ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠯᠪᠠᠨ ᠨᠡᠶ᠋ᠢᠲᠡᠯᠡᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠭᠦᠳᠡᠨ ᠡᠮᠨᠡᠯᠭᠡ᠎ᠶ᠋ᠢᠨ ᠣᠨᠴᠠᠭ᠋ᠠᠢ ᠡᠮ ᠬᠡᠷᠡᠭ᠌ᠯᠡᠬᠦ᠌ ᠭᠠᠷᠴᠠᠭ》᠎ᠤᠨ ᠲᠣᠬᠢᠷᠠᠭᠤᠯᠤᠯᠲᠠ ᠵᠢᠴᠢ ᠭᠤᠶᠤᠴᠢᠯᠠᠨ ᠮᠡᠳᠡᠭᠦᠯᠬᠦ᠌ ᠠᠵᠢᠯ᠎ᠢ ᠥᠷᠨᠢᠭᠦᠯᠬᠦ᠌ ᠲᠤᠬᠠᠶ ᠮᠡᠳᠡᠭ᠌ᠳᠡᠯ
ᠨᠡᠶ᠋ᠢᠲᠡᠯᠡᠭᠰᠡᠨ ᠴᠠᠭ᠄ 2025-12-15

ᠡᠯ᠎ᠡ ᠬᠠᠮᠢᠶ᠎ᠠ ᠪᠥᠬᠦᠶ ᠡᠮ᠎ᠤᠨ ᠵᠦᠢᠯ᠎ᠤᠨ ᠦᠢᠯᠡᠳᠪᠦᠷᠢᠯᠡᠯ᠎ᠤᠨ ᠠᠵᠤ ᠠᠬᠤᠢᠯᠠᠯ᠎ᠳᠤ᠄

  《 〈ᠤᠯᠤᠰ᠎ᠤᠨ ᠦᠨᠳᠦᠰᠦᠨ ᠡᠮᠴᠢᠯᠡᠭᠡᠨ᠎ᠤ ᠳᠠᠭᠠᠳᠭᠠᠯ᠂ ᠦᠷᠡᠵᠢᠯ᠎ᠤᠨ ᠳᠠᠭᠠᠳᠭᠠᠯ ᠪᠠ ᠠᠵᠢᠯ᠎ᠠᠴᠠ ᠪᠣᠯᠤᠭ᠍ᠰᠠᠨ ᠭᠡᠮᠲᠦᠯ᠎ᠤᠨ ᠳᠠᠭᠠᠳᠭᠠᠯ᠎ᠤᠨ ᠡᠮ᠎ᠤᠨ ᠵᠦᠢᠯ᠎ᠤᠨ ᠭᠠᠷᠴᠠᠭ〉 ᠵᠢᠴᠢ 〈 ᠬᠤᠳᠠᠯᠳᠤᠭᠠᠨ᠎ᠤ ᠡᠷᠡᠭᠦᠯ ᠮᠡᠨᠳᠦ᠍᠎ᠶ᠋ᠢᠨ ᠳᠠᠭᠠᠳᠭᠠᠯ᠎ᠤᠨ ᠱᠢᠨ᠎ᠡ᠎ᠶ᠋ᠢ ᠡᠭᠦᠳᠦᠭ᠌ᠰᠡᠨ ᠡᠮ᠎ᠤᠨ ᠵᠦᠢᠯ᠎ᠤᠨ ᠭᠠᠷᠴᠠᠭ 〉 ( 2025 ᠣᠨ )᠎ᠢ ᠳᠠᠷᠤᠮᠠᠯᠯᠠᠨ ᠲᠠᠷᠬᠠᠭ᠋ᠠᠬᠤ ᠲᠤᠬᠠᠶ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ ᠬᠦᠮᠦᠨ᠎ᠦ ᠬᠦᠴᠦᠨ᠎ᠦ ᠡᠬᠢ ᠪᠠᠶᠠᠯᠢᠭ ᠪᠠ ᠨᠡᠢ᠌ᠭᠡᠮ᠎ᠦᠨ ᠪᠠᠲᠤᠯᠠᠭ᠎ᠠ᠎ᠶ᠋ᠢᠨ ᠶᠠᠮᠤᠨ᠎ᠤ ᠮᠡᠳᠡᠭ᠌ᠳᠡᠯ 》 ( ᠡᠮᠴᠢᠯᠡᠭᠡ ᠪᠠᠲᠤᠯᠠᠭ᠎ᠠ ᠲᠠᠷᠬᠠᠭᠠᠭ᠍ᠰᠠᠨ [2025] 33 ᠳ᠋ᠤᠭᠠᠷ ᠲᠣᠭᠠᠲᠤ )᠎ᠤᠨ ᠱᠠᠭᠠᠷᠳᠠᠯᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠳᠠᠭᠠᠳᠭᠠᠯ᠎ᠳᠤ ᠣᠷᠣᠯᠴᠠᠭ᠍ᠰᠠᠳ᠎ᠤᠨ ᠡᠮ ᠬᠡᠷᠡᠭ᠌ᠯᠡᠬᠦ᠌ ᠪᠠᠲᠤᠯᠠᠭ᠎ᠠ᠎ᠶ᠋ᠢᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠌᠎ᠶ᠋ᠢᠨ ᠲᠤᠰᠠᠳᠠ᠂ ᠡᠳᠦᠭᠡ 2026 ᠣᠨ᠎ᠤ ᠡᠭᠦᠳᠡᠨ ᠡᠮᠨᠡᠯᠭᠡ᠎ᠶ᠋ᠢᠨ ᠣᠨᠴᠠᠭ᠋ᠠᠢ ᠡᠮ ᠬᠡᠷᠡᠭ᠌ᠯᠡᠬᠦ᠌ ᠭᠠᠷᠴᠠᠭ᠎ᠤᠨ ᠲᠣᠬᠢᠷᠠᠭᠤᠯᠤᠯᠲᠠ ᠵᠢᠴᠢ ᠭᠤᠶᠤᠴᠢᠯᠠᠨ ᠮᠡᠳᠡᠭᠦᠯᠬᠦ᠌ ᠠᠵᠢᠯ᠎ᠢ ᠥᠷᠨᠢᠭᠦᠯᠬᠦ᠌ ᠲᠤᠬᠠᠶ ᠳᠣᠤᠷᠠᠬᠢ ᠮᠡᠲᠦ ᠵᠠᠷᠯᠠᠶ᠎ᠠ᠄

