ᠮᠠᠨ᠎ᠤ ᠣᠷᠣᠨ᠎ᠤ ᠣᠷᠳᠣ᠌ ᠬᠤᠭᠤᠴᠠᠭᠠᠨ᠎ᠤ ᠬᠠᠷᠠᠭᠠᠯᠵᠠᠨ ᠠᠰᠠᠷᠠᠭ᠍ᠴᠢ᠎ᠶᠢᠨ ᠠᠵᠢᠯ ᠮᠡᠷᠭᠡᠵᠢᠯ᠎ᠤᠨ ᠴᠢᠳᠠᠪᠦᠷᠢ᠎ᠶᠢᠨ ᠪᠣᠯᠪᠠᠰᠤᠷᠠᠯ᠎ᠤᠨ ᠮᠡᠷᠭᠡᠵᠢᠯᠲᠡᠨ᠎ᠦ ᠦᠨᠡᠮᠯᠡᠯ ᠪᠠ ᠵᠡᠷᠭᠡ ᠳᠡᠰ᠎ᠢ ᠮᠠᠭᠠᠳᠯᠠᠨ ᠲᠣᠭᠲᠠᠭᠠᠵᠤ ᠰᠢᠯᠭᠠᠨ ᠦᠨᠡᠯᠡᠬᠦ ᠠᠵᠢᠯᠲᠠᠨ᠎ᠤ ᠡᠩᠨᠡᠭᠡ᠎ᠶᠢᠨ ᠪᠠᠶ᠋ᠢᠭᠤᠯᠤᠯᠲᠠ᠎ᠶᠢ ᠤᠯᠠᠮ ᠨᠢᠭᠡ ᠠᠯᠬᠤᠮ ᠴᠢᠩᠭᠠᠳᠬᠠᠬᠤ᠎ᠶᠢᠨ ᠲᠤᠰᠠᠳᠠ ᠂ 《ᠣᠳᠣᠬᠠᠨ᠎ᠤ ᠣᠷᠳᠣ᠌ ᠬᠤᠭᠤᠴᠠᠭᠠᠨ᠎ᠤ ᠬᠠᠷᠠᠭᠠᠯᠵᠠᠨ ᠠᠰᠠᠷᠠᠭ᠍ᠴᠢ᠎ᠶᠢ ᠬᠥᠮᠦᠵᠢᠭᠦᠯᠦᠨ ᠪᠣᠯᠪᠠᠰᠤᠷᠠᠭᠤᠯᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ 》 ᠂ 《ᠣᠷᠳᠣ᠌ ᠬᠤᠭᠤᠴᠠᠭᠠᠨ᠎ᠤ ᠬᠠᠷᠠᠭᠠᠯᠵᠠᠨ ᠠᠰᠠᠷᠠᠭ᠍ᠴᠢ᠎ᠶᠢᠨ ᠠᠵᠢᠯ ᠮᠡᠷᠭᠡᠵᠢᠯ᠎ᠤᠨ ᠴᠢᠳᠠᠪᠦᠷᠢ᠎ᠶᠢᠨ ᠵᠡᠷᠭᠡ ᠳᠡᠰ᠎ᠢ ᠮᠠᠭᠠᠳᠯᠠᠨ ᠲᠣᠭᠲᠠᠭᠠᠬᠤ᠎ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ 》᠎ᠤᠨ ᠪᠢᠴᠢᠭ ᠮᠠᠲᠧᠷᠢᠶᠠᠯ᠎ᠤᠨ ᠱᠠᠭᠠᠷᠳᠠᠯᠭ᠎ᠠ᠎ᠶᠢ ᠦᠨᠳᠦᠰᠦᠯᠡᠨ ᠂ ᠥᠪᠥᠷ ᠮᠣᠩᠭᠤᠯ᠎ᠤᠨ ᠠᠵᠢᠯ ᠮᠡᠷᠭᠡᠵᠢᠯ᠎ᠤᠨ ᠴᠢᠳᠠᠪᠦᠷᠢ᠎ᠶᠢ ᠬᠥᠭᠵᠢᠭᠦᠯᠬᠦ ᠨᠡᠶ᠋ᠢᠭᠡᠮᠯᠢᠭ᠎ᠠᠴᠠ ᠣᠷᠳᠣ᠌ ᠬᠤᠭᠤᠴᠠᠭᠠᠨ᠎ᠤ ᠬᠠᠷᠠᠭᠠᠯᠵᠠᠨ ᠠᠰᠠᠷᠠᠭ᠍ᠴᠢ᠎ᠶᠢᠨ ᠠᠵᠢᠯ ᠮᠡᠷᠭᠡᠵᠢᠯ᠎ᠤᠨ ᠴᠢᠳᠠᠪᠦᠷᠢ᠎ᠶᠢᠨ ᠪᠣᠯᠪᠠᠰᠤᠷᠠᠯ᠎ᠤᠨ ᠮᠡᠷᠭᠡᠵᠢᠯᠲᠡᠨ᠎ᠦ ᠦᠨᠡᠮᠯᠡᠯ ᠪᠠ ᠵᠡᠷᠭᠡ ᠳᠡᠰ᠎ᠢ ᠮᠠᠭᠠᠳᠯᠠᠨ ᠲᠣᠭᠲᠠᠭᠠᠵᠤ ᠰᠢᠯᠭᠠᠨ ᠦᠨᠡᠯᠡᠬᠦ ᠠᠵᠢᠯᠲᠠᠨ᠎ᠤ ᠪᠣᠯᠪᠠᠰᠤᠷᠠᠯ᠎ᠤᠨ ᠠᠩᠭᠢ᠎ᠶᠢ ᠡᠷᠭᠢᠯᠡᠬᠦ᠎ᠪᠠᠷ ᠲᠥᠯᠥᠪᠯᠡᠵᠦ ᠪᠣᠶ ᠂ ᠪᠣᠳᠠᠲᠠᠶ ᠵᠦᠢᠯᠡᠰ᠎ᠢ ᠳᠣᠤᠷᠠᠬᠢ ᠮᠡᠲᠦ ᠮᠡᠳᠡᠭᠳᠡᠶ᠎ᠡ ᠄
ᠨᠢᠭᠡ ᠂ ᠪᠣᠯᠪᠠᠰᠤᠷᠠᠯ᠎ᠤᠨ ᠠᠭᠤᠯᠭ᠎ᠠ ᠵᠢᠴᠢ ᠪᠣᠯᠪᠠᠰᠤᠷᠠᠭᠤᠯᠬᠤ ᠡᠲᠡᠭᠡᠳ
(ᠨᠢᠭᠡ) ᠪᠣᠯᠪᠠᠰᠤᠷᠠᠯ᠎ᠤᠨ ᠠᠭᠤᠯᠭ᠎ᠠ
1. ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠤᠨ ᠲᠦᠷᠢᠮ ᠂ ᠤᠷ᠎ᠠ ᠮᠡᠷᠭᠡᠰᠢᠯᠳᠦ ᠴᠢᠳᠠᠪᠤᠷᠢᠲᠠᠨ᠎ᠢ ᠦᠨᠡᠯᠡᠬᠦ ᠬᠤᠯᠪᠣᠭᠳᠠᠯ ᠪᠥᠬᠦᠶ ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ ;
2. ᠣᠷᠳᠣ᠌ ᠬᠤᠭᠤᠴᠠᠭᠠᠨ᠎ᠤ ᠬᠠᠷᠠᠭᠠᠯᠵᠠᠨ ᠠᠰᠠᠷᠠᠭ᠍ᠴᠢ᠎ᠶᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶᠢᠨ ᠪᠣᠯᠪᠠᠰᠤᠷᠠᠯ᠎ᠤᠨ ᠮᠡᠷᠭᠡᠵᠢᠯ᠎ᠤᠨ ᠴᠢᠬᠤᠯᠠ ᠵᠦᠢᠯ ;
3. ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶᠢᠨ ᠵᠡᠷᠭᠡ ᠳᠡᠰ᠎ᠢ ᠮᠠᠭᠠᠳᠯᠠᠨ ᠲᠣᠭᠲᠠᠭᠠᠬᠤ ᠶᠠᠪᠤᠴᠠ ;
4. ᠤᠷᠲᠤ ᠬᠤᠭᠤᠴᠠᠭᠠᠨ᠎ᠤ ᠬᠠᠷᠠᠭᠠᠯᠵᠠᠨ ᠠᠰᠠᠷᠠᠭ᠍ᠴᠢ᠎ᠶᠢᠨ ᠵᠡᠷᠭᠡ ᠳᠡᠰ᠎ᠢ ᠮᠠᠭᠠᠳᠯᠠᠨ ᠲᠣᠭᠲᠠᠭᠠᠵᠤ ᠰᠢᠯᠭᠠᠨ ᠦᠨᠡᠯᠡᠬᠦ ᠮᠡᠷᠭᠡᠵᠢᠯ ᠪᠠ ᠠᠷᠭ᠎ᠠ ᠵᠡᠷᠭᠡ ᠃
(ᠬᠤᠶᠠᠷ) ᠪᠣᠯᠪᠠᠰᠤᠷᠠᠭᠤᠯᠬᠤ ᠡᠳᠡᠭᠡᠳ
1. ᠮᠡᠳᠡᠭᠦᠯᠦᠭᠴᠢ ᠂ ᠰᠢᠯᠭᠠᠨ ᠦᠨᠡᠯᠡᠭᠴᠢ᠎ᠶᠢ ᠭᠤᠶᠤᠴᠢᠯᠠᠨ ᠮᠡᠳᠡᠭᠦᠯᠬᠦ᠎ᠳᠤ ᠡᠷᠬᠡᠪᠰᠢ ᠬᠠᠮᠢᠶ᠎ᠠ ᠪᠥᠬᠦᠶ ᠠᠵᠢᠯ ᠮᠡᠷᠭᠡᠵᠢᠯ᠎ᠤᠨ ᠳᠤᠮᠳᠠ ᠵᠡᠷᠭᠡ ᠵᠢᠴᠢ ᠲᠡᠭᠦᠨ᠎ᠠᠴᠠ ᠳᠡᠭᠡᠭᠰᠢᠬᠢ ᠲᠤᠰᠬᠠᠶ ᠮᠡᠷᠭᠡᠵᠢᠯ᠎ᠤᠨ ᠴᠣᠯᠠ ᠪᠤᠶᠤ ᠭᠤᠷᠪᠠᠳᠤᠭᠠᠷ ᠳᠡᠰ ᠵᠢᠴᠢ ᠲᠡᠭᠦᠨ᠎ᠠᠴᠠ ᠳᠡᠭᠡᠭᠰᠢᠬᠢ ᠠᠵᠢᠯ ᠮᠡᠷᠭᠡᠵᠢᠯ᠎ᠤᠨ ᠬᠢᠷᠢ ᠬᠡᠮ (ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶᠢᠨ ᠳᠡᠰ)᠎ᠲᠠᠢ ᠪᠠᠶ᠋ᠢᠵᠤ ᠂ ᠬᠠᠮᠢᠶ᠎ᠠ ᠪᠥᠬᠦᠶ ᠲᠤᠰᠬᠠᠶ ᠮᠡᠷᠭᠡᠵᠢᠯ᠎ᠤᠨ ᠮᠡᠳᠡᠯᠭᠡ ᠪᠠ ᠠᠵᠢᠯᠯᠠᠬᠤ ᠤᠷ᠎ᠠ ᠴᠢᠳᠠᠪᠤᠷᠢ᠎ᠶᠢ ᠣᠶ᠋ᠢᠯᠠᠭᠠᠬᠤ ᠬᠡᠷᠡᠭᠲᠡᠶ ᠃
2. ᠬᠠᠮᠢᠶ᠎ᠠ ᠪᠦᠬᠦᠢ ᠠᠵᠢᠯ ᠮᠡᠷᠭᠡᠵᠢᠯ ᠄ ᠰᠤᠪᠢᠯᠠᠭ᠍ᠴᠢ ᠂ ᠨᠡᠶ᠋ᠢᠭᠡᠮ᠎ᠤᠨ ᠠᠵᠢᠯᠲᠠᠨ ᠂ ᠨᠠᠰᠤᠲᠠᠢᠴᠤᠳ᠎ᠤᠨ ᠠᠰᠠᠷᠠᠭ᠍ᠴᠢ ᠂ ᠭᠡᠷ ᠠᠬᠤᠶ᠎ᠶᠢᠨ ᠦᠢᠯᠡᠴᠢᠯᠡᠭᠴᠢ ᠂ ᠡᠮᠴᠢᠯᠡᠭᠡᠨ᠎ᠳᠦ ᠲᠤᠰᠠᠯᠠᠬᠤ ᠦᠢᠯᠡᠴᠢᠯᠡᠭᠴᠢ ᠂ ᠡᠮᠴᠢᠯᠡᠭᠡᠨ᠎ᠦ ᠰᠤᠪᠢᠯᠠᠭ᠍ᠴᠢ ᠂ ᠡᠮᠴᠢᠯᠡᠭᠡ ᠡᠷᠡᠭᠦᠯ ᠬᠠᠮᠠᠭᠠᠯᠠᠯ᠎ᠤᠨ ᠮᠡᠷᠭᠡᠵᠢᠯ᠎ᠤᠨ ᠠᠵᠢᠯᠲᠠᠨ ᠂ ᠬᠥᠳᠡᠭᠡ ᠲᠣᠰᠬᠤᠨ᠎ᠤ ᠡᠮᠴᠢ ᠂ ᠡᠮᠴᠢᠯᠡᠭᠡ ᠪᠠ ᠠᠮᠠᠨ ᠬᠥᠨᠳᠡᠶ᠎ᠶᠢᠨ ᠡᠮᠴᠢ ᠂ ᠬᠢᠲᠠᠳ ᠡᠮᠨᠡᠯᠭᠡ᠎ᠶᠢᠨ ᠡᠮᠴᠢ ᠂ ᠬᠢᠲᠠᠳ ᠧᠦ᠋ᠷᠣᠫᠠ ᠡᠮᠨᠡᠯᠭᠡ᠎ᠶᠢ ᠤᠶᠠᠯᠳᠤᠭᠤᠯᠤᠭᠰᠠᠨ ᠡᠮᠴᠢ ᠂ ᠦᠨᠳᠦᠰᠦᠲᠡᠨ᠎ᠤ ᠡᠮᠨᠡᠯᠭᠡ᠎ᠶᠢᠨ ᠡᠮᠴᠢ ᠂ ᠣᠯᠠᠨ ᠨᠡᠶ᠋ᠢᠲᠡ᠎ᠶᠢᠨ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ᠎ᠶᠢᠨ ᠡᠮᠴᠢ ᠂ ᠡᠮ ᠡᠮᠨᠡᠯᠭᠡ᠎ᠶᠢᠨ ᠤᠬᠠᠭᠠᠨ᠎ᠤ ᠮᠡᠷᠭᠡᠵᠢᠯ᠎ᠤᠨ ᠠᠵᠢᠯᠲᠠᠨ ᠂ ᠠᠮᠢᠰᠬᠤᠯ᠎ᠤᠨ ᠰᠢᠰᠲᠸᠮ᠎ᠦᠨ ᠡᠮᠴᠢ ᠂ ᠡᠷᠡᠭᠦᠯᠵᠢᠯ᠎ᠤᠨ ᠡᠮᠴᠢ ᠂ ᠪᠤᠰᠤᠳ ᠡᠷᠡᠭᠦᠯ ᠬᠠᠮᠠᠭᠠᠯᠠᠯ᠎ᠤᠨ ᠲᠤᠰᠬᠠᠶ ᠮᠡᠷᠭᠡᠵᠢᠯ᠎ᠤᠨ ᠠᠵᠢᠯᠲᠠᠨ ᠵᠡᠷᠭᠡ ᠃
ᠬᠤᠶᠠᠷ ᠂ ᠪᠣᠯᠪᠠᠰᠤᠷᠠᠯ᠎ᠤᠨ ᠴᠠᠭ ᠪᠠ ᠭᠠᠵᠠᠷ
(ᠨᠢᠭᠡ) ᠪᠣᠯᠪᠠᠰᠤᠷᠠᠯ᠎ᠤᠨ ᠴᠠᠭ ᠄ 2025 ᠣᠨ᠎ᠤ 7 ᠳ᠋ᠤᠭᠠᠷ ᠰᠠᠷ᠎ᠠ᠎ᠶᠢᠨ 19᠎ᠤ ᠪᠦᠲᠦᠨ ᠡᠳᠦᠷ ᠂ ᠡᠬᠢᠯᠡᠬᠦ ᠴᠠᠭ᠎ᠨᠢ 8 ᠄ 30 ᠪᠣᠯᠤᠨ᠎ᠠ ᠃
