ᠥᠪᠥᠷ ᠡᠮ ᠬᠣᠳᠠᠯᠳᠤᠬᠤ ᠲᠥᠪ ᠦᠰᠦᠭ [ 2025 ] 256 ᠳ᠋ᠤᠭᠠᠷ ᠲᠣᠭᠠᠲᠤ
ᠡᠯ᠎ᠡ ᠬᠠᠮᠢᠶ᠎ᠠ ᠪᠥᠬᠦᠶ ᠠᠵᠤ ᠠᠬᠤᠢᠯᠠᠯ᠎ᠳᠤ᠄
《 〈 ᠤᠯᠤᠰ᠎ᠤᠨ ᠦᠨᠳᠦᠰᠦᠨ ᠡᠮᠴᠢᠯᠡᠭᠡᠨ᠎ᠤ ᠳᠠᠭᠠᠳᠭᠠᠯ᠂ ᠠᠵᠢᠯ᠎ᠠᠴᠠ ᠪᠣᠯᠤᠭ᠍ᠰᠠᠨ ᠭᠡᠮᠲᠦᠯ᠎ᠤᠨ ᠳᠠᠭᠠᠳᠭᠠᠯ ᠪᠠ ᠦᠷᠡᠵᠢᠯ᠎ᠤᠨ ᠳᠠᠭᠠᠳᠭᠠᠯ᠎ᠤᠨ ᠡᠮ᠎ᠤᠨ ᠵᠦᠢᠯ᠎ᠤᠨ ᠭᠠᠷᠴᠠᠭ 〉 ᠵᠢᠴᠢ 〈 ᠬᠤᠳᠠᠯᠳᠤᠭᠠᠨ᠎ᠤ ᠡᠷᠡᠭᠦᠯ ᠮᠡᠨᠳᠦ᠍᠎ᠶ᠋ᠢᠨ ᠳᠠᠭᠠᠳᠭᠠᠯ᠎ᠤᠨ ᠱᠢᠨ᠎ᠡ᠎ᠶ᠋ᠢ ᠡᠭᠦᠳᠦᠭ᠌ᠰᠡᠨ ᠡᠮ᠎ᠤᠨ ᠵᠦᠢᠯ᠎ᠤᠨ ᠭᠠᠷᠴᠠᠭ 〉 ( 2025 ᠣᠨ )᠎ᠢ ᠳᠠᠷᠤᠮᠠᠯᠯᠠᠨ ᠲᠠᠷᠬᠠᠭ᠋ᠠᠬᠤ ᠲᠤᠬᠠᠶ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶ᠎ᠠ ᠬᠦᠮᠦᠨ᠎ᠦ ᠬᠦᠴᠦᠨ᠎ᠦ ᠡᠬᠢ ᠪᠠᠶᠠᠯᠢᠭ ᠪᠠ ᠨᠡᠢ᠌ᠭᠡᠮ᠎ᠦᠨ ᠪᠠᠲᠤᠯᠠᠭ᠎ᠠ᠎ᠶ᠋ᠢᠨ ᠶᠠᠮᠤᠨ᠎ᠤ ᠮᠡᠳᠡᠭ᠌ᠳᠡᠯ》 ( ᠡᠮᠴᠢᠯᠡᠭᠡ ᠪᠠᠲᠤᠯᠠᠭ᠎ᠠ ᠲᠠᠷᠬᠠᠭᠠᠭ᠍ᠰᠠᠨ [ 2025 ] 33 ᠳ᠋ᠤᠭᠠᠷ ᠲᠣᠭᠠᠲᠤ )᠎ᠤᠨ ᠱᠠᠭᠠᠷᠳᠠᠯᠭ᠎ᠠ᠎ᠶ᠋ᠢ ᠦᠨᠳᠦᠰᠦᠯᠡᠨ᠂ ᠮᠠᠨ᠎ᠤ ᠣᠷᠣᠨ᠎ᠤ ᠡᠮ᠎ᠤᠨ ᠵᠦᠢᠯ᠎ᠤᠨ ᠬᠠᠩᠭᠠᠯᠭ᠎ᠠ᠎ᠶ᠋ᠢ ᠪᠠᠲᠤᠯᠠᠬᠤ᠎ᠶ᠋ᠢᠨ ᠲᠤᠰᠠᠳᠠ᠂ ᠡᠳᠦᠭᠡ 2025 ᠣᠨ᠎ᠤ ᠤᠯᠤᠰ᠎ᠤᠨ ᠬᠡᠯᠡᠯᠴᠡᠭᠡᠷ᠎ᠤᠨ᠂ ᠦᠨ᠎ᠡ ᠬᠠᠶᠠᠯᠴᠠᠬᠤ ᠡᠮ᠎ᠤᠨ ᠵᠦᠢᠯ ᠪᠠ ᠬᠤᠳᠠᠯᠳᠤᠭᠠᠨ᠎ᠤ ᠡᠷᠡᠭᠦᠯ ᠮᠡᠨᠳᠦ᠍᠎ᠶ᠋ᠢᠨ ᠳᠠᠭᠠᠳᠭᠠᠯ᠎ᠤᠨ ᠱᠢᠨ᠎ᠡ᠎ᠶ᠋ᠢ ᠡᠭᠦᠳᠦᠭ᠌ᠰᠡᠨ ᠡᠮ᠎ᠤᠨ ᠵᠦᠢᠯ᠎ᠢ ᠲᠥᠪᠯᠡᠷᠡᠭᠦᠯᠦᠨ ᠰᠦᠯᠵᠢᠶᠡᠨ᠎ᠳᠤ ᠣᠷᠤᠭᠤᠯᠬᠤ ᠠᠵᠢᠯ᠎ᠢ ᠥᠷᠨᠢᠭᠦᠯᠬᠦ᠌ ᠬᠤᠯᠪᠣᠭ᠍ᠳᠠᠯ ᠪᠥᠬᠦᠶ ᠤᠴᠢᠷ᠎ᠢ ᠳᠣᠤᠷᠠᠬᠢ ᠮᠡᠲᠦ ᠮᠡᠳᠡᠭ᠌ᠳᠡᠪᠡ᠃
ᠨᠢᠭᠡ᠂ ᠭᠤᠶᠤᠴᠢᠯᠠᠨ ᠮᠡᠳᠡᠭᠦᠯᠬᠦ᠌ ᠬᠡᠪᠴᠢᠶ᠎ᠡ
