ᠥᠪᠥᠷ ᠡᠮ ᠬᠤᠳᠠᠯᠳᠤᠨ ᠠᠪᠬᠤ ᠲᠥᠪ ᠦᠰᠦᠭ [2025] 172 ᠳ᠋ᠤᠭᠠᠷ ᠲᠣᠭᠠᠲᠤ
ᠡᠯ᠎ᠡ ᠬᠠᠮᠢᠶ᠎ᠠ ᠪᠥᠬᠦᠶ ᠨᠢᠭᠡᠴᠢ᠎ᠳᠦ ᠄
《ᠡᠮ᠎ᠤᠨ ᠵᠦᠢᠯ ᠪᠠ ᠡᠮᠴᠢᠯᠡᠭᠡᠨ᠎ᠤ ᠬᠤᠷᠣᠭᠳᠠᠯ ᠮᠠᠲᠧᠷᠢᠶᠠᠯ᠎ᠢ ᠰᠦᠯᠵᠢᠶᠡᠨ᠎ᠳᠤ ᠣᠷᠤᠭᠤᠯᠬᠤ ᠠᠵᠢᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠮᠡᠳᠡᠭᠳᠡᠯ》 (ᠥᠪᠥᠷ ᠡᠮ ᠬᠤᠳᠠᠯᠳᠤᠨ ᠠᠪᠬᠤ ᠲᠥᠪ ᠥᠰᠥᠭ [2024] 70 ᠳ᠋ᠤᠭᠠᠷ ᠲᠣᠭᠠᠲᠤ)᠎ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠂ ᠡᠳᠦᠭᠡ ᠢᠯᠡ ᠨᠡᠢᠲᠡᠯᠡᠭᠰᠡᠨ ᠣᠨᠳᠣᠤ ᠰᠠᠨᠠᠯ ᠥᠬᠡᠶ ᠦᠢᠯᠡᠳᠭᠦᠨ᠎ᠢ ᠨᠡᠢᠲᠡᠯᠡᠬᠦ᠎ᠪᠡᠷ ᠪᠣᠯᠵᠤ ᠂ ᠡᠯ᠎ᠡ ᠭᠤᠶᠤᠴᠢᠯᠠᠨ ᠮᠡᠳᠡᠭᠦᠯᠦᠭᠰᠡᠨ ᠠᠵᠤ ᠠᠬᠤᠶ᠋ᠢᠯᠠᠯ᠎ᠨᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠰᠦᠯᠵᠢᠶ᠎ᠡ ∣ ᠥᠪᠥᠷ ᠮᠣᠩᠭᠤᠯ᠎ᠤᠨ ᠡᠮᠴᠢᠯᠡᠭᠡᠨ᠎ᠦ ᠳᠠᠭᠠᠳᠬᠠᠯ᠎ᠤᠨ ᠣᠯᠠᠨ ᠨᠡᠢᠲᠡ᠎ᠶᠢᠨ ᠦᠢᠯᠡᠴᠢᠯᠡᠭᠡᠨ᠎ᠤ ᠰᠢᠰᠲᠧᠮ ∣ ᠬᠥᠳᠡᠯᠦᠩᠭᠦᠶ ᠲᠣᠬᠢᠷᠠᠭᠤᠯᠤᠯᠲᠠ ᠬᠠᠮᠢᠶᠠᠷᠤᠯᠲᠠ᠎ᠳᠤ ᠣᠷᠣᠵᠤ ᠦᠷ᠎ᠡ ᠳ᠋ᠦᠩ᠎ᠢ ᠪᠠᠢᠴᠠᠭᠠᠨ ᠦᠵᠡᠭᠡᠷᠡᠢ ᠃
