ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠤᠷᠲᠦ ᠬᠤᠭᠤᠴᠠᠭ᠋ᠠᠨ᠎ᠤ ᠬᠠᠷᠠᠭ᠋ᠠᠯᠵᠠᠨ ᠠᠰᠠᠷᠠᠭ᠍ᠴᠢ᠎ᠶ᠋ᠢᠨ ᠤᠬᠠᠭᠤᠯᠭ᠎ᠠ᠎ᠶ᠋ᠢᠨ ᠪᠦᠲᠦᠭᠡᠯ᠎ᠢ ᠡᠯᠰᠡᠬᠦ ᠲᠤᠬᠠᠢ ᠮᠡᠳᠡᠭ᠌ᠳᠡᠯ
ᠨᠡᠶ᠋ᠢᠲᠡᠯᠡᠭᠰᠡᠨ ᠴᠠᠭ᠄ 2025-10-21

  ᠤᠷᠲᠤ ᠬᠤᠭᠤᠴᠠᠭ᠋ᠠᠨ᠎ᠤ ᠬᠠᠷᠠᠭᠠᠯᠵᠠᠨ ᠠᠰᠠᠷᠠᠭ᠍ᠴᠢ᠎ᠶ᠋ᠢᠨ ᠨᠡᠢᠭᠡᠮ᠎ᠤᠨ ᠲᠠᠨᠢᠨ ᠮᠡᠳᠡᠬᠦ᠌ ᠬᠡᠮᠵᠢᠶ᠎ᠡ᠂ ᠠᠵᠢᠯ ᠮᠡᠷᠭᠡᠵᠢᠯ᠎ᠤᠨ ᠮᠡᠳᠡᠷᠡᠬᠦ᠌ ᠰᠡᠳᠭᠢᠯᠭᠡ ᠪᠠ ᠢᠷᠠᠭᠤ ᠠᠯᠳᠠᠷᠲᠤ ᠰᠡᠳᠭᠢᠯᠭᠡ᠎ᠶ᠋ᠢ ᠳᠡᠭᠡᠭ᠌ᠰᠢᠯᠡᠭᠦᠯᠵᠦ᠍᠂ ᠲᠡᠭᠦᠨ᠎ᠤ ᠲᠤᠰᠭᠠᠶ ᠮᠡᠷᠭᠡᠵᠢᠯ᠎ᠤᠨ ᠬᠡᠪ ᠪᠣᠯᠪᠠᠰᠤᠷᠠᠯ ᠪᠠ ᠬᠥᠮᠦᠨ ᠨᠡᠢᠭᠡᠮ᠎ᠤᠨ ᠬᠠᠯᠠᠮᠵᠢᠯᠠᠯ᠎ᠤᠨ ᠵᠣᠷᠢᠭ ᠰᠠᠨᠠᠭ᠎ᠠ᠎ᠶ᠋ᠢ ᠢᠯᠡᠷᠡᠭᠦᠯᠵᠦ᠍᠂ ᠨᠠᠩ ᠣᠯᠠᠨ ᠱᠢᠯᠢᠳᠡᠭ ᠴᠢᠳᠠᠪᠤᠷᠢᠲᠠᠨ᠎ᠢ ᠲᠠᠲᠠᠵᠤ ᠣᠷᠳᠣ ᠬᠤᠭᠤᠴᠠᠭᠠᠨ᠎ᠤ ᠬᠠᠷᠠᠭᠠᠯᠵᠠᠨ ᠠᠰᠠᠷᠠᠬᠤ ᠦᠢᠯᠡᠰ᠎ᠲᠤ ᠣᠷᠣᠯᠴᠠᠭᠤᠯᠬᠤ᠎ᠶ᠋ᠢᠨ ᠬᠠᠮᠲᠤ ᠣᠯᠠᠨ ᠨᠡᠢᠲᠡ᠎ᠶ᠋ᠢᠨ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ ᠵᠢᠴᠢ ᠦᠢᠯᠡᠴᠢᠯᠡᠭᠡᠨ᠎ᠤ ᠲᠤᠬᠠᠶ ᠣᠢᠯᠠᠭᠠᠯᠲᠠ᠎ᠶ᠋ᠢ ᠨᠡᠮᠡᠭ᠌ᠳᠡᠭᠦᠯᠵᠦ᠍᠂ ᠣᠲᠣ ᠪᠥᠬᠦ᠌ ᠤᠯᠤᠰ᠎ᠠᠴᠠ ᠣᠷᠳᠣ ᠬᠤᠭᠤᠴᠠᠭᠠᠨ᠎ᠤ ᠬᠠᠷᠠᠭᠠᠯᠵᠠᠨ ᠠᠰᠠᠷᠠᠭ᠍ᠴᠢ᠎ᠶ᠋ᠢᠨ ᠤᠬᠠᠭᠤᠯᠭ᠎ᠠ᠎ᠶ᠋ᠢᠨ ᠪᠦᠲᠦᠭᠡᠯ ᠴᠤᠭ᠍ᠯᠠᠭᠤᠯᠵᠤ᠂ ᠪᠦᠲᠦᠭᠡᠯ᠎ᠦᠨ ᠳᠣᠲᠣᠷ᠎ᠠ ᠠ᠋ᠴᠠ ᠰᠢᠯᠢᠳᠡᠭ ᠢ᠋ ᠨᠢ ᠰᠣᠩᠭᠣᠵᠤ ᠨᠡᠷ᠎ᠡ᠎ᠶᠢ ᠨᠢ ᠪᠢᠴᠢᠵᠦ ᠤᠬᠠᠭᠤᠯᠤᠨ  ᠳᠡᠯᠭᠡᠷᠡᠭᠦᠯᠦᠨ᠎ᠡ ᠃ ᠪᠣᠳᠠᠲᠠᠢ ᠮᠡᠳᠡᠭᠳᠡᠯ ᠨᠢ ᠳᠣᠣᠷᠠᠬᠢ ᠮᠡᠲᠦ᠄ 

