ᠡᠯ᠎ᠡ ᠠᠶ᠋ᠢᠮᠠᠭ ᠬᠤᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠮᠠᠨᠵᠤᠤᠷ ᠬᠤᠲᠠ᠂ ᠡᠷᠢᠶᠡᠨ ᠬᠤᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠳᠤ᠄
ᠡᠮᠴᠢᠯᠡᠭᠡᠨ᠎ᠤ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢᠨ ᠤᠷᠮᠠᠰᠢᠭᠤᠯᠤᠨ ᠬᠥᠲᠥᠯᠥᠨ ᠵᠢᠯᠣᠭᠤᠳᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠮᠠᠨ᠎ᠤ ᠣᠷᠣᠨ᠎ᠤ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠴᠢᠨᠠᠷ ᠰᠠᠶ᠋ᠢᠲᠠᠶ ᠬᠥᠭᠵᠢᠯᠲᠡ ᠵᠢ ᠳᠡᠮᠵᠢᠵᠦ᠂ ᠣᠯᠠᠨ ᠲᠦᠮᠡᠨ᠎ᠳᠤ ᠨᠠᠩ ᠠᠮᠤᠷ ᠲᠦᠪᠰᠢᠨ᠂ ᠳᠥᠭᠦᠮ ᠳᠥᠲᠡ ᠪᠥᠭᠡᠳ ᠦᠨ᠎ᠡ ᠬᠠᠩᠰᠢ᠎ᠨᠢ ᠵᠦᠶ ᠵᠣᠬᠢᠰᠲᠠᠶ ᠡᠮ ᠡᠮᠨᠡᠯᠭᠡ ᠵᠢᠨ ᠦᠢ᠍ᠯᠡᠴᠢᠯᠡᠭᠡ ᠬᠠᠩᠭ᠋ᠠᠬᠤ ᠵᠢᠨ ᠲᠤᠰᠠᠳᠠ᠂ ᠳᠣᠤᠷᠠᠬᠢ ᠮᠡᠲᠦ ᠪᠣᠳᠠᠲᠠᠶ ᠠᠷᠭ᠎ᠠ ᠬᠡᠮᠵᠢᠶ᠎ᠡ᠎ᠨᠦᠭᠦᠳ᠎ᠢ ᠳᠤᠷᠠᠳᠪᠠ᠃
ᠨᠢᠭᠡ᠂ ᠨᠢᠭᠲᠠ ᠬᠡᠯᠪᠡᠷᠢ ᠵᠢᠨ ᠰᠢᠶᠠᠨ᠎ᠤ ᠬᠡᠪᠴᠢᠶᠡᠨ᠎ᠳᠠᠬᠢ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠶᠡᠷᠦᠩᠬᠡᠶ ᠲᠤᠭ᠎ᠠ ᠵᠢᠨ ᠰᠦᠢ᠍ᠳᠬᠡᠯ ᠲᠤᠰᠢᠶᠠᠬᠤ ᠲᠣᠭᠲᠠᠴᠠ ᠵᠢ ᠪᠠᠶ᠋ᠢᠭᠤᠯᠤᠨ᠎ᠠ
ᠰᠢᠶᠡᠨ᠎ᠤ ᠭᠡᠪᠴᠢᠶᠡᠨ᠎ᠳᠠᠬᠢ ᠡᠮᠴᠢᠯᠡᠭᠡᠨ᠎ᠤ ᠲᠠᠭ᠋ᠠᠳᠬᠠᠯ᠎ᠤᠨ ᠰᠠᠭᠤᠷᠢ ᠮᠦᠡᠭᠬᠦ ᠵᠢᠨ ᠣᠷᠣᠯᠭ᠎ᠠ ᠵᠠᠷᠣᠯᠭ᠎ᠠ ᠵᠢᠨ ᠪᠠᠶ᠋ᠢᠳᠡᠯ᠎ᠢ ᠨᠢᠭᠡᠳᠦᠯᠳᠡᠢ ᠳᠥᠯᠥᠪᠯᠡᠨ ᠪᠤᠳᠣᠯᠬᠢᠯᠠᠵᠦ᠂ 《ᠵᠠᠰᠠᠭ ᠵᠠᠬᠢᠷᠭ᠋ᠠᠨ᠂ ᠠᠵᠢᠯᠳᠡᠨ᠂ ᠲᠣᠬᠠᠶ᠋ᠢᠯᠬᠠᠰᠠᠨ ᠠᠵᠢᠯ》᠎ᠢ ᠨᠢᠭᠡᠳᠦᠯᠳᠡᠢ ᠪᠤᠶᠤ ᠨᠢᠭᠡᠳᠦᠯᠳᠡᠢ ᠳᠥᠯᠥᠪᠯᠡᠨ ᠬᠠᠮᠢᠶᠡᠷᠴᠥ᠂ 《ᠡᠳ᠋᠎ᠤᠨ ᠶᠠᠪᠤᠳᠡᠯ᠂ ᠡᠮ᠎ᠤᠨ ᠵᠦᠢ᠍ᠯ ᠪᠠ ᠪᠠᠭ᠋ᠠᠵᠢ ᠪᠠᠭ᠋ᠠᠵᠢ᠂ ᠠᠵᠢᠯ᠎ᠤᠨ ᠠᠮᠵᠢᠯᠳᠡ ᠪᠦᠳᠦᠮᠵᠢ ᠵᠢ ᠰᠢᠯᠭ᠋ᠠᠨ ᠬᠢᠨᠠᠬᠤ》 ᠵᠢ ᠨᠢᠭᠡᠳᠦᠯᠳᠡᠢ ᠬᠠᠮᠢᠶᠡᠷᠬᠤ ᠵᠢᠨ ᠬᠠᠮᠳᠣ ᠪᠤᠳᠡᠳᠡᠢ ᠠᠵᠢᠯᠯᠠᠭᠤᠯᠤᠭᠰᠠᠨ ᠨᠢᠠᠠᠳᠡ ᠭᠡᠯᠪᠡᠷᠢ ᠵᠢᠨ ᠰᠢᠶᠡᠨ᠎ᠤ ᠭᠡᠪᠴᠢᠶᠡᠨ᠎ᠳᠠᠬᠢ ᠡᠮᠴᠢᠯᠡᠭᠡᠨ᠎ᠤ ᠬᠠᠮᠳᠣ ᠵᠢᠨ ᠴᠣᠠᠠᠴᠠ᠎ᠳᠤ ᠡᠮᠴᠢᠯᠡᠭᠡᠨ᠎ᠤ ᠲᠠᠭ᠋ᠠᠳᠬᠠᠯ᠎ᠤᠨ ᠰᠠᠭᠤᠷᠢ ᠮᠦᠡᠭᠬᠦ ᠵᠢᠨ ᠶᠡᠷᠦᠩᠭᠡᠢ ᠲᠤᠭ᠎ᠠ᠎ᠪᠠᠷ ᠵᠠᠷᠣᠳᠡᠯ ᠲᠣᠰᠢᠶᠡᠬᠤ ᠵᠢ ᠪᠦᠬᠦ ᠳᠡᠯ᠎ᠠ᠎ᠪᠠᠷ ᠭᠡᠷᠡᠭᠵᠢᠬᠦᠯᠦᠨ᠎ᠡ᠃ ᠶᠡᠷᠦᠩᠭᠡᠢ ᠲᠤᠭ᠎ᠠ ᠵᠢᠨ ᠵᠠᠷᠣᠳᠡᠯ᠎ᠤᠨ ᠭᠡᠪᠴᠢᠶ᠎ᠠ ᠵᠢ ᠵᠠᠷᠴᠢᠮ ᠳᠡᠭᠡᠷ᠎ᠠ᠎ᠪᠠᠨ ᠲᠠᠭ᠋ᠠᠳᠬᠠᠯ᠎ᠳᠤ ᠣᠷᠣᠯᠴᠬᠠᠰᠠᠳ᠎ᠤᠨ ᠡᠮᠴᠢᠯᠡᠭᠡᠨ᠎ᠤ ᠬᠠᠮᠳᠣ ᠵᠢᠨ ᠴᠣᠠᠠᠴᠠ ᠵᠢᠨ ᠲᠣᠳᠣᠷ᠎ᠠ ᠭᠠᠳᠠᠨᠠᠬᠢ ᠡᠬᠦᠳᠡᠨ ᠡᠮᠨᠡᠯᠭᠡ ᠵᠢᠴᠢ ᠡᠮᠨᠡᠯᠭᠡ᠎ᠳᠤ ᠰᠠᠭᠤᠵᠦ ᠡᠮᠨᠡᠬᠦᠯᠬᠦ᠎ᠳᠤ ᠭᠡᠷᠡᠭᠯᠡᠬᠦ ᠪᠤᠢ ᠪᠦᠬᠦᠢ ᠦᠨᠳᠣᠰᠣᠡ ᠡᠮᠴᠢᠯᠡᠭᠡᠨ᠎ᠤ ᠲᠠᠭ᠋ᠠᠳᠬᠠᠯ᠎ᠤᠨ ᠨᠢᠭᠡᠳᠦᠯᠳᠡᠢ ᠳᠥᠯᠥᠪᠯᠡᠬᠦ ᠰᠠᠭᠤᠷᠢ ᠮᠦᠡᠭᠬᠦ ᠵᠢ ᠪᠠᠭᠳᠠᠭ᠋ᠠᠨ᠎ᠠ᠃ ᠣᠨ᠎ᠤ ᠰᠢᠯᠭ᠋ᠠᠨ ᠬᠢᠨ᠋ᠬᠠᠰᠠᠨ ᠦᠷ᠎ᠠ ᠳ᠋ᠦᠩ᠎ᠲᠠᠢ ᠣᠶᠠᠯᠳᠣᠭᠤᠯᠥᠨ᠂ ᠡᠮᠴᠢᠯᠡᠭᠡᠨ᠎ᠤ ᠲᠠᠭ᠋ᠠᠳᠬᠠᠯ᠎ᠤᠨ ᠰᠠᠭᠤᠷᠢ ᠮᠦᠡᠭᠬᠦ ᠵᠢᠨ 《ᠦᠯᠡᠳᠡᠪᠦᠷᠢ᠎ᠪᠠᠨ ᠦᠯᠡᠳᠡᠭᠡᠨ ᠭᠡᠷᠡᠭᠯᠡᠬᠦ᠂ ᠭᠡᠳᠦᠷᠡᠭᠰᠡᠨ ᠵᠠᠷᠣᠯᠭ᠎ᠠ ᠵᠢ ᠵᠦᠢ ᠵᠤᠬᠢᠰᠳᠡᠢ᠎ᠪᠠᠷ ᠬᠤᠪᠢᠶᠡᠷᠢᠯᠡᠨ ᠡᠬᠦᠷᠭᠡᠯᠡᠬᠦ》 ᠪᠦᠷᠢᠨ ᠳᠡᠬᠦᠯᠳᠡᠷ ᠲᠣᠠᠠᠳᠡᠴᠠ ᠵᠢ ᠪᠠᠶ᠋ᠢᠭᠤᠯᠵᠦ᠂ ᠡᠮᠴᠢᠯᠡᠭᠡᠨ᠎ᠤ ᠬᠠᠮᠳᠣ ᠵᠢᠨ ᠴᠣᠠᠠᠴᠠ ᠵᠢᠨ ᠢᠳᠡᠪᠬᠢᠵᠢᠯ ᠪᠠ ᠰᠠᠨᠠᠭ᠋ᠠᠴᠢᠯᠠᠭ᠋ᠠᠳᠦ ᠴᠢᠨᠡᠷ᠎ᠢ ᠬᠦᠢ᠍ᠴᠡᠳ ᠳᠡᠶ᠋ᠢᠴᠢᠯᠠᠨᠠ᠃ ᠡᠮᠴᠢᠯᠡᠭᠡᠨ᠎ᠤ ᠡᠬᠢ ᠪᠠᠶᠠᠯᠢᠭ᠎ᠢ ᠳᠣᠣᠷ᠎ᠠ ᠱᠠᠲᠤᠨ᠎ᠳᠤ ᠪᠠᠭᠤᠯᠭ᠋ᠠᠬᠤ ᠪᠠ ᠲᠡᠩᠴᠡᠭᠦᠷᠢᠲᠡᠶ ᠪᠠᠶ᠋ᠢᠷᠢᠰᠢᠭᠤᠯᠬᠤ ᠵᠢ ᠬᠥᠲᠥᠯᠦᠨ ᠵᠢᠯᠣᠭᠤᠳᠴᠤ᠂ ᠦᠨᠳᠦᠰᠦᠨ ᠱᠠᠲᠤᠨ᠎ᠤ ᠡᠮᠴᠢᠯᠡᠭᠡᠨ᠎ᠤ ᠦᠢ᠍ᠯᠡᠴᠢᠯᠡᠭᠡᠨ᠎ᠤ ᠴᠢᠳᠠᠪᠤᠷᠢ ᠵᠢ ᠠᠯᠬᠤᠮ ᠠᠯᠬᠤᠮ ᠵᠶ᠋ᠠᠷ ᠳᠡᠭᠡᠭᠰᠢᠯᠡᠭᠦᠯᠦᠨ᠂ 《ᠦᠨᠳᠦᠰᠦᠨ ᠱᠠᠲᠤᠨ᠎ᠳᠤ ᠠᠩᠬ᠎ᠠ ᠣᠨᠣᠰᠢᠯᠠᠬᠤ᠂ ᠬᠤᠤᠰ ᠴᠢᠭᠯᠡᠯ ᠵᠶ᠋ᠠᠷ ᠰᠢᠯᠵᠢᠭᠦᠯᠦᠨ ᠣᠨᠣᠰᠢᠯᠠᠬᠤ᠂ ᠲᠦᠷᠭᠡᠨ ᠤᠳᠠᠭ᠋ᠠᠨ ᠴᠢᠨᠠᠷᠲᠠᠶ ᠡᠪᠡᠳᠴᠢᠲᠡᠨ᠎ᠢ ᠰᠠᠯᠭ᠋ᠠᠨ ᠡᠮᠨᠡᠬᠦ᠂ ᠳᠡᠭᠡᠳᠦ ᠳᠣᠤᠷᠠᠳᠤ ᠱᠠᠲᠤ ᠬᠤᠯᠪᠣᠭ᠋ᠠᠯᠠᠨ ᠬᠥᠳᠡᠯᠦᠯᠴᠡᠬᠦ》 ᠱᠠᠲᠤ ᠬᠤᠪᠢᠶᠠᠨ ᠣᠨᠣᠰᠢᠯᠠᠨ ᠡᠮᠨᠡᠬᠦ ᠪᠠᠶ᠋ᠢᠷᠢᠰᠢᠯ᠎ᠢ ᠪᠠᠶ᠋ᠢᠭᠤᠯᠬᠤ ᠵᠢ ᠠᠬᠢᠭᠤᠯᠤᠨ᠎ᠠ᠃
