ᠥᠪᠥᠷ ᠡᠮ ᠬᠤᠳᠠᠯᠳᠤᠨ ᠠᠪᠬᠤ ᠲᠥᠪ ᠦᠰᠦᠭ [2025] 158 ᠳ᠋ᠤᠭᠠᠷ ᠲᠣᠭᠠᠲᠤ
ᠡᠯ᠎ᠡ ᠠᠢᠮᠠᠭ ᠬᠤᠲᠠ᠎ᠶᠢᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠂ ᠮᠠᠨᠵᠤᠤᠷ ᠬᠤᠲᠠ ᠂ ᠡᠷᠢᠶᠡᠨ ᠬᠤᠲᠠ᠎ᠶᠢᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠎ᠳᠤ ᠄
ᠤᠯᠤᠰ᠎ᠠᠴᠠ ᠠᠷᠪᠠᠨ ᠨᠢᠭᠡᠳᠦᠭᠡᠷ ᠪᠦᠯᠦᠭ᠎ᠤᠨ ᠡᠮ᠎ᠤᠨ ᠵᠦᠢᠯ᠎ᠢ ᠲᠥᠪᠯᠡᠷᠡᠭᠦᠯᠦᠨ ᠬᠤᠳᠠᠯᠳᠤᠨ ᠠᠪᠬᠤ᠎ᠶᠢ ᠵᠣᠬᠢᠶᠠᠨ ᠪᠠᠢᠭᠤᠯᠬᠤ ᠠᠵᠢᠯ᠎ᠤᠨ ᠲᠣᠬᠢᠷᠠᠭᠤᠯᠤᠯᠲᠠ ᠶᠣᠰᠣᠭᠠᠷ ᠂ ᠡᠯ᠎ᠡ ᠠᠢᠮᠠᠭ ᠬᠣᠲᠠᠳ ᠲᠣᠰ ᠭᠠᠵᠠᠷ ᠣᠷᠣᠨ᠎ᠤ᠎ᠪᠠᠨ ᠡᠮ ᠡᠮᠨᠡᠯᠭᠡ᠎ᠶᠢᠨ ᠪᠠᠢᠭᠤᠯᠤᠮᠵᠢ᠎ᠶᠢ ᠵᠣᠬᠢᠶᠠᠨ ᠪᠠᠢᠭᠤᠯᠵᠤ ᠬᠡᠷᠡᠭᠴᠡᠭᠡ ᠱᠠᠭᠠᠷᠳᠠᠯᠭ᠎ᠠ᠎ᠶᠢᠨ ᠬᠡᠮᠵᠢᠶ᠎ᠡ᠎ᠶᠢ ᠲᠠᠭᠯᠠᠨ ᠮᠡᠳᠡᠭᠦᠯᠬᠦ ᠠᠵᠢᠯ᠎ᠢ ᠥᠷᠨᠢᠭᠦᠯᠦᠭᠡᠷᠡᠢ ᠂ ᠡᠳᠦᠭᠡ ᠬᠠᠮᠢᠶ᠎ᠠ ᠪᠥᠬᠦᠶ ᠤᠴᠢᠷ᠎ᠢ ᠳᠣᠤᠷᠠᠬᠢ ᠮᠡᠲᠦ ᠮᠡᠳᠡᠭᠳᠡᠶ᠎ᠡ ᠄
ᠨᠢᠭᠡ ᠂ ᠪᠠᠶ᠋ᠢᠭᠤᠯᠤᠮᠵᠢ᠎ᠶᠢᠨ ᠬᠡᠪᠴᠢᠶ᠎ᠡ
ᠡᠯ᠎ᠡ ᠠᠶ᠋ᠢᠮᠠᠭ ᠬᠤᠲᠠ᠎ᠶᠢᠨ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠂ ᠴᠡᠷᠢᠭ ᠠᠩᠭᠢ᠎ᠶᠢᠨ ᠡᠮᠴᠢᠯᠡᠭᠡᠨ᠎ᠤ ᠪᠠᠶ᠋ᠢᠭᠤᠯᠤᠮᠵᠢ ᠴᠥᠮ ᠣᠷᠣᠯᠴᠠᠬᠤ ᠬᠡᠷᠡᠭᠲᠡᠶ ᠂ ᠠᠯᠪᠠᠨ᠎ᠠᠴᠠ ᠪᠠᠶ᠋ᠢᠭᠤᠯᠤᠭᠰᠠᠨ ᠦᠨᠳᠦᠰᠦᠨ ᠱᠠᠲᠤᠨ᠎ᠤ ᠡᠮᠴᠢᠯᠡᠭᠡᠨ᠎ᠤ ᠪᠠᠶ᠋ᠢᠭᠤᠯᠤᠮᠵᠢ (ᠨᠡᠶ᠋ᠢᠭᠡᠮ ᠲᠣᠭᠤᠷᠢᠭ᠋᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠲᠥᠪ ᠂ ᠰᠢᠶᠠᠩ ᠪᠠᠯᠭᠠᠰᠤ᠎ᠶᠢᠨ ᠡᠷᠡᠭᠦᠯ ᠬᠠᠮᠠᠭᠠᠯᠠᠯ᠎ᠤᠨ ᠬᠤᠷᠢᠶ᠎ᠠ ᠵᠢᠴᠢ ᠣᠷᠣᠯᠠᠨ ᠬᠠᠮᠢᠶᠠᠷᠬᠤ ᠪᠤᠶᠤ ᠨᠢᠭᠡᠳᠦᠯᠲᠡᠶ ᠡᠮ᠎ᠤᠨ ᠵᠦᠢᠯ ᠬᠤᠳᠠᠯᠳᠤᠨ ᠠᠪᠬᠤ᠎ᠶᠢ ᠬᠡᠷᠡᠭᠵᠢᠭᠦᠯᠵᠦ ᠪᠠᠶ᠋ᠢᠭ᠎ᠠ ᠨᠡᠶ᠋ᠢᠭᠡᠮ ᠲᠣᠭᠤᠷᠢᠭ᠋᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠥᠷᠲᠡᠭᠡ ᠂ ᠲᠣᠰᠬᠤᠨ᠎ᠤ ᠡᠷᠡᠭᠦᠯ ᠬᠠᠮᠠᠭᠠᠯᠠᠯ᠎ᠤᠨ ᠲᠠᠰᠤᠭ ᠵᠡᠷᠭᠡ)᠎ᠶᠢ ᠭᠤᠤᠯᠳᠠᠯᠭ᠎ᠠ᠎ᠲᠠᠢ ᠳᠠᠶ᠋ᠢᠴᠢᠯᠠᠵᠤ ᠪᠠᠶ᠋ᠢᠭᠠᠳ ᠲᠥᠷᠥ᠎ᠶᠢᠨ ᠪᠣᠳᠣᠯᠭ᠎ᠠ᠎ᠶᠢᠨ ᠲᠣᠭᠲᠠᠭᠠᠯ ᠶᠣᠰᠣᠭᠠᠷ ᠲᠥᠪᠯᠡᠷᠡᠭᠦᠯᠦᠨ ᠬᠤᠳᠠᠯᠳᠤᠨ ᠠᠪᠬᠤ᠎ᠳᠤ ᠣᠷᠤᠯᠴᠠᠭᠤᠯᠤᠨ᠎ᠠ ; ᠡᠮᠴᠢᠯᠡᠭᠡᠨ᠎ᠤ ᠳᠠᠭᠠᠳᠬᠠᠯ᠎ᠤᠨ ᠲᠣᠭᠲᠠᠭᠰᠠᠨ ᠴᠡᠭ᠎ᠦᠨ ᠠᠷᠠᠳ᠎ᠠᠴᠠ ᠡᠵᠡᠩᠨᠡᠭᠰᠡᠨ ᠡᠮᠴᠢᠯᠡᠭᠡᠨ᠎ᠤ ᠪᠠᠶ᠋ᠢᠭᠤᠯᠤᠮᠵᠢ ᠂ ᠡᠮᠴᠢᠯᠡᠭᠡᠨ᠎ᠤ ᠳᠠᠭᠠᠳᠬᠠᠯ᠎ᠤᠨ ᠲᠣᠭᠲᠠᠭᠰᠠᠨ ᠴᠡᠭ᠎ᠦᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ ᠲᠥᠪᠯᠡᠷᠡᠭᠦᠯᠦᠨ ᠬᠤᠳᠠᠯᠳᠤᠨ ᠠᠪᠬᠤ᠎ᠳᠤ ᠣᠷᠣᠯᠴᠠᠬᠤ᠎ᠶᠢᠨ ᠬᠠᠮᠲᠤ ᠮᠡᠳᠡᠭᠦᠯᠬᠦ ᠬᠡᠮᠵᠢᠶ᠎ᠡ᠎ᠶᠢ ᠵᠣᠷᠢᠭ᠍ᠵᠢᠭᠤᠯᠤᠨ᠎ᠠ ᠃