(ᠬᠤᠶᠠᠷ) ᠪᠣᠯᠪᠠᠰᠤᠷᠠᠯ᠎ᠤᠨ ᠭᠠᠵᠠᠷ ᠄ ᠬᠥᠬᠡᠬᠤᠲᠠ᠎ᠶᠢᠨ ᠯᠠᠨ ᠶᠠᠩ ᠯᠢᠨ ᠳ᠋ᠦᠨ ᠪᠠᠭᠤᠳᠠᠯ᠎ᠤᠨ ᠳᠥᠷᠪᠡᠳᠦᠭᠡᠷ ᠳᠠᠪᠬᠤᠷᠯᠢᠭ᠋᠎ᠤᠨ 1 ᠳ᠋ᠤᠭᠡᠷ ᠬᠤᠷᠠᠯ᠎ᠤᠨ ᠲᠠᠰᠤᠭ (ᠬᠥᠬᠡᠬᠤᠲᠠ᠎ᠶᠢᠨ ᠰᠠᠶ᠋ᠢᠬᠠᠨ ᠲᠣᠭᠤᠷᠢᠭ᠋᠎ᠤᠨ ᠣᠷᠳᠣᠰ ᠶᠡᠭᠡ ᠵᠡᠭᠡᠯᠢ᠎ᠶᠢᠨ ᠥᠪᠥᠷ ᠮᠣᠩᠭᠤᠯ᠎ᠤᠨ ᠪᠠᠭ᠍ᠰᠢ᠎ᠶᠢᠨ ᠶᠡᠭᠡ ᠰᠤᠷᠭᠠᠭᠤᠯᠢ᠎ᠶᠢᠨ ᠪᠠᠷᠠᠭᠤᠨ ᠡᠮᠦᠨ᠎ᠡ ᠥᠨᠴᠥᠭ)
ᠭᠤᠷᠪᠠ ᠂ ᠦᠨᠡᠮᠯᠡᠯ᠎ᠤᠨ ᠺᠠᠷᠲ ᠬᠢᠭᠡᠳ ᠬᠠᠮᠢᠶᠠᠷᠤᠯᠲᠠ
ᠪᠣᠯᠪᠠᠰᠤᠷᠠᠯ ᠂ ᠬᠢᠨᠠᠨ ᠰᠢᠯᠭᠠᠯᠲᠠ᠎ᠪᠠᠷ ᠳᠠᠮᠵᠢᠭᠠᠳ ᠬᠢᠷᠢ ᠲᠡᠩᠴᠡᠭᠰᠡᠨ ᠦᠨᠡᠮᠯᠡᠯ ᠣᠯᠭᠣᠬᠤ᠎ᠶᠢᠨ ᠬᠠᠮᠲᠤ ᠬᠣᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠨᠢᠭᠡᠳᠦᠯᠲᠡᠶ ᠦᠨᠡᠮᠯᠡᠯ ᠣᠯᠭᠣᠨ᠎ᠠ ᠃ ᠦᠨᠡᠮᠯᠡᠯ ᠣᠯᠤᠭᠰᠠᠨ ᠪᠣᠯᠪᠠᠰᠤᠷᠠᠭᠤᠯᠤᠭ᠍ᠴᠢ ᠂ ᠰᠢᠯᠭᠠᠨ ᠲᠣᠭᠲᠠᠭᠠᠭ᠍ᠴᠢᠶᠢ ᠤᠷᠲᠤ ᠬᠤᠭᠤᠴᠠᠭᠠᠨ᠎ᠤ ᠬᠠᠷᠠᠭᠠᠯᠵᠠᠨ ᠠᠰᠠᠷᠠᠭ᠍ᠴᠢ᠎ᠶᠢᠨ ᠲᠤᠰᠬᠠᠶ ᠮᠡᠷᠭᠡᠵᠢᠯᠲᠡᠨ᠎ᠤ ᠬᠥᠮᠥᠷᠭᠡ᠎ᠳᠤ ᠣᠷᠣᠭᠤᠯᠵᠤ ᠂ ᠬᠤᠶ᠋ᠢᠰᠢᠳᠠ᠎ᠶᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶᠢᠨ ᠪᠣᠯᠪᠠᠰᠤᠷᠠᠯ ᠂ ᠮᠡᠷᠭᠡᠵᠢᠯ ᠴᠢᠳᠠᠪᠤᠷᠢ᠎ᠶᠢᠨ ᠵᠡᠷᠭᠡ ᠳᠡᠰ᠎ᠢ ᠰᠢᠯᠭᠠᠨ ᠦᠨᠡᠯᠡᠬᠦ ᠂ ᠰᠢᠯᠭᠠᠬᠤ ᠰᠢᠯᠭᠠᠯᠲᠠ ᠬᠢᠨᠠᠬᠤ ᠂ ᠮᠠᠲᠧᠷᠢᠶᠠᠯ᠎ᠢ ᠬᠢᠨᠠᠨ ᠲᠣᠭᠲᠠᠭᠠᠬᠤ ᠂ ᠤᠷᠤᠯᠳᠤᠭᠠᠨ ᠶᠠᠪᠤᠭᠳᠠᠭᠤᠯᠬᠤ ᠂ ᠪᠠᠶ᠋ᠢᠭᠤᠯᠤᠮᠵᠢ᠎ᠶᠢ ᠦᠨᠡᠯᠡᠨ ᠵᠢᠱ᠌ᠢᠬᠦ ᠵᠡᠷᠭᠡ ᠠᠵᠢᠯ᠎ᠳᠤ ᠤᠷᠢᠭ᠍ᠳᠠᠨ ᠣᠷᠣᠯᠴᠠᠬᠤ ᠬᠢᠷᠢ ᠬᠡᠮ᠎ᠤᠨ ᠭᠡᠷᠡᠴᠢ ᠪᠠᠷᠢᠮᠲᠠ ᠪᠣᠯᠭᠠᠨ᠎ᠠ ᠃
ᠳᠥᠷᠪᠡ ᠂ ᠬᠣᠯᠪᠣᠭᠳᠠᠯ ᠪᠦᠬᠦᠢ ᠰᠦᠢᠳᠬᠡᠯ
ᠪᠣᠯᠪᠠᠰᠤᠷᠠᠯ᠎ᠤᠨ ᠰᠦᠢᠳᠬᠡᠯ᠎ᠢ ᠥᠪᠥᠷ ᠮᠣᠩᠭᠣᠯ᠎ᠤᠨ ᠠᠵᠢᠯ ᠮᠡᠷᠭᠡᠵᠢᠯ᠎ᠤᠨ ᠴᠢᠳᠠᠪᠤᠷᠢ᠎ᠶᠢᠨ ᠬᠥᠭᠵᠢᠯᠲᠡ᠎ᠶᠢᠨ ᠨᠡᠶ᠋ᠢᠭᠡᠮᠯᠢᠭ᠎ᠠᠴᠠ ᠰᠦᠢᠳᠬᠡᠯ ᠬᠤᠷᠢᠶᠠᠬᠤ ᠦᠭᠡᠶ᠎ᠪᠠᠷ ᠬᠠᠩᠭᠠᠵᠤ ᠂ ᠰᠤᠷᠤᠭ᠍ᠴᠢᠳ᠎ᠠᠴᠠ ᠶᠠᠮᠠᠷᠪᠠ ᠰᠦᠢᠳᠬᠡᠯ ᠬᠤᠷᠢᠶᠠᠬᠤ ᠦᠭᠡᠶ ᠃ ᠢᠳᠡᠵᠦ ᠤᠤᠭᠤᠬᠤ ᠬᠣᠨᠣᠵᠤ ᠬᠡᠪᠲᠡᠬᠦ ᠵᠠᠮ ᠬᠠᠷᠢᠯᠴᠠᠭᠠᠨ᠎ᠤ ᠰᠦᠢᠳᠬᠡᠯ᠎ᠢ ᠰᠤᠷᠤᠭ᠍ᠴᠢᠳ ᠥᠪᠡᠷᠲᠡᠭᠡᠨ ᠡᠭᠦᠷᠭᠡᠯᠡᠨ᠎ᠡ ᠃
ᠥᠪᠥᠷ ᠮᠣᠩᠭᠤᠯ᠎ᠤᠨ ᠠᠵᠢᠯ ᠮᠡᠷᠭᠡᠵᠢᠯ᠎ᠤᠨ ᠴᠢᠳᠠᠪᠤᠷᠢ᠎ᠶᠢᠨ ᠬᠥᠭᠵᠢᠯᠲᠡ᠎ᠶᠢᠨ ᠨᠡᠶ᠋ᠢᠭᠡᠮᠯᠢᠭ᠎ᠤᠨ ᠬᠠᠷᠢᠯᠴᠠᠬᠤ ᠬᠥᠮᠦᠨ ᠄ ᠯᠢᠦ ᠪᠠᠭ᠍ᠰᠢ
ᠬᠠᠷᠢᠯᠴᠠᠬᠤ ᠤᠲᠠᠰᠤ ᠄ 13171089450 (ᠸᠢᠴᠠᠲ᠎ᠤᠨ ᠨᠣᠮᠸᠷ᠎ᠲᠠᠢ ᠢᠵᠢᠯ)
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ
2024 ᠣᠨ᠎ᠤ 7 ᠳ᠋ᠤᠭᠠᠷ ᠰᠠᠷ᠎ᠠ᠎ᠶᠢᠨ 4᠎ᠤ ᠡᠳᠦᠷ