ᠬᠤᠶᠠᠷ᠂ ᠦᠨᠳᠦᠰᠦᠨ ᠱᠠᠲᠤᠨ᠎ᠤ ᠡᠮᠴᠢᠯᠡᠭᠡᠨ᠎ᠤ ᠳᠠᠭ᠋ᠠᠳᠬᠠᠯ᠎ᠤᠨ ᠣᠯᠭᠤᠮᠵᠢ ᠵᠢᠨ ᠬᠡᠯᠪᠠᠶ᠋ᠢᠯᠭᠡᠬᠦ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ᠎ᠠ
ᠡᠮᠴᠢᠯᠡᠭᠡᠨ᠎ᠤ ᠪᠠᠶ᠋ᠢᠭᠤᠯᠤᠮᠵᠢ ᠵᠢᠨ ᠵᠡᠷᠭᠡ ᠳᠡᠰ ᠪᠠ ᠴᠢᠳᠠᠮᠵᠢ ᠵᠢᠨ ᠪᠠᠶ᠋ᠢᠷᠢ ᠲᠣᠭᠲᠠᠭ᠋ᠠᠯᠲᠠ ᠵᠢ ᠦᠨᠳᠦᠰᠦᠯᠡᠨ᠂ ᠵᠦᠷᠢᠶᠡᠴᠢᠯᠡᠭᠰᠡᠨ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠳᠠᠭ᠋ᠠᠳᠬᠠᠯ᠎ᠳᠤ ᠣᠷᠣᠯᠴᠠᠭᠰᠠᠨ ᠡᠪᠡᠳᠴᠢᠲᠡᠨ᠎ᠤ ᠨᠢᠭᠡᠳᠦᠭᠡᠷ᠂ ᠬᠤᠶᠠᠳᠤᠭ᠋ᠠᠷ᠂ ᠭᠤᠷᠪᠠᠳᠤᠭ᠋ᠠᠷ ᠳᠡᠰ᠎ᠤᠨ ᠡᠮᠴᠢᠯᠡᠭᠡᠨ᠎ᠤ ᠪᠠᠶ᠋ᠢᠭᠤᠯᠤᠮᠵᠢ᠎ᠳᠤ ᠡᠪᠡᠳᠴᠢᠨ ᠦᠵᠡᠭᠦᠯᠬᠦ ᠵᠢᠨ ᠡᠬᠢᠯᠡᠵᠦ ᠥᠭᠬᠦ ᠪᠠᠷᠢᠮᠵᠢᠶ᠎ᠠ ᠪᠠ ᠲᠣᠭ᠋ᠠᠴᠠᠭ᠎ᠠ ᠬᠢᠬᠦ ᠬᠠᠷᠢᠴᠠᠯ᠎ᠢ ᠵᠣᠬᠢᠰᠲᠠᠶ ᠥᠷᠭᠡᠳᠬᠡᠵᠦ᠂ ᠡᠪᠡᠳᠴᠢᠲᠡᠨ᠎ᠢ ᠬᠥᠲᠥᠯᠦᠨ ᠵᠢᠯᠣᠭᠤᠳᠴᠤ ᠪᠠᠶ᠋ᠢᠭ᠋ᠠᠳ ᠡᠪᠡᠳᠴᠢᠨ ᠦᠵᠡᠭᠦᠯᠬᠦ ᠪᠠᠶ᠋ᠢᠭᠤᠯᠤᠮᠵᠢ ᠵᠢ ᠵᠦᠶ ᠵᠣᠬᠢᠰᠲᠠᠶ ᠰᠣᠩᠭᠣᠭᠣᠯᠣᠨᠠ; ᠡᠭᠦᠳᠡᠨ ᠡᠮᠨᠡᠯᠭᠡ ᠵᠢᠨ ᠪᠠᠲᠤᠯᠠᠭ᠎ᠠ ᠵᠢᠨ ᠬᠢᠷᠢ ᠲᠦᠪᠰᠢᠨ᠎ᠢ ᠲᠣᠭᠲᠠᠭᠤᠨ ᠵᠶ᠋ᠠᠷ ᠳᠡᠭᠡᠭᠰᠢᠯᠡᠭᠦᠯᠬᠦ ᠵᠢᠨ ᠬᠠᠮᠲᠤ ᠦᠨᠳᠦᠰᠦᠨ ᠱᠠᠲᠤᠨ᠎ᠤ ᠡᠮᠴᠢᠯᠡᠭᠡᠨ᠎ᠤ ᠪᠠᠶ᠋ᠢᠭᠤᠯᠤᠮᠵᠢ ᠲᠡᠢ᠌ᠰᠢ ᠬᠡᠯᠪᠠᠶ᠋ᠢᠯᠭᠡᠵᠦ᠂ ᠡᠩ᠎ᠤᠨ ᠡᠪᠡᠳᠴᠢᠨ ᠵᠢᠴᠢ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ ᠵᠡᠷᠭᠡ ᠤᠳᠠᠭ᠋ᠠᠨ ᠴᠢᠨᠠᠷᠲᠠᠢ ᠡᠪᠡᠳᠴᠢᠲᠡᠨ᠎ᠤ ᠳᠠᠭ᠋ᠠᠳᠬᠠᠯ᠎ᠳᠤ ᠣᠷᠣᠯᠴᠠᠭᠰᠠᠳ᠎ᠢ ᠤᠷᠢᠳ ᠵᠶ᠋ᠠᠷ ᠦᠨᠳᠦᠰᠦᠨ ᠱᠠᠲᠤᠨ᠎ᠳᠤ ᠰᠣᠩᠭᠤᠨ ᠡᠮᠨᠡᠭᠦᠯᠵᠦ᠂ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠡᠮᠴᠢᠯᠡᠭᠡᠨ᠎ᠤ ᠦᠢ᠍ᠯᠡᠴᠢᠯᠡᠭᠡᠨ᠎ᠤ ᠲᠣᠭᠲᠠᠯᠴᠠᠭ᠎ᠠ᠎ᠳᠤ ᠨᠠᠩ ᠶᠡᠭᠡ ᠦᠢ᠍ᠯᠡᠳᠦᠯ ᠦᠵᠡᠭᠦᠯᠬᠦ ᠵᠢ ᠠᠬᠢᠭᠤᠯᠤᠨ᠎ᠠ᠃
ᠭᠤᠷᠪᠠ᠂ ᠦᠨᠳᠦᠰᠦᠨ ᠱᠠᠲᠤᠨ᠎ᠤ ᠡᠮ᠎ᠤᠨ ᠵᠦᠢ᠍ᠯ᠎ᠤᠨ ᠬᠠᠩᠭ᠋ᠠᠯᠭ᠎ᠠ ᠵᠢ ᠪᠠᠲᠤᠯᠠᠬᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ
ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠡᠮ᠎ᠤᠨ ᠵᠦᠢ᠍ᠯ ᠴᠥᠭᠡᠨ᠂ ᠲᠣᠬᠢᠷᠠᠭᠤᠯᠤᠨ ᠬᠦᠷᠭᠡᠬᠦ᠎ᠨᠢ ᠤᠳᠠᠭ᠋ᠠᠨ᠂ ᠠᠪᠤᠴᠠᠯᠳᠤᠯ ᠰᠢᠯᠤᠭᠤᠨ ᠪᠤᠰᠤ ᠵᠢᠴᠢ ᠡᠮ᠎ᠤᠨ ᠤᠬᠠᠭ᠋ᠠᠨ᠎ᠤ ᠦᠢ᠍ᠯᠡᠴᠢᠯᠡᠭᠡᠨ᠎ᠤ ᠴᠢᠳᠠᠪᠤᠷᠢ᠎ᠨᠢ ᠠᠨᠠᠢ ᠵᠡᠷᠭᠡ ᠣᠯᠠᠨ ᠲᠦᠮᠡᠨ᠎ᠤ ᠡᠮ ᠬᠡᠷᠡᠭᠯᠡᠬᠦ ᠲᠦᠪᠡᠭᠲᠡᠢ ᠠᠰᠠᠭᠤᠳᠠᠯ ᠪᠠ ᠲᠦᠭᠵᠢᠷᠡᠯ᠎ᠤᠨ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠮᠴᠢᠯᠡᠭᠡᠨ᠎ᠤ ᠬᠠᠮᠲᠤ ᠵᠢᠨ ᠴᠣᠭᠴᠠ ᠵᠢᠨ 《ᠣᠶᠣᠨᠲᠤ ᠬᠠᠮᠲᠤ᠎ᠪᠠᠷ ᠬᠦᠷᠲᠡᠬᠦ ᠡᠮ᠎ᠤᠨ ᠳᠡᠯᠭᠡᠭᠦᠷ》 (ᠭᠤᠣᠯ ᠡᠮ᠎ᠤᠨ ᠳᠡᠯᠭᠡᠭᠦᠷ)᠂ ᠬᠢᠨᠠᠬᠤ ᠲᠠᠯ᠎ᠠ ᠵᠢᠨ ᠲᠥᠪ᠎ᠤᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠤᠨ᠂ ᠦᠨᠳᠦᠰᠦᠨ ᠱᠠᠲᠤᠨ᠎ᠤ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮ ᠬᠡᠷᠡᠭᠯᠡᠬᠦ ᠵᠢ ᠵᠣᠯᠭ᠋ᠠᠭᠤᠯᠬᠤ ᠵᠢ ᠴᠢᠩᠭ᠋ᠠᠳᠬᠠᠵᠤ᠂ ᠡᠮ᠎ᠤᠨ ᠵᠦᠢ᠍ᠯ᠎ᠤᠨ ᠨᠢᠭᠡᠳᠦᠯᠲᠡᠢ ᠭᠠᠷᠴᠠᠭ᠂ ᠨᠢᠭᠡᠳᠦᠯᠲᠡᠢ ᠬᠤᠳᠠᠯᠳᠤᠨ ᠠᠪᠬᠤ᠂ ᠨᠢᠭᠡᠳᠦᠯᠲᠡᠢ ᠲᠣᠬᠢᠷᠠᠭᠤᠯᠬᠤ ᠬᠡᠪ ᠵᠠᠭᠪᠤᠷ᠎ᠢ ᠰᠦᠪᠡᠭᠴᠢᠯᠡᠨ ᠪᠠᠶ᠋ᠢᠭᠤᠯᠵᠤ᠂ ᠬᠤᠶᠠᠳᠤᠭ᠋ᠠᠷ᠂ ᠭᠤᠷᠪᠠᠳᠤᠭ᠋ᠠᠷ ᠳᠡᠰ᠎ᠤᠨ ᠡᠮᠨᠡᠯᠭᠡ ᠵᠢᠨ ᠬᠣᠷᠢᠶᠠᠨ᠎ᠤ ᠡᠮ ᠬᠡᠷᠡᠭᠯᠡᠬᠦ ᠭᠠᠷᠴᠠᠭ᠎ᠤᠨ ᠳᠤᠮᠳᠠ ᠤᠳᠠᠭ᠋ᠠᠨ ᠴᠢᠨᠠᠷᠲᠠᠢ ᠡᠪᠡᠳᠴᠢᠨ᠂ ᠪᠠᠶ᠋ᠢᠩᠭᠤ ᠲᠣᠬᠢᠶᠠᠯᠳᠤᠳᠠᠭ ᠡᠪᠡᠳᠴᠢᠨ᠎ᠤ ᠡᠮ᠎ᠤᠨ ᠵᠦᠢ᠍ᠯ᠎ᠢ ᠦᠨᠳᠦᠰᠦᠨ ᠱᠠᠲᠤᠨ᠎ᠳᠤ ᠪᠠᠭᠤᠯᠭ᠋ᠠᠬᠤ ᠵᠢ ᠠᠬᠢᠭᠤᠯᠤᠨ᠂ ᠦᠨᠳᠦᠰᠦᠨ ᠱᠠᠲᠤᠨ᠎ᠤ ᠡᠮ᠎ᠤᠨ ᠵᠦᠢ᠍ᠯ᠎ᠤᠨ ᠬᠠᠩᠭ᠋ᠠᠯᠭ᠎ᠠ ᠵᠢᠨ ᠪᠠᠲᠤᠯᠠᠭ᠎ᠠ ᠵᠢᠨ ᠬᠢᠷᠢ ᠬᠡᠮᠵᠢᠶ᠎ᠡ ᠪᠠ ᠡᠮ᠎ᠤᠨ ᠤᠬᠠᠭ᠋ᠠᠨ᠎ᠤ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠵᠦ᠂ ᠦᠨᠳᠦᠰᠦᠨ ᠱᠠᠲᠤᠨ᠎ᠤ ᠡᠭᠦᠳᠡᠨ ᠡᠮᠨᠡᠯᠭᠡ ᠪᠠ ᠡᠮᠨᠡᠯᠭᠡ᠎ᠳᠤ ᠰᠠᠭᠤᠵᠤ ᠡᠮᠴᠢᠯᠡᠭᠦᠯᠬᠦ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠨ᠂ ᠣᠯᠠᠨ ᠲᠦᠮᠡᠨ᠎ᠳᠤ ᠳᠥᠭᠦᠮ ᠳᠥᠲᠡ ᠦᠢ᠍ᠯᠡᠴᠢᠯᠡᠭᠡ ᠬᠠᠩᠭ᠋ᠠᠨ᠎ᠠ᠃
ᠳᠥᠷᠪᠡ᠂ ᠦᠨᠳᠣᠰᠣᠡ ᠱᠠᠳᠣᠨ᠎ᠤ ᠡᠮᠴᠢᠯᠡᠭᠡᠨ᠎ᠤ ᠲᠠᠭ᠋ᠠᠳᠬᠠᠯ᠎ᠤᠨ ᠲᠣᠭ᠋ᠠᠴᠠᠭ᠎ᠠ ᠬᠢᠬᠦ ᠳᠥᠷᠥ ᠵᠢᠨ ᠪᠤᠳᠣᠯᠭ᠎ᠠ ᠵᠢ ᠰᠢᠯᠢᠳᠡᠭᠵᠢᠬᠦᠯᠦᠨ᠎ᠡ
ᠦᠨᠳᠦᠰᠦᠨ ᠱᠠᠲᠤᠨ᠎ᠤ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠩ᠎ᠤᠨ ᠣᠨᠣᠰᠢᠯᠠᠨ ᠡᠮᠨᠡᠬᠦ ᠵᠠᠷᠤᠳᠠᠯ᠎ᠢ ᠤᠯᠠᠭ᠋ᠠᠨ ᠲᠥᠷᠥᠯ᠎ᠠᠴᠠ ᠬᠥᠬᠡ ᠲᠥᠷᠥᠯ᠎ᠤᠨ ᠬᠠᠮᠢᠶᠠᠷᠤᠯᠲᠠ ᠪᠣᠯᠭ᠋ᠠᠨ ᠳᠣᠬᠢᠷᠠᠭᠤᠯᠤᠨ᠎ᠠ᠃ ᠡᠪᠡᠳᠴᠢᠲᠡᠨ᠎ᠤ ᠡᠮ ᠠᠪᠬᠤ᠎ᠳᠤ ᠡᠩ᠎ᠤᠨ ᠣᠨᠣᠰᠢᠯᠠᠨ ᠡᠮᠨᠡᠬᠦ ᠰᠦᠢ᠍ᠳᠬᠡᠯ᠎ᠢ 2 ᠲᠥᠭᠥᠷᠢᠭ / ᠤᠳᠠᠭ᠎ᠠ᠎ᠠᠴᠠ ᠥᠨᠳᠥᠷ ᠪᠠᠢ᠌ᠯᠭ᠋ᠠᠵᠤ ᠪᠣᠯᠬᠤ ᠦᠭᠡᠢ᠃ ᠨᠠᠮᠵᠢᠭᠤᠨ ᠰᠤᠳᠠᠯ ᠵᠶ᠋ᠠᠷ ᠡᠮ ᠶᠡᠭᠦᠯᠡᠬᠦ᠂ ᠨᠠᠮᠵᠢᠭᠤᠨ ᠰᠤᠳᠠᠯ᠎ᠠᠴᠠ ᠴᠢᠰᠤ ᠠᠪᠬᠤ᠂ ᠡᠮ ᠰᠣᠯᠢᠬᠤ᠂ ᠰᠢᠷᠬ᠎ᠠ ᠴᠡᠪᠡᠷᠯᠡᠵᠦ ᠣᠶᠣᠬᠤ᠂ ᠪᠤᠷᠭᠤᠢ᠌ᠳᠠᠨ ᠰᠢᠭᠡᠯᠭᠡᠬᠦ ᠵᠡᠷᠭᠡ ᠲᠥᠷᠥᠯ ᠵᠦᠢ᠍ᠯ᠎ᠤᠨ ᠦᠨᠡᠳᠤ 《ᠠᠳᠠᠯᠢ ᠬᠣᠲᠠ᠎ᠳᠤ ᠠᠳᠠᠯᠢ ᠦᠨ᠎ᠡ᠎ᠲᠠᠢ》 ᠪᠠᠢ᠌ᠬᠤ ᠵᠢ ᠬᠡᠷᠡᠭᠵᠢᠭᠦᠯᠦᠨ᠎ᠡ᠃
ᠲᠠᠪᠤ᠂ ᠵᠣᠷ ᠨᠠᠶ᠋ᠢᠷᠠᠭᠤᠯᠵᠤ ᠲᠣᠬᠢᠷᠠᠭᠤᠯᠬᠤ ᠦᠢ᠍ᠯᠡᠴᠢᠯᠡᠭᠡᠨ᠎ᠤ ᠲᠣᠭᠲᠠᠴᠠ ᠵᠢ ᠲᠡᠭᠦᠯᠳᠡᠷᠵᠢᠭᠦᠯᠦᠨ᠎ᠡ
ᠡᠮᠴᠢᠯᠡᠭᠡᠨ᠎ᠤ ᠬᠠᠮᠳᠣ ᠵᠢᠨ ᠴᠣᠠᠠᠴᠠ ᠵᠢᠴᠢ ᠭᠡᠷ ᠪᠦᠯᠢ ᠵᠢᠨ ᠡᠮᠴᠢ ᠵᠢᠨ ᠪᠦᠯᠬᠦᠮ ᠨᠡᠶ᠋ᠢᠲᠡ ᠵᠢᠨ ᠭᠡᠰᠢᠬᠦᠳ᠎ᠤᠨ ᠬᠠᠷᠢᠶ᠎ᠠ ᠡᠮᠴᠢᠯᠡᠭᠡᠨ᠎ᠤ ᠪᠠᠢ᠌ᠭᠤᠯᠤᠮᠵᠢ ᠵᠢᠨ ᠡᠮ᠎ᠤᠨ ᠵᠣᠷ ᠵᠶ᠋ᠠᠨ ᠣᠷᠳᠣᠳᠬᠠᠬᠤ ᠲᠣᠠᠠᠳᠡᠴᠠ ᠵᠢ ᠪᠠᠢ᠌ᠭᠤᠯᠵᠤ᠂ ᠡᠪᠡᠳᠴᠢᠳᠡᠨ᠎ᠳᠤ ᠳᠦᠬᠦᠮ ᠳᠦᠲᠡ ᠪᠦᠭᠡᠳ ᠬᠦᠷᠦᠯᠴᠡᠬᠦ᠋ᠢ᠍ᠴᠡ ᠡᠬᠦᠳᠡᠨ ᠡᠮᠨᠡᠯᠬᠡ ᠵᠢᠨ ᠡᠮ ᠭᠡᠷᠡᠭᠯᠡᠬᠦ ᠦᠢ᠍ᠯᠡᠴᠢᠯᠡᠭᠡ ᠬᠠᠩᠭ᠋ᠠᠬᠤ ᠵᠢ ᠳᠡᠮᠵᠢᠨ᠎ᠠ᠃ ᠨᠥᠬᠦᠴᠡᠯ᠎ᠳᠤ ᠨᠡᠶ᠋ᠢᠴᠡᠬᠦ ᠤᠳᠠᠭ᠋ᠠᠨ ᠴᠢᠨᠠᠷᠲᠠᠶ ᠡᠪᠡᠳᠴᠢᠲᠡᠨ᠎ᠤ ᠭᠠᠭᠴᠠ ᠤᠳᠠᠭ᠋ᠠᠨ᠎ᠤ ᠭᠠᠷᠭ᠋ᠠᠭᠰᠠᠨ ᠵᠣᠷ᠎ᠢ ᠡᠮᠴᠢᠯᠡᠭᠡᠨ᠎ᠤ ᠳᠠᠭ᠋ᠠᠳᠬᠠᠯ ᠵᠶ᠋ᠠᠷ 12 ᠭᠠᠷᠠᠭ᠎ᠤᠨ ᠬᠤᠭᠤᠴᠠᠭ᠎ᠠ᠎ᠲᠠᠢ᠎ᠪᠠᠷ ᠡᠮ ᠬᠤᠳᠠᠯᠳᠤᠨ ᠠᠪᠬᠤ ᠵᠢ ᠳᠡᠮᠵᠢᠨ᠎ᠡ᠃ ᠲᠤᠰᠬᠠᠢ ᠡᠮ ᠨᠠᠶ᠋ᠢᠷᠠᠭᠴᠢ ᠡᠪᠡᠳᠴᠢᠲᠡᠨ᠎ᠤ ᠡᠪᠡᠳᠴᠢᠨ᠎ᠤ ᠪᠠᠶ᠋ᠢᠳᠠᠯ᠎ᠤᠨ ᠬᠡᠷᠡᠭᠴᠡᠭᠡ ᠵᠢ᠎ᠨᠢ ᠦᠨᠳᠦᠰᠦᠯᠡᠨ᠂ ᠭᠠᠳᠠᠭᠰᠢ ᠵᠣᠷ ᠲᠣᠬᠢᠷᠠᠭᠤᠯᠬᠤ ᠵᠣᠷ᠎ᠲᠤ ᠨᠡᠶ᠋ᠢᠳᠡᠮ ᠬᠡᠷᠡᠭᠯᠡᠬᠦ ᠨᠡᠷ᠎ᠡ ᠵᠢᠨ ᠠᠳᠠᠯᠢ ᠪᠤᠰᠤ ᠪᠣᠭᠤᠳᠠᠯᠯᠠᠬᠤ ᠬᠡᠪ ᠬᠡᠮᠵᠢᠶ᠎ᠡ ᠵᠢᠨ ᠡᠮ᠎ᠤᠨ ᠵᠦᠢ᠍ᠯ᠎ᠲᠠᠢ ᠵᠣᠬᠢᠰᠲᠠᠶ ᠲᠣᠬᠢᠷᠠᠭᠤᠯᠤᠯᠲᠠ ᠬᠢᠵᠦ᠂ ᠡᠮ ᠬᠡᠷᠡᠭᠯᠡᠬᠦ ᠠᠮᠢᠳᠤᠯᠢᠭ ᠴᠢᠨᠠᠷ ᠪᠠ ᠵᠣᠬᠢᠴᠠᠬᠤ ᠴᠢᠨᠠᠷ᠎ᠢ ᠳᠡᠭᠡᠭᠰᠢᠯᠡᠭᠦᠯᠵᠦ ᠪᠣᠯᠤᠨ᠎ᠠ᠃ ᠵᠢᠷᠭᠤᠭ᠎ᠠ᠂ ᠡᠮᠴᠢᠯᠡᠭᠡᠨ᠎ᠤ ᠳᠠᠭ᠋ᠠᠳᠬᠠᠯ᠎ᠤᠨ ᠳ᠋ᠦᠩᠨᠡᠨ ᠪᠤᠳᠤᠬᠤ ᠥᠨᠳᠥᠷ ᠪᠦᠲᠦᠮᠵᠢᠲᠡᠶ ᠦᠢ᠍ᠯᠡᠴᠢᠯᠡᠭᠡ ᠵᠢ ᠪᠠᠶ᠋ᠢᠭᠤᠯᠤᠨ᠎ᠠ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢᠨ ᠬᠡᠷᠡᠭᠯᠡᠯᠲᠡ ᠵᠢᠨ ᠦᠷ᠎ᠡ ᠪᠦᠲᠦᠮᠵᠢ ᠵᠢ ᠪᠥᠬᠦ ᠲᠠᠯ᠎ᠠ᠎ᠪᠠᠷ ᠳᠡᠭᠡᠭᠰᠢᠯᠡᠭᠦᠯᠵᠦ᠂ ᠳ᠋ᠦᠩᠨᠡᠨ ᠪᠤᠳᠤᠬᠤ ᠶᠠᠪᠤᠴᠠ ᠵᠢ ᠰᠢᠯᠢᠳᠡᠭᠵᠢᠭᠦᠯᠦᠨ᠂ ᠳ᠋ᠦᠩᠨᠡᠨ ᠪᠤᠳᠤᠬᠤ ᠴᠠᠭ᠎ᠤᠨ ᠬᠢᠵᠠᠭ᠋ᠠᠷ᠎ᠢ ᠪᠤᠭᠤᠨᠢᠰᠬᠠᠨ᠎ᠠ᠃ ᠰᠠᠷ᠎ᠠ ᠵᠢᠨ ᠳ᠋ᠦᠩᠨᠡᠨ ᠪᠣᠳᠣᠯᠲᠠ ᠵᠢ ᠲᠣᠭᠲᠠᠭᠰᠠᠨ ᠴᠡᠭ᠎ᠤᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠭᠤᠶᠤᠴᠢᠯᠠᠨ ᠮᠡᠳᠡᠭᠦᠯᠬᠦ ᠡᠳᠦᠷ ᠪᠣᠯᠲᠠᠯ᠎ᠠ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢ ᠰᠠᠯᠭ᠋ᠠᠨ ᠥᠭᠴᠦ᠂ 20 ᠠᠵᠢᠯᠯᠠᠬᠤ ᠡᠳᠦᠷ᠎ᠠᠴᠠ ᠬᠡᠲᠦᠷᠡᠭᠦᠯᠬᠦ ᠦᠭᠡᠢ᠃ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ᠂ ᠢᠯᠭ᠋ᠠᠷᠠᠭᠤᠯᠤᠨ ᠪᠤᠳᠤᠬᠤ᠂ ᠰᠠᠯᠭ᠋ᠠᠨ ᠥᠭᠬᠦ ᠠᠵᠢᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢᠨ ᠥᠭᠬᠦ ᠶᠣᠰᠣᠲᠠᠶ᠎ᠪᠠᠨ ᠥᠭᠭᠦᠭᠰᠡᠨ ᠦᠭᠡᠢ ᠡᠮᠴᠢᠯᠡᠭᠡᠨ᠎ᠤ ᠳᠠᠭ᠋ᠠᠳᠬᠠᠯ᠎ᠤᠨ ᠵᠠᠷᠤᠳᠠᠯ᠎ᠢ ᠴᠠᠭ ᠲᠤᠬᠠᠶ᠎ᠳᠤᠨᠢ ᠪᠣᠳᠣᠵᠤ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠪᠠᠯᠠ ᠮᠥᠩᠭᠦ ᠵᠢᠨ ᠬᠡᠪ᠎ᠤᠨ ᠡᠷᠭᠢᠯᠲᠡ ᠵᠢ ᠪᠠᠲᠤᠯᠠᠨ᠎ᠠ᠃
ᠲᠤᠯᠤᠭ᠎ᠠ᠂ ᠦᠨᠳᠣᠰᠣᠡ ᠱᠠᠳᠣᠨ᠎ᠤ ᠣᠨᠣᠰᠢᠯᠠᠨ ᠡᠮᠨᠡᠬᠦ ᠦᠢ᠍ᠯᠡ ᠠᠵᠢᠯᠯᠠᠭ᠎ᠠ ᠵᠢ ᠵᠢᠷᠣᠮᠵᠢᠭᠤᠯᠥᠨ᠎ᠠ
ᠡᠮᠴᠢᠯᠡᠭᠡᠨ᠎ᠤ ᠳᠠᠭ᠋ᠠᠳᠬᠠᠯ᠎ᠤᠨ ᠣᠶᠤᠨᠴᠢ ᠬᠢᠨᠠᠯᠲᠠ ᠬᠠᠮᠢᠶᠠᠷᠤᠯᠲᠠ ᠵᠢᠨ ᠲᠠᠪᠴᠠᠩ᠎ᠤᠨ ᠴᠢᠳᠠᠮᠵᠢ ᠵᠢ ᠲᠡᠭᠦᠯᠳᠡᠷᠵᠢᠭᠦᠯᠵᠦ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢᠨ ᠣᠶᠤᠨᠴᠢ ᠬᠢᠨᠠᠨ ᠬᠠᠷᠭᠤᠭᠤᠯᠬᠤ ᠰᠢᠰᠲ᠋ᠧᠮ᠎ᠤᠨ 《ᠲᠦᠷᠢᠮ᠎ᠤᠨ ᠬᠥᠮᠥᠷᠭᠡ》᠂ 《ᠮᠡᠳᠡᠯᠭᠡ ᠵᠢᠨ ᠬᠥᠮᠥᠷᠭᠡ》 ᠵᠢ ᠬᠥᠳᠡᠯᠦᠩᠭᠦᠶ᠎ᠪᠠᠷ ᠰᠢᠨᠡᠳᠬᠡᠵᠦ᠂ 《ᠬᠡᠷᠡᠭ᠎ᠤᠨ ᠡᠮᠦᠨ᠎ᠡ ᠤᠷᠢᠳᠴᠢᠯᠠᠨ ᠰᠡᠷᠡᠮᠵᠢᠯᠡᠭᠦᠯᠬᠦ᠂ ᠬᠡᠷᠡᠭ᠎ᠤᠨ ᠳᠤᠮᠳᠠ ᠬᠢᠨᠠᠨ ᠬᠠᠷᠭᠤᠭᠤᠯᠬᠤ᠂ ᠬᠡᠷᠡᠭ᠎ᠤᠨ ᠳᠠᠷᠠᠭ᠎ᠠ ᠬᠢᠨᠠᠯᠲᠠ ᠲᠠᠯᠪᠢᠬᠤ》 ᠶᠠᠰᠤ ᠴᠢᠨᠠᠷ ᠦᠷ᠎ᠡ ᠪᠦᠲᠦᠮᠵᠢ ᠵᠢ ᠴᠢᠩᠭ᠋ᠠᠷᠠᠭᠤᠯᠤᠨ᠎ᠠ᠃ ᠦᠨᠳᠦᠰᠦᠨ ᠱᠠᠲᠤᠨ᠎ᠤ ᠡᠮᠴᠢᠯᠡᠭᠡᠨ᠎ᠤ ᠪᠠᠶ᠋ᠢᠭᠤᠯᠤᠮᠵᠢ ᠵᠢ ᠬᠥᠲᠥᠯᠥᠨ ᠵᠢᠯᠣᠭᠤᠳᠴᠤ ᠪᠠᠶ᠋ᠢᠭ᠋ᠠᠳ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢ ᠲᠣᠭᠲᠠᠭ᠋ᠠᠯ᠎ᠠᠴᠠ ᠵᠥᠷᠢᠴᠡᠨ ᠬᠡᠷᠡᠭᠯᠡᠭᠰᠡᠨ ᠦᠢ᠍ᠯᠡ ᠠᠵᠢᠯᠯᠠᠭ᠎ᠠ ᠵᠢ ᠵᠢᠭᠰᠠᠭ᠋ᠠᠨ ᠪᠠᠶ᠋ᠢᠴᠠᠭ᠋ᠠᠬᠤ᠂ ᠢᠯᠡᠷᠡᠭᠦᠯᠬᠦ ᠪᠠ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠰᠠᠨᠠᠭ᠋ᠠᠴᠢᠯᠠᠭ᠎ᠠ᠎ᠠᠴᠠ᠎ᠪᠠᠨ ᠥᠷᠨᠢᠭᠦᠯᠵᠦ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢ ᠠᠮᠤᠷ ᠲᠦᠪᠰᠢᠨ ᠪᠥᠭᠡᠳ ᠵᠦᠶ ᠵᠣᠬᠢᠰᠲᠠᠶ ᠬᠡᠷᠡᠭᠯᠡᠬᠦ ᠵᠢ ᠦᠨᠡᠨ ᠬᠦ᠌ ᠪᠠᠲᠤᠯᠠᠨ᠎ᠠ᠃
