ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠬᠦᠨᠳᠡᠢ ᠎ᠶ᠋ᠢᠨ ᠬᠣᠷᠢᠶᠠᠬᠤ ᠰᠣᠳᠠᠯ᠎ᠤᠨ ᠱᠢᠭᠦᠭᠦᠷ ᠪᠠ ᠱᠢᠩᠭᠡᠭᠡᠬᠦ᠌ ᠴᠠᠬᠢᠯᠭᠠᠨ ᠲᠦᠢᠯ᠎ᠤᠨ ᠲᠥᠷᠥᠯ᠎ᠤᠨ ᠡᠮᠴᠢᠯᠡᠭᠡᠨ᠎ᠤ ᠬᠤᠷᠣᠭ᠍ᠳᠠᠯ ᠮᠠᠲ᠋ᠧᠷᠢᠶᠠᠯ᠎ᠤᠨ ᠦᠩᠭᠡᠷᠡᠭ᠌ᠰᠡᠨ ᠎ᠳᠤ ᠬᠤᠳᠠᠯᠳᠤᠨ ᠠᠪᠣᠭ᠍ᠰᠠᠨ ᠲᠤᠭ᠎ᠠ ᠪᠠᠷᠢᠮᠲᠠ᠎ᠶ᠋ᠢ ᠲᠠᠭ᠍ᠯᠠᠨ ᠮᠡᠳᠡᠭᠦᠯᠬᠦ᠌ ᠠᠵᠢᠯ᠎ᠢ ᠥᠷᠨᠢᠭᠦᠯᠬᠦ᠌ ᠲᠤᠬᠠᠶ ᠮᠡᠳᠡᠭ᠌ᠳᠡᠯ
ᠨᠡᠶ᠋ᠢᠲᠡᠯᠡᠭᠰᠡᠨ ᠴᠠᠭ᠄ 2025-09-16

ᠥᠪᠥᠷ ᠡᠮ ᠴᠤᠭ᠍ᠯᠠᠭᠤᠯᠬᠤ ᠲᠥᠪ ᠦᠰᠦᠭ [2025] 192 ᠳ᠋ᠤᠭᠠᠷ ᠲᠣᠭᠠᠲᠤ

ᠡᠯ᠎ᠡ ᠠᠢᠮᠠᠭ ᠬᠤᠲᠠ᠎ᠶ᠋ᠢᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ᠎ᠶ᠋ᠢᠨ  ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠎ᠳᠤ᠄

  ᠬᠠᠷᠠᠮᠥ᠋ᠷᠡᠨ ᠮᠤᠵᠢ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ 《 ᠬᠦᠨᠳᠡᠢ ᠶ᠋ᠢᠨ ᠬᠣᠷᠢᠶᠠᠬᠤ ᠰᠣᠳᠠᠯ᠎ᠤᠨ ᠱᠢᠭᠦᠭᠦᠷ ᠪᠠ ᠱᠢᠩᠭᠡᠭᠡᠬᠦ᠌ ᠴᠠᠬᠢᠯᠭᠠᠨ ᠲᠦᠢᠯ᠎ᠤᠨ ᠲᠥᠷᠥᠯ᠎ᠤᠨ ᠡᠮᠴᠢᠯᠡᠭᠡᠨ ᠎ᠤ ᠬᠤᠷᠣᠭ᠍ᠳᠠᠯ ᠮᠠᠲ᠋ᠧᠷᠢᠶᠠᠯ᠎ᠤᠨ ᠦᠩᠭᠡᠷᠡᠭ᠌ᠰᠡᠨ᠎ᠳᠦ ᠬᠤᠳᠠᠯᠳᠤᠨ ᠠᠪᠣᠭ᠍ᠰᠠᠨ ᠲᠤᠭ᠎ᠠ ᠪᠠᠷᠢᠮᠲᠠ᠎ᠶ᠋ᠢ ᠲᠠᠭ᠍ᠯᠠᠨ ᠮᠡᠳᠡᠭᠦᠯᠬᠦ᠌ ᠠᠵᠢᠯ᠎ᠢ ᠥᠷᠨᠢᠭᠦᠯᠬᠦ᠌ ᠲᠤᠬᠠᠶ ᠮᠡᠳᠡᠭ᠌ᠳᠡᠯ》᠎ᠤᠨ ᠱᠠᠭᠠᠷᠳᠠᠯᠭ᠎ᠠ᠎ᠶ᠋ᠢ ᠦᠨᠳᠦᠰᠦᠯᠡᠨ᠂ ᠡᠳᠦᠭᠡ  ᠬᠦᠨᠳᠡᠢ ᠎ᠶ᠋ᠢᠨ ᠬᠣᠷᠢᠶᠠᠬᠣ ᠰᠣᠳᠠᠯ᠎ᠤᠨ ᠱᠢᠭᠦᠭᠦᠷ ᠪᠠ ᠱᠢᠩᠭᠡᠭᠡᠬᠦ᠌ ᠴᠠᠬᠢᠯᠭᠠᠨ ᠲᠦᠢᠯ᠎ᠤᠨ ᠲᠥᠷᠥᠯ᠎ᠤᠨ ᠡᠮᠴᠢᠯᠡᠭᠡᠨ᠎ᠤ ᠬᠤᠷᠣᠭ᠍ᠳᠠᠯ ᠮᠠᠲ᠋ᠧᠷᠢᠶᠠᠯ᠎ᠤᠨ ᠦᠩᠭᠡᠷᠡᠭ᠌ᠰᠡᠨ᠎ᠳᠦ ᠬᠤᠳᠠᠯᠳᠤᠨ ᠠᠪᠣᠭ᠍ᠰᠠᠨ ᠲᠤᠭ᠎ᠠ ᠪᠠᠷᠢᠮᠲᠠ᠎ᠶ᠋ᠢ ᠲᠠᠭ᠍ᠯᠠᠨ ᠮᠡᠳᠡᠭᠦᠯᠬᠦ᠌ ᠠᠵᠢᠯ᠎ᠢ ᠥᠷᠨᠢᠭᠦᠯᠵᠦ᠍᠂ ᠪᠣᠳᠠᠲᠠᠶ ᠵᠦᠢᠯᠡᠰ᠎ᠢ ᠳᠣᠤᠷᠠᠬᠢ ᠮᠡᠲᠦ ᠮᠡᠳᠡᠭ᠌ᠳᠡᠶ᠎ᠡ᠃