  ᠨᠢᠭᠡ᠂ ᠲᠣᠬᠢᠷᠠᠭᠤᠯᠬᠤ ᠬᠦᠷᠢᠶ᠎ᠡ ᠬᠡᠪᠴᠢᠶ᠎ᠡ

  《 ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠭᠦᠳᠡᠨ ᠡᠮᠨᠡᠯᠭᠡ᠎ᠶ᠋ᠢᠨ ᠣᠨᠴᠠᠭᠠᠢ ᠡᠮ ᠬᠡᠷᠡᠭ᠌ᠯᠡᠬᠦ᠌      ᠭᠠᠷᠴᠠᠭ 》᠎ᠤᠨ ᠳᠣᠲᠣᠷᠠᠬᠢ ᠡᠮ᠎ᠤᠨ ᠵᠦᠢᠯ᠎ᠨᠢ ᠤᠯᠤᠰ᠎ᠤᠨ ᠡᠮ᠎ᠤᠨ ᠵᠦᠢᠯ᠎ᠤᠨ ᠭᠠᠷᠴᠠᠭ᠎ᠤᠨ ᠬᠡᠯᠡᠯᠴᠡᠭᠡᠷ᠎ᠤᠨ ᠬᠤᠭᠤᠴᠠᠭᠠᠨ᠎ᠳᠤ ᠬᠡᠯᠡᠯᠴᠡᠭᠡ ᠬᠢᠭᠰᠡᠨ ᠧᠦ᠋ᠷᠣᠫᠠ ᠡᠮ᠂ ᠦᠨ᠎ᠡ ᠬᠠᠶᠠᠯᠴᠠᠬᠤ ᠡᠮ᠎ᠤᠨ ᠵᠦᠢᠯ ᠪᠣᠯᠤᠨ᠎ᠠ᠃ ᠳᠣᠣᠷᠠᠬᠢ ᠨᠥᠬᠦᠴᠡᠯ᠎ᠳᠤ ᠨᠡᠢᠴᠡᠭ᠌ᠰᠡᠨ ᠪᠠᠢᠬᠤ ᠬᠡᠷᠡᠭ᠌ᠲᠡᠶ᠄

  ( ᠨᠢᠭᠡ ) ᠡᠭᠦᠳᠡᠨ ᠡᠮᠨᠡᠯᠭᠡ᠎ᠶ᠋ᠢᠨ ᠤᠳᠠᠭᠠᠨ ᠴᠢᠨᠠᠷᠲᠠᠶ ᠣᠨᠴᠠ ᠡᠪᠡᠳᠴᠢᠨ᠎ᠤ ᠭᠠᠷᠴᠠᠭ᠎ᠠᠴᠠ ᠭᠠᠳᠠᠨᠠᠬᠢ ᠡᠪᠡᠳᠴᠢᠨ᠎ᠤ ᠲᠥᠷᠥᠯ᠎ᠤᠨ ᠡᠮᠨᠡᠨ ᠵᠠᠰᠠᠬᠤ ᠡᠮ᠎ᠤᠨ ᠵᠦᠢᠯ᠃

  ( ᠬᠤᠶᠠᠷ ) ᠬᠣᠪᠣᠷ ᠲᠣᠬᠢᠶᠠᠯᠳᠤᠬᠤ ᠡᠪᠡᠳᠴᠢᠨ᠎ᠢ ᠵᠠᠰᠠᠬᠤ᠎ᠳᠤ ᠬᠡᠷᠡᠭᠯᠡᠬᠦ ᠡᠮ᠎ᠤᠨ ᠵᠦᠢ᠍ᠯ᠃

  ( ᠭᠤᠷᠪᠠ ) ᠬᠦᠨᠳᠦ ᠶᠡᠬᠡ ᠡᠪᠡᠳᠴᠢᠨ ᠡᠮᠭᠡᠭ᠎ᠢ ᠡᠮᠨᠡᠨ ᠵᠠᠰᠠᠬᠤ᠎ᠳᠦ ᠬᠡᠷᠡᠭᠯᠡᠬᠦ᠂ ᠦᠨ᠎ᠡ ᠬᠠᠩᠰᠢ ᠨᠢ ᠥᠨᠳᠥᠷ᠂ ᠡᠮᠴᠢᠯᠡᠭᠡᠨ᠎ᠳᠦ ᠡᠷᠬᠡᠪᠰᠢ ᠬᠡᠷᠡᠭᠰᠡᠬᠦ᠂ ᠡᠮᠴᠢᠯᠡᠭᠡᠨ᠎ᠦ ᠲᠤᠰᠠ ᠨᠢ ᠣᠨᠣᠪᠴᠢᠲᠠᠶ᠂ ᠣᠷᠣᠯᠠᠬᠤ ᠴᠢᠨᠠᠷ ᠨᠢ ᠥᠨᠳᠥᠷ ᠪᠤᠰᠤ᠂ ᠡᠮᠨᠡᠨ ᠵᠠᠰᠠᠬᠤ ᠦᠶᠡᠯᠡᠯ᠎ᠦᠨ ᠬᠤᠭᠤᠴᠠᠭ᠎ᠠ ᠨᠢ ᠨᠡᠯᠢᠶᠡᠳ ᠤᠷᠲᠤ ᠡᠮ᠎ᠦᠨ ᠵᠦᠢᠯ᠃

  ᠲᠣᠳᠣᠷᠬᠠᠢᠯᠠᠯᠲᠠ᠄ ( ᠬᠤᠶᠠᠷ ) ᠪᠠ ( ᠭᠤᠷᠪᠠ )᠎ᠶᠢᠨ ᠨᠢᠭᠡ ᠵᠦᠢᠯ᠎ᠢ ᠬᠠᠩᠭᠠᠨ᠎ᠠ᠃

  ᠬᠤᠶᠠᠷ᠂ ᠭᠤᠶᠤᠴᠢᠯᠠᠨ ᠮᠡᠳᠡᠭᠦᠯᠬᠦ᠌ ᠬᠡᠪᠴᠢᠶ᠎ᠡ

  ( ᠨᠢᠭᠡ ) 2026 ᠣᠨ᠎ᠤ ᠬᠡᠪᠯᠡᠯ᠎ᠤᠨ ᠡᠮ᠎ᠤᠨ ᠵᠦᠢᠯ᠎ᠤᠨ ᠭᠠᠷᠴᠠᠭ᠎ᠲᠤ ᠱᠢᠨ᠎ᠡ᠎ᠪᠠᠷ ᠨᠡᠮᠡᠭ᠌ᠳᠡᠭ᠌ᠰᠡᠨ ᠬᠡᠯᠡᠯᠴᠡᠭᠡ ᠬᠢᠭᠰᠡᠨ ᠧᠦ᠋ᠷᠣᠫᠠ ᠡᠮ᠂ ᠦᠨ᠎ᠡ ᠬᠠᠶᠠᠯᠴᠠᠬᠤ ᠡᠮ;

