠨ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠤᠨ ᠡᠮᠴᠢᠯᠡᠭᠡᠨ᠎ᠤ ᠪᠠᠢᠭᠤᠯᠤᠮᠵᠢ᠎ᠶ᠋ᠢᠨ ᠬᠤᠳᠠᠯᠳᠤᠨ ᠠᠪᠬᠤ ᠲᠤᠭ᠎ᠠ ᠪᠠᠷᠢᠮᠲᠠ᠎ᠶ᠋ᠢ ᠲᠠᠭ᠍ᠯᠠᠨ ᠮᠡᠳᠡᠭᠦᠯᠬᠦ᠌ ᠠᠵᠢᠯ᠎ᠢ ᠥᠷᠨᠢᠭᠦᠯᠬᠦ᠌ ᠲᠤᠬᠠᠶ ᠮᠡᠳᠡᠭ᠌ᠳᠡᠯ》 ᠢ ᠦᠨᠳᠦᠰᠦᠯᠡᠨ᠂ ᠡᠳᠦᠭᠡ ᠬᠢᠲᠠᠳ ᠡᠮᠨᠡᠯᠭᠡ᠎ᠶ᠋ᠢᠨ ᠲᠥᠷᠥᠯ᠎ᠤᠨ ᠵᠡᠭᠦᠦ᠍᠎ᠶ᠋ᠢᠨ ᠬᠡᠷᠡᠭ᠌ᠰᠡᠯ᠎ᠤᠨ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠤᠨ ᠲᠡᠤᠬᠡᠨ ᠬᠤᠳᠠᠯᠳᠤᠨ ᠠᠪᠬᠤ ᠬᠡᠮᠵᠢᠶ᠎ᠡ ᠪᠠ ᠬᠤᠳᠠᠯᠳᠤᠨ ᠠᠪᠬᠤ ᠬᠡᠷᠡᠭ᠌ᠴᠡᠭᠡ᠎ᠶ᠋ᠢᠨ ᠬᠡᠮᠵᠢᠶ᠎ᠡ᠎ᠶ᠋ᠢ ᠲᠠᠭ᠍ᠯᠠᠨ ᠮᠡᠳᠡᠭᠦᠯᠬᠦ᠌ ᠠᠵᠢᠯ᠎ᠢ ᠥᠷᠨᠢᠭᠦᠯᠵᠦ᠍᠂ ᠪᠣᠳᠠᠲᠠᠶ ᠵᠦᠢᠯᠡᠰ᠎ᠢ ᠳᠣᠤᠷᠠᠬᠢ ᠮᠡᠲᠦ ᠮᠡᠳᠡᠭ᠌ᠳᠡᠶ᠎ᠡ᠃
ᠨᠢᠭᠡ᠂ ᠲᠤᠭ᠎ᠠ ᠪᠠᠷᠢᠮᠲᠠ᠎ᠶ᠋ᠢ ᠲᠠᠭ᠍ᠯᠠᠨ ᠮᠡᠳᠡᠭᠦᠯᠬᠦ᠌ ᠬᠡᠪᠴᠢᠶ᠎ᠡ
(ᠨᠢᠭᠡ) ᠠᠷᠠᠰᠤᠨ ᠳᠣᠲᠣᠷᠠᠬᠢ ᠵᠡᠭᠦᠦ᠍᠂ ᠡᠭᠦᠨ᠎ᠳᠦ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶᠠᠨ᠎ᠤ ᠡᠮᠴᠢᠯᠡᠭᠡᠨ᠎ᠦ ᠪᠠᠲᠤᠯᠠᠭ᠎ᠠ᠎ᠶᠢᠨ ᠡᠮᠴᠢᠯᠡᠭᠡᠨ᠎ᠳᠦ ᠬᠡᠷᠡᠭᠯᠡᠬᠦ ᠬᠤᠷᠣᠭ᠍ᠳᠠᠯ ᠮᠠᠲ᠋ᠧᠷᠢᠶᠠᠯ᠎ᠤᠨ ᠳ᠋ᠤᠭᠠᠷᠯᠠᠯ ᠤᠨ ᠡᠮᠦᠨ᠎ᠡ 15 ᠣᠷᠣᠨ ᠪᠣᠯᠬᠤ C13020117900001 ᠶ᠋ᠢ ᠪᠠᠭ᠍ᠲᠠᠭᠠᠭ᠍ᠰᠠᠨ ᠦᠢᠯᠡᠳᠭᠦᠨ ᠪᠠᠭ᠍ᠲᠠᠬᠤ ᠪᠣᠯᠪᠠᠴᠤ᠌ ᠬᠢᠵᠠᠭᠠᠷᠯᠠᠭ᠍ᠳᠠᠬᠤ ᠥᠬᠡᠶ ᠃