  ᠨᠢᠭᠡ᠂ ᠣᠢᠯᠡᠳᠭᠦᠨ᠎ᠤ ᠬᠡᠪᠴᠢᠶ᠎ᠡ

  ( ᠨᠢᠭᠡ ) ᠬᠦᠨᠳᠡᠢ ᠎ᠶ᠋ᠢᠨ ᠬᠣᠷᠢᠶᠠᠬᠤ ᠰᠣᠳᠠᠯ᠎ᠤᠨ ᠱᠢᠭᠦᠭᠦᠷ᠎ᠤᠨ ᠲᠥᠷᠥᠯ᠎ᠤᠨ ᠬᠠᠮᠢᠶ᠎ᠠ ᠪᠦᠬᠦᠢ ᠬᠤᠷᠣᠭ᠍ᠳᠠᠯ ᠮᠠᠲ᠋ᠧᠷᠢᠶᠠᠯ᠄ ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠡᠮᠴᠢᠯᠡᠭᠡᠨ᠎ᠤ ᠪᠠᠭᠠᠵᠢ ᠬᠡᠷᠡᠭ᠌ᠰᠡᠯ᠎ᠤᠨ ᠳᠠᠩᠰᠠᠯᠠᠭᠤᠯᠤᠭ᠍ᠰᠠᠨ ᠦᠨᠡᠮᠯᠡᠯ᠎ᠢ ᠣᠯᠪᠠᠯ᠂ ᠬᠦᠨᠳᠡᠢ ᠎ᠶ᠋ᠢᠨ ᠬᠣᠷᠢᠶᠠᠬᠤ ᠰᠤᠳᠠᠯ᠎ᠤᠨ  ᠱᠢᠭᠦᠭᠦᠷ᠎ᠤᠨ ᠲᠥᠷᠥᠯ᠎ᠤᠨ ᠡᠮᠴᠢᠯᠡᠭᠡᠨ ᠎ᠤ  ᠬᠤᠷᠣᠭ᠍ᠳᠠᠯ ᠮᠠᠲ᠋ᠧᠷᠢᠶᠠᠯ ( C020635066 )᠎ᠢ ᠬᠤᠷᠢᠶᠠᠨ ᠠᠪᠴᠤ᠌ ᠪᠣᠯᠤᠨ᠎ᠠ᠂ ᠲᠦᠷ ᠴᠠᠭ᠎ᠤᠨ᠂ ᠰᠣᠯᠢᠵᠤ ᠪᠣᠯᠬᠤ᠂ ᠡᠭᠦᠷᠢᠳᠡ᠎ᠶ᠋ᠢᠨ ᠬᠡᠯᠪᠡᠷᠢ ᠎ᠶ᠋ᠢᠨ ᠬᠦᠨᠳᠡᠢ ᠎ᠶ᠋ᠢᠨ ᠬᠣᠷᠢᠶᠠᠬᠤ ᠰᠣᠳᠠᠯ᠎ᠤᠨ ᠱᠢᠭᠦᠭᠦᠷ᠎ᠢ ᠪᠠᠭ᠍ᠲᠠᠭᠠᠬᠤ᠎ᠦᠭᠡᠢ᠃

  ( ᠬᠣᠶᠠᠷ ) ᠱᠢᠩᠭᠡᠭᠡᠬᠦ᠌ ᠴᠠᠬᠢᠯᠭᠠᠨ ᠲᠤᠢᠯ᠎ᠤᠨ ᠲᠥᠷᠥᠯ᠎ᠤᠨ ᠬᠠᠮᠢᠶ᠎ᠠ ᠪᠥᠬᠦᠶ ᠬᠤᠷᠣᠭ᠍ᠳᠠᠯ ᠮᠠᠲ᠋ᠧᠷᠢᠶᠠᠯ᠄ ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠡᠮᠴᠢᠯᠡᠭᠡᠨ᠎ᠤ ᠪᠠᠭᠠᠵᠢ ᠬᠡᠷᠡᠭ᠌ᠰᠡᠯ᠎ᠤᠨ ᠳᠠᠩᠰᠠᠯᠠᠭᠤᠯᠤᠭ᠍ᠰᠠᠨ ᠦᠨᠡᠮᠯᠡᠯ᠎ᠢ ᠣᠯᠤᠭ᠍ᠰᠠᠨ ᠪᠢᠴᠢᠯ ᠳᠣᠯᠭᠢᠶᠠᠨ᠎ᠤ ᠱᠢᠩᠭᠡᠭᠡᠬᠦ᠌ ᠴᠠᠬᠢᠯᠭᠠᠨ ᠲᠤᠢᠯ (C010507021)᠎ᠢ ᠡᠯᠢᠭᠡ᠂ ᠪᠠᠮᠪᠠᠢ ᠪᠤᠯᠴᠢᠷᠬᠠᠶ᠂ ᠠᠭᠣᠰᠭᠢ ᠵᠡᠷᠭᠡ ᠬᠡᠰᠡᠭ᠎ᠤᠨ ᠪᠣᠳᠠᠲᠤ ᠴᠣᠭ᠍ᠴᠠ᠎ᠶ᠋ᠢᠨ ᠬᠠᠪᠤᠳᠠᠷ᠎ᠢ᠋ ᠬᠠᠯᠠᠭᠠᠨ ᠬᠠᠢᠯᠤᠭᠤᠯᠬᠤ ᠎ᠳᠤ ᠬᠡᠷᠡᠭ᠌ᠯᠡᠵᠦ᠍᠂ ᠬᠡᠷᠴᠢᠬᠦ᠌ ᠴᠢᠳᠠᠮᠵᠢ᠎ᠶ᠋ᠢ ᠪᠠᠭ᠍ᠲᠠᠭᠠᠬᠤ ᠥᠬᠡᠶ᠃ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤ᠋ᠨ ᠡᠮᠴᠢᠯᠡᠭᠡᠨ᠎ᠤ ᠪᠠᠭᠠᠵᠢ ᠬᠡᠷᠡᠭ᠌ᠰᠡᠯ᠎ᠦ᠋ᠨ ᠳᠠᠩᠰᠠᠯᠠᠭᠤᠯᠤᠭ᠍ᠰᠠᠨ ᠦᠨᠡᠮᠯᠡᠯ᠎ᠢ᠋ ᠣᠯᠤᠭ᠍ᠰᠠᠨ ᠰᠠᠴᠤᠷᠠᠯᠲᠠ ᠳᠠᠪᠲᠠᠮᠵᠢ᠎ᠶᠢᠨ ᠱᠢᠩᠭᠡᠭᠡᠬᠦ᠌ ᠴᠠᠬᠢᠯᠭᠠᠨ ᠲᠤᠢᠯ (C010506021)᠎ᠢ ᠬᠣᠣᠷᠲᠤ ᠬᠠᠪᠤᠳᠠᠷ᠎ᠢ ᠱᠢᠩᠭᠡᠭᠡᠬᠦ᠌ ᠡᠮᠴᠢᠯᠡᠭᠡ ᠎ᠳᠤ ᠬᠡᠷᠡᠭ᠌ᠯᠡᠵᠦ᠍᠂ ᠬᠡᠷᠴᠢᠬᠦ᠌ ᠴᠢᠳᠠᠮᠵᠢ᠎ᠶ᠋ᠢ ᠪᠠᠭ᠍ᠲᠠᠭᠠᠬᠤ᠎ᠦᠭᠡᠢ᠃