ᠨᠠᠢ᠍ᠮᠠ᠂ ᠡᠮᠴᠢᠯᠡᠭᠡᠨ᠎ᠤ ᠳᠠᠭ᠋ᠠᠳᠬᠠᠯ᠎ᠤᠨ ᠭᠠᠷᠳᠠᠨ ᠭᠦᠢ᠍ᠴᠡᠳᠬᠡᠬᠦ ᠦᠢ᠍ᠯᠡᠴᠢᠯᠡᠭᠡᠨ᠎ᠤ ᠳᠥᠭᠦᠮ ᠳᠥᠲᠡ ᠴᠢᠨᠠᠷ᠎ᠢ ᠳᠡᠭᠡᠭᠰᠢᠯᠡᠭᠦᠯᠦᠨ᠎ᠡ
ᠨᠥᠬᠦᠴᠡᠯ ᠪᠦᠷᠢᠯᠳᠦᠭᠦᠯᠦᠭᠰᠡᠨ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠰᠠᠶ᠋ᠢᠨ ᠳᠤᠷ᠎ᠠ᠎ᠠᠴᠠ᠎ᠪᠠᠨ ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠠᠵᠢᠯ᠎ᠤᠨ ᠥᠷᠲᠡᠭᠡ (ᠴᠡᠭ) ᠪᠠᠶ᠋ᠢᠭᠤᠯᠬᠤ ᠵᠢ ᠵᠣᠷᠢᠭᠵᠢᠭᠤᠯᠵᠤ᠂ ᠣᠯᠠᠨ ᠲᠦᠮᠡᠨ᠎ᠳᠤ ᠲᠥᠷᠥ ᠵᠢᠨ ᠪᠣᠳᠣᠯᠭ᠎ᠠ ᠵᠢᠨ ᠯᠠᠪᠯᠠᠭ᠎ᠠ᠂ ᠰᠠᠭᠤᠭ᠋ᠠᠯᠢ ᠠᠷᠠᠳ᠎ᠤᠨ ᠳᠠᠭ᠋ᠠᠳᠬᠠᠯ᠎ᠳᠤ ᠣᠷᠣᠯᠴᠠᠬᠤ ᠳᠡᠩᠰᠡᠯᠡᠯᠲᠡ᠂ ᠮᠡᠳᠡᠭᠡ ᠵᠠᠩᠭᠢ ᠵᠢᠨ ᠪᠠᠶ᠋ᠢᠴᠠᠭ᠋ᠠᠨ ᠯᠠᠪᠯᠠᠯᠲᠠ᠂ ᠬᠡᠰᠡᠭ ᠪᠤᠰᠠᠭ ᠲᠠᠩᠰᠠ ᠲᠠᠶ᠋ᠢᠯᠬᠤ ᠵᠡᠷᠭᠡ ᠬᠠᠪᠰᠤᠷᠤᠨ ᠭᠦᠢ᠍ᠴᠡᠳᠬᠡᠬᠦ ᠦᠢ᠍ᠯᠡᠴᠢᠯᠡᠭᠡ ᠵᠢ ᠬᠠᠩᠭ᠋ᠠᠨ᠎ᠠ᠃ ᠦᠨᠳᠦᠰᠦᠨ ᠱᠠᠲᠤᠨ᠎ᠤ ᠡᠮᠨᠡᠯᠭᠡ ᠵᠢᠨ ᠠᠵᠢᠯᠲᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢᠨ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠢ ᠴᠢᠩᠭ᠋ᠠᠳᠬᠠᠵᠤ᠂ ᠡᠮᠴᠢᠯᠡᠭᠡᠨ᠎ᠤ ᠳᠠᠭ᠋ᠠᠳᠬᠠᠯ᠎ᠤᠨ ᠡᠳᠦᠷ ᠲᠤᠲᠤᠮ᠎ᠤᠨ ᠬᠠᠮᠢᠶᠠᠷᠤᠯᠲᠠ᠂ ᠵᠠᠷᠤᠳᠠᠯ᠎ᠤᠨ ᠳ᠋ᠦᠩᠨᠡᠨ ᠪᠣᠳᠣᠯᠲᠠ᠂ ᠴᠣᠩᠬᠤᠪᠴᠢ ᠵᠢᠨ ᠦᠢ᠍ᠯᠡᠴᠢᠯᠡᠭᠡ ᠵᠡᠷᠭᠡ ᠴᠢᠳᠠᠪᠤᠷᠢ ᠵᠢ ᠳᠡᠭᠡᠭᠰᠢᠯᠡᠭᠦᠯᠦᠨ᠂ ᠦᠨᠳᠦᠰᠦᠨ ᠱᠠᠲᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠬᠦ ᠵᠢ ᠪᠥᠬᠦ ᠲᠠᠯ᠎ᠠ᠎ᠪᠠᠷ ᠠᠬᠢᠭᠤᠯᠤᠨ᠎ᠠ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ
2025 ᠣᠨ᠎ᠤ 6 ᠳ᠋ᠤᠭ᠋ᠠᠷ ᠰᠠᠷ᠎ᠠ ᠵᠢᠨ 29᠎ᠤ ᠡᠳᠦᠷ