  ᠨᠢᠭᠡ᠂ ᠡᠯᠰᠡᠬᠦ᠌ ᠭᠤᠤᠯ ᠰᠡᠳᠦᠪ

  《ᠤᠷᠲᠤ ᠬᠤᠭᠤᠴᠠᠭ᠋ᠠᠨ᠎ᠤ ᠬᠠᠷᠠᠭ᠋ᠠᠯᠵᠠᠨ ᠠᠰᠠᠷᠠᠭ᠍ᠴᠢ᠎ᠶᠢᠨ ᠲᠤᠰᠭᠠᠢ ᠮᠡᠷᠭᠡᠵᠢᠯ ᠬᠢᠭᠡᠳ ᠬᠠᠢᠷ᠎ᠠ ᠬᠠᠯᠠᠮᠵᠢ᠎ᠪᠠᠷ ᠴᠢᠳᠠᠪᠤᠷᠢ᠎ᠪᠠᠨ ᠠᠯᠳᠠᠭ᠍ᠰᠠᠨ ᠬᠦᠮᠦᠨ᠎ᠤ ᠠᠮᠢᠳᠤᠷᠠᠯ᠎ᠢ ᠬᠠᠮᠠᠭᠠᠯᠠᠶ᠎ᠠ》

  ᠬᠤᠶᠠᠷ᠂ ᠡᠯᠰᠡᠬᠦ᠌ ᠡᠲᠡᠭᠡᠳ

  ᠬᠤᠪᠢ ᠬᠥᠮᠦᠨ᠂ ᠪᠠᠢᠭᠤᠯᠤᠮᠵᠢ ᠵᠢᠴᠢ ᠪᠦᠯᠬᠦᠮ ᠴᠥᠮ ᠣᠷᠣᠯᠴᠠᠵᠤ ᠪᠣᠯᠤᠨ᠎ᠠ᠃

  ᠭᠤᠷᠪᠠ᠂ ᠡᠯᠰᠡᠬᠦ᠌ ᠴᠠᠭ

  ᠮᠡᠳᠡᠭ᠌ᠳᠡᠯ᠎ᠢ ᠨᠡᠢᠲᠡᠯᠡᠭ᠌ᠰᠡᠨ ᠡᠳᠦᠷ᠎ᠠᠴᠠ 2025 ᠣᠨ᠎ᠤ 11 ᠳ᠋ᠦ᠍ᠭᠡᠷ ᠰᠠᠷ᠎ᠠ᠎ᠶ᠋ᠢᠨ 28 ᠎ᠤ ᠡᠳᠦᠷ ᠪᠣᠯᠲᠠᠯ᠎ᠠ ᠬᠢᠵᠠᠭᠠᠷᠯᠠᠨ᠎ᠠ᠃

  ᠳᠥᠷᠪᠡ᠂ ᠪᠦᠲᠦᠭᠡᠯ᠎ᠤᠨ ᠱᠠᠭᠠᠷᠳᠠᠯᠭ᠎ᠠ

  (ᠨᠢᠭᠡ) ᠪᠦᠲᠦᠭᠡᠯ᠎ᠦᠨ ᠬᠡᠯᠪᠡᠷᠢ᠃ ᠤᠬᠠᠭᠤᠯᠭ᠎ᠠ᠎ᠶ᠋ᠢᠨ ᠣᠬᠤᠷ ᠸᠢᠳᠢᠣ᠋᠂ ᠤᠬᠠᠭᠤᠯᠭ᠎ᠠ᠎ᠶ᠋ᠢᠨ ᠵᠠᠷᠯᠠᠯ᠂ ᠤᠬᠠᠭᠤᠯᠭ᠎ᠠ᠎ᠶ᠋ᠢᠨ ᠪᠢᠴᠢᠭ ᠮᠠᠲ᠋ᠧᠷᠢᠶᠠᠯ ᠵᠡᠷᠭᠡ ᠣᠯᠠᠨ ᠵᠦᠶ᠋ᠯ᠎ᠤᠨ ᠬᠡᠯᠪᠡᠷᠢ᠎ᠶ᠋ᠢᠨ ᠠᠩᠬᠠᠨ᠎ᠤ ᠪᠦᠲᠦᠭᠡᠯ᠎ᠨᠢ ᠴᠥᠮ ᠪᠣᠯᠤᠨ᠎ᠠ᠃

  ᠣᠬᠤᠷ ᠸᠢᠳᠢᠤ᠋᠄ ᠴᠠᠭ᠎ᠤᠨ ᠤᠷᠳᠤ᠎ᠨᠢ ᠵᠠᠷᠴᠢᠮ ᠳᠡᠭᠡᠷ᠎ᠡ᠎ᠪᠠᠨ 2 ᠮᠢᠨᠦ᠋ᠲ᠎ᠠᠴᠠ ᠬᠡᠲᠦᠷᠡᠬᠦ᠌ ᠦᠭᠡᠢ᠂ ᠬᠡᠯᠪᠡᠷᠢ᠎ᠨᠢ MP4 ᠪᠠᠢᠬᠤ᠎ᠪᠠᠷ ᠭᠤᠣᠯ ᠪᠣᠯᠭᠠᠵᠤ᠂ ᠢᠯᠭᠠᠮᠵᠢ᠎ᠨᠢ 1920 × 1080 ᠎ᠠᠴᠠ ᠳᠣᠣᠷ᠎ᠠ ᠪᠠᠢᠵᠤ ᠪᠣᠯᠬᠤ ᠦᠭᠡᠢ᠂ ᠸᠢᠴᠠᠲ᠎ᠤᠨ ᠸᠢᠳᠢᠤ᠋᠎ᠶ᠋ᠢᠨ ᠨᠣᠮᠧᠷ ᠲᠢᠭ᠋ ᠲᠤᠭ ᠵᠡᠷᠭᠡ ᠲᠠᠪᠴᠠᠩ᠎ᠳᠤ ᠲᠤᠬᠢᠷᠠᠨ᠎ᠠ᠂ ᠵᠢᠷᠤᠭ ᠨᠢ ᠲᠣᠳᠣ᠌ ᠲᠣᠭᠲᠠᠭᠤᠨ᠂ ᠳᠠᠭᠤ ᠨᠢ ᠵᠢᠷᠤᠭ᠎ᠲᠠᠢ ᠢᠵᠢᠯᠢ ᠠᠯᠬᠤᠮ᠎ᠲᠠᠢ ᠪᠠᠢ᠌ᠨ᠎ᠠ᠃ 

