ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠯᠪᠠᠨ ᠨᠡᠶ᠋ᠢᠲᠡᠯᠡᠯ
《ᠡᠭᠦᠳᠡᠨ ᠡᠮᠨᠡᠯᠭᠡ᠎ᠶ᠋ᠢᠨ ᠤᠳᠠᠭᠠᠨ ᠴᠢᠨᠠᠷᠲᠠᠶ ᠣᠨᠴᠠᠭᠠᠶ ᠡᠪᠡᠳᠴᠢᠨ᠎ᠤ ᠬᠠᠮᠢᠶᠠᠷᠤᠯᠲᠠ᠎ᠶ᠋ᠢᠨ ᠠᠷᠭ᠎ᠠ》 ᠵᠢᠴᠢ《ᠦᠷᠡᠵᠢᠯ᠎ᠤᠨ ᠳᠠᠭᠠᠳᠭᠠᠯ᠎ᠤᠨ ᠬᠤᠯᠪᠣᠭ᠍ᠳᠠᠯ ᠪᠥᠬᠦᠶ ᠠᠵᠢᠯ᠎ᠢ ᠰᠠᠢᠲᠤᠷ ᠬᠢᠬᠦ᠌ ᠲᠤᠬᠠᠶ ᠮᠡᠳᠡᠭ᠌ᠳᠡᠯ》ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠭᠡᠷᠡᠴᠢᠯᠡᠭᠡ ᠰᠣᠨᠣᠰᠭᠤ ᠬᠤᠷᠠᠯ ᠬᠤᠷᠠᠯᠳᠤᠭᠤᠯᠬᠤ ᠲᠤᠬᠠᠶ ᠠᠯᠪᠠᠨ ᠵᠠᠷ
ᠨᠡᠶ᠋ᠢᠲᠡᠯᠡᠭᠰᠡᠨ ᠴᠠᠭ᠄ 2025-11-11

  《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠭᠡ ᠵᠠᠰᠠᠭ ᠵᠠᠬᠢᠷᠭᠠᠨ᠎ᠤ ᠱᠢᠢᠳᠪᠦᠷᠢᠲᠦ ᠪᠣᠳᠣᠯᠭ᠎ᠠ ᠲᠣᠭ᠍ᠲᠠᠭᠠᠬᠤ ᠲᠠᠰ ᠳᠠᠷᠠᠭᠠᠯᠠᠯ᠎ᠤᠨ ᠲᠣᠭ᠍ᠲᠠᠭᠠᠯ》 ᠵᠡᠷᠭᠡ ᠲᠣᠭ᠍ᠲᠠᠭᠠᠯ᠎ᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ 2025 ᠣᠨ᠎ᠤ 11 ᠳ᠋ᠤᠭᠡᠷ ᠰᠠᠷ᠎ᠠ᠎ᠶ᠋ᠢᠨ ᠳᠤᠮᠳᠠᠴᠢ᠎ᠪᠠᠷ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠭᠦᠳᠡᠨ ᠡᠮᠨᠡᠯᠭᠡ᠎ᠶ᠋ᠢᠨ ᠤᠳᠠᠭᠠᠨ ᠴᠢᠨᠠᠷᠲᠠᠶ ᠣᠨᠴᠠᠭᠠᠶ ᠡᠪᠡᠳᠴᠢᠨ᠎ᠤ ᠬᠠᠮᠢᠶᠠᠷᠤᠯᠲᠠ᠎ᠶ᠋ᠢᠨ ᠠᠷᠭ᠎ᠠ》᠂ 《ᠦᠷᠡᠵᠢᠯ᠎ᠤᠨ ᠳᠠᠭᠠᠳᠭᠠᠯ᠎ᠤᠨ ᠬᠤᠯᠪᠣᠭ᠍ᠳᠠᠯ ᠪᠥᠬᠦᠶ ᠠᠵᠢᠯ᠎ᠢ ᠰᠠᠢᠲᠤᠷ ᠬᠢᠬᠦ᠌ ᠲᠤᠬᠠᠶ ᠮᠡᠳᠡᠭ᠌ᠳᠡᠯ》 ᠎ᠤᠨ ᠭᠡᠷᠡᠴᠢᠯᠡᠭᠡ ᠰᠣᠨᠣᠰᠭᠤ ᠬᠤᠷᠠᠯ ᠬᠤᠷᠠᠯᠳᠤᠭᠤᠯᠬᠤ᠎ᠪᠠᠷ ᠪᠣᠶ᠃ ᠡᠳᠦᠭᠡ ᠬᠤᠯᠪᠣᠭ᠍ᠳᠠᠯ ᠪᠦᠬᠦᠢ ᠤᠴᠢᠷ᠎ᠢ ᠳᠣᠣᠷᠠᠬᠢ ᠮᠡᠲᠦ ᠵᠠᠷᠯᠠᠶ᠎ᠠ᠄

