ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠤᠷᠲᠤ ᠬᠤᠭᠤᠴᠠᠭ᠋ᠠᠨ᠎ᠤ ᠬᠠᠷᠠᠭᠠᠯᠵᠠᠨ ᠠᠰᠠᠷᠠᠭ᠍ᠴᠢ᠎ᠶ᠋ᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶ᠋ᠢᠨ ᠵᠡᠷᠭᠡ ᠳᠡᠰ᠎ᠢ ᠮᠠᠭᠠᠳᠯᠠᠨ ᠲᠣᠭ᠍ᠲᠠᠭᠠᠬᠤ ᠪᠠᠢᠭᠤᠯᠤᠮᠵᠢ᠎ᠶ᠋ᠢᠨ ᠱᠢᠯᠢᠨ ᠰᠣᠩᠭᠤᠬᠤ᠎ᠶ᠋ᠢ ᠲᠣᠭ᠍ᠲᠠᠭᠠᠬᠤ ᠲᠤᠬᠠᠶ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2025-11-07

  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠲᠢᠩᠬᠢᠮ᠎ᠤᠨ 《ᠣᠷᠳᠣ ᠬᠤᠭᠤᠴᠠᠭ᠋ᠠᠨ᠎ᠤ ᠬᠠᠷᠠᠭᠠᠯᠵᠠᠨ ᠠᠰᠠᠷᠠᠭ᠍ᠴᠢ᠎ᠶ᠋ᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶ᠋ᠢᠨ ᠵᠡᠷᠭᠡ ᠳᠡᠰ᠎ᠢ ᠮᠠᠭᠠᠳᠯᠠᠨ ᠲᠣᠭ᠍ᠲᠠᠭᠠᠬᠤ ᠪᠠᠢᠭᠤᠯᠤᠮᠵᠢ᠎ᠶ᠋ᠢ ᠱᠢᠯᠢᠨ ᠰᠣᠩᠭᠤᠵᠤ ᠪᠠᠲᠤᠯᠠᠨ ᠲᠠᠨᠢᠯᠴᠠᠭᠤᠯᠬᠤ ᠠᠵᠢᠯ᠎ᠢ ᠥᠷᠨᠢᠭᠦᠯᠬᠦ᠌ ᠲᠤᠬᠠᠶ ᠮᠡᠳᠡᠭ᠌ᠳᠡᠯ》᠎ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ᠎ᠠᠴᠠ ᠲᠤᠰᠭᠠᠶ ᠮᠡᠷᠭᠡᠵᠢᠯᠲᠡᠨ᠎ᠢ ᠵᠣᠬᠢᠶᠠᠨ ᠪᠠᠢᠭᠤᠯᠤᠨ ᠬᠢᠨᠠᠨ ᠲᠣᠭ᠍ᠲᠠᠭᠠᠵᠤ᠂ ᠬᠥᠬᠡᠬᠤᠲᠠ᠎ᠶ᠋ᠢᠨ ᠷᠦ᠋ ᠺᠸ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠰᠤᠷᠭᠠᠭᠤᠯᠢ᠂ ᠤᠯᠠᠭᠠᠨᠬᠠᠳᠠ᠎ᠶ᠋ᠢᠨ ᠢ ᠳ᠋ᠠ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠰᠤᠷᠭᠠᠭᠤᠯᠢ᠎ᠶ᠋ᠢ ᠮᠠᠨ᠎ᠤ ᠣᠷᠣᠨ᠎ᠤ ᠤᠷᠲᠤ ᠬᠤᠭᠤᠴᠠᠭ᠋ᠠᠨ᠎ᠤ ᠬᠠᠷᠠᠭᠠᠯᠵᠠᠨ ᠠᠰᠠᠷᠠᠭ᠍ᠴᠢ᠎ᠶ᠋ᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶ᠋ᠢᠨ ᠵᠡᠷᠭᠡ ᠳᠡᠰ᠎ᠢ ᠮᠠᠭᠠᠳᠯᠠᠨ ᠲᠣᠭ᠍ᠲᠠᠭᠠᠬᠤ ᠪᠠᠢᠭᠤᠯᠤᠮᠵᠢ᠎ᠪᠠᠷ ᠲᠣᠭ᠍ᠲᠠᠭᠠᠵᠤ᠂ ᠣᠲᠣ ᠢᠯᠡ ᠨᠡᠢᠲᠡᠯᠡᠬᠦ᠌᠎ᠪᠠᠷ ᠪᠠᠢᠨ᠎ᠠ᠃

  ᠢᠯᠡ ᠨᠡᠢᠲᠡᠯᠡᠬᠦ᠌ ᠴᠠᠭ᠄ 2025 ᠣᠨ᠎ᠤ 11 ᠳ᠋ᠦ᠍ᠭᠡᠷ ᠰᠠᠷ᠎ᠠ᠎ᠶ᠋ᠢᠨ 7 ᠎ᠤ ᠡᠳᠦᠷ᠎ᠠᠴᠠ 13 ᠎ᠤ ᠡᠳᠦᠷ᠎ᠤᠨ 17 ᠴᠠᠭ ᠪᠣᠯᠲᠠᠯ᠎ᠠ᠂ ᠬᠡᠷᠪᠡ ᠣᠨᠳᠣᠤ ᠰᠠᠨᠠᠯ᠎ᠲᠠᠢ ᠪᠠᠢᠪᠠᠯ᠂ ᠪᠢᠴᠢᠭ᠎ᠤᠨ ᠬᠡᠯᠪᠡᠷᠢ᠎ᠪᠠᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠳᠤ ᠲᠤᠰᠬᠠᠭ᠋ᠠᠷᠠᠢ᠃

  ᠬᠠᠷᠢᠯᠴᠠᠬᠤ ᠬᠡᠯᠪᠡᠷᠢ᠄ 0471 - 6606119

  ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ᠎ᠶ᠋ᠢᠨ ᠱᠢᠨᠬᠤᠸᠠ ᠶᠡᠭᠡ ᠵᠡᠭᠡᠯᠢ᠎ᠶ᠋ᠢᠨ 53 ᠳ᠋ᠤᠭᠠᠷ ᠨᠣᠮᠧᠷ ᠥᠪᠥᠷ ᠮᠣᠩᠭᠤᠯ᠎ᠤᠨ ᠬᠥᠳᠡᠯᠮᠦᠷᠢ ᠬᠦᠴᠦᠨ᠎ᠤ ᠲᠣᠮᠣ ᠠᠰᠠᠷ᠎ᠤᠨ 613 ᠳ᠋ᠤᠭᠠᠷ ᠥᠷᠥᠭᠡ

  

   ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ

  2025 ᠣᠨ᠎ᠤ 11 ᠳ᠋ᠤᠭᠡᠷ ᠰᠠᠷ᠎ᠠ᠎ᠶ᠋ᠢᠨ 7 ᠎ᠤ ᠡᠳᠦᠷ

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            