ᠬᠤᠶᠠᠷ ᠂ ᠲᠠᠭᠯᠠᠨ ᠮᠡᠳᠡᠭᠦᠯᠬᠦ ᠠᠷᠭ᠎ᠠ ᠮᠠᠶᠢᠭ᠋
ᠲᠣᠰ ᠤᠳᠠᠭᠠᠨ᠎ᠤ ᠲᠤᠭ᠎ᠠ ᠪᠠᠷᠢᠮᠲᠠ᠎ᠶᠢ ᠲᠠᠭᠯᠠᠨ ᠮᠡᠳᠡᠭᠦᠯᠬᠦ᠎ᠶᠢ ᠰᠦᠯᠵᠢᠶᠡᠨ ᠳᠡᠭᠡᠷ᠎ᠡ ᠰᠢᠭᠤᠳ ᠮᠡᠳᠡᠭᠦᠯᠬᠦ ᠠᠷᠭ᠎ᠠ ᠮᠠᠶᠢᠭ᠋᠎ᠢᠶᠠᠷ ᠶᠠᠪᠤᠭᠳᠠᠭᠤᠯᠵᠤ ᠂ ᠥᠪᠡᠷᠲᠡᠭᠡᠨ ᠵᠠᠰᠠᠬᠤ ᠣᠷᠣᠨ᠎ᠠᠴᠠ 2023 ᠣᠨ ᠂ 2024 ᠣᠨ᠎ᠤ ᠬᠤᠳᠠᠯᠳᠤᠨ ᠠᠪᠤᠭᠰᠠᠨ ᠬᠡᠮᠵᠢᠶᠡᠨ᠎ᠤ ᠲᠤᠭ᠎ᠠ ᠪᠠᠷᠢᠮᠲᠠ᠎ᠶᠢ ᠣᠷᠣᠭᠤᠯᠤᠨ ᠠᠪᠴᠢᠷᠠᠵᠤ ᠂ ᠬᠠᠩᠭᠠᠬᠤ ᠡᠮ ᠡᠮᠨᠡᠯᠭᠡ᠎ᠶᠢᠨ ᠪᠠᠶ᠋ᠢᠭᠤᠯᠤᠮᠵᠢ᠎ᠨᠢ ᠬᠠᠮᠢᠶ᠎ᠠ ᠪᠥᠬᠦᠶ ᠡᠮ᠎ᠤᠨ ᠵᠦᠢᠯ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ᠎ᠶᠢ ᠲᠠᠭᠯᠠᠨ ᠮᠡᠳᠡᠭᠦᠯᠬᠦ ᠦᠶ᠎ᠡ᠎ᠳᠤ ᠯᠠᠪᠯᠠᠯᠲᠠ ᠪᠣᠯᠭᠠᠵᠤ ᠂ ᠡᠮ ᠡᠮᠨᠡᠯᠭᠡ᠎ᠶᠢᠨ ᠪᠠᠶ᠋ᠢᠭᠤᠯᠤᠮᠵᠢ᠎ᠨᠢ ᠮᠡᠳᠡᠭᠦᠯᠬᠦ ᠬᠡᠮᠵᠢᠶᠡᠨ᠎ᠤ ᠬᠡᠪ ᠪᠠᠷᠢᠮᠵᠢᠶ᠎ᠠ᠎ᠪᠠᠷ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ᠎ᠶᠢᠨ ᠬᠡᠮᠵᠢᠶ᠎ᠡ᠎ᠶᠢ ᠲᠠᠭᠯᠠᠨ ᠮᠡᠳᠡᠭᠦᠯᠦᠨ᠎ᠡ ᠃ ᠡᠯ᠎ᠡ ᠠᠶ᠋ᠢᠮᠠᠭ ᠬᠤᠲᠠ᠎ᠶᠢᠨ ᠡᠮᠴᠢᠯᠡᠭᠡᠨ᠎ᠤ ᠪᠠᠲᠤᠯᠠᠭ᠎ᠠ᠎ᠶᠢᠨ ᠰᠠᠯᠠᠭ᠎ᠠ ᠮᠥᠴᠢᠷ᠎ᠤᠳ ᠬᠠᠷᠢᠶ᠎ᠠ ᠣᠷᠣᠨ᠎ᠳᠠᠬᠢ ᠬᠠᠮᠢᠶ᠎ᠠ ᠪᠥᠬᠦᠶ ᠡᠮ ᠡᠮᠨᠡᠯᠭᠡ᠎ᠶᠢᠨ ᠪᠠᠶ᠋ᠢᠭᠤᠯᠤᠮᠵᠢ᠎ᠶᠢ ᠵᠣᠬᠢᠶᠠᠨ ᠪᠠᠶ᠋ᠢᠭᠤᠯᠵᠤ ᠂ ᠲᠣᠭᠲᠠᠭᠰᠠᠨ ᠴᠠᠭ᠎ᠲᠤ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠮᠡᠳᠡᠭᠡ ᠵᠠᠩᠭᠢ᠎ᠶᠢᠨ ᠲᠠᠪᠴᠠᠩ (ᠰᠦᠯᠵᠢᠶᠡᠨ ᠬᠠᠶᠢᠭ᠋ ᠄ fuwu.nhsa.gov.cn᠎ᠡᠴᠡ 《ᠡᠮ᠎ᠤᠨ ᠵᠦᠢᠯ ᠪᠠ ᠡᠮᠴᠢᠯᠡᠭᠡᠨ᠎ᠤ ᠬᠤᠷᠣᠭᠳᠠᠯ ᠮᠠᠲᠧᠷᠢᠶᠠᠯ᠎ᠢ ᠬᠤᠳᠠᠯᠳᠤᠨ ᠠᠪᠬᠤ ᠦᠢᠯᠡᠴᠢᠯᠡᠭᠡ》 - 《ᠤᠯᠤᠰ᠎ᠠᠴᠠ ᠡᠮ᠎ᠤᠨ ᠵᠦᠢᠯ᠎ᠢ ᠲᠥᠪᠯᠡᠷᠡᠭᠦᠯᠦᠨ ᠬᠤᠳᠠᠯᠳᠤᠨ ᠠᠪᠬᠤ ᠮᠡᠳᠡᠭᠡ ᠵᠠᠩᠭᠢ᠎ᠶᠢ ᠲᠠᠭᠯᠠᠨ ᠮᠡᠳᠡᠭᠦᠯᠬᠦ》᠎ᠶᠢ ᠰᠣᠩᠭᠣᠨ᠎ᠠ)᠎ᠳᠤ ᠣᠷᠤᠵᠤ ᠲᠠᠭᠯᠠᠨ ᠮᠡᠳᠡᠭᠦᠯᠦᠨ᠎ᠡ ᠃ ᠮᠡᠳᠡᠭᠦᠯᠦᠭᠰᠡᠨ ᠬᠡᠮᠵᠢᠶᠡᠨ᠎ᠦ ᠡᠮ᠎ᠤᠨ ᠵᠦᠢᠯ᠎ᠤᠨ ᠨᠠᠷᠢᠨ ᠳᠠᠩᠰᠠ᠎ᠶᠢ ᠰᠢᠰᠲᠧᠮ ᠳᠣᠲᠣᠷ᠎ᠠ ᠯᠠᠪᠯᠠᠨ ᠠᠰᠠᠭᠤᠬᠤ ᠪᠠ ᠪᠠᠭᠤᠯᠭᠠᠵᠤ ᠪᠣᠯᠤᠨ᠎ᠠ ᠃ ᠲᠥᠪᠯᠡᠷᠡᠭᠦᠯᠦᠨ ᠬᠤᠳᠠᠯᠳᠤᠨ ᠠᠪᠬᠤ ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ ᠪᠠ ᠪᠣᠯᠪᠠᠰᠤᠷᠠᠯ᠎ᠢ ᠰᠠᠶ᠋ᠢᠲᠤᠷ ᠬᠢᠵᠦ ᠂ ᠲᠥᠪᠯᠡᠷᠡᠭᠦᠯᠦᠨ ᠬᠤᠳᠠᠯᠳᠤᠨ ᠠᠪᠬᠤ ᠮᠡᠳᠡᠭᠦᠯᠬᠦ ᠬᠡᠮᠵᠢᠶ᠎ᠡ ᠪᠠ ᠬᠡᠷᠡᠭᠵᠢᠭᠦᠯᠬᠦ ᠲᠥᠷᠥ᠎ᠶᠢᠨ ᠪᠣᠳᠣᠯᠭ᠎ᠠ᠎ᠶᠢᠨ ᠱᠠᠭᠠᠷᠳᠠᠯᠭ᠎ᠠ ᠂ ᠲᠠᠪᠴᠠᠩ᠎ᠤᠨ ᠠᠵᠢᠯᠯᠠᠬᠤ ᠠᠷᠭ᠎ᠠ ᠵᠡᠷᠭᠡ᠎ᠶᠢ ᠪᠠᠭᠲᠠᠭᠠᠭᠰᠠᠨ ᠠᠶ᠋ᠢᠮᠠᠭ ᠬᠤᠲᠠ᠎ᠶᠢᠨ ᠡᠮᠴᠢᠯᠡᠭᠡᠨ᠎ᠤ ᠪᠠᠲᠤᠯᠠᠭ᠎ᠠ᠎ᠶᠢᠨ ᠰᠠᠯᠠᠭ᠎ᠠ ᠮᠥᠴᠢᠷ᠎ᠤᠳ ᠬᠡᠷᠡᠭᠯᠡᠭᠴᠢ᠎ᠶᠢᠨ ᠲᠠᠩᠰᠠᠨ ᠨᠣᠮᠧᠷ ᠂ ᠡᠮᠴᠢᠯᠡᠭᠡᠨ᠎ᠤ ᠪᠠᠶ᠋ᠢᠭᠤᠯᠤᠮᠵᠢ᠎ᠶᠢᠨ ᠲᠠᠩᠰᠠᠨ ᠨᠣᠮᠧᠷ᠎ᠢ ᠬᠠᠮᠢᠶᠠᠷᠴᠤ ᠠᠷᠪᠠᠳᠤᠭᠠᠷ ᠪᠦᠯᠦᠭ᠎ᠤᠨ ᠤᠯᠤᠰ᠎ᠤᠨ ᠲᠥᠪᠯᠡᠷᠡᠭᠦᠯᠦᠨ ᠬᠤᠳᠠᠯᠳᠤᠨ ᠠᠪᠬᠤ ᠲᠠᠩᠰᠠᠨ ᠨᠣᠮᠧᠷ᠎ᠢ ᠦᠷᠭᠦᠯᠵᠢᠯᠡᠨ ᠬᠡᠷᠡᠭᠯᠡᠨ᠎ᠡ ᠃
ᠡᠮᠴᠢᠯᠡᠭᠡᠨ᠎ᠤ ᠪᠠᠶ᠋ᠢᠭᠤᠯᠤᠮᠵᠢ᠎ᠨᠤᠭᠤᠳ ᠰᠢᠰᠲᠧᠮ᠎ᠤᠨ ᠳᠣᠲᠣᠷᠠᠬᠢ ᠡᠮ᠎ᠤᠨ ᠵᠦᠢᠯ᠎ᠤᠨ ᠨᠠᠷᠢᠨ ᠳᠠᠩᠰᠠ᠎ᠶᠢ ᠦᠨᠳᠦᠰᠦᠯᠡᠨ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ᠎ᠶᠢᠨ ᠬᠡᠮᠵᠢᠶ᠎ᠡ᠎ᠶᠢ ᠲᠠᠭᠯᠠᠨ ᠮᠡᠳᠡᠭᠦᠯᠵᠦ ᠂ ᠬᠤᠳᠠᠯᠳᠤᠨ ᠠᠪᠬᠤ ᠲᠥᠷᠥᠯ ᠵᠦᠢᠯ ᠨᠢᠭᠡᠪᠦᠷᠢ᠎ᠨᠢ ᠬᠡᠲᠦᠷᠬᠡᠶ ᠦᠨᠡᠯᠡᠬᠦ ᠬᠡᠪ ᠬᠡᠮᠵᠢᠶ᠎ᠡ᠎ᠶᠢᠨ ᠳᠣᠲᠣᠷ᠎ᠠ᠎ᠠᠴᠠ ᠲᠥᠷᠥᠯ ᠵᠦᠢᠯ ᠪᠤᠶᠤ ᠦᠢᠯᠡᠳᠪᠦᠷᠢ᠎ᠶᠢᠨ ᠫᠠᠶ᠋ᠢᠰᠠ᠎ᠪᠠᠷ ᠮᠡᠳᠡᠭᠦᠯᠬᠦ ᠬᠡᠮᠵᠢᠶ᠎ᠡ᠎ᠶᠢ ᠥᠪᠡᠰᠦᠪᠡᠨ ᠰᠣᠩᠭᠤᠵᠤ ᠪᠣᠯᠤᠨ᠎ᠠ ᠂ ᠦᠨᠡᠯᠡᠬᠦ ᠬᠡᠪ ᠪᠠᠷᠢᠮᠵᠢᠶ᠎ᠠ᠎ᠶᠢ ᠬᠡᠲᠦᠷᠡᠭᠦᠯᠦᠭᠰᠡᠨ ᠦᠭᠡᠢ ᠥᠩᠭᠡᠷᠡᠭᠰᠡᠨ᠎ᠦ ᠬᠡᠷᠡᠭᠯᠡᠭᠡᠨ᠎ᠤ ᠬᠡᠮᠵᠢᠶ᠎ᠡ᠎ᠶᠢ ᠡᠮᠴᠢᠯᠡᠭᠡᠨ᠎ᠤ ᠪᠠᠶ᠋ᠢᠭᠤᠯᠤᠮᠵᠢ᠎ᠠᠴᠠ ᠥᠪᠡᠰᠦᠪᠡᠨ ᠦᠨᠡᠯᠡᠬᠦ ᠬᠡᠪ ᠬᠡᠮᠵᠢᠶ᠎ᠡ᠎ᠳᠤ ᠬᠦᠷᠲᠡᠯ᠎ᠡ ᠨᠤᠭᠤᠯᠤᠨ ᠪᠤᠳᠤᠵᠤ ᠪᠣᠯᠤᠨ᠎ᠠ ᠃ ᠡᠮ᠎ᠤᠨ ᠵᠦᠢᠯ᠎ᠤᠨ ᠨᠠᠷᠢᠨ ᠳᠠᠩᠰᠠ᠎ᠶᠢ ᠰᠢᠰᠲᠧᠮ᠎ᠡᠴᠡ ᠪᠠᠶ᠋ᠢᠴᠠᠭᠠᠨ ᠯᠠᠪᠯᠠᠬᠤ ᠪᠠ ᠪᠠᠭᠤᠯᠭᠠᠵᠤ ᠪᠣᠯᠣᠨ᠎ᠠ ᠃ ᠪᠣᠳᠠᠲᠠᠢ ᠠᠵᠢᠯᠯᠠᠬᠤ ᠠᠷᠭ᠎ᠠ᠎ᠶᠢ ᠰᠢᠰᠲᠧᠮ ᠳᠣᠲᠣᠷᠠᠬᠢ ᠠᠵᠢᠯᠯᠠᠭᠠᠨ᠎ᠤ ᠸᠢᠳᠢᠣ᠋ ᠪᠣᠯᠣᠨ ᠠᠵᠢᠯᠯᠠᠭᠠᠨ᠎ᠤ ᠭᠠᠷ ᠳᠡᠪᠲᠡᠷ᠎ᠢᠶᠠᠷ ᠯᠠᠪᠯᠠᠯᠲᠠ ᠪᠣᠯᠭᠠᠵᠤ ᠪᠣᠯᠣᠨ᠎ᠠ ᠃
ᠭᠤᠷᠪᠠ ᠂ ᠠᠵᠢᠯ᠎ᠤᠨ ᠱᠠᠭᠠᠷᠳᠠᠯᠭ᠎ᠠ
(ᠨᠢᠭᠡ) ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠂ ᠨᠢᠮᠪᠠᠢ ᠵᠣᠬᠢᠶᠠᠨ ᠪᠠᠢᠭᠤᠯᠬᠤ ᠬᠡᠷᠡᠭᠲᠡᠢ ᠃ ᠡᠯ᠎ᠡ ᠠᠶ᠋ᠢᠮᠠᠭ ᠬᠤᠲᠠ᠎ᠶᠢᠨ ᠡᠮᠴᠢᠯᠡᠭᠡᠨ᠎ᠤ ᠪᠠᠲᠤᠯᠠᠭ᠎ᠠ᠎ᠶᠢᠨ ᠰᠠᠯᠠᠭ᠎ᠠ ᠮᠥᠴᠢᠷ᠎ᠤᠳ ᠤᠯᠤᠰ ᠲᠥᠷᠥ᠎ᠶᠢᠨ ᠵᠣᠭᠰᠣᠴᠠ᠎ᠪᠠᠨ ᠳᠡᠭᠡᠭᠰᠢᠯᠡᠭᠦᠯᠵᠦ ᠂ ᠤᠳᠤᠷᠢᠳᠤᠯᠭ᠎ᠠ᠎ᠪᠠᠨ ᠴᠢᠩᠭᠠᠳᠬᠠᠨ ᠂ ᠬᠠᠷᠢᠶ᠎ᠠ ᠣᠷᠣᠨ᠎ᠤ ᠳᠣᠲᠣᠷᠠᠬᠢ ᠡᠮ ᠡᠮᠨᠡᠯᠭᠡ᠎ᠶᠢᠨ ᠪᠠᠶ᠋ᠢᠭᠤᠯᠤᠮᠵᠢ᠎ᠶᠢ ᠨᠠᠷᠢᠨ ᠨᠢᠮᠪᠠᠶ ᠵᠣᠬᠢᠶᠠᠨ ᠪᠠᠶ᠋ᠢᠭᠤᠯᠤᠨ ᠲᠣᠭᠲᠠᠭᠰᠠᠨ ᠬᠤᠭᠤᠴᠠᠭᠠᠨ᠎ᠳᠤ ᠬᠡᠷᠡᠭᠴᠡᠭᠡ ᠱᠠᠭᠠᠷᠳᠠᠯᠭ᠎ᠠ᠎ᠶᠢ ᠲᠠᠭᠯᠠᠨ ᠮᠡᠳᠡᠭᠦᠯᠬᠦ ᠠᠵᠢᠯ᠎ᠢ ᠰᠠᠶ᠋ᠢᠲᠤᠷ ᠬᠢᠵᠦ ᠂ ᠲᠣᠰ ᠭᠠᠵᠠᠷ ᠣᠷᠣᠨ᠎ᠤ ᠮᠡᠳᠡᠭᠦᠯᠦᠭᠰᠡᠨ ᠬᠡᠮᠵᠢᠶ᠎ᠡ᠎ᠶᠢᠨ ᠠᠵᠢᠯ᠎ᠤᠨ ᠤᠷᠤᠭᠰᠢᠲᠠᠶ ᠥᠷᠨᠢᠬᠦ᠎ᠶᠢ ᠠᠬᠢᠭᠤᠯᠬᠤ ᠬᠡᠷᠡᠭᠲᠡᠶ ᠃ ᠡᠯ᠎ᠡ ᠬᠤᠯᠪᠣᠭᠳᠠᠯ ᠪᠥᠬᠦᠶ ᠡᠮ ᠡᠮᠨᠡᠯᠭᠡ᠎ᠶᠢᠨ ᠪᠠᠶ᠋ᠢᠭᠤᠯᠤᠮᠵᠢ᠎ᠨᠤᠭᠤᠳ ᠲᠣᠰ ᠤᠳᠠᠭᠠᠨ᠎ᠤ ᠬᠡᠷᠡᠭᠴᠡᠭᠡ ᠱᠠᠭᠠᠷᠳᠠᠯᠭ᠎ᠠ᠎ᠶᠢᠨ ᠬᠡᠮᠵᠢᠶ᠎ᠡ᠎ᠶᠢ ᠲᠠᠭᠯᠠᠨ ᠮᠡᠳᠡᠭᠦᠯᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠂ ᠬᠠᠮᠢᠶ᠎ᠠ ᠪᠥᠬᠦᠶ ᠠᠵᠢᠯ᠎ᠢ ᠰᠠᠶ᠋ᠢᠨ ᠮᠡᠳᠡᠬᠦ ᠲᠤᠰᠬᠠᠶ ᠬᠥᠮᠦᠨ᠎ᠢ ᠵᠢᠭᠠᠨ ᠲᠣᠭᠲᠠᠭᠠᠵᠤ ᠲᠠᠭᠯᠠᠨ ᠮᠡᠳᠡᠭᠦᠯᠬᠦ᠎ᠶᠢ ᠬᠠᠷᠢᠭᠤᠴᠠᠭᠤᠯᠤᠨ ᠂ ᠮᠡᠳᠡᠭᠦᠯᠦᠭᠰᠡᠨ ᠬᠡᠮᠵᠢᠶᠡᠨ᠎ᠦ ᠦᠨᠡᠨ ᠪᠣᠳᠠᠲᠠᠶ ᠂ ᠵᠦᠶ ᠵᠣᠬᠢᠰᠲᠠᠶ ᠂ ᠣᠨᠣᠪᠴᠢᠲᠠᠶ ᠪᠠᠶ᠋ᠢᠬᠤ᠎ᠶᠢ ᠦᠨᠡᠨ ᠬᠦ᠌ ᠪᠠᠲᠤᠯᠠᠬᠤ ᠬᠡᠷᠡᠭᠲᠡᠶ ᠃
(ᠬᠣᠶᠠᠷ) ᠡᠮᠴᠢᠯᠡᠭᠡᠨ᠎ᠤ ᠪᠠᠶ᠋ᠢᠭᠤᠯᠤᠮᠵᠢ᠎ᠶᠢᠨ ᠲᠣᠭ᠎ᠠ ᠮᠡᠳᠡᠭᠦᠯᠬᠦ ᠠᠵᠢᠯ᠎ᠤᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠬᠤ ᠬᠡᠷᠡᠭᠲᠡᠢ ᠃ ᠡᠯ᠎ᠡ ᠠᠶ᠋ᠢᠮᠠᠭ ᠬᠣᠲᠠ᠎ᠶᠢᠨ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ᠎ᠤᠳ ᠡᠮᠴᠢᠯᠡᠭᠡᠨ᠎ᠤ ᠪᠠᠶ᠋ᠢᠭᠤᠯᠤᠮᠵᠢ᠎ᠶᠢ ᠵᠢᠯᠣᠭᠣᠳᠤᠨ ᠡᠮᠴᠢᠯᠡᠭᠡᠨ᠎ᠤ ᠬᠡᠷᠡᠭᠴᠡᠭᠡ ᠱᠠᠭᠠᠷᠳᠠᠯᠭ᠎ᠠ᠎ᠶᠢᠨ ᠬᠤᠪᠢᠷᠠᠯᠲᠠ᠎ᠶᠢ ᠶᠡᠷᠦᠩᠬᠡᠶ᠋ᠢᠯᠡᠨ ᠪᠣᠳᠣᠯᠬᠢᠯᠠᠵᠤ ᠂ ᠭᠦᠢᠴᠡᠳ ᠬᠡᠮᠵᠢᠶ᠎ᠡ᠎ᠪᠠᠷ ᠮᠡᠳᠡᠭᠦᠯᠬᠦ ᠬᠡᠷᠡᠭᠲᠡᠶ ᠃ ᠬᠡᠷᠡᠭᠯᠡᠬᠦ ᠬᠡᠮᠵᠢᠶ᠎ᠡ᠎ᠨᠢ ᠳᠡᠭᠡᠭᠰᠢᠯᠡᠬᠦ ᠬᠠᠨᠳᠤᠰᠢ᠎ᠲᠠᠢ ᠲᠥᠷᠥᠯ ᠵᠦᠢᠯ᠎ᠳᠤ ᠴᠢᠭᠯᠡᠭᠦᠯᠦᠨ ᠂ ᠵᠢᠱ᠌ᠢᠶᠡᠯᠡᠪᠡᠯ 2023 ᠣᠨ ᠪᠠ 2024 ᠣᠨ᠎ᠳᠤ ᠡᠮᠴᠢᠯᠡᠭᠡᠨ᠎ᠦ ᠳᠠᠭᠠᠳᠬᠠᠯ᠎ᠤᠨ ᠭᠠᠷᠴᠠᠭ (ᠮᠡᠳᠡᠭᠦᠯᠬᠦ ᠬᠡᠮᠵᠢᠶᠡᠨ᠎ᠦ ᠲᠥᠷᠥᠯ ᠵᠦᠢᠯ᠎ᠤᠨ ᠨᠠᠷᠢᠨ ᠳᠠᠩᠰᠠ᠎ᠳᠦ ᠲᠡᠮᠳᠡᠭ ᠬᠠᠳᠠᠪᠠ)᠎ᠲᠤ ᠰᠢᠨ᠎ᠡ᠎ᠪᠡᠷ ᠣᠷᠤᠭᠤᠯᠤᠭᠰᠠᠨ ᠂ ᠡᠮᠴᠢᠯᠡᠭᠡᠨ᠎ᠤ ᠵᠦᠭᠯᠡᠭᠦᠷ ᠲᠠᠨᠢᠯᠴᠠᠭᠤᠯᠬᠤ ᠪᠠᠶ᠋ᠢᠷᠢ ᠰᠠᠭᠤᠷᠢ᠎ᠶᠢ ᠳᠡᠭᠡᠭᠰᠢᠯᠡᠭᠦᠯᠬᠦ ᠵᠡᠷᠭᠡ᠎ᠳᠤ ᠮᠡᠳᠡᠭᠦᠯᠬᠦ ᠬᠡᠮᠵᠢᠶ᠎ᠡ᠎ᠶᠢ ᠵᠣᠬᠢᠰᠲᠠᠶ ᠨᠡᠮᠡᠭᠳᠡᠭᠦᠯᠬᠦ ᠬᠡᠷᠡᠭᠲᠡᠶ ᠃ ᠬᠡᠷᠡᠭᠯᠡᠬᠦ ᠬᠡᠮᠵᠢᠶ᠎ᠡ᠎ᠨᠢ ᠪᠠᠭᠤᠷᠠᠵᠤ ᠮᠡᠳᠡᠬᠦ ᠲᠥᠷᠥᠯ ᠵᠦᠢᠯ᠎ᠳᠤ ᠴᠢᠭᠯᠡᠭᠦᠯᠦᠨ ᠂ ᠵᠢᠱ᠌ᠢᠶᠡᠯᠡᠪᠡᠯ ᠡᠮᠨᠡᠯᠭᠡ᠎ᠶᠢᠨ ᠬᠤᠷᠢᠶᠠᠨ᠎ᠤ ᠬᠠᠮᠢᠶ᠎ᠠ ᠪᠦᠬᠦᠢ ᠰᠠᠯᠠᠭ᠎ᠠ ᠲᠠᠰᠤᠭ᠎ᠤᠨ ᠲᠣᠬᠢᠷᠠᠭᠤᠯᠤᠨ ᠬᠠᠰᠤᠬᠤ ᠵᠡᠷᠭᠡ᠎ᠳᠤ ᠴᠢᠭᠯᠡᠭᠦᠯᠦᠨ ᠂ ᠮᠡᠳᠡᠭᠦᠯᠬᠦ ᠬᠡᠮᠵᠢᠶ᠎ᠡ᠎ᠶᠢ ᠵᠣᠬᠢᠰᠲᠠᠶ ᠪᠠᠭᠠᠰᠬᠠᠬᠤ᠎ᠶᠢ ᠵᠥᠪᠰᠢᠶᠡᠷᠡᠨ᠎ᠡ ᠂ ᠭᠡᠪᠡᠴᠦ ᠡᠷᠬᠡᠪᠰᠢ ᠲᠣᠳᠣᠷᠬᠠᠶ᠋ᠢᠯᠠᠯᠲᠠ ᠬᠢᠬᠦ᠎ᠶᠢᠨ ᠬᠠᠮᠲᠤ ᠭᠡᠷᠡᠴᠢᠯᠡᠬᠦ ᠮᠠᠲᠧᠷᠢᠶᠠᠯ ᠬᠠᠩᠭᠠᠬᠤ ᠬᠡᠷᠡᠭᠲᠡᠶ ᠃ ᠬᠡᠷᠡᠭᠯᠡᠯᠲᠡ᠎ᠶᠢᠨ ᠬᠡᠮᠵᠢᠶ᠎ᠡ᠎ᠨᠢ ᠲᠣᠭᠲᠠᠭᠤᠨ ᠪᠤᠰᠤ ᠴᠢᠨᠠᠷ ᠣᠷᠣᠰᠢᠵᠤ ᠪᠠᠶ᠋ᠢᠭ᠎ᠠ ᠲᠥᠷᠥᠯ ᠵᠦᠢᠯ᠎ᠳᠤ ᠴᠢᠭᠯᠡᠭᠦᠯᠦᠨ ᠂ ᠵᠢᠱ᠌ᠢᠶᠡᠯᠡᠪᠡᠯ ᠤᠯᠠᠷᠢᠯ᠎ᠤᠨ ᠴᠢᠨᠠᠷᠲᠠᠶ ᠂ ᠬᠠᠯᠳᠠᠪᠤᠷᠢᠲᠤ ᠴᠢᠨᠠᠷᠲᠠᠶ ᠡᠪᠡᠳᠴᠢᠨ ᠡᠮᠭᠡᠭ᠎ᠲᠠᠢ ᠬᠣᠯᠪᠣᠭᠳᠠᠬᠤ ᠵᠡᠷᠭᠡ ᠡᠪᠡᠳᠴᠢᠨ ᠡᠮᠭᠡᠭ᠎ᠤᠨ ᠣᠨᠴᠠᠯᠢᠭ᠋᠎ᠢ ᠶᠡᠷᠦᠩᠬᠡᠶ᠋ᠢᠯᠡᠨ ᠪᠣᠳᠣᠯᠬᠢᠯᠠᠵᠤ ᠂ ᠵᠦᠢ ᠵᠣᠬᠢᠰᠲᠠᠶ ᠮᠡᠳᠡᠭᠦᠯᠬᠦ ᠬᠡᠷᠡᠭᠲᠡᠶ ᠃ ᠤᠯᠤᠰ᠎ᠤᠨ ᠬᠣᠯᠪᠣᠭᠠᠯᠠᠨ ᠬᠤᠳᠠᠯᠳᠤᠨ ᠠᠪᠬᠤ ᠠᠯᠪᠠᠨ ᠭᠡᠷ᠎ᠨᠢ ᠡᠯ᠎ᠡ ᠱᠠᠲᠤᠨ᠎ᠤ ᠡᠮᠴᠢᠯᠡᠭᠡᠨ᠎ᠤ ᠪᠠᠲᠤᠯᠠᠭ᠎ᠠ᠎ᠶᠢᠨ ᠰᠠᠯᠠᠭ᠎ᠠ ᠮᠥᠴᠢᠷ᠎ᠲᠠᠢ ᠬᠠᠮᠲᠤᠷᠠᠨ ᠲᠣᠭ᠎ᠠ ᠬᠡᠮᠵᠢᠶ᠎ᠡ᠎ᠶᠢ ᠮᠡᠳᠡᠭᠦᠯᠬᠦ ᠦᠭᠡᠶ ᠂ ᠮᠡᠳᠡᠭᠦᠯᠦᠭᠰᠡᠨ ᠪᠠᠶ᠋ᠢᠲᠠᠯ᠎ᠠ ᠬᠤᠳᠠᠯᠳᠤᠨ ᠠᠪᠬᠤ ᠦᠭᠡᠶ ᠂ ᠬᠤᠳᠠᠯᠳᠤᠨ ᠠᠪᠤᠭᠰᠠᠨ ᠪᠠᠶ᠋ᠢᠲᠠᠯ᠎ᠠ ᠬᠦᠷᠦᠯᠴᠡᠬᠦ ᠦᠭᠡᠶ ᠡᠮᠴᠢᠯᠡᠭᠡᠨ᠎ᠤ ᠪᠠᠶ᠋ᠢᠭᠤᠯᠤᠮᠵᠢ᠎ᠶᠢ ᠢᠯᠡ᠎ᠪᠠᠷ ᠯᠠᠪᠯᠠᠨ ᠠᠰᠠᠭᠤᠬᠤ᠎ᠶᠢᠨ ᠬᠠᠮᠲᠤ ᠲᠤᠰᠬᠠᠶ ᠵᠦᠢᠯ᠎ᠤᠨ ᠲᠤᠬᠠᠶ᠎ᠶᠢᠨ ᠲᠠᠯᠠᠪᠠᠶ᠎ᠳᠤ ᠪᠠᠶ᠋ᠢᠴᠠᠭᠠᠯᠲᠠ ᠬᠢᠬᠦ᠎ᠶᠢ ᠵᠣᠬᠢᠶᠠᠨ ᠪᠠᠶ᠋ᠢᠭᠤᠯᠬᠤ ᠬᠡᠷᠡᠭᠲᠡᠶ ᠃
(ᠭᠤᠷᠪᠠ) ᠡᠮᠴᠢᠯᠡᠭᠡᠨ᠎ᠤ ᠪᠠᠶ᠋ᠢᠭᠤᠯᠤᠮᠵᠢ᠎ᠶᠢᠨ ᠮᠡᠳᠡᠭᠦᠯᠬᠦ ᠬᠡᠮᠵᠢᠶ᠎ᠡ᠎ᠶᠢ ᠴᠢᠩᠭ᠎ᠠ ᠬᠢᠨᠠᠨ ᠬᠠᠷᠭᠤᠭᠤᠯᠬᠤ ᠬᠡᠷᠡᠭᠲᠡᠶ ᠃ ᠡᠯ᠎ᠡ ᠠᠶ᠋ᠢᠮᠠᠭ ᠬᠤᠲᠠ᠎ᠶᠢᠨ ᠡᠮᠴᠢᠯᠡᠭᠡᠨ᠎ᠤ ᠪᠠᠲᠤᠯᠠᠭ᠎ᠠ᠎ᠶᠢᠨ ᠰᠠᠯᠠᠭ᠎ᠠ ᠮᠥᠴᠢᠷ᠎ᠤᠳ ᠨᠠᠷᠢᠨ ᠬᠢᠨᠠᠮᠠᠭᠠᠶ ᠬᠠᠷᠢᠭᠤᠴᠠᠵᠤ ᠂ ᠡᠮᠴᠢᠯᠡᠭᠡᠨ᠎ᠤ ᠪᠠᠶ᠋ᠢᠭᠤᠯᠤᠮᠵᠢ᠎ᠶᠢᠨ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ᠎ᠶᠢᠨ ᠬᠡᠮᠵᠢᠶ᠎ᠡ ᠬᠢᠭᠡᠳ ᠪᠣᠳᠠᠲᠠᠶ ᠡᠮᠴᠢᠯᠡᠭᠡᠨ᠎ᠤ ᠦᠢᠯᠡᠴᠢᠯᠡᠭᠡᠨ᠎ᠤ ᠴᠢᠳᠠᠪᠤᠷᠢ᠎ᠨᠢ ᠢᠯᠡᠷᠬᠡᠶ ᠨᠡᠶ᠋ᠢᠴᠡᠬᠦ ᠡᠰᠡᠬᠦ ᠂ ᠮᠡᠳᠡᠭᠡ ᠵᠠᠩᠭᠢ᠎ᠳᠤ ᠭᠠᠷᠤᠨ ᠦᠰᠦᠭ ᠵᠢᠷᠤᠬᠤ ᠪᠤᠶᠤ ᠲᠠᠮᠠᠭ᠎ᠠ ᠳᠠᠷᠤᠬᠤ ᠵᠡᠷᠭᠡ ᠪᠠᠶ᠋ᠢᠳᠠᠯ ᠪᠠᠶ᠋ᠢᠬᠤ᠎ᠶᠢ ᠪᠠᠶ᠋ᠢᠴᠠᠭᠠᠵᠤ ᠂ ᠲᠤᠭ᠎ᠠ ᠪᠠᠷᠢᠮᠲᠠ᠎ᠶᠢᠨ ᠠᠯᠳᠠᠭ᠎ᠠ ᠪᠤᠷᠤᠭᠤ᠎ᠶᠢ ᠴᠠᠭ ᠲᠤᠬᠠᠶ ᠳᠦ ᠨᠢ ᠵᠠᠯᠠᠷᠠᠭᠤᠯᠵᠤ ᠂ ᠲᠤᠭ᠎ᠠ ᠪᠠᠷᠢᠮᠲᠠ᠎ᠶᠢ ᠲᠠᠭᠯᠠᠨ ᠮᠡᠳᠡᠭᠦᠯᠬᠦ ᠣᠨᠣᠪᠴᠢᠲᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠶ ᠃ ᠡᠯ᠎ᠡ ᠠᠶ᠋ᠢᠮᠠᠭ ᠬᠤᠲᠠ᠎ᠶᠢᠨ ᠡᠮᠴᠢᠯᠡᠭᠡᠨ᠎ᠤ ᠪᠠᠲᠤᠯᠠᠭ᠎ᠠ᠎ᠶᠢᠨ ᠰᠠᠯᠠᠭ᠎ᠠ ᠮᠥᠴᠢᠷ᠎ᠤᠳ ᠡᠮᠴᠢᠯᠡᠭᠡᠨ᠎ᠤ ᠪᠠᠶ᠋ᠢᠭᠤᠯᠤᠮᠵᠢ᠎ᠶᠢᠨ ᠮᠡᠳᠡᠭᠦᠯᠬᠦ ᠬᠡᠮᠵᠢᠶ᠎ᠡ᠎ᠶᠢ 2023 ᠣᠨ ᠂ 2024 ᠣᠨ᠎ᠤ ᠬᠤᠶᠠᠷ ᠵᠢᠯ᠎ᠤᠨ ᠳᠤᠮᠳᠠᠴᠢ ᠬᠤᠳᠠᠯᠳᠤᠨ ᠠᠪᠬᠤ ᠬᠡᠮᠵᠢᠶ᠎ᠡ᠎ᠲᠠᠢ ᠬᠠᠷᠢᠴᠠᠭᠤᠯᠤᠨ ᠬᠠᠷᠭᠤᠭᠤᠯᠵᠤ ᠂ ᠡᠮᠴᠢᠯᠡᠭᠡᠨ᠎ᠤ ᠪᠠᠶ᠋ᠢᠭᠤᠯᠤᠮᠵᠢ᠎ᠶᠢᠨ ᠮᠡᠳᠡᠭᠦᠯᠬᠦ ᠬᠡᠮᠵᠢᠶ᠎ᠡ᠎ᠨᠢ ᠲᠡᠭᠦᠨ᠎ᠤ ᠳᠤᠮᠳᠠᠴᠢ ᠬᠤᠳᠠᠯᠳᠤᠨ ᠠᠪᠬᠤ ᠬᠡᠮᠵᠢᠶ᠎ᠡ᠎ᠶᠢᠨ 80%᠎ᠠᠴᠠ ᠳᠣᠤᠷ᠎ᠠ ᠪᠠᠶ᠋ᠢᠬᠤ ᠦᠶ᠎ᠡ᠎ᠳᠤ ᠂ ᠡᠮᠴᠢᠯᠡᠭᠡᠨ᠎ᠤ ᠪᠠᠶ᠋ᠢᠭᠤᠯᠤᠮᠵᠢ᠎ᠶᠢ ᠲᠣᠳᠣᠷᠬᠠᠶ᠋ᠢᠯᠠᠵᠤ ᠂ ᠥᠩᠭᠡᠷᠡᠭᠰᠡᠨ᠎ᠦ ᠬᠤᠳᠠᠯᠳᠤᠨ ᠠᠪᠤᠭᠰᠠᠨ ᠬᠡᠮᠵᠢᠶ᠎ᠡ ᠪᠠᠢᠬᠤ ᠪᠣᠯᠪᠠᠴᠤ ᠮᠡᠳᠡᠭᠦᠯᠬᠦ ᠬᠡᠮᠵᠢᠶ᠎ᠡ ᠦᠭᠡᠢ ᠡᠮᠴᠢᠯᠡᠭᠡᠨ᠎ᠤ ᠪᠠᠶ᠋ᠢᠭᠤᠯᠤᠮᠵᠢ᠎ᠶᠢ ᠰᠡᠭᠦᠯᠴᠢ᠎ᠶᠢᠨ ᠬᠤᠭᠤᠴᠠᠭᠠᠨ᠎ᠳᠤ ᠨᠠᠶ᠋ᠢᠳᠠᠪᠤᠷᠢᠵᠢᠭᠤᠯᠤᠨ ᠬᠢᠨᠠᠨ ᠬᠡᠮᠵᠢᠬᠦ᠎ᠶᠢ ᠬᠡᠷᠡᠭᠵᠢᠭᠦᠯᠬᠦ ᠦᠶ᠎ᠡ᠎ᠳᠤ ᠭᠤᠤᠯᠳᠠᠯᠭ᠎ᠠ᠎ᠲᠠᠢ ᠠᠩᠬᠠᠷᠬᠤ ᠬᠡᠷᠡᠭᠲᠡᠶ ᠃ 2023 ᠣᠨ ᠪᠠ 2024 ᠣᠨ᠎ᠳᠤ ᠰᠢᠨ᠎ᠡ᠎ᠪᠠᠷ ᠡᠮᠴᠢᠯᠡᠭᠡᠨ᠎ᠤ ᠳᠠᠭᠠᠳᠬᠠᠯ᠎ᠤᠨ ᠭᠠᠷᠴᠠᠭ᠎ᠲᠤ ᠣᠷᠣᠭᠤᠯᠤᠭᠰᠠᠨ ᠂ ᠵᠦᠭᠯᠡᠭᠦᠷ᠎ᠤᠨ ᠲᠠᠨᠢᠯᠴᠠᠭᠤᠯᠬᠤ ᠪᠠᠶ᠋ᠢᠷᠢ ᠰᠠᠭᠤᠷᠢ᠎ᠶᠢ ᠳᠡᠭᠡᠭᠰᠢᠯᠡᠭᠦᠯᠬᠦ ᠵᠡᠷᠭᠡ ᠬᠡᠷᠡᠭᠯᠡᠬᠦ ᠬᠡᠮᠵᠢᠶ᠎ᠡ᠎ᠶᠢ ᠳᠡᠭᠡᠭᠰᠢᠯᠡᠭᠦᠯᠬᠦ ᠬᠠᠨᠳᠤᠰᠢ᠎ᠲᠠᠢ ᠲᠥᠷᠥᠯ ᠵᠦᠢᠯ᠎ᠳᠤ ᠴᠢᠭᠯᠡᠭᠦᠯᠦᠨ ᠂ ᠮᠡᠳᠡᠭᠦᠯᠬᠦ ᠬᠡᠮᠵᠢᠶ᠎ᠡ᠎ᠶᠢ ᠳᠤᠮᠳᠠᠴᠢ᠎ᠪᠠᠷ ᠬᠤᠳᠠᠯᠳᠤᠨ ᠠᠪᠬᠤ ᠳᠤᠮᠳᠠᠴᠢ ᠬᠡᠮᠵᠢᠶ᠎ᠡ᠎ᠶᠢᠨ 100%᠎ᠳᠦ ᠬᠦᠷᠦᠭᠦᠯᠬᠦ᠎ᠪᠠᠷ ᠴᠢᠷᠮᠠᠶ᠋ᠢᠬᠤ ᠬᠡᠷᠡᠭᠲᠡᠶ ᠭᠡᠵᠦ ᠱᠠᠭᠠᠷᠳᠠᠪᠠ ᠃ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠰᠠᠯᠠᠭ᠎ᠠ ᠮᠥᠴᠢᠷ᠎ᠲᠠᠢ ᠬᠠᠮᠵᠢᠯᠴᠠᠨ ᠵᠦᠶ ᠵᠣᠬᠢᠰᠲᠠᠶ ᠡᠮ ᠬᠡᠷᠡᠭᠯᠡᠬᠦ ᠬᠠᠮᠢᠶᠠᠷᠤᠯᠲᠠ᠎ᠶᠢ ᠴᠢᠩᠭᠠᠳᠬᠠᠬᠤ᠎ᠶᠢᠨ ᠲᠥᠯᠥᠭᠡ ᠂ ᠵᠣᠬᠢᠴᠠᠬᠤ ᠡᠪᠡᠳᠴᠢᠨ ᠮᠡᠳᠡᠭᠦᠯᠬᠦ ᠬᠡᠮᠵᠢᠶ᠎ᠡ᠎ᠶᠢ ᠬᠢᠵᠠᠭᠠᠷᠯᠠᠬᠤ ᠲᠥᠷᠥᠯ ᠵᠦᠢᠯ᠎ᠤᠨ ᠬᠤᠳᠠᠯᠳᠤᠨ ᠠᠪᠬᠤ ᠳᠤᠮᠳᠠᠴᠢ ᠬᠡᠮᠵᠢᠶ᠎ᠡ᠎ᠶᠢᠨ 80%᠎ᠶᠢᠨ ᠰᠠᠭᠤᠷᠢᠨ ᠳᠡᠭᠡᠷ᠎ᠡ ᠮᠡᠳᠡᠭᠦᠯᠬᠦ ᠬᠡᠮᠵᠢᠶ᠎ᠡ᠎ᠶᠢ ᠵᠣᠬᠢᠰᠲᠠᠶ ᠪᠠᠭᠠᠰᠬᠠᠨ᠎ᠠ ᠃ ᠦᠨᠳᠦᠰᠦᠨ ᠡᠮᠴᠢᠯᠡᠭᠡᠨ᠎ᠦ ᠳᠠᠭᠠᠳᠬᠠᠯ᠎ᠠᠴᠠ ᠪᠤᠰᠤᠳ ᠡᠮᠴᠢᠯᠡᠭᠡᠨ᠎ᠤ ᠦᠢᠯᠡᠴᠢᠯᠡᠭᠡ ᠂ ᠵᠢᠱ᠌ᠢᠶᠡᠯᠡᠪᠡᠯ ᠦᠨᠳᠦᠰᠦᠨ ᠡᠮᠴᠢᠯᠡᠭᠡᠨ᠎ᠦ ᠳᠠᠭᠠᠳᠬᠠᠯ᠎ᠤᠨ ᠳᠠᠩᠰᠠ ᠲᠠᠶ᠋ᠢᠯᠬᠤ ᠬᠡᠪᠴᠢᠶᠡᠨ᠎ᠳᠤ ᠣᠷᠣᠭᠤᠯᠬᠤ ᠦᠭᠡᠶ ᠣᠨᠴᠠ ᠬᠡᠷᠡᠭᠰᠡᠬᠦ ᠡᠮᠴᠢᠯᠡᠭᠡ ᠂ ᠣᠯᠠᠨ ᠤᠯᠤᠰ᠎ᠤᠨ ᠡᠮᠴᠢᠯᠡᠭᠡᠨ᠎ᠳᠤ ᠬᠡᠷᠡᠭᠯᠡᠬᠦ ᠡᠮ᠎ᠢ ᠮᠡᠳᠡᠭᠦᠯᠬᠦ ᠬᠡᠮᠵᠢᠶᠡᠨ᠎ᠤ ᠬᠡᠪᠴᠢᠶᠡᠨ᠎ᠳᠤ ᠣᠷᠣᠭᠤᠯᠬᠤ ᠦᠭᠡᠶ ᠪᠠᠶ᠋ᠢᠵᠤ ᠪᠣᠯᠤᠨ᠎ᠠ ᠃
(ᠲᠦᠷᠪᠡ) ᠦᠨᠳᠦᠰᠦᠨ ᠡᠮ᠎ᠤᠨ ᠵᠦᠢᠯᠡᠰᠯᠦ᠍ᠭᠡ ᠲᠥᠷᠥ᠎ᠶᠢᠨ ᠪᠣᠳᠣᠯᠭ᠎ᠠ᠎ᠶᠢᠨ ᠵᠣᠯᠭᠠᠭᠤᠯᠤᠯᠲᠠ᠎ᠶᠢ ᠰᠠᠶ᠋ᠢᠲᠤᠷ ᠬᠢᠬᠦ ᠬᠡᠷᠡᠭᠲᠡᠢ ᠃ ᠮᠡᠳᠡᠭᠦᠯᠦᠭᠰᠡᠨ ᠬᠡᠮᠵᠢᠶ᠎ᠡ ᠲᠥᠷᠥᠯ ᠵᠦᠢᠯ᠎ᠤᠨ ᠨᠠᠷᠢᠨ ᠳᠠᠩᠰᠠ᠎ᠶᠢ ᠨᠢᠭᠡᠨᠲᠡ ᠢᠯᠭᠠᠨ ᠲᠡᠮᠳᠡᠭᠯᠡᠭᠰᠡᠨ ᠦᠨᠳᠦᠰᠦᠨ ᠡᠮ᠎ᠤᠨ ᠵᠦᠢᠯ᠎ᠤᠨ ᠵᠤᠷᠰᠢᠯ ᠶᠣᠰᠣᠭᠠᠷ ᠂ ᠡᠯ᠎ᠡ ᠠᠶ᠋ᠢᠮᠠᠭ ᠬᠤᠲᠠ᠎ᠶᠢᠨ ᠡᠮᠴᠢᠯᠡᠭᠡᠨ᠎ᠤ ᠪᠠᠲᠤᠯᠠᠭ᠎ᠠ᠎ᠶᠢᠨ ᠰᠠᠯᠠᠭ᠎ᠠ ᠮᠥᠴᠢᠷ᠎ᠤᠳ ᠮᠡᠳᠡᠭᠦᠯᠦᠭᠰᠡᠨ ᠬᠡᠮᠵᠢᠶᠡᠨ᠎ᠤ ᠮᠡᠳᠡᠭᠳᠡᠯ ᠪᠤᠶᠤ ᠪᠣᠯᠪᠠᠰᠤᠷᠠᠯ ᠳᠤᠮᠳᠠ ᠡᠮᠴᠢᠯᠡᠭᠡᠨ᠎ᠤ ᠪᠠᠶ᠋ᠢᠭᠤᠯᠤᠮᠵᠢ᠎ᠳᠤ ᠲᠣᠳᠣᠷᠬᠠᠶ᠋ᠢᠯᠠᠵᠤ ᠂ ᠰᠢᠯᠭᠠᠷᠠᠭᠤᠯᠵᠤ ᠥᠩᠭᠡᠷᠡᠭᠰᠡᠨ ᠥᠬᠡᠶ ᠦᠨᠳᠦᠰᠦᠨ ᠡᠮ᠎ᠤᠨ ᠵᠦᠢᠯ᠎ᠤᠨ ᠬᠡᠪ ᠪᠠᠷᠢᠮᠵᠢᠶ᠎ᠠ᠎ᠶᠢ ᠡᠮᠴᠢᠯᠡᠭᠡᠨ᠎ᠤ ᠪᠠᠶ᠋ᠢᠭᠤᠯᠤᠮᠵᠢ᠎ᠠᠴᠠ ᠥᠪᠡᠰᠦᠪᠡᠨ ᠡᠵᠡᠨ ᠮᠡᠳᠡᠵᠦ ᠦᠨᠡᠯᠡᠬᠦ ᠬᠡᠪ ᠪᠠᠷᠢᠮᠵᠢᠶ᠎ᠠ᠎ᠶᠢᠨ ᠳᠣᠲᠣᠷ᠎ᠠ᠎ᠠᠴᠠ ᠬᠤᠳᠠᠯᠳᠤᠨ ᠠᠪᠬᠤ ᠬᠡᠷᠡᠭᠴᠡᠭᠡ᠎ᠶᠢᠨ ᠬᠡᠮᠵᠢᠶ᠎ᠡ᠎ᠶᠢ ᠨᠤᠭᠤᠯᠤᠨ ᠪᠤᠳᠤᠵᠤ ᠲᠠᠭᠯᠠᠨ ᠮᠡᠳᠡᠭᠦᠯᠵᠦ ᠂ ᠡᠮᠴᠢᠯᠡᠭᠡᠨ᠎ᠤ ᠪᠠᠶ᠋ᠢᠭᠤᠯᠤᠮᠵᠢ᠎ᠶᠢ ᠡᠮᠴᠢᠯᠡᠭᠡᠨ᠎ᠤ ᠬᠡᠷᠡᠭᠴᠡᠭᠡ ᠱᠠᠭᠠᠷᠳᠠᠯᠭ᠎ᠠ᠎ᠶᠢ ᠦᠨᠳᠦᠰᠦᠯᠡᠨ ᠲᠤᠭ᠎ᠠ ᠬᠡᠮᠵᠢᠶ᠎ᠡ᠎ᠶᠢ ᠦᠨᠡᠨ ᠬᠦ᠌ ᠦᠨᠳᠦᠰᠦᠯᠡᠨ ᠮᠡᠳᠡᠭᠦᠯᠬᠦ ᠬᠡᠷᠡᠭᠲᠡᠶ ᠭᠡᠵᠦ ᠰᠠᠨᠠᠭᠤᠯᠤᠨ᠎ᠠ ᠃
(ᠲᠠᠪᠤ) ᠨᠡᠶ᠋ᠢᠳᠡᠮ ᠬᠡᠷᠡᠭᠯᠡᠬᠦ ᠨᠡᠷ᠎ᠡ ᠂ ᠥᠭᠬᠦ ᠠᠳᠠᠯᠢ ᠡᠮ᠎ᠤᠨ ᠠᠷᠭ᠎ᠠ ᠵᠠᠮ᠎ᠤᠨ ᠠᠳᠠᠯᠢ ᠪᠤᠰᠤ ᠡᠮ᠎ᠢ ᠨᠡᠶ᠋ᠢᠯᠡᠭᠦᠯᠦᠨ ᠬᠤᠳᠠᠯᠳᠤᠨ ᠠᠪᠬᠤ ᠬᠡᠷᠡᠭᠲᠡᠢ ᠃ ᠮᠡᠳᠡᠭᠦᠯᠬᠦ ᠬᠡᠮᠵᠢᠶᠡᠨ᠎ᠦ ᠲᠥᠷᠥᠯ ᠵᠦᠢᠯ᠎ᠤᠨ ᠨᠠᠷᠢᠨ ᠳᠠᠩᠰᠠ᠎ᠶᠢ ᠨᠢᠭᠡᠨᠲᠡ ᠡᠮᠴᠢᠯᠡᠭᠡᠨ᠎ᠤ ᠳᠠᠭᠠᠳᠬᠠᠯ᠎ᠤᠨ ᠨᠡᠶ᠋ᠢᠯᠡᠭᠦᠯᠬᠦ ᠡᠮ᠎ᠤᠨ ᠬᠡᠯᠪᠡᠷᠢ᠎ᠪᠠᠷ ᠬᠠᠮᠢᠶ᠎ᠠ ᠪᠦᠬᠦᠢ ᠡᠮ᠎ᠤᠨ ᠬᠡᠯᠪᠡᠷᠢ᠎ᠶᠢ ᠲᠥᠷᠥᠯ ᠬᠤᠪᠢᠶᠠᠵᠤ ᠂ ᠡᠮᠴᠢᠯᠡᠭᠡᠨ᠎ᠤ ᠪᠠᠶ᠋ᠢᠭᠤᠯᠤᠮᠵᠢ᠎ᠶᠢᠨ ᠬᠠᠮᠢᠶ᠎ᠠ ᠪᠦᠬᠦᠢ ᠡᠮ᠎ᠤᠨ ᠬᠡᠯᠪᠡᠷᠢ᠎ᠶᠢᠨ ᠮᠡᠳᠡᠭᠦᠯᠬᠦ ᠬᠡᠮᠵᠢᠶ᠎ᠡ᠎ᠶᠢ ᠬᠦᠴᠦᠨ ᠪᠦᠬᠦᠢ ᠠᠭᠤᠯᠤᠭᠳᠠᠴᠠ᠎ᠪᠠᠷ ᠨᠤᠭᠤᠯᠤᠨ ᠪᠤᠳᠤᠭᠰᠠᠨ᠎ᠤ ᠳᠠᠷᠠᠭ᠎ᠠ ᠨᠡᠶ᠋ᠢᠯᠡᠭᠦᠯᠦᠨ ᠪᠣᠳᠣᠨ᠎ᠠ ᠂ ᠭᠡᠪᠡᠴᠦ ᠡᠮᠴᠢᠯᠡᠭᠡᠨ᠎ᠤ ᠬᠡᠷᠡᠭᠯᠡᠯᠲᠡ᠎ᠶᠢᠨ ᠪᠠᠶ᠋ᠢᠳᠠᠯ ᠠᠳᠠᠯᠢ ᠦᠭᠡᠢ ᠂ ᠪᠦᠷᠢᠮᠦᠰᠦᠨ ᠣᠷᠣᠯᠠᠭᠤᠯᠵᠤ ᠪᠣᠯᠬᠤ ᠦᠭᠡᠢ ᠪᠠᠷᠢᠮᠵᠢᠶ᠎ᠠ ᠬᠡᠮᠵᠢᠶ᠎ᠡ ᠡᠭᠦᠨ᠎ᠳᠤ ᠪᠠᠭᠲᠠᠬᠤ ᠦᠭᠡᠢ (ᠨᠠᠷᠢᠨ ᠳᠠᠩᠰᠠ᠎ᠳᠤ ᠲᠡᠮᠳᠡᠭ ᠬᠠᠳᠠᠪᠠ) ᠃ ᠪᠣᠳᠠᠲᠠᠶ ᠬᠡᠷᠡᠭᠵᠢᠭᠦᠯᠬᠦ ᠦᠶ᠎ᠡ᠎ᠳᠤ ᠡᠯ᠎ᠡ ᠱᠠᠲᠤᠨ᠎ᠤ ᠡᠮᠴᠢᠯᠡᠭᠡᠨ᠎ᠤ ᠪᠠᠲᠤᠯᠠᠭ᠎ᠠ᠎ᠶᠢᠨ ᠰᠠᠯᠠᠭ᠎ᠠ ᠮᠥᠴᠢᠷ᠎ᠤᠳ ᠦᠨ᠎ᠡ ᠬᠠᠩᠰᠢ᠎ᠶᠢᠨ ᠬᠠᠮᠢᠶᠠᠷᠤᠯᠲᠠ ᠪᠠ ᠬᠡᠷᠡᠭᠯᠡᠯᠲᠡ᠎ᠶᠢ ᠬᠢᠨᠠᠨ ᠬᠡᠮᠵᠢᠬᠦ ᠠᠵᠢᠯ᠎ᠢ ᠲᠣᠭᠲᠠᠭᠠᠯ ᠶᠣᠰᠣᠭᠠᠷ ᠰᠠᠶ᠋ᠢᠲᠤᠷ ᠬᠢᠬᠦ ᠬᠡᠷᠡᠭᠲᠡᠶ ᠃