  ᠨᠢᠭᠡ᠂ ᠣᠷᠣᠯᠴᠠᠬᠤ ᠬᠥᠮᠦᠰ

  ᠭᠡᠷᠡᠴᠢᠯᠡᠭᠡ ᠰᠣᠨᠣᠰᠭᠤ ᠬᠤᠷᠠᠯ᠎ᠳᠤ ᠤᠷᠤᠯᠴᠠᠬᠤ ᠬᠦᠮᠦᠨ ᠨᠡᠢᠲᠡ 13 ᠨᠡᠷᠡᠰ᠂ ᠡᠭᠦᠨ᠎ᠳᠤ᠄ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ 1᠂ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠨ 1᠂ ᠴᠡᠭ ᠲᠣᠭ᠍ᠲᠠᠭᠠᠭ᠍ᠰᠠᠨ ᠡᠮ ᠡᠮᠨᠡᠯᠭᠡ᠎ᠶ᠋ᠢᠨ ᠪᠠᠢᠭᠤᠯᠤᠮᠵᠢ᠎ᠶ᠋ᠢᠨ ᠲᠥᠯᠥᠭᠡᠯᠡᠭ᠌ᠴᠢ 2᠂ ᠳᠠᠭᠠᠳᠭᠠᠯ᠎ᠳᠤ ᠣᠷᠣᠯᠴᠠᠭ᠍ᠰᠠᠨ ᠣᠯᠠᠨ ᠲᠦᠮᠡᠨ᠎ᠤ ᠲᠥᠯᠥᠭᠡᠯᠡᠭ᠌ᠴᠢ 2᠂ ᠬᠠᠮᠢᠶ᠎ᠠ ᠪᠥᠬᠦᠶ ᠲᠢᠩᠬᠢᠮ ᠲᠣᠪᠴᠢᠶ᠎ᠠ᠎ᠶ᠋ᠢᠨ ᠲᠥᠯᠥᠭᠡᠯᠡᠭ᠌ᠴᠢ 2᠂ ᠠᠢᠮᠠᠭ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠤᠨ ᠲᠥᠯᠥᠭᠡᠯᠡᠭ᠌ᠴᠢ 2᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠬᠠᠮᠢᠶ᠎ᠠ ᠪᠥᠬᠦᠶ ᠭᠠᠵᠠᠷ ᠠᠯᠪᠠᠨ ᠲᠠᠰᠤᠭ᠎ᠤᠨ ᠠᠵᠢᠯᠲᠠᠨ 2᠂ ᠬᠠᠤᠯᠢ᠎ᠶ᠋ᠢᠨ ᠶᠠᠪᠤᠳᠠᠯ᠎ᠤᠨ ᠲᠥᠯᠥᠭᠡᠯᠡᠭ᠌ᠴᠢ 1 ᠪᠣᠶ᠃