  ᠮᠡᠳᠡᠭᠳᠡᠯ᠄ ᠡᠯᠧᠺᠲ᠋ᠷᠣᠨ ᠬᠡᠪᠯᠡᠯ ᠪᠤᠶᠤ ᠭᠠᠷ᠎ᠢᠶᠡᠷ ᠵᠢᠷᠤᠭᠰᠠᠨ ᠪᠠᠢ᠌ᠵᠦ ᠪᠤᠯᠤᠨ᠎ᠠ᠃ ᠡᠯᠧᠺᠲᠷᠣᠨ ᠬᠡᠪᠯᠡᠯ᠎ᠤᠨ ᠵᠠᠷᠯᠠᠯ ᠎ᠤᠨ ᠢᠯᠭᠠᠮᠵᠢ᠎ᠨᠢ 300dpi ᠎ᠠᠴᠠ ᠳᠣᠣᠷ᠎ᠠ ᠦᠭᠡᠢ᠂ ᠪᠢᠴᠢᠭ ᠮᠠᠲ᠋ᠧᠷᠢᠶᠠᠯ᠎ᠤᠨ ᠬᠡᠪ ᠵᠠᠭ᠍ᠪᠤᠷ᠎ᠨᠢ JPG ᠪᠤᠶᠤ PNG ; ᠭᠠᠷ᠎ᠢᠶᠠᠷ ᠵᠢᠷᠤᠭ᠍ᠰᠠᠨ ᠮᠡᠳᠡᠭᠳᠡᠯ᠎ᠦᠨ ᠬᠡᠪᠯᠡᠯ᠎ᠤᠨ ᠵᠠᠷᠯᠠᠯ ᠎ᠢ ᠱᠢᠷᠪᠢᠬᠦ᠌ ᠪᠤᠶᠤ ᠥᠨᠳᠥᠷ ᠲᠣᠳᠣ ᠡᠯᠧᠺᠲᠷᠣᠨ ᠪᠢᠴᠢᠭ ᠮᠠᠲ᠋ᠧᠷᠢᠶᠠᠯ᠎ᠢᠶᠠᠷ ᠰᠡᠭᠦᠳᠡᠷᠯᠡᠬᠦ᠌ ᠬᠡᠷᠡᠭ᠌ᠲᠡᠢ᠃

  ᠪᠢᠴᠢᠭ ᠮᠠᠲ᠋ᠧᠷᠢᠶᠠᠯ᠄ ᠴᠢᠳᠠᠪᠤᠷᠢ᠎ᠪᠠᠨ ᠠᠯᠳᠠᠭ᠍ᠰᠠᠨ ᠬᠥᠮᠦᠰ ᠵᠢᠴᠢ ᠬᠡᠷ ᠪᠦᠯᠢ᠎ᠶ᠋ᠢᠨ᠎ᠬᠢᠨ᠂ ᠣᠯᠠᠨ ᠲᠦᠮᠡᠨ ᠪᠤᠶᠤ ᠬᠠᠮᠢᠶ᠎ᠠ ᠪᠥᠬᠦᠶ ᠠᠵᠢᠯ ᠡᠷᠭᠢᠯᠡᠭ᠌ᠰᠡᠳ᠎ᠤᠨ ᠬᠠᠷᠠᠭᠠᠰᠤ᠎ᠠᠴᠠ᠂ ᠬᠠᠵᠠᠭᠤ᠎ᠳᠠᠬᠢ ᠠᠬᠠᠮᠠᠳ ᠰᠤᠪᠢᠯᠠᠭ᠍ᠴᠢ᠎ᠶᠢᠨ ᠦᠨᠡᠨ ᠪᠣᠳᠠᠲᠠᠢ ᠥᠩᠭᠡᠷᠡᠯᠲᠡ ᠪᠠ ᠰᠡᠳᠬᠢᠯ ᠬᠥᠳᠡᠯᠭᠡᠮ᠎ᠡ ᠦᠯᠢᠭᠡᠷ᠎ᠢ ᠶᠠᠷᠢᠬᠤ᠎ᠳᠤ ᠂ ᠵᠣᠬᠢᠶᠠᠯ᠎ᠤᠨ ᠲᠢᠭ᠎ᠦᠨ ᠬᠡᠯᠪᠡᠷᠢ᠎ᠶᠢ ᠬᠢᠵᠠᠭᠠᠷᠯᠠᠬᠤ ᠦᠭᠡᠢ᠂ ᠦᠰᠦᠭ᠎ᠤᠨ ᠲᠤᠭ᠎ᠠ᠎ᠨᠢ 800 ᠥᠰᠥᠭ᠎ᠠᠴᠠ ᠬᠡᠲᠦᠷᠡᠬᠦ᠌ ᠥᠬᠡᠶ᠃

  (ᠬᠤᠶᠠᠷ) ᠠᠭᠤᠯᠭ᠎ᠠ ᠨᠢ ᠬᠠᠤᠯᠢ᠎ᠳᠤ ᠨᠡᠢᠴᠡᠨ᠎ᠡ᠃ ᠲᠠᠲᠠᠪᠤᠷᠢᠯᠠᠬᠤ ᠶᠣᠰᠣᠲᠠᠶ ᠪᠦᠲᠦᠭᠡᠯ᠎ᠤᠨ ᠠᠭᠤᠯᠭ᠎ᠠ᠎ᠨᠢ ᠡᠷᠬᠡᠪᠰᠢ ᠤᠯᠤᠰ᠎ᠤᠨ ᠬᠠᠤᠯᠢ ᠴᠠᠭᠠᠵᠠ ᠬᠠᠤᠯᠢ ᠲᠣᠭ᠍ᠲᠠᠭᠠᠯ ᠵᠢᠴᠢ ᠨᠡᠢᠭᠡᠮ ᠵᠢᠷᠤᠮ᠎ᠤᠨ ᠭᠤᠤᠯᠯᠠᠭ᠍ᠴᠢ ᠥᠷᠲᠡᠭ᠎ᠤᠨ ᠦᠵᠡᠯᠲᠡ᠎ᠲᠠᠢ ᠨᠡᠢᠴᠡᠭ᠌ᠰᠡᠨ ᠪᠠᠢᠬᠤ ᠬᠡᠷᠡᠭ᠌ᠲᠡᠶ᠂ ᠦᠨᠳᠦᠰᠦᠲᠡᠨ᠎ᠤ ᠭᠠᠳᠠᠭᠤᠷᠴᠢᠯᠠᠯ᠂ ᠱᠠᠱᠢᠨ ᠰᠤᠷᠲᠠᠬᠤᠨ᠎ᠤ ᠭᠠᠳᠠᠭᠤᠷᠴᠢᠯᠠᠯ ᠪᠤᠶᠤ ᠨᠡᠢᠭᠡᠮ ᠨᠡᠢᠲᠡ᠎ᠶ᠋ᠢᠨ ᠡᠮᠬᠢ ᠵᠢᠷᠤᠮ ᠪᠠ ᠰᠠᠢᠨ ᠰᠠᠢᠬᠠᠨ ᠬᠡᠪ ᠵᠠᠩᠱᠢᠯ᠎ᠠᠴᠠ ᠵᠥᠷᠢᠴᠡᠭ᠌ᠰᠡᠨ ᠪᠤᠰᠤᠳ ᠠᠭᠤᠯᠭ᠎ᠠ᠎ᠶ᠋ᠢ ᠪᠠᠭ᠍ᠲᠠᠭᠠᠵᠤ ᠪᠣᠯᠬᠤ ᠦᠭᠡᠢ᠃ ᠪᠦᠲᠦᠭᠡᠯ᠎ᠢᠶᠡᠨ ᠬᠤᠳᠠᠯᠳᠤᠭᠠᠨ᠎ᠤ ᠵᠠᠷ ᠮᠡᠳᠡᠭᠡ ᠣᠷᠣᠭᠤᠯᠬᠤ ᠦᠭᠡᠶ ᠪᠥᠭᠡᠳ ᠣᠨᠴᠠᠭ᠋ᠠᠢ ᠲᠣᠭ᠍ᠲᠠᠭᠠᠭ᠍ᠰᠠᠨ ᠡᠮ ᠡᠮᠨᠡᠯᠭᠡ᠎ᠶ᠋ᠢᠨ ᠪᠠᠢᠭᠤᠯᠤᠮᠵᠢ᠂ ᠠᠵᠤ ᠠᠬᠤᠢᠯᠠᠯ ᠵᠢᠴᠢ ᠬᠤᠪᠢ ᠬᠥᠮᠦᠨ᠎ᠦ ᠪᠣᠳᠠᠲᠠᠶ ᠨᠡᠷᠡᠢᠳᠦᠯ᠂ ᠲᠡᠮᠳᠡᠭ ᠵᠡᠷᠭᠡ ᠮᠡᠳᠡᠭᠡ ᠵᠠᠩᠭᠢ ᠭᠠᠷᠭᠠᠵᠤ ᠪᠣᠯᠬᠤ ᠦᠭᠡᠶ᠃

  (ᠭᠤᠷᠪᠠ) ᠵᠣᠬᠢᠶᠠᠯ ᠪᠦᠲᠦᠭᠡᠯ᠎ᠦᠨ ᠠᠩᠬᠠᠨ᠎ᠤ ᠪᠦᠲᠦᠭᠡᠯ᠃ ᠮᠡᠳᠡᠭᠦᠯᠦᠨ ᠬᠦᠷᠭᠡᠬᠦ᠌ ᠲᠠᠯ᠎ᠠ᠎ᠶ᠋ᠢᠨ᠎ᠬᠢᠨ ᠲᠠᠲᠠᠪᠤᠷᠢᠯᠠᠬᠤ ᠶᠣᠰᠣᠲᠠᠶ ᠪᠦᠲᠦᠭᠡᠯ᠎ᠤᠨ ᠲᠤᠰᠠᠭᠠᠷ ᠲᠣᠭ᠍ᠲᠠᠨᠢᠭ᠍ᠰᠠᠨ᠂ ᠪᠦᠷᠢᠨ ᠪᠦᠲᠦᠨ ᠵᠣᠬᠢᠶᠠᠯ ᠪᠦᠲᠦᠭᠡᠯ᠎ᠤᠨ ᠡᠷᠬᠡ᠎ᠲᠠᠢ ᠪᠠᠢᠬᠤ᠎ᠶ᠋ᠢ ᠪᠠᠲᠤᠯᠠᠬᠤ ᠴᠢᠬᠤᠯᠠᠲᠠᠶ᠂ ᠪᠦᠲᠦᠭᠡᠯ᠎ᠢ ᠠᠩᠬᠠᠨ᠎ᠤ ᠡᠭᠦᠳᠦᠭ᠌ᠰᠡᠨ ᠪᠥᠭᠡᠳ ᠶᠠᠮᠠᠷᠪᠠ ᠲᠠᠪᠴᠠᠩ᠎ᠳᠤ ᠢᠯᠡ᠎ᠪᠠᠷ ᠨᠡᠢᠲᠡᠯᠡᠵᠦ᠍ ᠥᠩᠭᠡᠷᠡᠭ᠌ᠰᠡᠨ ᠦᠭᠡᠢ᠂ ᠭᠤᠷᠪᠠᠳᠠᠬᠢ ᠡᠲᠡᠭᠡᠳ᠎ᠤᠨ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠳᠤ ᠬᠠᠯᠳᠠᠭ᠍ᠰᠠᠨ ᠪᠠᠢᠳᠠᠯ ᠣᠷᠣᠱᠢᠬᠤ ᠦᠭᠡᠢ᠃ ᠵᠣᠬᠢᠶᠠᠯ ᠪᠦᠲᠦᠭᠡᠯ᠎ᠳᠦ ᠬᠡᠷᠡᠭ᠌ᠯᠡᠭ᠌ᠰᠡᠨ ᠦᠰᠦᠭ᠎ᠦᠨ ᠲᠢᠭ ᠂ ᠭᠡᠷᠡᠯ ᠵᠢᠷᠤᠭ ᠂ ᠳᠠᠭᠤᠤ ᠬᠥᠭ᠌ᠵᠢᠮ ᠵᠡᠷᠭᠡ ᠪᠣᠷᠣ ᠮᠠᠲ᠋ᠧᠷᠢᠶᠠᠯ᠎ᠨᠢ ᠬᠡᠪᠯᠡᠯ᠎ᠦᠨ ᠡᠷᠬᠡ᠎ᠶ᠋ᠢᠨ ᠮᠠᠷᠭᠤᠭᠠᠨ ᠦᠭᠡᠢ ᠪᠠᠢᠬᠤ᠎ᠶ᠋ᠢ ᠦᠨᠡᠨᠬᠦ᠌ ᠪᠠᠲᠤᠯᠠᠬᠤ ᠬᠡᠷᠡᠭ᠌ᠲᠡᠢ ᠃ ᠬᠡᠷᠪᠡ ᠪᠦᠲᠦᠭᠡᠯ᠎ᠤᠨ ᠡᠷᠬᠡ᠎ᠶ᠋ᠢᠨ ᠦ ᠰᠡᠪ᠎ᠠᠴᠠ ᠪᠣᠯᠵᠤ ᠬᠠᠤᠯᠢ ᠴᠠᠭᠠᠵᠠ᠎ᠶ᠋ᠢᠨ ᠵᠢᠭᠤᠷᠠᠯᠳᠤᠭᠠᠨ ᠭᠠᠷᠪᠠᠯ ᠮᠡᠳᠡᠭᠦᠯᠦᠨ ᠬᠦᠷᠭᠡᠭ᠌ᠰᠡᠨ ᠲᠠᠯ᠎ᠠ᠎ᠠᠴᠠ ᠪᠦᠬᠦ᠌ ᠬᠠᠤᠯᠢ ᠴᠠᠭᠠᠵᠠ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠨ᠎ᠡ᠃