  ( ᠬᠤᠶᠠᠷ ) 2025 ᠣᠨ᠎ᠤ ᠬᠡᠪᠯᠡᠯ᠎ᠤᠨ ᠡᠭᠦᠳᠡᠨ ᠡᠮᠨᠡᠯᠭᠡ᠎ᠶ᠋ᠢᠨ ᠣᠨᠴᠠᠭ᠋ᠠᠢ ᠡᠮ ᠬᠡᠷᠡᠭ᠌ᠯᠡᠬᠦ᠌ ᠭᠠᠷᠴᠠᠭ ᠳᠣᠲᠣᠷᠠᠬᠢ ᠡᠮ᠎ᠤᠨ ᠵᠦᠢᠯ᠎ᠤᠨ ᠰᠢᠨ᠎ᠡ᠎ᠪᠡᠷ ᠨᠡᠮᠡᠭᠳᠡᠭᠰᠡᠨ ᠡᠪᠡᠳᠴᠢᠨ᠎ᠳᠤ ᠵᠣᠬᠢᠴᠠᠬᠤ ᠵᠢᠴᠢ ᠥᠭᠬᠦ ᠬᠡᠪᠴᠢᠶᠡᠨ᠎ᠳᠤ ᠲᠣᠬᠢᠷᠠᠭᠤᠯᠤᠯᠲᠠ ᠬᠢᠭ᠌ᠰᠡᠨ ᠡᠮ᠎ᠤᠨ ᠵᠦᠢᠯ᠃

  ᠭᠤᠷᠪᠠ᠂ ᠭᠤᠶᠤᠴᠢᠯᠠᠨ ᠮᠡᠳᠡᠭᠦᠯᠬᠦ᠌ ᠭᠤᠤᠯ ᠴᠣᠭ᠍ᠴᠠ

  ᠲᠣᠰ ᠤᠳᠠᠭᠠᠨ᠎ᠤ ᠲᠣᠬᠢᠷᠠᠭᠤᠯᠤᠯᠲᠠ᠎ᠶ᠋ᠢᠨ ᠠᠵᠢᠯ᠎ᠳᠤ ᠦᠢᠯᠡᠳᠪᠦᠷᠢᠯᠡᠯ᠎ᠤᠨ ᠠᠵᠤ ᠠᠬᠤᠢᠯᠠᠯ᠎ᠤᠨ ᠭᠤᠶᠤᠴᠢᠯᠠᠨ ᠮᠡᠳᠡᠭᠦᠯᠬᠦ᠌ ᠳᠦᠷᠢᠮ᠎ᠢ ᠬᠡᠷᠡᠭ᠌ᠵᠢᠭᠦᠯᠦᠨ᠎ᠡ᠃ ᠦᠨ᠎ᠡ ᠬᠠᠶᠠᠯᠴᠠᠬᠤ ᠡᠮ᠎ᠦᠨ ᠵᠦᠢᠯ᠎ᠢ ᠭᠤᠶᠤᠴᠢᠯᠠᠨ ᠮᠡᠳᠡᠭᠦᠯᠬᠦ᠌ ᠭᠣᠤᠯ ᠴᠣᠭ᠍ᠴᠠ ᠨᠢ ᠦᠨ᠎ᠡ ᠬᠠᠶᠠᠯᠴᠠᠬᠤ᠎ᠳᠦ ᠣᠷᠣᠯᠴᠠᠬᠤ ᠠᠵᠤ ᠠᠬᠤᠢᠯᠠᠯ ᠪᠣᠯᠤᠨ᠎ᠠ᠃