2025 ᠣᠨ᠎ᠳᠤ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠭᠠᠷᠴᠠᠭ᠎ᠲᠤ ᠱᠢᠨ᠎ᠡ᠎ᠪᠠᠷ ᠨᠡᠮᠡᠭ᠌ᠳᠡᠭ᠌ᠰᠡᠨ ᠬᠡᠯᠡᠯᠴᠡᠭᠡᠷ᠎ᠤᠨ ᠡᠮ᠎ᠤᠨ ᠵᠦᠢᠯ᠂ ᠦᠨ᠎ᠡ ᠬᠠᠶᠠᠯᠴᠠᠬᠤ ᠡᠮ᠎ᠤᠨ ᠵᠦᠢᠯ ᠪᠠ ᠬᠤᠳᠠᠯᠳᠤᠭᠠᠨ᠎ᠤ ᠡᠷᠡᠭᠦᠯ ᠮᠡᠨᠳᠦ᠍᠎ᠶ᠋ᠢᠨ ᠳᠠᠭᠠᠳᠭᠠᠯ᠎ᠤᠨ ᠱᠢᠨ᠎ᠡ᠎ᠶ᠋ᠢ ᠡᠭᠦᠳᠦᠭ᠌ᠰᠡᠨ ᠡᠮ᠎ᠤᠨ ᠵᠦᠢᠯ᠃
ᠬᠤᠶᠠᠷ᠂ ᠭᠤᠶᠤᠴᠢᠯᠠᠨ ᠮᠡᠳᠡᠭᠦᠯᠬᠦ᠌ ᠶᠠᠪᠤᠴᠠ
( ᠨᠢᠭᠡ ) ᠬᠡᠷᠡᠭ᠌ᠯᠡᠭ᠌ᠴᠢ᠎ᠶ᠋ᠢᠨ ᠲᠠᠩᠰᠠᠯᠠᠯ
1. ᠨᠢᠭᠡᠨᠲᠡ ᠰᠦᠯᠵᠢᠶᠡᠨ᠎ᠳᠤ ᠣᠷᠤᠭᠤᠯᠤᠭᠰᠠᠨ ᠦᠢᠯᠡᠳᠪᠦᠷᠢᠯᠡᠯ᠎ᠤᠨ ᠠᠵᠤ ᠠᠬᠤᠢᠯᠠᠯ ᠤᠤᠯ᠎ᠤᠨ ᠬᠡᠷᠡᠭ᠌ᠯᠡᠭ᠌ᠴᠢ᠎ᠶ᠋ᠢᠨ ᠨᠡᠷ᠎ᠡ ᠨᠢᠭᠤᠴᠠ ᠺᠣᠳ᠋᠎ᠢᠶᠠᠷ ᠲᠡᠮᠳᠡᠭ᠌ᠯᠡᠬᠦ᠌ ᠱᠢᠰᠲ᠋ᠧᠮ᠎ᠳᠤ ᠨᠡᠷ᠎ᠡ ᠮᠡᠳᠡᠭᠦᠯᠵᠦ᠍᠂ ᠳᠠᠪᠬᠤᠷᠳᠠᠭᠤᠯᠤᠨ ᠳᠠᠩᠰᠠᠯᠠᠬᠤ ᠴᠢᠬᠤᠯᠠ ᠦᠭᠡᠢ᠃
2. ᠱᠢᠨ᠎ᠡ᠎ᠪᠠᠷ ᠨᠡᠮᠡᠭ᠌ᠳᠡᠭ᠌ᠰᠡᠨ ᠰᠦᠯᠵᠢᠶᠡᠨ᠎ᠳᠤ ᠣᠷᠤᠭᠤᠯᠤᠭᠰᠠᠨ ᠦᠢᠯᠡᠳᠪᠦᠷᠢᠯᠡᠯ᠎ᠤᠨ ᠠᠵᠤ ᠠᠬᠤᠢᠯᠠᠯ᠎ᠨᠢ ᠡᠷᠬᠡᠪᠰᠢ ᠥᠪᠥᠷ ᠮᠣᠩᠭᠤᠯ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠲᠠᠪᠴᠠᠩ᠎ᠢᠶᠠᠷ ᠳᠠᠮᠵᠢᠭᠤᠯᠤᠨ ᠳᠡᠩᠰᠡᠯᠡᠵᠦ᠍ ᠭᠡᠷᠡᠴᠢᠯᠡᠬᠦ᠌ ᠬᠡᠷᠡᠭ᠌ᠲᠡᠶ᠂ ᠭᠡᠷᠡᠴᠢᠯᠡᠯ᠎ᠢ ᠠᠮᠵᠢᠯᠲᠠ ᠣᠯᠤᠭ᠍ᠰᠠᠨ᠎ᠤ ᠳᠠᠷᠠᠭ᠎ᠠ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠳᠠᠭ᠋ᠠᠯᠲᠠ ᠱᠢᠰᠲ᠋ᠧᠮ᠎ᠳᠤ ᠣᠷᠣᠵᠤ ᠡᠮ᠎ᠤᠨ ᠵᠦᠢᠯ᠎ᠤᠨ ᠮᠡᠳᠡᠭᠡ ᠵᠠᠩᠭᠢ᠎ᠶ᠋ᠢ ᠭᠤᠶᠤᠴᠢᠯᠠᠨ ᠮᠡᠳᠡᠭᠦᠯᠦᠨ᠎ᠡ᠃
( ᠬᠤᠶᠠᠷ ) ᠮᠡᠳᠡᠭᠡ ᠵᠠᠩᠭᠢ᠎ᠶᠢ ᠲᠠᠭᠯᠠᠨ ᠮᠡᠳᠡᠭᠦᠯᠬᠦ᠌