  (ᠲᠦᠷᠪᠡ) ᠭᠣᠣᠯ ᠰᠡᠳᠦᠪ ᠨᠢ ᠢᠯᠡ ᠲᠣᠳᠣ᠃ ᠪᠦᠲᠦᠭᠡᠯ᠎ᠳᠤ 《ᠤᠷᠲᠤ ᠬᠤᠭᠤᠴᠠᠭ᠋ᠠᠨ᠎ᠤ ᠬᠠᠷᠠᠭᠠᠯᠵᠠᠨ ᠠᠰᠠᠷᠠᠭ᠍ᠴᠢ》 ᠭᠡᠬᠦ᠌ ᠤᠬᠠᠭᠤᠯᠭ᠎ᠠ᠎ᠶ᠋ᠢᠨ ᠭᠤᠤᠯ ᠰᠡᠳᠦᠪ᠎ᠲᠠᠢ ᠨᠢᠭ᠍ᠲᠠ ᠤᠶᠠᠯᠳᠤᠭᠤᠯᠤᠨ᠂ ᠤᠳᠭ᠎ᠠ ᠰᠠᠨᠠᠭ᠎ᠠ᠎ᠨᠢ ᠢᠯᠡ ᠲᠣᠳᠣ᠂ ᠨᠠᠷᠢᠨ ᠨᠢᠭ᠍ᠲᠠ ᠰᠡᠳᠭᠢᠵᠦ᠍᠂ ᠤᠷᠠᠯᠢᠭ᠎ᠤᠨ ᠨᠥᠯᠥᠭᠡᠯᠡᠬᠦ᠌ ᠬᠦᠴᠦᠨ ᠪᠠ ᠬᠠᠷᠠᠭᠠᠨ ᠰᠡᠷᠡᠯ᠎ᠤᠨ ᠳᠠᠭᠠᠷᠢᠯᠲᠠ᠎ᠶ᠋ᠢᠨ ᠬᠦᠴᠦᠨ᠎ᠢᠶᠠᠷ ᠪᠠᠶᠠᠯᠢᠭ ᠪᠠᠢᠵᠤ᠂ ᠤᠷᠲᠤ ᠬᠤᠭᠤᠴᠠᠭ᠋ᠠᠨ᠎ᠤ ᠬᠠᠷᠠᠭᠠᠯᠵᠠᠨ ᠠᠰᠠᠷᠠᠬᠤ ᠠᠵᠢᠯ ᠲᠥᠷᠥᠯ᠎ᠤᠨ ᠲᠤᠰᠭᠠᠶ ᠮᠡᠷᠭᠡᠵᠢᠯ᠎ᠤᠨ ᠦᠨ᠎ᠡ ᠥᠷᠲᠡᠭ ᠪᠠ ᠬᠥᠮᠦᠨ ᠨᠡᠢᠭᠡᠮ᠎ᠤᠨ ᠬᠠᠯᠠᠮᠵᠢᠯᠠᠯ᠎ᠢ ᠣᠨᠣᠪᠴᠢᠲᠠᠶ᠂ ᠠᠮᠢᠳᠤᠯᠢᠭ᠎ᠢᠶᠠᠷ ᠢᠯᠡᠷᠡᠭᠦᠯᠬᠦ᠌ ᠬᠡᠷᠡᠭ᠌ᠲᠡᠶ᠃

  (ᠲᠠᠪᠤ) ᠠᠱᠢᠭ᠍ᠯᠠᠬᠤ᠎ᠳᠤ ᠲᠣᠬᠢᠷᠠᠮᠵᠢᠲᠠᠢ᠃ ᠪᠦᠲᠦᠭᠡᠯ᠎ᠢ ᠬᠠᠪᠲᠠᠭᠠᠢ᠂ ᠡᠯᠧᠺᠲᠷᠣᠨ ᠵᠠᠭᠤᠴᠢᠯᠠᠭᠤᠷ᠎ᠤᠨ ᠳᠠᠮᠵᠢᠭᠤᠯᠭ᠎ᠠ ᠪᠠ ᠳᠠᠬᠢᠨ ᠦᠢᠯᠡᠳᠬᠦ᠌᠎ᠳᠤ ᠬᠡᠷᠡᠭ᠌ᠯᠡᠵᠦ᠍᠂ ᠬᠡᠪᠯᠡᠬᠦ᠌ ᠪᠠ ᠤᠬᠠᠭᠤᠯᠬᠤ᠎ᠳᠤ ᠲᠥᠬᠦᠮ ᠪᠣᠯᠭᠠᠵᠤ᠂ ᠠᠳᠠᠯᠢ ᠪᠤᠰᠤ ᠬᠠᠷᠢᠴᠠᠯ᠎ᠢᠶᠠᠷ ᠲᠣᠳᠣᠷᠬᠠᠶ ᠢᠯᠡᠷᠡᠭᠦᠯᠵᠦ᠍᠂ ᠡᠯ᠎ᠡ ᠵᠦᠢᠯ᠎ᠤᠨ ᠠᠴᠢᠶᠠᠯᠠᠪᠤᠷᠢ ᠪᠠ ᠣᠷᠴᠢᠨ ᠲᠣᠭᠤᠷᠢᠨ᠎ᠳᠤ ᠬᠡᠷᠡᠭ᠌ᠯᠡᠬᠦ᠌᠎ᠳᠤ ᠳᠣᠭᠢᠷᠠᠨ᠎ᠠ᠃