  ᠳᠥᠷᠪᠡ᠂ ᠭᠤᠶᠤᠴᠢᠯᠠᠨ ᠮᠡᠳᠡᠭᠦᠯᠬᠦ᠌ ᠮᠠᠲ᠋ᠧᠷᠢᠶᠠᠯ

  ( ᠨᠢᠭᠡ ) 《 ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠭᠦᠳᠡᠨ ᠡᠮᠨᠡᠯᠭᠡ᠎ᠶ᠋ᠢᠨ ᠣᠨᠴᠠᠭᠠᠢ ᠡᠮ ᠬᠡᠷᠡᠭ᠌ᠯᠡᠬᠦ᠌ ᠭᠠᠷᠴᠠᠭ 》᠎ᠤᠨ ᠭᠤᠶᠤᠴᠢᠯᠠᠯ᠎ᠤᠨ ᠵᠠᠬᠢᠳᠠᠯ᠎ᠳᠤ ᠣᠷᠣᠭᠤᠯᠤᠨ᠎ᠠ᠂ ᠡᠭᠦᠨ᠎ᠳᠤ ᠭᠤᠶᠤᠴᠢᠯᠠᠨ ᠮᠡᠳᠡᠭᠦᠯᠦᠭ᠌ᠰᠡᠨ ᠡᠮ᠎ᠤᠨ ᠵᠦᠢᠯ᠎ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠡᠮᠨᠡᠯᠭᠡ᠎ᠶ᠋ᠢᠨ ᠬᠤᠷᠢᠶ᠎ᠠ ᠵᠢᠴᠢ ᠡᠮ᠎ᠤᠨ ᠳᠡᠯᠭᠡᠭᠦᠷ᠎ᠲᠤ ᠬᠠᠩᠭᠠᠬᠤ ᠪᠠᠲᠤᠯᠠᠭ᠎ᠠ᠎ᠶ᠋ᠢᠨ ᠪᠠᠢᠳᠠᠯ ᠪᠠᠭ᠍ᠲᠠᠨ᠎ᠠ;

  ( ᠬᠤᠶᠠᠷ ) 《 ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠭᠦᠳᠡᠨ ᠡᠮᠨᠡᠯᠭᠡ᠎ᠶ᠋ᠢᠨ ᠣᠨᠴᠠᠭ᠋ᠠᠢ ᠡᠮ ᠬᠡᠷᠡᠭ᠌ᠯᠡᠬᠦ᠌ ᠭᠠᠷᠴᠠᠭ 》 ᠎ᠲᠤ ᠣᠷᠣᠭᠤᠯᠬᠤ ᠭᠤᠶᠤᠴᠢᠯᠠᠯ᠎ᠤᠨ ᠬᠦᠰᠦᠨᠦᠭ᠌ᠲᠦ ( ᠳᠠᠭᠠᠯᠳᠤᠭᠤᠯᠤᠯ 1 )

  ( ᠭᠤᠷᠪᠠ ) ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠭᠦᠳᠡᠨ ᠡᠮᠨᠡᠯᠭᠡ᠎ᠶ᠋ᠢᠨ ᠣᠨᠴᠠᠭ᠋ᠠᠢ ᠡᠮ ᠬᠡᠷᠡᠭ᠌ᠯᠡᠬᠦ᠌ ᠭᠠᠷᠴᠠᠭ᠎ᠤᠨ ᠭᠤᠶᠤᠴᠢᠯᠠᠨ ᠮᠡᠳᠡᠭᠦᠯᠬᠦ᠌ ᠮᠠᠲᠸᠷᠢᠶᠠᠯ᠎ᠤᠨ ᠠᠮᠠᠯᠠᠯᠲᠠ᠎ᠶᠢᠨ ᠪᠢᠴᠢᠭ ( ᠳᠠᠭᠠᠯᠳᠤᠭᠤᠯᠤᠯ 2 )

  ( ᠲᠦᠷᠪᠡ ) ᠬᠠᠤᠯᠢ᠎ᠳᠤ ᠲᠣᠭ᠍ᠲᠠᠭᠠᠭ᠍ᠰᠠᠨ ᠡᠮ᠎ᠦᠨ ᠵᠦᠢᠯ᠎ᠦᠨ ᠲᠣᠳᠣᠷᠬᠠᠢᠯᠠᠯᠲᠠ᠎ᠶ᠋ᠢᠨ ᠪᠢᠴᠢᠭ᠌;

  ( ᠲᠠᠪᠤ ) ᠡᠮ᠎ᠦᠨ ᠵᠦᠢᠯ᠎ᠢ ᠱᠢᠯᠵᠢᠭᠦᠯᠦᠨ ᠭᠠᠷᠭᠠᠬᠤ᠎ᠪᠠᠷ ᠭᠤᠶᠤᠴᠢᠯᠠᠨ ᠮᠡᠳᠡᠭᠦᠯᠬᠦ᠌᠎ᠳᠤ ᠵᠥᠪᠬᠡᠨ ᠭᠤᠶᠤᠴᠢᠯᠠᠯ᠎ᠤᠨ ᠵᠠᠬᠢᠳᠠᠯ ᠲᠤᠱᠢᠶᠠᠨ᠎ᠠ᠃

  ᠲᠠᠪᠤ᠂ ᠭᠤᠶᠤᠴᠢᠯᠠᠨ ᠮᠡᠳᠡᠭᠦᠯᠬᠦ᠌ ᠠᠷᠭ᠎ᠠ ᠮᠠᠶᠢᠭ ᠵᠢᠴᠢ ᠴᠠᠭ ᠬᠤᠭᠤᠴᠠᠭ᠎ᠠ

  ( ᠨᠢᠭᠡ ) ᠰᠦᠯᠵᠢᠶᠡᠨ ᠳᠡᠭᠡᠷ᠎ᠡ ᠮᠠᠲ᠋ᠧᠷᠢᠶᠠᠯ ᠬᠦᠷᠭᠡᠬᠦ᠌ ᠠᠷᠭ᠎ᠠ ᠵᠠᠮ᠄ ᠬᠤᠯᠪᠣᠭ᠍ᠳᠠᠯ ᠪᠥᠬᠦᠶ ᠠᠵᠤ ᠠᠬᠤᠢᠯᠠᠯ᠎ᠤᠳ ᠭᠤᠶᠤᠴᠢᠯᠠᠨ ᠮᠡᠳᠡᠭᠦᠯᠬᠦ᠌ ᠮᠠᠲ᠋ᠧᠷᠢᠶᠠᠯ ( Excel ᠬᠡᠪᠯᠡᠯ ᠵᠢᠴᠢ ᠲᠠᠮᠠᠭ᠎ᠠ ᠳᠠᠷᠤᠭ᠍ᠰᠠᠨ PDF ᠬᠡᠪᠯᠡᠯ )᠎ᠢ ᠡᠯᠧᠺᠲᠷᠣᠨ ᠱᠢᠤᠳᠠᠨ᠎ᠤ ᠬᠠᠢᠷᠴᠠᠭ ( nmgyyfw glc@163.com  )᠎ᠳᠤ ᠢᠯᠡᠭᠡᠨ᠎ᠡ᠂ ᠮᠡᠳᠡᠭᠦᠯᠬᠦ ᠢᠮᠸᠯ᠎ᠤᠨ ᠭᠤᠤᠯ ᠰᠡᠳᠦᠪ᠎ᠢ ᠨᠢᠭᠡᠳᠦᠯᠲᠡᠶ ᠨᠡᠷᠡᠢᠳᠬᠦ᠌ ᠬᠡᠯᠪᠡᠷᠢ ᠪᠣᠯ᠄ ᠬᠠᠷᠢᠯᠴᠠᠬᠤ ᠬᠥᠮᠦᠨ᠎ᠤ ᠣᠪᠣᠭ ᠨᠡᠷ᠎ᠡ + ᠠᠵᠤ ᠠᠬᠤᠢᠯᠠᠯ᠎ᠤᠨ ᠨᠡᠷᠡᠢᠳᠦᠯ + ᠬᠠᠷᠢᠯᠴᠠᠬᠤ ᠤᠲᠠᠰᠤ ᠪᠣᠯᠣᠨ᠎ᠠ᠃ ᠮᠡᠳᠡᠭᠦᠯᠬᠦ᠌ ᠳ᠋ᠤ ᠶᠠᠮᠠᠷ ᠴᠤ᠌ ᠰᠦᠢ᠍ᠳᠬᠡᠯ ᠬᠤᠷᠢᠶᠠᠬᠤ ᠦᠭᠡᠢ᠃ ᠮᠠᠲ᠋ᠧᠷᠢᠶᠠᠯ ᠪᠦᠷᠢᠨ ᠪᠤᠰᠤ᠂ ᠣᠷᠬᠢᠭ᠍ᠳᠠᠭᠤᠯᠤᠭ᠍ᠰᠠᠨ ᠮᠥᠷᠲᠡᠭᠡᠨ ᠭᠥᠯᠢᠶᠡᠨ ᠠᠪᠴᠤ᠌ ᠱᠢᠢᠳᠪᠦᠷᠢᠯᠡᠬᠦ᠌ ᠴᠠᠭ᠎ᠤᠨ ᠳᠣᠲᠣᠷ᠎ᠠ ᠪᠦᠷᠢᠨ ᠨᠥᠬᠦᠪᠦᠷᠢᠯᠡᠬᠦ᠌ ᠦᠭᠡᠢ ᠪᠤᠶᠤ ᠭᠥᠯᠢᠶᠡᠨ ᠠᠪᠴᠤ᠌ ᠱᠢᠢᠳᠪᠦᠷᠢᠯᠡᠬᠦ᠌ ᠴᠠᠭ᠎ᠠᠴᠠ ᠬᠡᠲᠦᠷᠡᠭᠦᠯᠦᠨ ᠲᠤᠱᠢᠶᠠᠭ᠍ᠰᠠᠨ ᠪᠣᠯ᠂ ᠮᠠᠨ᠎ᠤ ᠲᠣᠪᠴᠢᠶ᠎ᠠ ᠭᠥᠯᠢᠶᠡᠨ ᠠᠪᠴᠤ᠌ ᠱᠢᠢᠳᠪᠦᠷᠢᠯᠡᠬᠦ᠌ ᠦᠭᠡᠢ᠃