  ᠬᠤᠶᠠᠷ᠂ ᠪᠤᠢ ᠪᠤᠯᠬᠤ ᠠᠷᠭ᠎ᠠ ᠬᠡᠯᠪᠡᠷᠢ

  (ᠨᠢᠭᠡ) ᠭᠡᠷᠡᠴᠢᠯᠡᠭᠡ ᠰᠣᠨᠣᠰᠭᠤ ᠣᠯᠠᠨ ᠲᠦᠮᠡᠨ ᠰᠠᠢᠨ ᠳᠤᠷ᠎ᠠ᠎ᠠᠴᠠ᠎ᠪᠠᠨ ᠨᠡᠷ᠎ᠡ ᠮᠡᠳᠡᠭᠦᠯᠬᠦ᠌ ᠠᠷᠭ᠎ᠠ ᠮᠠᠶᠢᠭ᠎ᠢ ᠠᠪᠴᠤ᠌᠂ ᠨᠡᠷ᠎ᠡ ᠮᠡᠳᠡᠭᠦᠯᠬᠦ᠌᠎ᠶ᠋ᠢᠨ ᠡᠮᠦᠨ᠎ᠡ ᠬᠣᠢᠨᠠᠬᠢ ᠳᠡᠰ ᠳᠠᠷᠠᠭᠠᠯᠠᠯ ᠎ᠢ ᠦᠨᠳᠦᠰᠦᠯᠡᠨ ᠪᠤᠶ ᠪᠣᠯᠭᠠᠨ᠎ᠠ᠃ ᠨᠡᠷ᠎ᠡ ᠮᠡᠳᠡᠭᠦᠯᠦᠭ᠌ᠰᠡᠨ ᠬᠥᠮᠦᠰ ᠳᠣᠤᠷᠠᠬᠢ ᠨᠥᠬᠦᠴᠡᠯ᠎ᠳᠤ ᠨᠡᠢᠴᠡᠭ᠌ᠰᠡᠨ ᠪᠠᠢᠬᠤ ᠬᠡᠷᠡᠭ᠌ᠲᠡᠶ᠄

  1. ᠪᠦᠬᠦᠯᠢ 18 ᠨᠠᠰᠤ ᠬᠦᠷᠴᠦ᠍᠂ ᠢᠷᠭᠡᠨ᠎ᠤ ᠬᠡᠷᠡᠭ᠎ᠤᠨ ᠠᠵᠢᠯᠯᠠᠭᠠᠨ᠎ᠤ ᠪᠦᠷᠢᠨ ᠴᠢᠳᠠᠪᠤᠷᠢ᠎ᠲᠠᠢ ;

  2. ᠴᠢᠬᠤᠯᠠ ᠪᠦᠬᠦᠢ ᠬᠤᠪᠢ ᠬᠥᠮᠦᠨ᠎ᠤ ᠮᠡᠳᠡᠭᠡ ᠵᠠᠩᠭᠢ (ᠣᠪᠣᠭ ᠨᠡᠷ᠎ᠡ᠂ ᠴᠢᠨᠠᠷ᠎ᠤᠨ ᠢᠯᠭᠠᠯ᠂ ᠪᠡᠶ᠎ᠡ᠎ᠶ᠋ᠢᠨ ᠭᠠᠷᠤᠯ᠂ ᠠᠵᠢᠯ ᠮᠡᠷᠭᠡᠵᠢᠯ ᠵᠡᠷᠭᠡ᠎ᠶ᠋ᠢ ᠪᠠᠭ᠍ᠲᠠᠭᠠᠨ᠎ᠠ) ᠎ᠶ᠋ᠢ ᠵᠥᠪᠱᠢᠶᠡᠷᠡᠨ᠎ᠡ  ;

  3. ᠵᠣᠬᠢᠬᠤ ᠬᠡᠮᠵᠢᠶᠡᠨ᠎ᠦ ᠪᠠᠢᠴᠠᠭᠠᠨ ᠰᠤᠳᠤᠯᠤᠯᠲᠠ᠂ ᠠᠰᠠᠭᠤᠳᠠᠯ᠎ᠢ ᠵᠠᠳᠠᠯᠬᠤ ᠪᠠ ᠦᠭᠡ ᠬᠡᠯᠡ ᠦᠰᠦᠭ ᠪᠢᠴᠢᠭ᠎ᠢᠶᠡᠷ ᠢᠯᠡᠳᠭᠡᠬᠦ᠌ ᠴᠢᠳᠠᠪᠤᠷᠢ᠎ᠲᠠᠢ ᠪᠠᠢᠬᠤ ᠬᠡᠷᠡᠭ᠌ᠲᠡᠢ  ;