1. ᠮᠠᠨ᠎ᠤ ᠣᠷᠣᠨ᠎ᠤ ᠰᠦᠯᠵᠢᠶᠡᠨ᠎ᠳᠤ ᠣᠷᠤᠭᠤᠯᠤᠭᠰᠠᠨ 2025 ᠣᠨ᠎ᠳᠤ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠭᠠᠷᠴᠠᠭ᠎ᠲᠤ ᠱᠢᠨ᠎ᠡ᠎ᠪᠠᠷ ᠨᠡᠮᠡᠭ᠌ᠳᠡᠭᠦᠯᠬᠦ᠌᠎ᠳᠤ ᠣᠷᠣᠭᠤᠯᠤᠭ᠍ᠰᠠᠨ ᠥᠬᠡᠶ ᠤᠯᠤᠰ᠎ᠤᠨ ᠬᠡᠯᠡᠯᠴᠡᠭᠡᠷ᠎ᠤᠨ ᠡᠮ᠎ᠤᠨ ᠵᠦᠢᠯ ( ᠦᠨ᠎ᠡ ᠬᠠᠶᠠᠯᠴᠠᠬᠤ ᠡᠮ᠎ᠤᠨ ᠵᠦᠢᠯ ᠪᠠᠭ᠍ᠲᠠᠨ᠎ᠠ )᠂ ᠬᠤᠳᠠᠯᠳᠤᠭᠠᠨ᠎ᠤ ᠡᠷᠡᠭᠦᠯ ᠮᠡᠨᠳᠦ᠍᠎ᠶ᠋ᠢᠨ ᠳᠠᠭᠠᠳᠭᠠᠯ᠎ᠤᠨ ᠱᠢᠨ᠎ᠡ᠎ᠶ᠋ᠢ ᠡᠭᠦᠳᠬᠦ᠌ ᠡᠮ᠎ᠤᠨ ᠵᠦᠢᠯ᠎ᠢ ᠦᠢᠯᠡᠳᠪᠦᠷᠢᠯᠡᠯ᠎ᠤᠨ ᠠᠵᠤ ᠠᠬᠤᠢᠯᠠᠯ 12 ᠳ᠋ᠤᠭᠠᠷ ᠰᠠᠷ᠎ᠠ᠎ᠶ᠋ᠢᠨ 22 ᠤᠨ ᠡᠳᠦᠷ᠎ᠠᠴᠠ ᠡᠮᠦᠨ᠎ᠡ [ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢᠯ᠎ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠳᠠᠭ᠋ᠠᠯᠲᠠ ᠱᠢᠰᠲ᠋ᠧᠮ ] [ ᠬᠥᠳᠡᠯᠦᠩᠭᠦᠢ ᠲᠣᠬᠢᠷᠠᠭᠤᠯᠤᠯᠲᠠ ] [ ᠤᠯᠤᠰ᠎ᠤᠨ ᠬᠡᠯᠡᠯᠴᠡᠭᠡᠷ ] ᠮᠤᠳᠦ᠋ᠯ ᠬᠡᠰᠡᠭ᠎ᠲᠤ ᠲᠡᠮᠳᠡᠭᠯᠡᠵᠦ᠂ ᠱᠠᠭᠠᠷᠳᠠᠯᠭ᠎ᠠ ᠶᠣᠰᠣᠭᠠᠷ ᠳᠠᠭᠠᠭᠠᠴᠢᠯᠠᠯᠲᠠ ᠵᠠᠷᠯᠠᠬᠤ ᠲᠥᠷᠥᠯ ᠵᠦᠢᠯ᠎ᠤᠨ ᠨᠡᠷᠡᠢᠳᠦᠯ᠂ ᠵᠣᠬᠢᠬᠤ ᠠᠵᠤ ᠠᠬᠤᠢᠯᠠᠯ᠎ᠤᠨ ᠮᠡᠳᠡᠭᠡ ᠵᠠᠩᠭᠢ ᠪᠠ ᠡᠮ᠎ᠤᠨ ᠵᠦᠢᠯ᠎ᠤᠨ ᠮᠡᠳᠡᠭᠡ ᠵᠠᠩᠭᠢ᠎ᠶ᠋ᠢ ᠰᠣᠩᠭᠤᠵᠤ᠂ ᠬᠡᠷᠡᠭ᠌ᠴᠡᠭᠡ ᠪᠦᠬᠦᠢ ᠮᠠᠲ᠋ᠧᠷᠢᠶᠠᠯ᠎ᠢ ᠵᠡᠷᠭᠡ᠎ᠪᠠᠷ ᠳᠠᠮᠵᠢᠭᠤᠯᠵᠤ᠂ ᠮᠡᠳᠡᠭᠡ ᠵᠠᠩᠭᠢ᠎ᠶ᠋ᠢ ᠵᠥᠪ ᠣᠨᠣᠪᠴᠢᠲᠠᠶ ᠪᠠᠢᠬᠤ᠎ᠶ᠋ᠢ ᠨᠤᠲᠠᠯᠠᠭ᠍ᠰᠠᠨ᠎ᠤ ᠳᠠᠷᠠᠭ᠎ᠠ ᠲᠤᠰᠢᠶᠠᠵᠤ᠂ ᠮᠡᠳᠡᠭᠡ ᠵᠠᠩᠭᠢ᠎ᠶ᠋ᠢ ᠲᠤᠱᠢᠶᠠᠭ᠍ᠰᠠᠨ᠎ᠤ ᠳᠠᠷᠠᠭ᠎ᠠ ᠪᠤᠴᠠᠭᠠᠵᠤ ᠥᠭ᠌ᠬᠦ᠎ᠶᠢ ᠵᠥᠪᠰᠢᠶᠡᠷᠡᠬᠦ ᠥᠬᠡᠶ᠂ ᠵᠠᠰᠠᠪᠤᠷᠢ ᠣᠷᠣᠭᠤᠯᠬᠤ᠎ᠶᠢ ᠵᠥᠪᠰᠢᠶᠡᠷᠡᠬᠦ ᠥᠬᠡᠶ᠃ ᠬᠤᠭᠤᠴᠠᠭ᠎ᠠ ᠬᠡᠲᠦᠷᠡᠭᠡᠳ ᠲᠤᠱᠢᠶᠠᠭ᠍ᠰᠠᠨ ᠦᠭᠡᠢ ᠭᠤᠶᠤᠴᠢᠯᠠᠨ ᠮᠡᠳᠡᠭᠦᠯᠦᠯᠲᠡ ᠬᠦᠴᠦᠨ ᠦᠭᠡᠢ᠂ ᠮᠡᠳᠡᠭᠡ ᠵᠠᠩᠬᠢ᠎ᠶᠢ ᠲᠤᠱᠢᠶᠠᠭᠠᠳ ᠠᠮᠵᠢᠯᠲᠠ ᠣᠯᠣᠭ᠍ᠰᠠᠨᠤ ᠳᠠᠷᠠᠭ᠎ᠠ ᠬᠢᠨᠠᠨ ᠬᠠᠷᠭᠤᠭᠤᠯᠬᠤ᠎ᠶ᠋ᠢ ᠬᠦᠯᠢᠶᠡᠬᠦ᠌ ᠪᠠᠢᠳᠠᠯ᠎ᠳᠤ ᠣᠷᠣᠨ᠎ᠠ᠃
2. ᠮᠠᠨ᠎ᠤ ᠣᠷᠣᠨ᠎ᠳᠤ ᠨᠢᠭᠡᠨᠲᠡ ᠰᠦᠯᠵᠢᠶᠡᠨ᠎ᠳᠤ ᠣᠷᠤᠭᠤᠯᠤᠭᠰᠠᠨ ᠪᠤᠶᠤ ᠨᠢᠭᠡᠨᠲᠡ ᠭᠤᠶᠤᠴᠢᠯᠠᠨ ᠮᠡᠳᠡᠭᠦᠯᠦᠭ᠌ᠰᠡᠨ ᠤᠯᠤᠰ᠎ᠤᠨ ᠬᠡᠯᠡᠯᠴᠡᠭᠡᠷ᠎ᠤᠨ ᠡᠮ᠎ᠤᠨ ᠵᠦᠢᠯ ( ᠦᠨ᠎ᠡ ᠬᠠᠶᠠᠯᠴᠠᠬᠤ ᠡᠮ᠎ᠤᠨ ᠵᠦᠢᠯ ᠪᠠᠭ᠍ᠲᠠᠨ᠎ᠠ )᠂ ᠬᠤᠳᠠᠯᠳᠤᠭᠠᠨ᠎ᠤ ᠡᠷᠡᠭᠦᠯ ᠮᠡᠨᠳᠦ᠍᠎ᠶ᠋ᠢᠨ ᠳᠠᠭᠠᠳᠭᠠᠯ᠎ᠤᠨ ᠱᠢᠨ᠎ᠡ᠎ᠶ᠋ᠢ ᠡᠭᠦᠳᠦᠭ᠌ᠰᠡᠨ ᠡᠮ᠎ᠤᠨ ᠵᠦᠢᠯ᠂ ᠠᠵᠤ ᠠᠬᠤᠢᠯᠠᠯ᠎ᠤᠳ ᠳᠠᠪᠬᠤᠷᠳᠠᠭᠤᠯᠤᠨ ᠭᠤᠶᠤᠴᠢᠯᠠᠨ ᠮᠡᠳᠡᠭᠦᠯᠵᠦ᠍ ᠰᠦᠯᠵᠢᠶᠡᠨ᠎ᠳᠤ ᠣᠷᠤᠭᠤᠯᠬᠤ ᠴᠢᠬᠤᠯᠠ ᠦᠭᠡᠢ᠃ ᠲᠥᠷᠥᠯ ᠵᠦᠢᠯ ᠪᠠ ᠦᠨ᠎ᠡ ᠬᠠᠩᠰᠢ᠎ᠶ᠋ᠢᠨ ᠲᠣᠬᠢᠷᠠᠭᠤᠯᠤᠯᠲᠠ᠎ᠳᠤ ᠬᠤᠯᠪᠣᠭ᠍ᠳᠠᠪᠠᠯ᠂ ᠠᠵᠤ ᠠᠬᠤᠢᠯᠠᠯ᠎ᠨᠢ 2025 ᠣᠨ᠎ᠤ 12 ᠳ᠋ᠤᠭᠠᠷ ᠰᠠᠷ᠎ᠠ᠎ᠶ᠋ᠢᠨ 17 ᠤ ᠡᠳᠦᠷ᠎ᠠᠴᠠ 12 ᠳ᠋ᠤᠭᠠᠷ ᠰᠠᠷ᠎ᠠ᠎ᠶ᠋ᠢᠨ 22 ᠤᠨ ᠡᠳᠦᠷ ᠪᠣᠯᠲᠠᠯ᠎ᠠ᠂ [ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶᠢᠨ ᠣᠯᠠᠨ ᠨᠡᠢᠲᠡ᠎ᠶ᠋ᠢᠨ ᠦᠢᠯᠡᠴᠢᠯᠡᠭᠡ ] [ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠠᠵᠤ ᠠᠬᠤᠢᠯᠠᠯ᠎ᠤᠨ ᠦᠢᠯᠡᠴᠢᠯᠡᠭᠡ ] [ ᠲᠤᠬᠠᠢ᠌ᠯᠠᠭᠰᠠᠨ ᠠᠵᠢᠯ᠎ᠢ ᠭᠦᠢ᠍ᠴᠡᠳᠬᠡᠬᠦ ᠰᠢᠰᠲᠸᠮ ] [ ᠤᠯᠤᠰ᠎ᠤᠨ ᠬᠡᠯᠡᠯᠴᠡᠭᠡᠷ᠎ᠤᠨ ( ᠦᠨ᠎ᠡ ᠬᠠᠶᠠᠯᠴᠠᠬᠤ ) ᠡᠮ᠎ᠤᠨ ᠵᠦᠢᠯ᠎ᠤᠨ ᠲᠥᠷᠥᠯ ᠵᠦᠢᠯ᠎ᠤᠨ ᠲᠣᠬᠢᠷᠠᠭᠤᠯᠤᠯᠲᠠ ] ᠮᠤᠳᠦ᠋ᠯ ᠬᠡᠰᠡᠭ᠎ᠲᠤ ᠲᠡᠮᠳᠡᠭᠯᠡᠵᠦ᠂ ᠲᠥᠷᠥᠯ ᠵᠦᠢ᠍ᠯ ᠪᠠ ᠰᠦᠯᠵᠢᠶᠡᠨ᠎ᠳᠦ ᠣᠷᠤᠭᠤᠯᠤᠭᠰᠠᠨ ᠦᠨ᠎ᠡ ᠬᠠᠩᠰᠢ᠎ᠶᠢ ᠲᠣᠬᠢᠷᠠᠭᠤᠯᠬᠤ᠎ᠶᠢ ᠪᠡᠶ᠎ᠡ᠎ᠪᠠᠨ ᠳᠠᠭᠠᠭᠠᠵᠤ ᠭᠤᠶᠤᠴᠢᠯᠠᠨ ᠮᠡᠳᠡᠭᠦᠯᠦᠨ᠎ᠡ᠃