  ( ᠬᠤᠶᠠᠷ ) ᠰᠦᠯᠵᠢᠶᠡᠨ ᠭᠠᠳᠠᠨ᠎ᠠ ᠮᠠᠲ᠋ᠧᠷᠢᠶᠠᠯ ᠬᠦᠷᠭᠡᠬᠦ᠌ ᠠᠷᠭ᠎ᠠ ᠵᠠᠮ᠄ ᠴᠠᠭᠠᠰᠤᠨ ᠬᠡᠪᠯᠡᠯ᠎ᠤᠨ ᠮᠠᠲ᠋ᠧᠷᠢᠶᠠᠯ᠎ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ᠎ᠶ᠋ᠢᠨ ᠱᠢᠨᠬᠤᠸᠠ ᠶᠡᠭᠡ ᠵᠡᠭᠡᠯᠢ᠎ᠶ᠋ᠢᠨ 167 ᠳ᠋ᠤᠭᠠᠷ ᠲᠣᠭ᠋ᠠᠲᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ 613 ᠳ᠋ᠤᠭᠠᠷ ᠲᠠᠰᠤᠭ᠂ ᠭᠥᠯᠢᠶᠡᠨ ᠠᠪᠤᠭ᠍ᠴᠢ᠎ᠶ᠋ᠢᠨ ᠡᠮ ᠡᠮᠨᠡᠯᠭᠡ᠎ᠶ᠋ᠢᠨ ᠦᠢᠯᠡᠴᠢᠯᠡᠭᠡᠨ᠎ᠤ ᠬᠠᠮᠢᠶᠠᠷᠤᠯᠲᠠ᠎ᠶ᠋ᠢᠨ ᠭᠠᠵᠠᠷ᠎ᠲᠤ ᠱᠢᠤᠳᠠᠨ᠎ᠢᠶᠠᠷ ᠢᠯᠡᠭᠡᠨ᠎ᠡ᠃ ᠰᠦᠯᠵᠢᠶᠡᠨ ᠭᠠᠳᠠᠨ᠎ᠠ ᠬᠦᠷᠭᠡᠬᠦ᠌᠎ᠶᠢ ᠢᠵᠢᠯ ᠠᠯᠬᠤᠮ᠎ᠢᠶᠠᠷ ᠰᠦᠯᠵᠢᠶᠡᠨ ᠳᠡᠭᠡᠷ᠎ᠡ ᠳᠠᠭᠠᠯᠳᠤᠭᠤᠯᠤᠯ 1᠎ᠶᠢᠨ Excel ᠬᠡᠪᠯᠡᠯ᠎ᠢ᠋ ᠮᠡᠳᠡᠭᠦᠯᠦᠨ ᠬᠦᠷᠭᠡᠬᠦ᠌ ᠬᠡᠷᠡᠭ᠌ᠲᠡᠢ᠃

  ( ᠭᠤᠷᠪᠠ ) ᠭᠤᠶᠤᠴᠢᠯᠠᠨ ᠮᠡᠳᠡᠭᠦᠯᠬᠦ᠌ ᠬᠤᠭᠤᠴᠠᠭ᠎ᠠ᠎ᠨᠢ 2025 ᠣᠨ᠎ᠤ 12 ᠳ᠋ᠤᠭ᠋ᠠᠷ ᠰᠠᠷ᠎ᠠ᠎ᠶ᠋ᠢᠨ 17 ᠎ᠤ ᠡᠳᠦᠷ ᠪᠣᠯᠲᠠᠯ᠎ᠠ᠃