  4. ᠰᠠᠨᠠᠯ᠎ᠢᠶᠠᠨ ᠪᠤᠰᠤᠳᠴᠢ᠎ᠪᠠᠷ ᠢᠯᠡᠳᠭᠡᠬᠦ᠌᠎ᠶ᠋ᠢᠨ ᠬᠠᠮᠲᠤ ᠴᠠᠭ ᠲᠤᠬᠠᠶ᠎ᠳᠤᠨᠢ ᠪᠦᠬᠦ᠌ ᠶᠠᠪᠤᠴᠠ᠎ᠳᠤ ᠬᠤᠷᠠᠯ᠎ᠳᠤ ᠣᠷᠣᠯᠴᠠᠵᠤ ᠴᠢᠳᠠᠨ᠎ᠠ ;

  ᠬᠤᠷᠠᠯ ᠳᠡᠭᠡᠷ᠎ᠡ ᠰᠠᠨᠠᠯ ᠰᠣᠨᠣᠰᠭᠤ ᠬᠤᠷᠠᠯ᠎ᠤᠨ ᠡᠯ᠎ᠡ ᠵᠦᠢᠯ᠎ᠦᠨ ᠰᠠᠬᠢᠯᠭ᠎ᠠ ᠪᠠᠲᠤ ᠪᠣᠯᠤᠨ ᠠᠩᠬᠠᠷᠬᠤ ᠵᠦᠢᠯ᠎ᠢ ᠵᠢᠷᠤᠮᠯᠠᠬᠤ ᠬᠡᠷᠡᠭ᠌ᠲᠡᠶ᠃

  (ᠬᠤᠶᠠᠷ) ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠂ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠨ᠎ᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠠᠴᠠ ᠤᠷᠢᠵᠤ ᠣᠷᠣᠯᠴᠠᠭᠤᠯᠤᠨ᠎ᠠ᠃

  (ᠭᠤᠷᠪᠠ) ᠬᠠᠮᠢᠶ᠎ᠠ ᠪᠥᠬᠦᠶ ᠲᠢᠩᠬᠢᠮ ᠲᠣᠪᠴᠢᠶ᠎ᠠ᠂ ᠠᠢᠮᠠᠭ ᠬᠤᠲᠠ᠎ᠶ᠋ᠢᠨ ᠡᠮᠴᠢᠯᠡᠭᠡᠨ᠎ᠤ ᠳᠠᠭᠠᠳᠭᠠᠯ᠎ᠤᠨ ᠲᠥᠯᠥᠭᠡᠯᠡᠭ᠌ᠴᠢ ᠪᠠ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠬᠠᠮᠢᠶ᠎ᠠ ᠪᠥᠬᠦᠶ ᠭᠠᠵᠠᠷ ᠠᠯᠪᠠᠨ ᠲᠠᠰᠤᠭ᠎ᠤᠨ ᠠᠵᠢᠯᠲᠠᠨ᠎ᠢ ᠪᠠᠢᠭ᠎ᠠ ᠨᠢᠭᠡᠴᠢ᠎ᠠᠴᠠ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ᠎ᠢᠶᠠᠨ ᠦᠨᠳᠦᠰᠦᠯᠡᠨ ᠲᠣᠮᠢᠯᠠᠨ᠎ᠠ᠃

  ᠭᠤᠷᠪᠠ᠂ ᠨᠡᠷ᠎ᠡ ᠮᠡᠳᠡᠭᠦᠯᠬᠦ᠌ ᠠᠷᠭ᠎ᠠ ᠮᠠᠶᠢᠭ

  ᠣᠷᠣᠯᠴᠠᠬᠤ ᠰᠠᠨᠠᠭ᠎ᠠ᠎ᠲᠠᠢ ᠬᠥᠮᠦᠨ 11 ᠳ᠋ᠦ᠍ᠭᠡᠷ ᠰᠠᠷ᠎ᠠ᠎ᠶ᠋ᠢᠨ 18 ᠎ᠤ ᠡᠳᠦᠷ᠎ᠠᠴᠠ ᠡᠮᠦᠨ᠎ᠡ ᠲᠣᠰ ᠬᠥᠮᠦᠨ᠎ᠤ ᠪᠡᠶ᠎ᠡ᠎ᠶ᠋ᠢᠨ ᠦᠨᠡᠮᠯᠡᠯ᠎ᠤᠨ ᠱᠢᠷᠪᠢᠯᠲᠡ᠎ᠶ᠋ᠢᠨ ᠮᠠᠲ᠋ᠧᠷᠢᠶᠠᠯ ᠪᠠ 《ᠭᠡᠷᠡᠴᠢᠯᠡᠭᠡ ᠰᠣᠨᠣᠰᠭᠤ ᠬᠤᠷᠠᠯ᠎ᠤᠨ ᠲᠥᠯᠥᠭᠡᠯᠡᠭ᠌ᠴᠢ᠎ᠶ᠋ᠢᠨ ᠨᠡᠷ᠎ᠡ ᠮᠡᠳᠡᠭᠦᠯᠬᠦ᠌ ᠬᠦᠰᠦᠨᠦᠭ᠌ᠲᠦ》 ᠎ᠶ᠋ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠳᠤ ᠮᠡᠳᠡᠭᠦᠯᠦᠨ ᠬᠦᠷᠭᠡᠭᠡᠷᠡᠢ᠃