3. ᠬᠡᠯᠡᠯᠴᠡᠭᠡᠷ᠎ᠤᠨ ᠬᠤᠭᠤᠴᠠᠭ᠎ᠠ ᠳᠦᠭᠦᠷᠦᠭ᠌ᠰᠡᠨ ᠬᠡᠯᠡᠯᠴᠡᠭᠡᠷ᠎ᠤᠨ ᠡᠮ᠎ᠤᠨ ᠵᠦᠢᠯ᠎ᠢ ᠬᠠᠮᠢᠶ᠎ᠠ ᠪᠥᠬᠦᠶ ᠠᠵᠤ ᠠᠬᠤᠢᠯᠠᠯ 2025 ᠣᠨ᠎ᠤ 12 ᠳ᠋ᠤᠭᠠᠷ ᠰᠠᠷ᠎ᠠ᠎ᠶ᠋ᠢᠨ 17 ᠤ ᠡᠳᠦᠷ᠎ᠠᠴᠠ 12 ᠳ᠋ᠤᠭᠠᠷ ᠰᠠᠷ᠎ᠠ᠎ᠶ᠋ᠢᠨ 22 ᠤᠨ ᠡᠳᠦᠷ ᠪᠣᠯᠲᠠᠯ᠎ᠠ᠂ [ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶᠢᠨ ᠣᠯᠠᠨ ᠨᠡᠢᠲᠡ᠎ᠶ᠋ᠢᠨ ᠦᠢᠯᠡᠴᠢᠯᠡᠭᠡ ] [ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠠᠵᠤ ᠠᠬᠤᠢᠯᠠᠯ᠎ᠤᠨ ᠦᠢᠯᠡᠴᠢᠯᠡᠭᠡ ] [ ᠲᠤᠬᠠᠢ᠌ᠯᠠᠭᠰᠠᠨ ᠠᠵᠢᠯ᠎ᠢ ᠭᠦᠢ᠍ᠴᠡᠳᠬᠡᠬᠦ ᠰᠢᠰᠲᠸᠮ ] [ ᠤᠯᠤᠰ᠎ᠤᠨ ᠬᠡᠯᠡᠯᠴᠡᠭᠡᠷ᠎ᠤᠨ ( ᠦᠨ᠎ᠡ ᠬᠠᠶᠠᠯᠴᠠᠬᠤ ) ᠡᠮ᠎ᠤᠨ ᠵᠦᠢᠯ᠎ᠤᠨ ᠲᠥᠷᠥᠯ ᠵᠦᠢᠯ᠎ᠤᠨ ᠲᠣᠬᠢᠷᠠᠭᠤᠯᠤᠯᠲᠠ ] ᠮᠤᠳᠦ᠋ᠯ ᠬᠡᠰᠡᠭ᠎ᠲᠤ ᠲᠡᠮᠳᠡᠭᠯᠡᠵᠦ᠂ ᠬᠡᠯᠡᠯᠴᠡᠭᠡᠷ᠎ᠤᠨ ᠬᠤᠭᠤᠴᠠᠭ᠎ᠠ ᠳᠦᠭᠦᠷᠦᠭ᠌ᠰᠡᠨ ᠡᠮ᠎ᠤᠨ ᠵᠦᠢᠯ᠎ᠢ ᠦᠨ᠎ᠡ ᠬᠢᠵᠠᠭᠠᠷᠯᠠᠨ ᠰᠦᠯᠵᠢᠶᠡᠨ᠎ᠳᠤ ᠣᠷᠤᠭᠤᠯᠬᠤ ᠲᠥᠷᠥᠯ ᠵᠦᠢᠯ᠎ᠳᠤ ᠲᠣᠬᠢᠷᠠᠭᠤᠯᠬᠤ᠎ᠶ᠋ᠢᠨ ᠬᠠᠮᠲᠤ ᠬᠤᠳᠠᠯᠳᠤᠨ ᠠᠪᠬᠤ ᠬᠢᠵᠠᠭᠠᠷᠯᠠᠭ᠍ᠰᠠᠨ ᠦᠨ᠎ᠡ᠎ᠶ᠋ᠢ ᠲᠠᠭ᠍ᠯᠠᠨ ᠮᠡᠳᠡᠭᠦᠯᠵᠦ᠍᠂ ᠬᠤᠳᠠᠯᠳᠤᠨ ᠠᠪᠬᠤ ᠬᠢᠵᠠᠭᠠᠷᠯᠠᠭ᠍ᠰᠠᠨ ᠦᠨ᠎ᠡ᠎ᠶ᠋ᠢ ᠤᠤᠯ᠎ᠤᠨ ᠰᠦᠯᠵᠢᠶᠡᠨ᠎ᠳᠤ ᠣᠷᠤᠭᠤᠯᠤᠭᠰᠠᠨ ᠦᠨ᠎ᠡ᠎ᠠᠴᠠ ᠥᠨᠳᠥᠷ ᠪᠠᠢᠯᠭᠠᠵᠤ ᠪᠣᠯᠬᠤ ᠥᠬᠡᠶ᠂ ᠭᠤᠶᠤᠴᠢᠯᠠᠯ᠎ᠢᠶᠠᠨ ᠴᠠᠭ ᠲᠤᠬᠠᠶ᠎ᠳᠤ ᠨᠢ ᠲᠤᠱᠢᠶᠠᠭ᠍ᠰᠠᠨ ᠥᠬᠡᠶ ᠪᠣᠯ ᠰᠦᠯᠵᠢᠶᠡᠨ᠎ᠳᠤ ᠣᠷᠤᠭᠤᠯᠵᠤ ᠱᠢᠢᠳᠪᠦᠷᠢᠯᠡᠬᠦ᠌᠎ᠶ᠋ᠢ ᠲᠦᠷ ᠵᠣᠭ᠍ᠰᠣᠭᠠᠨ᠎ᠠ᠃