  ᠵᠢᠷᠭᠤᠭ᠎ᠠ᠂ ᠦᠷ᠎ᠡ ᠳ᠋ᠦᠩ᠎ᠢ ᠢᠯᠡ ᠨᠡᠢᠲᠡᠯᠡᠬᠦ᠌

  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ 《 ᠦᠨᠳᠦᠰᠦᠨ ᠵᠦᠢᠯ᠎ᠢ ᠪᠠᠲᠤᠯᠠᠬᠤ 》 ᠴᠢᠳᠠᠮᠵᠢ᠎ᠶ᠋ᠢᠨ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠵᠤ᠂ ᠡᠮ ᠬᠡᠷᠡᠭ᠌ᠯᠡᠬᠦ᠌ ᠪᠠᠲᠤᠯᠠᠭ᠎ᠠ᠎ᠶ᠋ᠢᠨ ᠬᠠᠮᠢᠶᠠᠷᠤᠯᠲᠠ᠎ᠶ᠋ᠢ ᠵᠢᠷᠤᠮᠵᠢᠭᠤᠯᠤᠨ᠂ ᠡᠷᠬᠡ ᠲᠡᠭ᠌ᠰᠢ᠂ ᠲᠥᠪ ᠭᠤᠤᠯᠴᠢ᠂ ᠢᠯᠡ ᠪᠠᠢᠯᠭᠠᠬᠤ ᠵᠠᠷᠴᠢᠮ᠎ᠢ ᠪᠠᠷᠢᠮᠲᠠᠯᠠᠵᠤ ᠮᠠᠲ᠋ᠧᠷᠢᠶᠠᠯ᠎ᠢ ᠬᠢᠨᠠᠨ ᠬᠠᠷᠭᠤᠭᠤᠯᠬᠤ ᠵᠢᠴᠢ ᠲᠤᠰᠭᠠᠶ ᠮᠡᠷᠭᠡᠵᠢᠯᠲᠡᠨ᠎ᠤ ᠬᠢᠨᠠᠨ ᠲᠣᠭ᠍ᠲᠠᠭᠠᠬᠤ ᠠᠵᠢᠯ᠎ᠢ ᠬᠢᠵᠦ᠍᠂ ᠡᠴᠦᠰ᠎ᠤᠨ ᠦᠷ᠎ᠡ ᠳ᠋ᠦᠩ᠎ᠢ ᠴᠠᠭ ᠲᠤᠬᠠᠶ᠎ᠳᠤ ᠨᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠠᠯᠪᠠᠨ ᠰᠦᠯᠵᠢᠶᠡᠨ᠎ᠳᠤ ᠨᠡᠢᠲᠡᠯᠡᠨ᠎ᠡ᠃

 

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ

2025 ᠣᠨ᠎ᠤ 12 ᠳ᠋ᠤᠭ᠋ᠠᠷ ᠰᠠᠷ᠎ᠠ᠎ᠶ᠋ᠢᠨ 15 ᠎ᠤ ᠡᠳᠦᠷ

 

ᠳᠠᠭᠠᠯᠳᠤᠭᠤᠯᠤᠯ᠄

ᠳᠠᠭᠠᠯᠳᠤᠭᠤᠯᠤᠯ 1᠄ 《ᠥᠪᠥᠷ ᠮᠣᠩᠭᠤᠯ᠎ᠤᠨ ᠡᠭᠦᠳᠡᠨ ᠡᠮᠨᠡᠯᠭᠡ᠎ᠶ᠋ᠢᠨ ᠣᠨᠴᠠᠭ᠋ᠠᠢ ᠡᠮ ᠬᠡᠷᠡᠭ᠌ᠯᠡᠬᠦ᠌ ᠭᠠᠷᠴᠠᠭ 》᠎ᠤᠨ ᠭᠤᠶᠤᠴᠢᠯᠠᠯ᠎ᠤᠨ ᠬᠦᠰᠦᠨᠦᠭ᠎ᠲᠤ ᠣᠷᠤᠭᠤᠯᠤᠨ᠎ᠠ.xlsx

ᠳᠠᠭᠠᠯᠳᠤᠭᠤᠯᠤᠯ 2᠄ 《 ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠭᠦᠳᠡᠨ ᠡᠮᠨᠡᠯᠭᠡ᠎ᠶ᠋ᠢᠨ  ᠣᠨᠴᠠᠭ᠋ᠠᠢ ᠡᠮ ᠬᠡᠷᠡᠭ᠌ᠯᠡᠬᠦ᠌ ᠭᠠᠷᠴᠠᠭ 》᠎ᠤᠨ ᠮᠡᠳᠡᠭᠦᠯᠬᠦ᠌ ᠮᠠᠲ᠋ᠧᠷᠢᠶᠠᠯ᠎ᠤᠨ ᠠᠮᠠᠯᠠᠯᠲᠠ᠎ᠶ᠋ᠢᠨ ᠪᠢᠴᠢᠭ.docx 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            