ᠳᠥᠷᠪᠡ ᠂ ᠴᠠᠭ᠎ᠤᠨ ᠲᠣᠬᠢᠷᠠᠭᠤᠯᠤᠯᠲᠠ
(ᠨᠢᠭᠡ) 8 ᠳ᠋ᠤᠭᠠᠷ ᠰᠠᠷ᠎ᠠ᠎ᠶᠢᠨ 6᠎ᠤ ᠡᠳᠦᠷ (ᠭᠠᠷᠠᠭ᠎ᠤᠨ ᠭᠤᠷᠪᠠᠨ)᠎ᠤᠨ 24 ᠄ 00 ᠴᠠᠭ᠎ᠠᠴᠠ ᠡᠮᠦᠨ᠎ᠡ ᠂ ᠥᠪᠡᠷᠲᠡᠭᠡᠨ ᠵᠠᠰᠠᠬᠤ ᠣᠷᠣᠨ᠎ᠠᠴᠠ ᠬᠡᠷᠡᠭᠯᠡᠭᠴᠢ᠎ᠶᠢᠨ ᠲᠠᠩᠰᠠᠨ ᠨᠣᠮᠧᠷ ᠪᠠ ᠡᠮᠴᠢᠯᠡᠭᠡᠨ᠎ᠤ ᠪᠠᠶ᠋ᠢᠭᠤᠯᠤᠮᠵᠢ᠎ᠶᠢᠨ ᠲᠠᠩᠰᠠᠨ ᠨᠣᠮᠧᠷ᠎ᠢ ᠣᠷᠣᠭᠤᠯᠤᠨ ᠬᠠᠮᠢᠶᠠᠷᠴᠤ ᠂ ᠬᠠᠮᠢᠶ᠎ᠠ ᠪᠥᠬᠦᠶ ᠬᠡᠷᠡᠭᠯᠡᠭᠴᠢᠳ ᠲᠠᠩᠰᠠᠨ ᠨᠣᠮᠧᠷ᠎ᠢᠶᠠᠷ ᠳᠠᠮᠵᠢᠭᠤᠯᠤᠨ ᠰᠢᠰᠲᠧᠮᠳᠤ ᠣᠷᠣᠵᠤ ᠬᠡᠮᠵᠢᠶ᠎ᠡ ᠮᠡᠳᠡᠭᠦᠯᠬᠦ ᠠᠵᠢᠯᠯᠠᠭ᠎ᠠ᠎ᠨᠢ ᠬᠢᠵᠦ ᠲᠤᠷᠰᠢᠵᠤ ᠪᠣᠯᠤᠨ᠎ᠠ ᠃
(ᠬᠤᠶᠠᠷ) 8 ᠳ᠋ᠤᠭᠠᠷ ᠰᠠᠷ᠎ᠠ᠎ᠶᠢᠨ 7᠎ᠤ ᠡᠳᠦᠷ (ᠭᠠᠷᠠᠭ᠎ᠤᠨ ᠳᠥᠷᠪᠡᠨ) ᠮᠡᠳᠡᠭᠦᠯᠦᠯᠲᠡ᠎ᠶᠢᠨ ᠬᠡᠮᠵᠢᠶ᠎ᠡ᠎ᠶᠢ ᠵᠢᠩᠬᠢᠨᠢ᠎ᠪᠠᠷ ᠡᠬᠢᠯᠡᠭᠦᠯᠵᠦ ᠂ ᠥᠪᠡᠷᠲᠡᠭᠡᠨ ᠵᠠᠰᠠᠬᠤ ᠣᠷᠣᠨ᠎ᠠᠴᠠ 2023 ᠣᠨ ᠂ 2024 ᠣᠨ᠎ᠤ ᠬᠤᠳᠠᠯᠳᠤᠨ ᠠᠪᠤᠭᠰᠠᠨ ᠬᠡᠮᠵᠢᠶ᠎ᠡ ᠵᠢᠴᠢ ᠬᠤᠶᠠᠷ ᠵᠢᠯ᠎ᠤᠨ ᠳᠤᠮᠳᠠᠴᠢ ᠬᠤᠳᠠᠯᠳᠤᠨ ᠠᠪᠤᠭᠰᠠᠨ ᠬᠡᠮᠵᠢᠶᠡᠨ᠎ᠤ ᠲᠤᠭ᠎ᠠ ᠪᠠᠷᠢᠮᠲᠠ᠎ᠶᠢ ᠣᠷᠣᠭᠤᠯᠤᠨ ᠡᠮᠴᠢᠯᠡᠭᠡᠨ᠎ᠤ ᠪᠠᠶ᠋ᠢᠭᠤᠯᠤᠮᠵᠢ᠎ᠳᠤ ᠯᠠᠪᠯᠠᠯᠲᠠ ᠪᠣᠯᠭᠠᠨ᠎ᠠ ᠃ ᠡᠮᠴᠢᠯᠡᠭᠡᠨ᠎ᠤ ᠪᠠᠶ᠋ᠢᠭᠤᠯᠤᠮᠵᠢ᠎ᠨᠢ ᠡᠷᠬᠡᠪᠰᠢ ᠱᠠᠭᠠᠷᠳᠠᠯᠭ᠎ᠠ ᠶᠣᠰᠣᠭᠠᠷ ᠬᠠᠮᠢᠶ᠎ᠠ ᠪᠥᠬᠦᠶ ᠡᠮ᠎ᠤᠨ ᠵᠦᠢᠯ᠎ᠢ ᠬᠤᠳᠠᠯᠳᠤᠨ ᠠᠪᠬᠤ ᠬᠡᠷᠡᠭᠴᠡᠭᠡ᠎ᠶᠢᠨ ᠬᠡᠮᠵᠢᠶ᠎ᠡ᠎ᠶᠢ ᠲᠠᠭᠯᠠᠨ ᠮᠡᠳᠡᠭᠦᠯᠬᠦ ᠬᠡᠷᠡᠭᠲᠡᠶ ᠂ ᠡᠯ᠎ᠡ ᠠᠶ᠋ᠢᠮᠠᠭ ᠬᠣᠲᠠᠳ 8 ᠳ᠋ᠤᠭᠠᠷ ᠰᠠᠷ᠎ᠠ᠎ᠶᠢᠨ 25᠎ᠤ ᠡᠳᠦᠷ (ᠭᠠᠷᠠᠭ᠎ᠤᠨ ᠨᠢᠭᠡᠨ)᠎ᠠᠴᠠ ᠡᠮᠦᠨ᠎ᠡ ᠬᠤᠯᠪᠣᠭᠳᠠᠯ ᠪᠥᠬᠦᠶ ᠡᠮ᠎ᠤᠨ ᠵᠦᠢᠯ ᠬᠤᠳᠠᠯᠳᠤᠨ ᠠᠪᠬᠤ ᠬᠡᠷᠡᠭᠴᠡᠭᠡᠨ᠎ᠤ ᠬᠡᠮᠵᠢᠶᠡᠨ᠎ᠤ ᠲᠤᠭ᠎ᠠ ᠪᠠᠷᠢᠮᠲᠠ᠎ᠶᠢ ᠬᠢᠨᠠᠨ ᠬᠠᠷᠭᠤᠭᠤᠯᠬᠤ᠎ᠶᠢ ᠪᠡᠶᠡᠯᠡᠭᠦᠯᠬᠦ᠎ᠶᠢᠨ ᠬᠠᠮᠲᠤ ᠲᠤᠰᠢᠶᠠᠨ᠎ᠠ ᠃
ᠬᠠᠷᠢᠯᠴᠠᠬᠤ ᠤᠲᠠᠰᠤ ᠄ 0471 - 4908343
0471-4967106
ᠳᠠᠭᠠᠯᠳᠤᠭᠤᠯᠤᠯ ᠄ ᠬᠠᠮᠢᠶ᠎ᠠ ᠪᠥᠬᠦᠶ ᠡᠮ᠎ᠤᠨ ᠵᠦᠢᠯ᠎ᠤᠨ ᠥᠩᠭᠡᠷᠡᠭᠰᠡᠨ᠎ᠦ ᠬᠡᠮᠵᠢᠶ᠎ᠡ᠎ᠶᠢᠨ ᠬᠤᠳᠠᠯᠳᠤᠨ ᠠᠪᠤᠭᠰᠠᠨ ᠨᠠᠷᠢᠨ ᠳᠠᠩᠰᠠ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ
2025 ᠣᠨ᠎ᠤ 8 ᠳ᠋ᠤᠭᠠᠷ ᠰᠠᠷ᠎ᠠ᠎ᠶᠢᠨ 5᠎ᠤ ᠡᠳᠦᠷ