ᠦᠢᠯᠡᠳᠬᠦᠨ᠎ᠢ ᠰᠦᠯᠵᠢᠶᠡᠨ᠎ᠳᠤ ᠣᠷᠣᠭᠤᠯᠤᠭᠰᠠᠨ᠎ᠤ ᠳᠠᠷᠠᠭ᠎ᠠ ᠂ ᠦᠢᠯᠡᠳᠪᠦᠷᠢᠯᠡᠯ᠎ᠤᠨ ᠠᠵᠤ ᠠᠬᠤᠶ᠋ᠢᠯᠠᠯ᠎ᠨᠢ ᠠᠢᠮᠠᠭ ᠬᠤᠲᠠ᠎ᠶᠢᠨ ᠰᠢᠯᠢᠨ ᠰᠣᠩᠭᠤᠭᠰᠠᠨ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠳᠤ ᠨᠠᠢᠳᠠᠵᠤ ᠳᠣᠭᠢᠷᠠᠭᠤᠯᠤᠨ ᠬᠦᠷᠭᠡᠯᠭᠡᠬᠦ ᠪᠤᠶᠤ ᠥᠪᠡᠰᠦᠪᠡᠨ ᠵᠣᠬᠢᠶᠠᠨ ᠪᠠᠢᠭᠤᠯᠵᠤ ᠳᠣᠭᠢᠷᠠᠭᠤᠯᠤᠨ ᠬᠦᠷᠭᠡᠯᠭᠡᠵᠦ ᠂ ᠡᠮᠴᠢᠯᠡᠭᠡᠨ᠎ᠳᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠎ᠶᠢ ᠦᠨᠡᠨ ᠬᠦ᠌ ᠪᠠᠲᠤᠯᠠᠨ᠎ᠠ ᠃ ᠡᠯ᠎ᠡ ᠡᠮᠴᠢᠯᠡᠭᠡᠨ᠎ᠤ ᠪᠠᠶ᠋ᠢᠭᠤᠯᠤᠮᠵᠢ᠎ᠨᠢ ᠠᠵᠤ ᠠᠬᠤᠶ᠋ᠢᠯᠠᠯ᠎ᠤᠨ ᠮᠡᠳᠡᠭᠦᠯᠦᠭᠰᠡᠨ ᠦᠨ᠎ᠡ ᠬᠠᠩᠰᠢ᠎ᠪᠠᠷ ᠯᠠᠪᠯᠠᠯᠲᠠ ᠪᠣᠯᠭᠠᠨ ᠥᠪᠥᠷ ᠮᠣᠩᠭᠤᠯ᠎ᠤᠨ ᠡᠮᠴᠢᠯᠡᠭᠡᠨ᠎ᠤ ᠳᠠᠭᠠᠳᠬᠠᠯ᠎ᠤᠨ ᠣᠯᠠᠨ ᠨᠡᠶ᠋ᠢᠲᠡ᠎ᠶᠢᠨ ᠦᠢᠯᠡᠴᠢᠯᠡᠭᠡᠨ᠎ᠤ ᠰᠢᠰᠲᠧᠮᠳᠤ ᠵᠥᠪᠯᠡᠭᠰᠡᠨ ᠦᠨ᠎ᠡ᠎ᠪᠠᠷ ᠬᠤᠳᠠᠯᠳᠤᠨ ᠠᠪᠤᠨ᠎ᠠ ᠃ ᠦᠢᠯᠡᠳᠬᠦᠨ ᠬᠤᠳᠠᠯᠳᠤᠨ ᠠᠪᠬᠤ ᠂ ᠳᠣᠭᠢᠷᠠᠭᠤᠯᠤᠨ ᠬᠦᠷᠭᠡᠬᠦ ᠵᠡᠷᠭᠡ ᠠᠵᠢᠯ᠎ᠢ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢᠯ ᠪᠠ ᠡᠮᠴᠢᠯᠡᠭᠡᠨ᠎ᠤ ᠬᠤᠷᠣᠭᠳᠠᠯ ᠮᠠᠲᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ
2025 ᠣᠨ᠎ᠤ 8 ᠳ᠋ᠤᠭᠠᠷ ᠰᠠᠷ᠎ᠠ᠎ᠶᠢᠨ 21᠎ᠤ ᠡᠳᠦᠷ