  ᠲᠠᠪᠤ᠂ ᠨᠡᠷ᠎ᠡ ᠮᠡᠳᠡᠭᠦᠯᠬᠦ᠌ ᠠᠷᠭ᠎ᠠ ᠮᠠᠶᠢᠭ

  ᠰᠦᠯᠵᠢᠶ᠎ᠡ᠎ᠪᠠᠷ ᠨᠡᠷ᠎ᠡ ᠮᠡᠳᠡᠭᠦᠯᠬᠦ᠌ ᠠᠷᠭ᠎ᠠ ᠮᠠᠶᠢᠭ᠎ᠢ ᠠᠪᠴᠤ᠌᠂ 2025 ᠣᠨ᠎ᠤ 11 ᠳ᠋ᠦ᠍ᠭᠡᠷ ᠰᠠᠷ᠎ᠠ᠎ᠶ᠋ᠢᠨ 28 ᠎ᠤ ᠡᠳᠦᠷ᠎ᠠᠴᠠ ᠡᠮᠦᠨ᠎ᠡ ᠨᠡᠷ᠎ᠡ ᠮᠡᠳᠡᠭᠦᠯᠬᠦ᠌ ᠮᠠᠲ᠋ᠧᠷᠢᠶᠠᠯ᠎ᠢ ᠱᠢᠤᠳᠠᠨ ᠬᠠᠢᠷᠴᠠᠭ nhsayyszhc@163.com ᠎ᠳᠤ ᠶᠠᠪᠤᠭᠤᠯᠤᠭᠠᠷᠠᠢ᠃ ᠱᠢᠦᠳᠠᠨ᠎ᠤ ᠵᠦᠢᠯ᠎ᠢ 《ᠮᠤᠵᠢ + ᠣᠷᠳᠣ ᠬᠤᠭᠤᠴᠠᠭ᠋ᠠᠨ᠎ᠤ ᠬᠠᠷᠠᠭᠠᠯᠵᠠᠨ ᠠᠰᠠᠷᠠᠭ᠍ᠴᠢ᠎ᠶ᠋ᠢᠨ ᠤᠬᠠᠭᠤᠯᠬᠤ ᠪᠦᠲᠦᠭᠡᠯ ᠴᠤᠭ᠍ᠯᠠᠭᠤᠯᠬᠤ + ᠨᠢᠭᠡᠴᠢ ᠪᠤᠶᠤ ᠬᠤᠪᠢ ᠬᠥᠮᠦᠨ᠎ᠤ ᠣᠪᠣᠭ ᠨᠡᠷ᠎ᠡ》 ᠎ᠶ᠋ᠢᠨ ᠠᠷᠭ᠎ᠠ ᠮᠠᠶᠢᠭ᠎ᠢᠶᠠᠷ ᠨᠡᠷᠡᠢᠳᠦᠨ᠎ᠡ᠃

  ᠵᠢᠷᠭᠤᠭ᠎ᠠ᠂ ᠨᠡᠷ᠎ᠡ ᠮᠡᠳᠡᠭᠦᠯᠬᠦ᠌ ᠮᠠᠲ᠋ᠧᠷᠢᠶᠠᠯ

  (ᠨᠢᠭᠡ)  ᠤᠬᠠᠭᠤᠯᠭ᠎ᠠ᠎ᠶᠢᠨ ᠪᠦᠲᠦᠭᠡᠯ᠎ᠦᠨ ᠡᠯᠧᠺᠲ᠋ᠷᠤᠨ ᠬᠡᠪᠯᠡᠯ᠎ᠦᠨ ᠡᠬᠢ ᠪᠢᠴᠢᠭ᠌ ᠮᠠᠲ᠋ᠧᠷᠢᠶᠠᠯ᠃

  (ᠬᠤᠶᠠᠷ) ᠤᠬᠠᠭᠤᠯᠬᠤ ᠪᠦᠲᠦᠭᠡᠯ᠎ᠤᠨ ᠨᠡᠷ᠎ᠡ ᠮᠡᠳᠡᠭᠦᠯᠬᠦ᠌ ᠬᠦᠰᠦᠨᠦᠭ᠌ᠲᠦ (ᠳᠠᠭᠠᠯᠳᠤᠭᠤᠯᠤᠯ 1 ᠎ᠶ᠋ᠢ ᠨᠠᠷᠢᠨ ᠦᠵᠡᠭᠡᠷᠡᠢ) ᠎ᠶᠢᠨ ᠰᠢᠷᠪᠢᠯᠲᠠ᠎ᠶᠢᠨ ᠮᠠᠲᠸᠷᠢᠶᠠᠯ᠃ ᠵᠢᠷᠤᠭ ᠲᠥᠯᠥᠪᠯᠡᠭᠡ᠎ᠶ᠋ᠢᠨ ᠲᠣᠳᠣᠷᠬᠠᠢᠯᠠᠯᠲᠠ᠎ᠨᠢ 200 ᠥᠰᠥᠭ᠎ᠠᠴᠠ ᠬᠡᠲᠦᠷᠡᠬᠦ᠌ ᠦᠭᠡᠢ ᠪᠠᠢᠵᠤ᠂ ᠵᠢᠷᠤᠭ ᠲᠥᠯᠥᠪᠯᠡᠭᠡ᠎ᠶ᠋ᠢᠨ ᠠᠭᠤᠯᠭ᠎ᠠ᠂ ᠤᠳᠬ᠎ᠠ᠂ ᠵᠢᠷᠤᠭ ᠲᠥᠯᠥᠪᠯᠡᠭᠡ᠎ᠶ᠋ᠢᠨ ᠰᠡᠳᠭᠢᠴᠡ᠂ ᠣᠢᠯᠠᠭᠠᠭ᠍ᠳᠠᠬᠤᠨ᠂ ᠪᠦᠲᠦᠭᠡᠯᠴᠢ ᠰᠠᠨᠠᠭ᠎ᠠ ᠵᠡᠷᠭᠡ᠎ᠶ᠋ᠢ ᠡᠷᠬᠡᠪᠰᠢ ᠲᠣᠳᠣᠷᠬᠠᠢᠯᠠᠬᠤ ᠬᠡᠷᠡᠭ᠌ᠲᠡᠢ᠃

  (ᠭᠤᠷᠪᠠ) ᠵᠣᠬᠢᠶᠠᠯ ᠪᠦᠲᠦᠭᠡᠯ᠎ᠤᠨ ᠡᠷᠬᠡ᠎ᠶ᠋ᠢᠨ ᠨᠤᠲᠠᠯᠠᠯᠲᠠ᠎ᠶ᠋ᠢᠨ ᠪᠢᠴᠢᠭ (ᠳᠠᠭᠠᠯᠳᠤᠭᠤᠯᠤᠯ 2 ᠎ᠢ ᠨᠠᠷᠢᠨ ᠦᠵᠡᠭᠡᠷᠡᠶ)  ᠎ᠤᠨ ᠰᠢᠷᠪᠢᠯᠲᠡ᠎ᠶᠢᠨ ᠮᠠᠲᠸᠷᠢᠶᠠᠯ᠃