ᠭᠤᠷᠪᠠ᠂ ᠭᠤᠶᠤᠴᠢᠯᠠᠨ ᠮᠡᠳᠡᠭᠦᠯᠬᠦ᠌ ᠱᠠᠭᠠᠷᠳᠠᠯᠭ᠎ᠠ
( ᠨᠢᠭᠡ ) 2025 ᠣᠨ᠎ᠳᠤ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠬᠡᠯᠡᠯᠴᠡᠭᠡᠷ᠎ᠤᠨ ᠡᠮ᠎ᠤᠨ ᠵᠦᠢᠯ᠎ᠤᠨ ᠭᠠᠷᠴᠠᠭ᠎ᠲᠤ ᠠᠮᠵᠢᠯᠲᠠ᠎ᠲᠠᠢ ᠡᠮ᠎ᠤᠨ ᠵᠦᠢᠯ᠎ᠤᠨ ᠭᠠᠷᠴᠠᠭ᠎ᠤᠨ ᠡᠮ᠎ᠤᠨ ᠵᠦᠢ᠍ᠯ᠎ᠳᠤ ᠬᠠᠷᠢᠶᠠᠯᠠᠭ᠍ᠳᠠᠵᠤ᠂ ᠰᠦᠯᠵᠢᠶᠡᠨ᠎ᠳᠤ ᠣᠷᠤᠭᠤᠯᠤᠭᠰᠠᠨ ᠦᠨ᠎ᠡ ᠬᠠᠩᠰᠢ᠎ᠶ᠋ᠢ ᠲᠣᠭᠠᠴᠠᠭ᠎ᠠ ᠬᠢᠬᠦ᠌ ᠪᠠᠷᠢᠮᠵᠢᠶ᠎ᠠ᠎ᠠᠴᠠ ᠥᠨᠳᠥᠷ ᠪᠠᠢᠯᠭᠠᠵᠤ ᠪᠣᠯᠬᠤ ᠥᠬᠡᠶ᠃
( ᠬᠤᠶᠠᠷ ) 2025 ᠣᠨ᠎ᠤ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠦᠨ᠎ᠡ ᠬᠠᠶᠠᠯᠴᠠᠬᠤ ᠡᠮ᠎ᠤᠨ ᠵᠦᠢᠯ᠎ᠤᠨ ᠨᠡᠷᠡᠰ᠎ᠲᠤ ᠬᠠᠷᠢᠶᠠᠯᠠᠭ᠍ᠳᠠᠬᠤ ᠡᠮ᠎ᠤᠨ ᠵᠦᠢᠯ᠂ ᠠᠬᠤᠢ ᠲᠠᠯᠠᠪᠠᠢ᠎ᠶ᠋ᠢᠨ ᠦᠨ᠎ᠡ ᠬᠠᠶᠠᠯᠴᠠᠬᠤ᠎ᠳᠤ ᠣᠷᠣᠯᠴᠠᠬᠤ ᠰᠦᠯᠵᠢᠶᠡᠨ᠎ᠳᠤ ᠣᠷᠤᠭᠤᠯᠤᠭᠰᠠᠨ ᠦᠨ᠎ᠡ ᠬᠠᠩᠰᠢ᠎ᠶ᠋ᠢ ᠲᠡᠭᠦᠨ᠎ᠤ ᠠᠬᠤᠢ ᠲᠠᠯᠠᠪᠠᠢ᠎ᠶ᠋ᠢᠨ ᠮᠡᠳᠡᠭᠦᠯᠦᠭ᠌ᠰᠡᠨ ᠦᠨ᠎ᠡ᠎ᠠᠴᠠ ᠥᠨᠳᠥᠷ ᠪᠠᠢᠯᠭᠠᠵᠤ ᠪᠣᠯᠬᠤ ᠥᠬᠡᠶ᠃
( ᠭᠤᠷᠪᠠ ) ᠬᠡᠯᠡᠯᠴᠡᠭᠡᠷ᠎ᠤᠨ ᠬᠤᠭᠤᠴᠠᠭᠠᠨ᠎ᠳᠤ ᠬᠡᠷᠪᠡ ᠡᠮ᠎ᠤᠨ ᠵᠦᠢᠯ᠎ᠲᠠᠢ ᠨᠡᠢᠳᠡᠮ ᠬᠡᠷᠡᠭ᠌ᠯᠡᠬᠦ᠌ ᠨᠡᠷ᠎ᠡ᠎ᠲᠠᠢ ᠡᠮ᠎ᠤᠨ ᠵᠦᠢᠯ᠎ᠢ ᠵᠠᠬ᠎ᠠ ᠳᠡᠯᠭᠡᠭᠦᠷ᠎ᠲᠤ ᠭᠠᠷᠭᠠᠬᠤ᠎ᠳᠤ ᠬᠦᠷᠪᠡᠯ᠂ ᠰᠦᠯᠵᠢᠶᠡᠨ᠎ᠳᠤ ᠣᠷᠤᠭᠤᠯᠤᠭᠰᠠᠨ ᠦᠨ᠎ᠡ ᠬᠠᠩᠰᠢ᠎ᠶ᠋ᠢ ᠬᠡᠯᠡᠯᠴᠡᠭᠡᠷ᠎ᠲᠤ ᠲᠣᠭ᠍ᠲᠠᠭᠠᠭ᠍ᠰᠠᠨ ᠠᠳᠠᠯᠢ ᠬᠡᠪ ᠪᠠᠷᠢᠮᠵᠢᠶ᠎ᠠ᠎ᠲᠡᠶ ᠡᠮ᠎ᠤᠨ ᠵᠦᠢᠯ᠎ᠤᠨ ᠡᠮᠴᠢᠯᠡᠭᠡᠨ᠎ᠤ ᠳᠠᠭᠠᠳᠭᠠᠯ᠎ᠤᠨ ᠲᠣᠭᠠᠴᠠᠭ᠎ᠠ ᠬᠢᠬᠦ᠌ ᠪᠠᠷᠢᠮᠵᠢᠶ᠎ᠠ᠎ᠠᠴᠠ ᠥᠨᠳᠥᠷ ᠪᠠᠢᠯᠭᠠᠵᠤ ᠪᠣᠯᠬᠤ ᠥᠬᠡᠶ᠃
( ᠲᠦᠷᠪᠡ ) ᠬᠡᠯᠡᠯᠴᠡᠭᠡᠷ᠎ᠦᠨ ᠡᠮ᠎ᠦᠨ ᠵᠦᠢᠯ ᠪᠣᠯᠤᠨ ᠦᠨ᠎ᠡ ᠬᠠᠶᠠᠯᠴᠠᠬᠤ ᠡᠮ᠎ᠦᠨ ᠵᠦᠢᠯ ᠢ ᠬᠡᠯᠡᠯᠴᠡᠭᠡᠷ᠎ᠤᠨ ᠬᠤᠭᠤᠴᠠᠭᠠᠨ᠎ᠳᠤ ᠱᠢᠨ᠎ᠡ᠎ᠪᠡᠷ ᠨᠡᠮᠡᠭ᠌ᠳᠡᠬᠦ᠌ ᠬᠡᠪ ᠪᠠᠷᠢᠮᠵᠢᠶ᠎ᠠ᠎ᠲᠡᠶ ᠪᠣᠯ᠂ ᠦᠢ᠍ᠯᠡᠳᠪᠦᠷᠢᠯᠡᠯ᠎ᠦᠨ ᠠᠵᠤ ᠠᠬᠤᠢᠯᠠᠯ ᠨᠢ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠬᠠᠮᠢᠶᠠᠷᠤᠯᠲᠠ᠎ᠶ᠋ᠢᠨ ᠲᠣᠪᠴᠢᠶ᠎ᠠ᠎ᠳᠤ ᠳᠡᠰ ᠳᠠᠷᠠᠭᠠᠯᠠᠯ᠎ᠤᠨ ᠶᠣᠰᠣᠭᠠᠷ ᠱᠢᠨ᠎ᠡ᠎ᠪᠡᠷ ᠨᠡᠮᠡᠭ᠌ᠳᠡᠬᠦ᠌ ᠬᠡᠪ ᠪᠠᠷᠢᠮᠵᠢᠶ᠎ᠠ᠎ᠶ᠋ᠢᠨ ᠲᠣᠭ᠋ᠠᠴᠠᠭ᠎ᠠ ᠬᠢᠬᠦ ᠪᠠᠷᠢᠮᠵᠢᠶ᠎ᠠ᠎ᠶ᠋ᠢ ᠲᠣᠭ᠍ᠲᠠᠭᠠᠭ᠍ᠰᠠᠨ᠎ᠤ ᠳᠠᠷᠠᠭ᠎ᠠ᠂ ᠳᠡᠭᠡᠷ᠎ᠡ ᠳᠤᠷᠠᠳᠤᠭ᠍ᠰᠠᠨ ᠱᠠᠭᠠᠷᠳᠠᠯᠭ᠎ᠠ ᠶᠣᠰᠣᠭᠠᠷ ᠰᠦᠯᠵᠢᠶᠡᠨ᠎ᠳᠤ ᠣᠷᠣᠭᠤᠯᠬᠤ᠎ᠪᠠᠷ ᠭᠤᠶᠤᠴᠢᠯᠠᠨ ᠮᠡᠳᠡᠭᠦᠯᠦᠨ᠎ᠡ᠃
( ᠲᠠᠪᠤ ) ᠬᠤᠳᠠᠯᠳᠤᠭᠠᠨ᠎ᠤ᠋ ᠡᠷᠡᠭᠦᠯ ᠮᠡᠨᠳᠦ᠍᠎ᠶᠢᠨ ᠳᠠᠭᠠᠳᠭᠠᠯ᠎ᠤ᠋ᠨ ᠰᠢᠨ᠎ᠡ᠎ᠶᠢ ᠡᠭᠦᠳᠬᠦ᠌ ᠡᠮ᠎ᠦ᠋ᠨ ᠵᠦᠢᠯ᠎ᠢ᠋ ᠤᠯᠤᠰ᠎ᠤ᠋ᠨ ᠬᠡᠯᠡᠯᠴᠡᠭᠡᠷᠦ᠋ᠨ ᠲᠥᠷᠥᠯ ᠵᠦᠢᠯ᠎ᠢᠶᠡᠷ ᠳᠠᠮᠵᠢᠨ ᠭᠤᠶᠤᠴᠢᠯᠠᠨ ᠮᠡᠳᠡᠭᠦᠯᠦᠭ᠌ᠰᠡᠨᠦ᠌ ᠳᠠᠷᠠᠭ᠎ᠠ ᠦᠨ᠎ᠡ ᠬᠢᠵᠠᠭᠠᠷᠯᠠᠨ ᠰᠦᠯᠵᠢᠶᠡᠨ᠎ᠳᠦ ᠣᠷᠤᠭᠤᠯᠬᠤ᠎ᠪᠡᠷ ᠬᠡᠷᠡᠭ᠌ᠵᠢᠭᠦᠯᠦᠨ᠎ᠡ᠃ ᠬᠤᠳᠠᠯᠳᠣᠭᠠᠨ᠎ᠤ ᠲᠠᠭᠠᠳᠭᠠᠯ᠎ᠤᠨ ᠭᠠᠷᠴᠠᠭ᠎ᠤᠨ ᠬᠦᠴᠣᠨ᠎ᠲᠠᠢ ᠬᠤᠭᠤᠴᠠᠭ᠎ᠠ᠎ᠶ᠋ᠢᠨ ᠳᠣᠳᠣᠷ᠎ᠠ ᠡᠮ᠎ᠤᠨ ᠵᠦᠢᠯ᠎ᠤᠨ ᠰᠦᠯᠵᠢᠶᠡᠨ᠎ᠳᠤ ᠣᠷᠤᠭᠤᠯᠤᠭᠰᠠᠨ ᠦᠨ᠎ᠠ ᠬᠠᠩᠰᠢ᠎ᠶ᠋ᠢ ᠳᠡᠬᠦᠨ᠎ᠤ ᠠᠮᠠᠯᠠᠯᠳᠡ᠎ᠳᠤ ᠬᠤᠯᠪᠤᠠᠠᠳᠠᠬᠤ ᠦᠨ᠎ᠠ ᠬᠠᠩᠰᠢ᠎ᠠᠴᠠ ᠦᠨᠳᠣᠷ ᠪᠠᠢᠯᠭᠠᠵᠦ᠍ ᠪᠤᠯᠬᠤ ᠦᠭᠡᠢ᠂ ᠠᠮᠠᠯᠠᠯᠳᠡ᠎ᠶ᠋ᠢᠨ ᠬᠦᠴᠣᠨ᠎ᠲᠠᠢ ᠬᠤᠭᠤᠴᠠᠭ᠎ᠠ᠎ᠳᠤ ᠲᠣᠳᠣᠭᠠᠳᠣ ᠭᠡᠷᠡᠭ᠌ᠴᠡᠭᠡ ᠱᠠᠭᠠᠷᠳᠡᠯᠭ᠎ᠠ ᠱᠢᠨ᠎ᠡ᠎ᠪᠠᠷ ᠨᠡᠮᠡᠭ᠌ᠳᠡᠬᠦ᠌ ᠬᠡᠪ ᠪᠠᠷᠢᠮᠵᠢᠶ᠎ᠠ ᠪᠠᠢᠪᠠᠯ᠂ ᠦᠢᠯᠡᠳᠪᠦᠷᠢᠯᠡᠯ᠎ᠤᠨ ᠠᠵᠦ᠍ ᠠᠬᠤᠢᠯᠠᠯ᠎ᠨᠢ ᠣᠯᠥᠰ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠤᠪᠴᠢᠶ᠎ᠠ᠎ᠳᠤ ᠱᠢᠨ᠎ᠡ᠎ᠪᠠᠷ ᠨᠡᠮᠡᠭ᠌ᠳᠡᠬᠦ᠌ ᠬᠡᠪ ᠪᠠᠷᠢᠮᠵᠢᠶ᠎ᠠ᠎ᠶ᠋ᠢᠨ ᠠᠮᠠᠯᠠᠯᠳᠡ᠎ᠶ᠋ᠢ ᠳᠡᠰ ᠳᠡᠷᠡᠭᠠᠯᠠᠯ᠎ᠢᠶᠠᠷ ᠲᠣᠠᠠᠳᠠᠭᠠᠠᠠᠰᠠᠨᠤ ᠳᠡᠷᠠᠭ᠎ᠠ᠂ ᠳᠡᠭᠡᠷ᠎ᠠ ᠲᠣᠷᠡᠳᠣᠠᠠᠰᠠᠨ ᠱᠠᠭᠠᠷᠳᠡᠯᠭ᠎ᠠ ᠶᠣᠰᠣᠭᠠᠷ ᠰᠦᠯᠵᠢᠶᠡᠨ᠎ᠳᠤ ᠤᠷᠤᠭᠤᠯᠬᠤ᠎ᠪᠠᠷ ᠭᠤᠶᠤᠴᠢᠯᠠᠨ ᠮᠡᠳᠡᠬᠦᠯᠥᠨ᠎ᠠ᠃
( ᠵᠢᠷᠭᠤᠭ᠎ᠠ ) 2025 ᠣᠨ᠎ᠤ 12 ᠳ᠋ᠤᠭ᠋ᠠᠷ ᠰᠠᠷ᠎ᠠ᠎ᠶ᠋ᠢᠨ 22 ᠤᠨ ᠡᠳᠦᠷ᠎ᠠᠴᠠ ᠡᠮᠦᠨ᠎ᠡ ᠱᠢᠨ᠎ᠡ᠎ᠪᠠᠷ ᠭᠤᠶᠤᠴᠢᠯᠠᠨ ᠮᠡᠳᠡᠭᠦᠯᠦᠭ᠌ᠰᠡᠨ ᠪᠠ ᠲᠣᠬᠢᠷᠠᠭᠤᠯᠤᠯᠲᠠ ᠬᠢᠭ᠌ᠰᠡᠨ ᠲᠥᠷᠥᠯ ᠵᠦᠢᠯ᠎ᠤᠨ ᠡᠮ᠎ᠤᠨ ᠵᠦᠢᠯ᠎ᠢ 2026 ᠣᠨ᠎ᠤ 1 ᠳ᠋ᠤᠭᠡᠷ ᠰᠠᠷ᠎ᠠ᠎ᠶ᠋ᠢᠨ 1 ᠤ ᠡᠳᠦᠷ᠎ᠠᠴᠠ ᠬᠡᠷᠡᠭ᠌ᠵᠢᠭᠦᠯᠦᠨ᠎ᠡ᠃ 2025 ᠣᠨ᠎ᠤ 12 ᠳ᠋ᠤᠭᠠᠷ ᠰᠠᠷ᠎ᠠ᠎ᠶ᠋ᠢᠨ 22 ᠤᠨ ᠡᠳᠦᠷ᠎ᠠᠴᠠ ᠬᠤᠢᠰᠢ ᠮᠡᠳᠡᠭᠦᠯᠦᠭ᠌ᠰᠡᠨ ᠡᠮ᠎ᠤᠨ ᠵᠦᠢᠯ᠎ᠢ ᠰᠠᠷ᠎ᠠ᠎ᠪᠠᠷ ᠨᠡᠢᠲᠡᠯᠡᠵᠦ᠍ ᠬᠡᠷᠡᠭ᠌ᠵᠢᠭᠦᠯᠦᠨ᠎ᠡ᠃
ᠳᠥᠷᠪᠡ᠂ ᠬᠠᠷᠢᠯᠴᠠᠬᠤ ᠠᠷᠭ᠎ᠠ ᠮᠠᠶᠢᠭ
ᠲᠤᠬᠠᠢᠯᠠᠭ᠍ᠰᠠᠨ ᠠᠵᠢᠯ᠎ᠤᠨ ᠯᠠᠪᠯᠠᠯᠭ᠎ᠠ᠄ 0471 - 4908343
ᠮᠡᠷᠭᠡᠵᠢᠯ᠎ᠤᠨ ᠳᠡᠮᠵᠢᠯᠭᠡ᠄ 0471 - 4967106
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ
2025 ᠣᠨ᠎ᠤ 12 ᠳ᠋ᠤᠭ᠋ᠠᠷ ᠰᠠᠷ᠎ᠠ᠎ᠶ᠋ᠢᠨ 18 ᠤ ᠡᠳᠦᠷ