  ᠬᠠᠷᠢᠯᠴᠠᠬᠤ ᠬᠥᠮᠥᠨ᠄ ᠵᠠᠩ ᠶᠠᠨ ᠶᠠᠨ᠂ ᠯᠢᠦᠢ ᠵᠢᠤᠸᠠᠨ

  ᠬᠠᠷᠢᠯᠴᠠᠬᠤ ᠤᠲᠠᠰᠤ᠄ 0471 - 6606280

  ᠹᠠᠺᠰ᠄ 0471 - 6606280

  ᠢᠮᠧᠯ᠄ yy54889939@163.com

  ᠬᠠᠷᠢᠯᠴᠠᠬᠤ ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ᠎ᠶ᠋ᠢᠨ ᠱᠢᠨᠬᠤᠸᠠ ᠶᠡᠭᠡ ᠵᠡᠭᠡᠯᠢ᠎ᠶ᠋ᠢᠨ 167 ᠳ᠋ᠤᠭᠠᠷ ᠨᠣᠮᠧᠷ ᠥᠪᠥᠷ ᠮᠣᠩᠭᠤᠯ᠎ᠤᠨ ᠬᠥᠳᠡᠯᠮᠦᠷᠢ ᠬᠦᠴᠦᠨ᠎ᠤ ᠵᠠᠬ᠎ᠠ ᠳᠡᠯᠭᠡᠭᠦᠷ᠎ᠤᠨ ᠥᠪᠥᠷ ᠮᠣᠩᠭᠤᠯ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠎ᠶᠢᠨ 604 ᠳ᠋ᠦ᠍ᠭᠡᠷ ᠠᠯᠪᠠᠨ ᠬᠡᠷ

  ᠳᠠᠭᠠᠯᠳᠤᠭᠤᠯᠤᠯ᠄ ᠭᠡᠷᠡᠴᠢᠯᠡᠭᠡ ᠰᠣᠨᠣᠰᠭᠤ ᠬᠤᠷᠠᠯ᠎ᠤᠨ ᠲᠥᠯᠥᠭᠡᠯᠡᠭ᠌ᠴᠢ᠎ᠶ᠋ᠢᠨ ᠨᠡᠷ᠎ᠡ ᠮᠡᠳᠡᠭᠦᠯᠬᠦ᠌ ᠬᠦᠰᠦᠨᠦᠭ᠌ᠲᠦ

  

  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ

  2025 ᠣᠨ᠎ᠤ 11 ᠳ᠋ᠤᠭᠡᠷ ᠰᠠᠷ᠎ᠠ᠎ᠶ᠋ᠢᠨ 11 ᠎ᠤ ᠡᠳᠦᠷ

  

  ᠳᠠᠭᠠᠯᠳᠤᠭᠤᠯᠤᠯ᠄

  ᠭᠡᠷᠡᠴᠢᠯᠡᠭᠡ ᠰᠣᠨᠣᠰᠭᠤ ᠬᠤᠷᠠᠯ᠎ᠤᠨ ᠲᠥᠯᠥᠭᠡᠯᠡᠭ᠌ᠴᠢ᠎ᠶ᠋ᠢᠨ ᠨᠡᠷ᠎ᠡ ᠮᠡᠳᠡᠭᠦᠯᠬᠦ᠌ ᠬᠦᠰᠦᠨᠦᠭ᠌ᠲᠦ.doc

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            