  ᠳᠣᠯᠤᠭ᠎ᠠ᠂ ᠪᠦᠲᠦᠭᠡᠯ᠎ᠢ ᠱᠢᠯᠭᠠᠷᠠᠭᠤᠯᠬᠤ

  ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶ᠋ᠢᠨ ᠲᠣᠪᠴᠢᠶ᠎ᠠ᠎ᠠᠴᠠ ᠬᠠᠮᠢᠶ᠎ᠠ ᠪᠥᠬᠦᠶ ᠵᠠᠰᠠᠭ ᠵᠠᠬᠢᠷᠭᠠᠨ᠂ ᠭᠠᠷᠲᠠᠨ ᠭᠦᠢᠴᠡᠳᠭᠡᠬᠦ᠂ ᠪᠠᠢᠭᠤᠯᠤᠮᠵᠢ᠂ ᠵᠠᠭᠤᠴᠢᠯᠠᠭᠤᠷ ᠵᠡᠷᠭᠡ ᠲᠤᠰᠭᠠᠶ ᠮᠡᠷᠭᠡᠵᠢᠯ᠎ᠤᠨ ᠬᠥᠮᠦᠰ᠎ᠢ ᠤᠷᠢᠵᠤ᠂ ᠪᠦᠲᠦᠭᠡᠯ᠎ᠤᠨ ᠭᠤᠤᠯ ᠰᠡᠳᠦᠪ᠂ ᠠᠭᠤᠯᠭ᠎ᠠ᠂ ᠪᠦᠲᠦᠭᠡᠯᠴᠢ ᠰᠠᠨᠠᠭ᠎ᠠ ᠵᠡᠷᠭᠡ ᠣᠯᠠᠨ ᠲᠠᠯ᠎ᠠ᠎ᠶ᠋ᠢᠨ ᠲᠣᠭᠤᠷᠢᠨ᠎ᠳᠤ ᠱᠢᠯᠭᠠᠷᠠᠭᠤᠯᠤᠨ᠎ᠠ᠃

  ᠨᠠᠢ᠍ᠮᠠ᠂ ᠤᠬᠠᠭᠤᠯᠤᠨ ᠳᠡᠯᠭᠡᠷᠡᠭᠦᠯᠬᠦ᠌

  ᠱᠢᠯᠢᠳᠡᠭ ᠤᠬᠠᠭᠤᠯᠭ᠎ᠠ᠎ᠶ᠋ᠢᠨ ᠪᠦᠲᠦᠭᠡᠯ᠎ᠢ ᠤᠯᠤᠰ᠎ᠤᠨ ᠡᠮᠴᠢᠯᠡᠭᠡᠨ᠎ᠦ ᠳᠠᠭᠠᠳᠭᠠᠯ᠎ᠤᠨ ᠲᠣᠪᠴᠢᠶ᠎ᠠ᠎ᠶ᠋ᠢᠨ ᠫᠣᠷᠲᠸᠯ ᠰᠦᠯᠵᠢᠶ᠎ᠡ᠂ ᠸᠢᠴᠠᠲ᠎ᠤᠨ ᠣᠯᠠᠨ ᠨᠡᠢᠲᠡ᠎ᠶ᠋ᠢᠨ ᠲᠠᠪᠴᠠᠩ᠂ 《ᠳᠤᠮᠳᠠᠳᠤ ᠤᠯᠤᠰ᠎ᠤᠨ  ᠡᠮᠴᠢᠯᠡᠭᠡᠨ ᠎ᠤ  ᠳᠠᠭᠠᠳᠭᠠᠯ》 ᠰᠡᠳᠬᠦᠯ᠎ᠤᠨ ᠬᠤᠷᠢᠶᠠᠨ᠎ᠤ ᠸᠢᠴᠠᠲ᠎ᠤᠨ ᠣᠯᠠᠨ ᠨᠡᠢᠲᠡ᠎ᠶ᠋ᠢᠨ ᠲᠠᠪᠴᠠᠩ ᠵᠡᠷᠭᠡ ᠲᠠᠪᠴᠠᠩ᠎ᠳᠤ ᠲᠥᠷᠥᠯ ᠪᠦᠯᠦᠭ ᠬᠤᠪᠢᠶᠠᠨ ᠨᠡᠢᠲᠡᠯᠡᠵᠦ᠍᠂ ᠲᠡᠷᠡᠴᠢᠯᠡᠨ 《ᠣᠷᠳᠣ ᠬᠤᠭᠤᠴᠠᠭᠠᠨ᠎ᠤ ᠬᠠᠷᠠᠭᠠᠯᠵᠠᠨ ᠬᠠᠮᠠᠭᠠᠯᠠᠭ᠍ᠴᠢ᠎ᠶ᠋ᠢᠨ ᠤᠬᠠᠭᠤᠯᠭ᠎ᠠ᠎ᠶ᠋ᠢᠨ ᠪᠦᠲᠦᠭᠡᠯ᠎ᠢ ᠡᠯᠰᠡᠨ ᠬᠡᠷᠡᠭ᠌ᠯᠡᠬᠦ᠌ ᠦᠨᠡᠮᠯᠡᠯ》 ᠎ᠢ ᠨᠡᠢᠲᠡᠯᠡᠨ᠎ᠡ᠃

  ᠶᠢᠰᠦ᠂ ᠪᠤᠰᠤᠳ ᠵᠦᠢᠯ

  (ᠨᠢᠭᠡ) ᠵᠣᠬᠢᠶᠠᠭ᠍ᠴᠢ᠎ᠨᠢ ᠡᠷᠬᠡᠪᠰᠢ ᠪᠦᠲᠦᠭᠡᠯ᠎ᠤᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠲᠠᠢ ᠪᠠᠢᠵᠤ᠂ ᠭᠤᠤᠯᠯᠠᠨ ᠡᠷᠬᠢᠯᠡᠭ᠌ᠰᠡᠨ ᠲᠠᠯ᠎ᠠ᠎ᠨᠢ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢ ᠬᠠᠮᠠᠭᠠᠯᠠᠬᠤ ᠡᠭᠦᠷᠭᠡ᠎ᠶ᠋ᠢ ᠡᠭᠦᠷᠭᠡᠯᠡᠬᠦ᠌ ᠦᠭᠡᠢ᠃ ᠬᠡᠷᠪᠡ ᠭᠤᠷᠪᠠᠳᠠᠬᠢ ᠡᠲᠡᠭᠡᠳ᠎ᠠᠴᠠ ᠮᠡᠳᠡᠭᠦᠯᠦᠨ ᠬᠦᠷᠭᠡᠭ᠌ᠰᠡᠨ ᠪᠦᠲᠦᠭᠡᠯ᠎ᠤᠨ ᠲᠤᠬᠠᠶ ᠬᠤᠯᠪᠣᠭ᠍ᠳᠠᠯ ᠪᠦᠬᠦᠢ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠲᠤᠬᠠᠢ ᠵᠡᠷᠭᠡ ᠬᠠᠮᠢᠶ᠎ᠠ ᠪᠦᠬᠦᠢ ᠠᠰᠠᠭᠤᠳᠠᠯ᠎ᠢ ᠳᠤᠷᠠᠳᠪᠠᠯ᠂ ᠪᠦᠬᠦᠨ᠎ᠢ ᠵᠣᠬᠢᠶᠠᠭ᠍ᠴᠢ ᠬᠠᠷᠢᠭᠤᠴᠠᠨ᠎ᠠ᠂ ᠡᠷᠬᠢᠯᠡᠨ ᠭᠦᠢᠴᠡᠳᠭᠡᠭ᠌ᠴᠢ ᠲᠠᠯ᠎ᠠ᠎ᠶ᠋ᠢᠨ᠎ᠬᠢᠨ ᠶᠠᠮᠠᠷ ᠴᠤ᠌ ᠬᠠᠷᠢᠭᠤᠴᠠᠯᠭ᠎ᠠ ᠡᠭᠦᠷᠭᠡᠯᠡᠬᠦ᠌ ᠦᠭᠡᠢ᠃