(ᠬᠤᠶᠠᠷ) ᠵᠡᠭᠦᠦ ᠲᠥᠭᠡᠨᠡᠯᠭᠡ᠎ᠶ᠋ᠢᠨ ᠵᠡᠭᠦᠦ᠍᠂ ᠡᠭᠦᠨ᠎ᠳᠦ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶᠠᠨ᠎ᠤ ᠡᠮᠴᠢᠯᠡᠭᠡᠨ᠎ᠦ ᠪᠠᠲᠤᠯᠠᠭ᠎ᠠ᠎ᠶᠢᠨ ᠡᠮᠴᠢᠯᠡᠭᠡᠨ᠎ᠳᠦ ᠬᠡᠷᠡᠭᠯᠡᠬᠦ ᠬᠤᠷᠣᠭ᠍ᠳᠠᠯ ᠮᠠᠲ᠋ᠧᠷᠢᠶᠠᠯ᠎ᠤᠨ ᠳ᠋ᠤᠭᠠᠷᠯᠠᠯ ᠤᠨ ᠡᠮᠦᠨ᠎ᠡ 15 ᠣᠷᠣᠨ ᠪᠣᠯᠬᠤ C13020117900002 ᠶ᠋ᠢ ᠪᠠᠭ᠍ᠲᠠᠭᠠᠭ᠍ᠰᠠᠨ ᠦᠢᠯᠡᠳᠭᠦᠨ ᠪᠠᠭ᠍ᠲᠠᠬᠤ ᠪᠣᠯᠪᠠᠴᠤ᠌ ᠬᠢᠵᠠᠭᠠᠷᠯᠠᠭ᠍ᠳᠠᠬᠤ ᠥᠬᠡᠶ ᠃
(ᠭᠤᠷᠪᠠ) ᠢᠷᠲᠦ ᠵᠡᠭᠦᠦ ᠂ ᠡᠭᠦᠨ᠎ᠳᠦ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶᠠᠨ᠎ᠤ ᠡᠮᠴᠢᠯᠡᠭᠡᠨ᠎ᠦ ᠪᠠᠲᠤᠯᠠᠭ᠎ᠠ᠎ᠶᠢᠨ ᠡᠮᠴᠢᠯᠡᠭᠡᠨ᠎ᠳᠦ ᠬᠡᠷᠡᠭᠯᠡᠬᠦ ᠬᠤᠷᠣᠭ᠍ᠳᠠᠯ ᠮᠠᠲ᠋ᠧᠷᠢᠶᠠᠯ᠎ᠤᠨ ᠳ᠋ᠤᠭᠠᠷᠯᠠᠯ ᠤᠨ ᠡᠮᠦᠨ᠎ᠡ 15 ᠣᠷᠣᠨ ᠪᠣᠯᠬᠤ C13020117900003 ᠶ᠋ᠢ ᠪᠠᠭ᠍ᠲᠠᠭᠠᠭ᠍ᠰᠠᠨ ᠦᠢᠯᠡᠳᠭᠦᠨ ᠪᠠᠭ᠍ᠲᠠᠬᠤ ᠪᠣᠯᠪᠠᠴᠤ᠌ ᠬᠢᠵᠠᠭᠠᠷᠯᠠᠭ᠍ᠳᠠᠬᠤ ᠥᠬᠡᠶ ᠃
(ᠲᠦᠷᠪᠡ) ᠲᠡᠷᠢᠭᠦᠯᠡᠭ᠌ᠴᠢ ᠴᠡᠴᠡᠭ᠎ᠤᠨ ᠵᠡᠭᠦᠦ᠍᠂ ᠡᠭᠦᠨ᠎ᠳᠦ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶᠠᠨ᠎ᠤ ᠡᠮᠴᠢᠯᠡᠭᠡᠨ᠎ᠦ ᠪᠠᠲᠤᠯᠠᠭ᠎ᠠ᠎ᠶᠢᠨ ᠡᠮᠴᠢᠯᠡᠭᠡᠨ᠎ᠳᠦ ᠬᠡᠷᠡᠭᠯᠡᠬᠦ ᠬᠤᠷᠣᠭ᠍ᠳᠠᠯ ᠮᠠᠲ᠋ᠧᠷᠢᠶᠠᠯ᠎ᠤᠨ ᠳ᠋ᠤᠭᠠᠷᠯᠠᠯ ᠤᠨ ᠡᠮᠦᠨ᠎ᠡ 15 ᠣᠷᠣᠨ ᠪᠣᠯᠬᠤ C13020117900004 ᠶ᠋ᠢ ᠪᠠᠭ᠍ᠲᠠᠭᠠᠭ᠍ᠰᠠᠨ ᠦᠢᠯᠡᠳᠭᠦᠨ ᠪᠠᠭ᠍ᠲᠠᠬᠤ ᠪᠣᠯᠪᠠᠴᠤ᠌ ᠬᠢᠵᠠᠭᠠᠷᠯᠠᠭ᠍ᠳᠠᠬᠤ ᠥᠬᠡᠶ ᠃
ᠬᠤᠶᠠᠷ᠂ ᠲᠠᠭ᠍ᠯᠠᠨ ᠮᠡᠳᠡᠭᠦᠯᠬᠦ᠌ ᠭᠤᠣᠯ ᠴᠣᠭ᠍ᠴᠠ
ᠠᠯᠪᠠᠨ᠎ᠠᠴᠠ ᠪᠠᠢᠭᠤᠯᠤᠭ᠍ᠰᠠᠨ ᠪᠤᠶ ᠪᠦᠬᠦᠢ ᠡᠮᠴᠢᠯᠡᠭᠡᠨ᠎ᠦ ᠪᠠᠢᠭᠤᠯᠤᠮᠵᠢ ( ᠴᠡᠷᠢᠭ ᠠᠩᠭᠢ᠎ᠶ᠋ᠢᠨ ᠡᠮᠴᠢᠯᠡᠭᠡᠨ᠎ᠦ ᠪᠠᠢᠭᠤᠯᠤᠮᠵᠢ ᠪᠠᠭ᠍ᠲᠠᠨ᠎ᠠ ᠂ ᠳᠣᠷᠣᠭ᠍ᠰᠢ ᠠᠳᠠᠯᠢ) ᠪᠣᠯᠤᠨ ᠡᠮᠴᠢᠯᠡᠭᠡᠨ᠎ᠦ ᠳᠠᠭᠠᠳᠭᠠᠯ᠎ᠤᠨ ᠴᠡᠭ ᠲᠣᠭ᠍ᠲᠠᠭᠠᠭ᠍ᠰᠠᠨ ᠨᠡᠢᠭᠡᠮ᠎ᠦᠨ ᠡᠷᠬᠢᠯᠡᠭ᠌ᠰᠡᠨ ᠡᠮᠴᠢᠯᠡᠭᠡᠨ᠎ᠦ ᠪᠠᠢᠭᠤᠯᠤᠮᠵᠢ ᠪᠠᠭ᠍ᠲᠠᠨ᠎ᠠ ᠃
ᠭᠤᠷᠪᠠ᠂ ᠲᠠᠭ᠍ᠯᠠᠨ ᠮᠡᠳᠡᠭᠦᠯᠬᠦ᠌ ᠠᠭᠤᠯᠭ᠎ᠠ
ᠡᠯ᠎ᠡ ᠡᠮᠴᠢᠯᠡᠭᠡᠨ᠎ᠤ ᠪᠠᠢᠭᠤᠯᠤᠮᠵᠢ᠎ᠨᠢ ᠲᠣᠰ ᠨᠢᠭᠡᠴᠢ᠎ᠶ᠋ᠢᠨ᠎ᠢᠶᠠᠨ 2024 ᠣᠨ᠎ᠤ 9 ᠳ᠋ᠤᠭᠡᠷ ᠰᠠᠷ᠎ᠠ᠎ᠶ᠋ᠢᠨ 1 ᠤ ᠡᠳᠦᠷ᠎ᠠᠴᠠ 2025 ᠣᠨ᠎ᠤ 8 ᠳ᠋ᠤᠭᠠᠷ ᠰᠠᠷ᠎ᠠ᠎ᠶ᠋ᠢᠨ 31 ᠤ ᠡᠳᠦᠷ ᠪᠣᠯᠲᠠᠯ᠎ᠠ ᠡᠯ᠎ᠡ ᠬᠤᠳᠠᠯᠳᠤᠨ ᠠᠪᠬᠤ ᠲᠥᠷᠥᠯ ᠵᠦᠢᠯ᠎ᠤᠨ ᠲᠥᠷᠥᠯ ᠢᠯᠭᠠᠯ᠂ ᠨᠠᠷᠠᠲᠤ ᠲᠡᠮᠳᠡᠭ᠂ ᠬᠤᠳᠠᠯᠳᠤᠨ ᠠᠪᠬᠤ ᠵᠣᠭᠤᠰ᠎ᠤᠨ ᠲᠤᠭ᠎ᠠ᠂ ᠲᠡᠤᠬᠡ᠎ᠶ᠋ᠢᠨ ᠬᠤᠳᠠᠯᠳᠤᠨ ᠠᠪᠬᠤ ᠶᠡᠷᠦᠩᠬᠡᠶ ᠬᠡᠮᠵᠢᠶ᠎ᠡ᠎ᠶ᠋ᠢ ᠲᠠᠭ᠍ᠯᠠᠨ ᠮᠡᠳᠡᠭᠦᠯᠬᠦ᠌᠎ᠶ᠋ᠢᠨ ᠬᠠᠮᠲᠤ᠌᠂ ᠬᠤᠳᠠᠯᠳᠤᠨ ᠠᠪᠬᠤ ᠲᠥᠷᠥᠯ ᠵᠦᠢᠯ᠎ᠤᠨ ᠲᠡᠤᠬᠡ᠎ᠶ᠋ᠢᠨ ᠬᠤᠳᠠᠯᠳᠤᠨ ᠠᠪᠬᠤ ᠶᠡᠷᠦᠩᠬᠡᠶ ᠬᠡᠮᠵᠢᠶ᠎ᠡ᠎ᠶ᠋ᠢ ᠦᠨᠳᠦᠰᠦᠯᠡᠨ ᠢᠷᠡᠭᠡᠳᠦᠶ᠎ᠶ᠋ᠢᠨ ᠨᠢᠭᠡ ᠵᠢᠯ᠎ᠤᠨ ᠬᠤᠳᠠᠯᠳᠤᠨ ᠠᠪᠬᠤ ᠬᠡᠷᠡᠭ᠌ᠴᠡᠭᠡ ᠱᠠᠭᠠᠷᠳᠠᠯᠭ᠎ᠠ᠎ᠶ᠋ᠢᠨ ᠬᠡᠮᠵᠢᠶ᠎ᠡ᠎ᠶ᠋ᠢ ᠲᠠᠭ᠍ᠯᠠᠨ ᠮᠡᠳᠡᠭᠦᠯᠵᠦ᠍᠂ ᠬᠤᠳᠠᠯᠳᠤᠨ ᠠᠪᠬᠤ ᠬᠡᠷᠡᠭ᠌ᠴᠡᠭᠡ ᠱᠠᠭᠠᠷᠳᠠᠯᠭ᠎ᠠ᠎ᠶ᠋ᠢᠨ ᠶᠡᠷᠦᠩᠬᠡᠶ ᠬᠡᠮᠵᠢᠶ᠎ᠡ᠎ᠶ᠋ᠢ ᠵᠠᠷᠴᠢᠮ ᠳᠡᠭᠡᠷ᠎ᠡ᠎ᠪᠡᠨ ᠲᠡᠦᠬᠡ᠎ᠶ᠋ᠢᠨ ᠬᠤᠳᠠᠯᠳᠤᠨ ᠠᠪᠬᠤ ᠶᠡᠷᠦᠩᠬᠡᠶ ᠬᠡᠮᠵᠢᠶ᠎ᠡ᠎ᠶ᠋ᠢᠨ 80% ᠡᠴᠡ ᠳᠣᠤᠷ᠎ᠠ ᠦᠭᠡᠶ ᠪᠠᠢᠯᠭᠠᠵᠤ᠂ ᠬᠡᠷᠪᠡ 80% ᠡᠴᠡ ᠳᠣᠤᠷ᠎ᠠ ᠪᠠᠢᠪᠠᠯ᠂ ᠱᠢᠰᠲ᠋ᠧᠮ᠎ᠦᠨ ᠳᠣᠲᠣᠷ᠎ᠠ ᠱᠢᠯᠲᠠᠭᠠᠨ ᠢ ᠲᠣᠳᠣᠷᠬᠠᠢᠯᠠᠬᠤ ᠬᠡᠷᠡᠭ᠌ᠲᠡᠶ ᠃
ᠳᠥᠷᠪᠡ᠂ ᠲᠠᠭ᠍ᠯᠠᠨ ᠮᠡᠳᠡᠭᠦᠯᠬᠦ᠌ ᠠᠷᠭ᠎ᠠ ᠮᠠᠶᠢᠭ
ᠲᠣᠰ ᠤᠳᠠᠭᠠᠨ᠎ᠤ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ ᠲᠡᠤᠬᠡᠨ ᠬᠤᠳᠠᠯᠳᠤᠨ ᠠᠪᠬᠤ ᠬᠡᠮᠵᠢᠶ᠎ᠡ ᠪᠠ ᠬᠤᠳᠠᠯᠳᠤᠨ ᠠᠪᠬᠤ ᠬᠡᠷᠡᠭ᠌ᠴᠡᠭᠡ ᠱᠠᠭᠠᠷᠳᠠᠯᠭ᠎ᠠ᠎ᠶ᠋ᠢᠨ ᠬᠡᠮᠵᠢᠶ᠎ᠡ᠎ᠶ᠋ᠢ ᠲᠠᠭ᠍ᠯᠠᠨ ᠮᠡᠳᠡᠭᠦᠯᠬᠦ᠌ ᠠᠵᠢᠯ᠎ᠨᠢ 《ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠮᠡᠳᠡᠭᠡ ᠵᠠᠩᠭᠢ᠎ᠶ᠋ᠢᠨ ᠲᠠᠪᠴᠠᠩ᠎ᠤᠨ ᠡᠮ᠎ᠤᠨ ᠵᠦᠶ᠋ᠯ ᠪᠠ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠳᠠᠭᠠᠭᠠᠴᠢᠯᠠᠯᠲᠠ ᠵᠠᠷᠯᠠᠬᠤ ᠬᠠᠮᠢᠶᠠᠷᠤᠯᠲᠠ᠎ᠶ᠋ᠢᠨ ᠬᠤᠪᠢᠶᠠᠷᠢ ᠱᠢᠰᠲ᠋ᠧᠮ (ᠭᠤᠸᠠᠩᠰᠢ)》 ᠤᠨ ᠬᠡᠰᠡᠭ᠎ᠢᠶᠠᠷ ᠳᠠᠮᠵᠢᠭᠤᠯᠤᠨ ᠥᠷᠨᠢᠭᠦᠯᠪᠡ᠃ (ᠰᠦᠯᠵᠢᠶᠡᠨ ᠬᠠᠶᠢᠭ᠄ https://ybwt.ybj.gxzf.gov.cn/web/hallEnter/#/unitLogin)᠃ ᠪᠣᠳᠠᠲᠠᠢ ᠠᠵᠢᠯᠯᠠᠬᠤ ᠠᠷᠭ᠎ᠠ᠎ᠶᠢᠨ ᠠᠵᠢᠯᠯᠠᠬᠤ ᠭᠠᠷ ᠳᠡᠪᠲᠡᠷ ( ᠬᠠᠮᠢᠶᠠᠷᠤᠯᠲᠠ᠎ᠶᠢᠨ ᠦᠵᠦᠭᠦᠷ᠄ https://docs.qq.com/doc/DVXpvdEN1R3ZkUXNt, ᠡᠮᠴᠢᠯᠡᠭᠡᠨ᠎ᠦ ᠪᠠᠢ᠌ᠭᠤᠯᠤᠮᠵᠢ᠎ᠶᠢᠨ ᠦᠵᠦᠭᠦᠷ᠄https://docs.qq.com/doc/DVW9wU0ZqRXZKQWh2)᠃ ᠡᠯ᠎ᠡ ᠠᠢᠮᠠᠭ ᠬᠤᠲᠠ᠎ᠶ᠋ᠢᠨ ᠡᠮᠴᠢᠯᠡᠭᠡᠨ᠎ᠤ ᠳᠠᠭᠠᠳᠭᠠᠯ᠎ᠤᠨ ᠰᠠᠯᠠᠭ᠎ᠠ ᠮᠥᠴᠢᠷ ᠪᠠ ᠡᠮᠴᠢᠯᠡᠭᠡᠨ᠎ᠤ ᠪᠠᠢᠭᠤᠯᠤᠮᠵᠢ᠎ᠶ᠋ᠢᠨ ᠲᠠᠩᠰᠠᠨ ᠨᠣᠮᠧᠷ᠎ᠢ ᠥᠪᠡᠷᠲᠡᠭᠡᠨ ᠵᠠᠰᠠᠬᠤ ᠣᠷᠣᠨ᠎ᠠᠴᠠ ᠨᠢᠭᠡᠳᠦᠯᠲᠡᠶ ᠣᠯᠭᠤᠵᠤ᠂ ᠡᠮᠴᠢᠯᠡᠭᠡᠨ᠎ᠤ ᠪᠠᠢᠭᠤᠯᠤᠮᠵᠢ᠎ᠶ᠋ᠢᠨ ᠨᠢᠭᠤᠴᠠ ᠨᠣᠮᠧᠷ᠎ᠢ ᠳᠠᠬᠢᠨ ᠲᠣᠬᠢᠷᠠᠭᠤᠯᠬᠤ᠎ᠶ᠋ᠢ ᠡᠯ᠎ᠡ ᠠᠢᠮᠠᠭ ᠬᠤᠲᠠ᠎ᠶ᠋ᠢᠨ ᠡᠮᠴᠢᠯᠡᠭᠡᠨ᠎ᠤ ᠳᠠᠭᠠᠳᠭᠠᠯ᠎ᠤᠨ ᠰᠠᠯᠠᠭ᠎ᠠ ᠮᠥᠴᠢᠷ᠎ᠠᠴᠠ ᠬᠠᠷᠢᠭᠤᠴᠠᠵᠤ᠂ ᠱᠢᠨ᠎ᠡ᠎ᠪᠠᠷ ᠨᠡᠮᠡᠭ᠌ᠳᠡᠭ᠌ᠰᠡᠨ ᠡᠮᠴᠢᠯᠡᠭᠡᠨ᠎ᠤ ᠪᠠᠢᠭᠤᠯᠤᠮᠵᠢ᠎ᠶ᠋ᠢᠨ ᠲᠠᠩᠰᠠᠨ ᠨᠣᠮᠧᠷ᠎ᠢ ᠡᠯ᠎ᠡ ᠠᠢᠮᠠᠭ ᠬᠤᠲᠠ᠎ᠶ᠋ᠢᠨ ᠡᠮᠴᠢᠯᠡᠭᠡᠨ᠎ᠤ ᠳᠠᠭᠠᠳᠭᠠᠯ᠎ᠤᠨ ᠰᠠᠯᠠᠭ᠎ᠠ ᠮᠥᠴᠢᠷ᠎ᠠᠴᠠ ᠬᠤᠷᠢᠶᠠᠩᠭᠤᠢᠯᠠᠭ᠍ᠰᠠᠨ᠎ᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠡᠮ ᠬᠤᠳᠠᠯᠳᠤᠨ ᠠᠪᠬᠤ ᠲᠥᠪ᠎ᠲᠤ ᠮᠡᠳᠡᠭᠦᠯᠦᠨ ᠱᠢᠢᠳᠪᠦᠷᠢᠯᠡᠭᠦᠯᠦᠨ᠎ᠡ᠃
ᠲᠠᠪᠤ᠂ ᠴᠠᠭ ᠬᠤᠭᠤᠴᠠᠭᠠᠨ᠎ᠤ ᠲᠣᠬᠢᠷᠠᠭᠤᠯᠤᠯᠲᠠ
ᠡᠮᠴᠢᠯᠡᠭᠡᠨ᠎ᠤ ᠪᠠᠢᠭᠤᠯᠤᠮᠵᠢ᠎ᠶ᠋ᠢᠨ ᠲᠠᠭ᠍ᠯᠠᠨ ᠮᠡᠳᠡᠭᠦᠯᠬᠦ᠌ ᠴᠠᠭ᠄ 2025 ᠣᠨ᠎ᠤ 10 ᠳ᠋ᠤᠭᠠᠷ ᠰᠠᠷ᠎ᠠ᠎ᠶ᠋ᠢᠨ 9 ᠤ ᠡᠳᠦᠷ᠎ᠠᠴᠠ 10 ᠳ᠋ᠤᠭᠠᠷ ᠰᠠᠷ᠎ᠠ᠎ᠶ᠋ᠢᠨ 21 ᠤ ᠡᠳᠦᠷ ᠪᠣᠯᠲᠠᠯ᠎ᠠ᠃
ᠡᠮ ᠡᠮᠨᠡᠯᠭᠡ᠎ᠶ᠋ᠢᠨ ᠳᠠᠭᠠᠳᠭᠠᠯ᠎ᠤᠨ ᠰᠠᠯᠠᠭ᠎ᠠ ᠮᠥᠴᠢᠷ᠎ᠤᠨ ᠬᠢᠨᠠᠨ ᠬᠠᠷᠭᠤᠭᠤᠯᠬᠤ ᠴᠠᠭ᠄ 2025 ᠣᠨ᠎ᠤ 10 ᠳ᠋ᠤᠭ᠋ᠠᠷ ᠰᠠᠷ᠎ᠠ᠎ᠶ᠋ᠢᠨ 9 ᠤ ᠡᠳᠦᠷ᠎ᠠᠴᠠ 10 ᠳ᠋ᠤᠭ᠋ᠠᠷ ᠰᠠᠷ᠎ᠠ᠎ᠶ᠋ᠢᠨ 22 ᠤᠨ ᠡᠳᠦᠷ ᠪᠣᠯᠲᠠᠯ᠎ᠠ᠃
ᠵᠢᠷᠭᠤᠭ᠎ᠠ᠂ ᠠᠵᠢᠯ᠎ᠤᠨ ᠱᠠᠭᠠᠷᠳᠠᠯᠭ᠎ᠠ
(ᠨᠢᠭᠡ) ᠡᠯ᠎ᠡ ᠠᠢᠮᠠᠭ ᠬᠤᠲᠠ᠎ᠶ᠋ᠢᠨ ᠡᠮᠴᠢᠯᠡᠭᠡᠨ᠎ᠤ ᠳᠠᠭᠠᠳᠭᠠᠯ᠎ᠤᠨ ᠰᠠᠯᠠᠭ᠎ᠠ ᠮᠥᠴᠢᠷ᠎ᠤᠳ ᠬᠠᠷᠢᠶᠠᠲᠤ ᠣᠷᠣᠨ᠎ᠤ ᠳᠣᠲᠣᠷᠠᠬᠢ ᠡᠮᠴᠢᠯᠡᠭᠡᠨ᠎ᠤ ᠪᠠᠢᠭᠤᠯᠤᠮᠵᠢ᠎ᠶ᠋ᠢ ᠵᠣᠬᠢᠶᠠᠨ ᠪᠠᠢᠭᠤᠯᠤᠨ ᠱᠠᠭᠠᠷᠳᠠᠯᠭ᠎ᠠ ᠶᠣᠰᠣᠭᠠᠷ ᠲᠤᠭ᠎ᠠ ᠪᠠᠷᠢᠮᠲᠠ᠎ᠶ᠋ᠢ ᠲᠠᠭ᠍ᠯᠠᠨ ᠮᠡᠳᠡᠭᠦᠯᠬᠦ᠌ ᠠᠵᠢᠯ᠎ᠢ ᠰᠠᠢᠲᠤᠷ ᠬᠢᠵᠦ᠍᠂ ᠬᠠᠷᠭᠤᠭᠤᠯᠬᠤ᠂ ᠪᠠᠢᠴᠠᠭᠠᠬᠤ᠎ᠶ᠋ᠢᠨ ᠬᠠᠮᠲᠤ ᠡᠮᠴᠢᠯᠡᠭᠡᠨ᠎ᠤ ᠪᠠᠢᠭᠤᠯᠤᠮᠵᠢ᠎ᠶ᠋ᠢ ᠱᠢᠮᠳᠠᠭᠤᠯᠵᠤ ᠪᠠᠢᠭᠠᠳ ᠬᠤᠭᠤᠴᠠᠭ᠎ᠠ ᠶᠣᠰᠣᠭᠠᠷ ᠬᠠᠮᠢᠶ᠎ᠠ ᠪᠥᠬᠦᠶ ᠲᠤᠭ᠎ᠠ ᠪᠠᠷᠢᠮᠲᠠ᠎ᠶ᠋ᠢ ᠦᠨᠡᠨ ᠪᠣᠳᠠᠲᠠᠶ᠎ᠪᠠᠷ ᠲᠠᠭ᠍ᠯᠠᠨ ᠮᠡᠳᠡᠭᠦᠯᠬᠦ᠌ ᠬᠡᠷᠡᠭ᠌ᠲᠡᠶ᠃
(ᠬᠤᠶᠠᠷ) ᠡᠯ᠎ᠡ ᠠᠢᠮᠠᠭ ᠬᠤᠲᠠ᠎ᠶ᠋ᠢᠨ ᠡᠮᠴᠢᠯᠡᠭᠡᠨ᠎ᠤ ᠳᠠᠭᠠᠳᠭᠠᠯ᠎ᠤᠨ ᠰᠠᠯᠠᠭ᠎ᠠ ᠮᠥᠴᠢᠷ᠎ᠤᠳ ᠬᠠᠮᠢᠶ᠎ᠠ ᠪᠥᠬᠦᠶ ᠡᠮᠴᠢᠯᠡᠭᠡᠨ᠎ᠤ ᠪᠠᠢᠭᠤᠯᠤᠮᠵᠢ᠎ᠶ᠋ᠢ ᠨᠢᠭᠤᠴᠠ ᠨᠣᠮᠧᠷ ᠪᠠ ᠲᠠᠩᠰᠠᠨ ᠨᠣᠮᠧᠷ᠎ᠤᠨ ᠬᠠᠮᠢᠶᠠᠷᠤᠯᠲᠠ᠎ᠪᠠᠨ ᠴᠢᠩᠭᠠᠳᠭᠠᠵᠤ᠂ ᠠᠵᠢᠯ᠎ᠢ ᠰᠠᠢᠨ ᠮᠡᠳᠡᠬᠦ᠌ ᠲᠤᠰᠭᠠᠶ ᠬᠥᠮᠦᠨ ᠲᠣᠭ᠍ᠲᠠᠭᠠᠨ ᠬᠠᠷᠢᠭᠤᠴᠠᠭᠤᠯᠵᠤ᠂ ᠪᠤᠰᠤᠳ ᠬᠥᠮᠦᠨ ᠡᠮᠴᠢᠯᠡᠭᠡᠨ᠎ᠤ ᠪᠠᠢᠭᠤᠯᠤᠮᠵᠢ᠎ᠶ᠋ᠢᠨ ᠲᠠᠩᠰᠠᠨ ᠨᠣᠮᠧᠷ᠎ᠢ ᠠᠱᠢᠭ᠍ᠯᠠᠨ ᠬᠤᠳᠠᠯ᠎ᠢᠶᠠᠷ ᠮᠡᠳᠡᠭᠦᠯᠬᠦ᠂ ᠪᠤᠷᠤᠭᠤ ᠮᠡᠳᠡᠭᠦᠯᠬᠦ᠂ ᠥᠭᠡᠷᠡᠴᠢᠯᠡᠨ ᠮᠡᠳᠡᠭᠦᠯᠵᠦ᠍ ᠬᠤᠳᠠᠯᠳᠤᠨ ᠠᠪᠤᠭ᠍ᠰᠠᠨ ᠲᠤᠭ᠎ᠠ ᠪᠠᠷᠢᠮᠲᠠ᠎ᠶ᠋ᠢ ᠥᠭᠡᠷᠡᠴᠢᠯᠡᠬᠦ᠌ ᠵᠡᠷᠭᠡ 《ᠲᠣᠭ᠎ᠠ ᠪᠠᠷᠢᠮᠳᠠ᠎ᠶᠢ ᠬᠤᠳᠠᠯ ᠬᠠᠭᠤᠷᠮᠠᠭ ᠦᠢ᠍ᠯᠡᠳᠬᠦ》 ᠠᠰᠠᠭᠤᠳᠠᠯ᠎ᠢ ᠡᠷᠡᠰ ᠬᠤᠷᠢᠭ᠍ᠯᠠᠬᠤ ᠬᠡᠷᠡᠭ᠌ᠲᠡᠶ᠃
