ᠥᠪᠥᠷ ᠡᠮ ᠬᠤᠳᠠᠯᠳᠤᠨ ᠠᠪᠬᠤ ᠲᠥᠪ ᠦᠰᠦᠭ [2025] 171 ᠳ᠋ᠤᠭᠡᠷ ᠲᠣᠭᠠᠲᠤ
ᠡᠯ᠎ᠡ ᠬᠠᠮᠢᠶ᠎ᠠ ᠪᠥᠬᠦᠶ ᠨᠢᠭᠡᠴᠢ᠎ᠳᠦ ᠄
《ᠬᠦᠬᠦᠷᠭᠡᠨ᠎ᠡ᠎ᠶᠢᠨ ᠦᠨᠳᠦᠰᠦ᠎ᠶᠢᠨ ᠮᠦᠬᠦᠯᠢᠭᠲᠦ ᠡᠮ᠎ᠤᠨ ᠵᠦᠢᠯ᠎ᠤᠨ ᠦᠨ᠎ᠡ ᠬᠠᠩᠰᠢ᠎ᠶᠢ ᠵᠠᠰᠠᠬᠤ ᠠᠵᠢᠯ᠎ᠢ ᠲᠥᠪᠯᠡᠷᠡᠭᠦᠯᠦᠨ ᠥᠷᠨᠢᠭᠦᠯᠬᠦ ᠲᠤᠬᠠᠶ ᠮᠡᠳᠡᠭᠳᠡᠯ》 (ᠥᠪᠥᠷ ᠡᠮ ᠬᠤᠳᠠᠯᠳᠤᠨ ᠠᠪᠬᠤ ᠲᠥᠪ ᠥᠰᠥᠭ [2025] 138 ᠳ᠋ᠤᠭᠠᠷ ᠲᠣᠭᠠᠲᠤ)᠎ᠤᠨ ᠱᠠᠭᠠᠷᠳᠠᠯᠭ᠎ᠠ᠎ᠶᠢ ᠦᠨᠳᠦᠰᠦᠯᠡᠨ ᠂ ᠠᠵᠤ ᠠᠬᠤᠶ᠋ᠢᠯᠠᠯ᠎ᠤᠨ ᠲᠤᠰᠢᠶᠠᠭᠰᠠᠨ ᠭᠤᠮᠣᠳᠠᠯ ᠲᠣᠭᠠᠴᠢᠯᠲᠠ᠎ᠶᠢᠨ ᠮᠠᠲᠧᠷᠢᠶᠠᠯ᠎ᠢ ᠡᠳᠦᠭᠡ ᠨᠢᠭᠡᠨᠲᠡ ᠰᠢᠢᠳᠪᠦᠷᠢᠯᠡᠵᠦ ᠳᠠᠭᠤᠰᠬᠠᠪᠠ ᠂ ᠬᠣᠯᠪᠣᠭᠳᠠᠯ ᠪᠥᠬᠦᠶ ᠠᠵᠤ ᠠᠬᠤᠶ᠋ᠢᠯᠠᠯ᠎ᠠᠴᠠ ᠳᠠᠭᠠᠭᠠᠴᠢᠯᠠᠯᠲᠠ ᠵᠠᠷᠯᠠᠬᠤ ᠬᠤᠪᠢᠶᠠᠷᠢ ᠰᠢᠰᠲᠧᠮᠳᠤ ᠨᠡᠪᠲᠡᠷᠡᠵᠦ ᠬᠠᠷᠠᠭᠠᠯᠵᠠᠭᠰᠠᠨ ᠡᠮ᠎ᠤᠨ ᠵᠦᠢᠯ᠎ᠤᠨ ᠦᠨ᠎ᠡ ᠬᠠᠩᠰᠢ᠎ᠶᠢ ᠰᠢᠢᠳᠪᠦᠷᠢᠯᠡᠭᠰᠡᠨ ᠦᠷ᠎ᠡ ᠳ᠋ᠦᠩ᠎ᠢ ᠪᠠᠶ᠋ᠢᠴᠠᠭᠠᠨ ᠦᠵᠡᠭᠡᠷᠡᠢ ᠃ ᠬᠤᠯᠪᠣᠭᠳᠠᠯ ᠪᠥᠬᠦᠶ ᠡᠮ᠎ᠤᠨ ᠵᠦᠢᠯ᠎ᠤᠨ ᠦᠨ᠎ᠡ ᠬᠠᠩᠰᠢ᠎ᠶᠢ 2025 ᠣᠨ᠎ᠤ 8 ᠳ᠋ᠤᠭᠠᠷ ᠰᠠᠷ᠎ᠠ᠎ᠶᠢᠨ 22᠎ᠤᠨ ᠡᠳᠦᠷ᠎ᠡᠴᠡ ᠵᠢᠩᠬᠢᠨᠢ᠎ᠪᠠᠷ ᠬᠡᠷᠡᠭᠵᠢᠭᠦᠯᠦᠨ᠎ᠡ ᠃ ᠡᠯ᠎ᠡ ᠨᠢᠭᠡᠴᠢ᠎ᠨᠦᠭᠦᠳ ᠡᠮ᠎ᠤᠨ ᠵᠦᠢᠯ᠎ᠢ ᠰᠣᠯᠢᠬᠤ ᠵᠢᠴᠢ ᠬᠤᠳᠠᠯᠳᠤᠨ ᠠᠪᠬᠤ ᠠᠵᠢᠯ᠎ᠢᠶᠡᠨ ᠰᠠᠶ᠋ᠢᠲᠤᠷ ᠬᠢᠵᠦ ᠂ ᠡᠮᠴᠢᠯᠡᠭᠡᠨ᠎ᠤ ᠬᠡᠷᠡᠭᠯᠡᠯᠲᠡ᠎ᠶᠢᠨ ᠬᠡᠷᠡᠭᠴᠡᠭᠡ ᠱᠠᠭᠠᠷᠳᠠᠯᠭ᠎ᠠ᠎ᠶᠢ ᠪᠠᠲᠤᠯᠠᠬᠤ ᠬᠡᠷᠡᠭᠲᠡᠶ ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ
2025 ᠣᠨ᠎ᠤ 8 ᠳ᠋ᠤᠭᠠᠷ ᠰᠠᠷ᠎ᠠ᠎ᠶᠢᠨ 21᠎ᠤ ᠡᠳᠦᠷ