  (ᠬᠤᠶᠠᠷ) ᠤᠯᠤᠰ᠎ᠤᠨ ᠡᠮᠴᠢᠯᠡᠭᠡᠨ᠎ᠦ ᠳᠠᠭᠠᠳᠭᠠᠯ᠎ᠤᠨ ᠬᠠᠮᠢᠶᠠᠷᠤᠯᠲᠠ᠎ᠶ᠋ᠢᠨ ᠲᠣᠪᠴᠢᠶ᠎ᠠ ᠨᠢ ᠱᠠᠩᠨᠠᠯ ᠬᠦᠷᠲᠡᠭ᠌ᠰᠡᠨ ᠪᠦᠲᠦᠭᠡᠯ᠎ᠳᠦ ᠶᠠᠮᠠᠷᠪᠠ ᠬᠡᠯᠪᠡᠷᠢ᠎ᠪᠡᠷ ᠬᠡᠷᠡᠭ᠌ᠯᠡᠬᠦ᠂ ᠨᠡᠭᠡᠭᠡᠬᠦ᠂ ᠵᠠᠰᠠᠪᠤᠷᠢ ᠣᠷᠣᠭᠤᠯᠬᠤ᠂ ᠡᠷᠬᠡ ᠣᠯᠭᠣᠬᠤ᠂ ᠵᠥᠪᠱᠢᠶᠡᠷᠡᠬᠦ᠌ ᠵᠡᠷᠭᠡ ᠠᠵᠢᠯᠯᠠᠭ᠎ᠠ ᠬᠢᠬᠦ᠌ ᠡᠷᠬᠡ᠎ᠲᠡᠶ᠃

  (ᠭᠤᠷᠪᠠ) ᠰᠤᠷᠪᠤᠯᠵᠢᠯᠠᠬᠤ ᠪᠠ ᠰᠡᠭᠦᠳᠡᠷᠯᠡᠬᠦ᠌ ᠶᠣᠰᠣ ᠮᠣᠷᠠᠯ᠎ᠢ ᠴᠢᠩᠭ᠎ᠠ ᠵᠢᠷᠤᠮᠯᠠᠨ᠂ ᠤᠷᠲᠤ ᠬᠤᠭᠤᠴᠠᠭ᠋ᠠᠨ᠎ᠤ ᠬᠠᠷᠠᠭᠠᠯᠵᠠᠨ ᠠᠰᠠᠷᠠᠭ᠍ᠴᠢ ᠪᠠ ᠬᠠᠷᠠᠭᠠᠯᠵᠠᠨ ᠠᠰᠠᠷᠠᠬᠤ ᠡᠲᠡᠭᠡᠳ᠎ᠦᠨ ᠨᠢᠭᠤᠴᠠ᠎ᠶ᠋ᠢ ᠬᠠᠮᠠᠭᠠᠯᠠᠬᠤ ᠬᠡᠷᠡᠭ᠌ᠲᠡᠶ᠂ ᠢᠯᠡ ᠪᠣᠯᠭᠠᠬᠤ ᠠᠭᠤᠯᠭ᠎ᠠ ᠪᠦᠬᠦᠨ᠎ᠢ ᠲᠣᠬᠠᠢ᠎ᠶᠢᠨ ᠬᠥᠮᠦᠨ᠎ᠢᠶᠡᠷ ᠵᠥᠪᠱᠢᠶᠡᠷᠡᠭᠦᠯᠬᠦ᠌ ᠬᠡᠷᠡᠭ᠌ᠲᠡᠶ᠃

  (ᠲᠦᠷᠪᠡ) ᠲᠣᠰ ᠤᠳᠠᠭᠠᠨ᠎ᠤ ᠠᠵᠢᠯᠯᠠᠭ᠎ᠠ᠎ᠶ᠋ᠢᠨ ᠪᠣᠢ ᠪᠦᠬᠦᠢ ᠲᠠᠢᠯᠪᠤᠷᠢᠯᠠᠬᠤ ᠡᠷᠬᠡ᠎ᠨᠢ ᠭᠤᠤᠯᠯᠠᠨ ᠡᠷᠬᠢᠯᠡᠭ᠌ᠰᠡᠨ ᠲᠠᠯ᠎ᠠ᠎ᠳᠤ ᠥᠮᠴᠢᠯᠡᠭ᠌ᠳᠡᠨ᠎ᠡ᠃

  

  ᠳᠠᠭᠠᠯᠳᠤᠭᠤᠯᠤᠯ᠄

  ᠤᠬᠠᠭᠤᠯᠬᠤ ᠪᠦᠲᠦᠭᠡᠯ᠎ᠤᠨ ᠨᠡᠷ᠎ᠡ ᠮᠡᠳᠡᠭᠦᠯᠬᠦ᠌ ᠬᠦᠰᠦᠨᠦᠭ᠌ᠲᠦ .docx

  ᠭᠡᠷᠡᠴᠢᠯᠡᠯᠲᠡ ᠰᠣᠨᠤᠰᠭᠤ ᠬᠤᠷᠠᠯ᠎ᠤᠨ ᠲᠥᠯᠥᠭᠡᠯᠡᠭ᠌ᠴᠢ᠎ᠶ᠋ᠢᠨ ᠨᠡᠷ᠎ᠡ ᠮᠡᠳ᠋ᠡᠭᠦᠯᠬᠦ᠌ ᠬᠦᠰᠦᠨᠦᠭ .docx

 

 

ᠢᠷᠡᠯᠲᠡ᠄ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            