(ᠭᠤᠷᠪᠠ) ᠬᠠᠮᠢᠶ᠎ᠠ ᠪᠥᠬᠦᠶ ᠡᠮᠴᠢᠯᠡᠭᠡᠨ᠎ᠤ ᠪᠠᠢᠭᠤᠯᠤᠮᠵᠢ᠎ᠨᠤᠭᠤᠳ ᠱᠠᠭᠠᠷᠳᠠᠯᠭ᠎ᠠ ᠶᠣᠰᠣᠭᠠᠷ ᠲᠤᠭ᠎ᠠ ᠪᠠᠷᠢᠮᠲᠠ᠎ᠶ᠋ᠢ ᠲᠠᠭ᠍ᠯᠠᠨ ᠮᠡᠳᠡᠭᠦᠯᠬᠦ᠌ ᠠᠵᠢᠯ᠎ᠢ ᠰᠠᠢᠲᠤᠷ ᠬᠢᠵᠦ᠍᠂ ᠲᠠᠭ᠍ᠯᠠᠨ ᠮᠡᠳᠡᠭᠦᠯᠦᠭ᠌ᠰᠡᠨ ᠲᠤᠭ᠎ᠠ ᠪᠠᠷᠢᠮᠲᠠ᠎ᠶ᠋ᠢᠨ ᠦᠨᠡᠨ ᠪᠣᠳᠠᠲᠠᠶ᠂ ᠣᠨᠣᠪᠴᠢᠲᠠᠶ᠂ ᠬᠦᠴᠦᠨ ᠵᠦᠢᠯ ᠪᠦᠷᠢᠨ ᠪᠠᠢᠬᠤ᠎ᠶ᠋ᠢ ᠦᠨᠡᠨᠬᠦ᠌ ᠪᠠᠲᠤᠯᠠᠬᠤ ᠬᠡᠷᠡᠭ᠌ᠲᠡᠶ᠃ ᠬᠠᠮᠢᠶ᠎ᠠ ᠪᠥᠬᠦᠶ ᠲᠤᠭ᠎ᠠ ᠪᠠᠷᠢᠮᠲᠠ᠎ᠶ᠋ᠢ ᠲᠠᠭ᠍ᠯᠠᠨ ᠮᠡᠳᠡᠭᠦᠯᠬᠦ᠌᠎ᠶ᠋ᠢ ᠪᠡᠶᠡᠯᠡᠭᠦᠯᠦᠭ᠌ᠰᠡᠨ᠎ᠤ ᠳᠠᠷᠠᠭ᠎ᠠ᠂ ᠲᠣᠰ ᠨᠢᠭᠡᠴᠢ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ ᠪᠠ ᠬᠤᠷᠢᠶᠠᠨ ᠳᠠᠷᠤᠭ᠎ᠠ ᠭᠠᠷᠤᠨ ᠥᠰᠥᠭ ᠵᠢᠷᠤᠵᠤ ᠨᠤᠲᠠᠯᠠᠬᠤ᠎ᠶ᠋ᠢᠨ ᠬᠠᠮᠲᠤ ᠠᠯᠪᠠᠨ ᠲᠠᠮᠠᠭ᠎ᠠ ᠳᠠᠷᠤᠭ᠍ᠰᠠᠨ 《ᠡᠮᠴᠢᠯᠡᠭᠡᠨ᠎ᠤ ᠪᠠᠢᠭᠤᠯᠤᠮᠵᠢ ᠲᠤᠭ᠎ᠠ ᠪᠠᠷᠢᠮᠲᠠ᠎ᠶ᠋ᠢᠨ ᠬᠤᠷᠢᠶᠠᠩᠭᠤᠶ ᠬᠦᠰᠦᠨᠦᠭ᠌ᠲᠦ᠎ᠶᠢ ᠲᠠᠭᠯᠠᠨ ᠮᠡᠳᠡᠭᠦᠯᠬᠦ》 ᠶ᠋ᠢ ᠳᠡᠭᠡᠭ᠌ᠰᠢ ᠳᠠᠮᠵᠢᠭᠤᠯᠬᠤ ᠬᠡᠷᠡᠭ᠌ᠲᠡᠶ᠃
ᠠᠰᠠᠭᠤᠨ ᠯᠠᠪᠯᠠᠬᠤ ᠤᠲᠠᠰᠤ᠄ 0471 - 4907213
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ᠎ᠶᠢᠨ ᠬᠤᠳᠠᠯᠳᠤᠨ ᠠᠪᠬᠤ ᠲᠥᠪ
2025 ᠣᠨ᠎ᠤ 10 ᠳ᠋ᠤᠭ᠋ᠠᠷ ᠰᠠᠷ᠎ᠠ᠎ᠶ᠋ᠢᠨ 9 ᠤ ᠡᠳᠦᠷ