  ᠬᠤᠶᠠᠷ᠂ ᠲᠠᠭ᠍ᠯᠠᠨ ᠮᠡᠳᠡᠭᠦᠯᠬᠦ᠌ ᠭᠤᠣᠯ ᠴᠣᠭ᠍ᠴᠠ

  ᠪᠦᠬᠦ᠌ ᠣᠷᠣᠨ᠎ᠳᠤ ᠬᠦᠨᠳᠡᠢ ᠎ᠶ᠋ᠢᠨ ᠬᠣᠷᠢᠶᠠᠬᠤ ᠰᠣᠳᠠᠯ᠎ᠤᠨ ᠱᠢᠭᠦᠭᠦᠷ ᠪᠠ  ᠱᠢᠩᠭᠡᠭᠡᠬᠦ᠌ ᠴᠠᠬᠢᠯᠭᠠᠨ ᠲᠦᠢᠯ᠎ᠦᠨ ᠲᠥᠷᠥᠯ᠎ᠦᠨ ᠬᠠᠮᠢᠶ᠎ᠠ ᠪᠦᠬᠦᠢ ᠬᠣᠷᠣᠭ᠍ᠳᠠᠯ ᠮᠠᠲ᠋ᠧᠷᠢᠶᠠᠯ᠎ᠢ ᠬᠡᠷᠡᠭ᠌ᠯᠡᠭ᠌ᠰᠡᠨ ᠠᠯᠪᠠᠨ᠎ᠠᠴᠠ ᠪᠠᠢᠭᠤᠯᠤᠭ᠍ᠰᠠᠨ ᠡᠮᠴᠢᠯᠡᠭᠡᠨ᠎ᠦ ᠪᠠᠢᠭᠤᠯᠤᠮᠵᠢ ( ᠴᠡᠷᠢᠭ ᠠᠩᠭᠢ᠎ᠶ᠋ᠢᠨ ᠡᠮᠴᠢᠯᠡᠭᠡᠨ᠎ᠦ ᠪᠠᠢᠭᠤᠯᠤᠮᠵᠢ ᠪᠠᠭ᠍ᠲᠠᠨ᠎ᠠ ᠂ ᠳᠣᠷᠣᠭ᠍ᠰᠢ ᠠᠳᠠᠯᠢ) ᠴᠥᠮ ᠣᠷᠣᠯᠴᠠᠵᠤ ᠂ ᠡᠮᠴᠢᠯᠡᠭᠡᠨ᠎ᠦ ᠪᠠᠲᠤᠯᠠᠭ᠎ᠠ ᠎ᠶ᠋ᠢᠨ ᠲᠣᠭ᠍ᠲᠠᠭ᠍ᠰᠠᠨ ᠴᠡᠭ ᠪᠦᠬᠦᠢ ᠨᠡᠢᠭᠡᠮ ᠡᠴᠡ ᠡᠷᠬᠢᠯᠡᠭ᠌ᠰᠡᠨ ᠡᠮᠴᠢᠯᠡᠭᠡᠨ᠎ᠦ ᠪᠠᠢᠭᠤᠯᠤᠮᠵᠢ ᠣᠷᠣᠯᠴᠠᠬᠤ᠎ᠶ᠋ᠢ ᠵᠣᠷᠢᠭ᠍ᠵᠢᠭᠤᠯᠤᠨ᠎ᠠ᠃

  ᠭᠤᠷᠪᠠ᠂ ᠲᠠᠭ᠍ᠯᠠᠨ ᠮᠡᠳᠡᠭᠦᠯᠬᠦ᠌ ᠠᠭᠤᠯᠭ᠎ᠠ

  ᠡᠮᠴᠢᠯᠡᠭᠡᠨ᠎ᠤ ᠪᠠᠢᠭᠤᠯᠤᠮᠵᠢ᠎ᠨᠢ ᠲᠣᠰ ᠨᠢᠭᠡᠴᠢ᠎ᠶ᠋ᠢᠨ 2024 ᠣᠨ᠎ᠤ ᠲᠣᠰ ᠤᠳᠠᠭᠠᠨ᠎ᠤ ᠲᠠᠭ᠍ᠯᠠᠨ ᠮᠡᠳᠡᠭᠦᠯᠬᠦ᠌ ᠬᠡᠪᠴᠢᠶᠡᠨ᠎ᠳᠠᠬᠢ ᠡᠮᠴᠢᠯᠡᠭᠡᠨ᠎ᠤ ᠬᠤᠷᠣᠭ᠍ᠳᠠᠯ ᠮᠠᠲ᠋ᠧᠷᠢᠶᠠᠯ᠎ᠤᠨ ᠪᠣᠳᠠᠲᠠᠶ ᠬᠤᠳᠠᠯᠳᠤᠨ ᠠᠪᠤᠭ᠍ᠰᠠᠨ ᠲᠤᠭ᠎ᠠ ᠬᠡᠮᠵᠢᠶ᠎ᠡ ( ᠪᠣᠳᠠᠲᠠᠶ᠎ᠪᠠᠷ ᠤᠯᠤᠰ᠎ᠤᠨ ᠡᠮᠴᠢᠯᠡᠭᠡᠨ᠎ᠦ ᠪᠠᠲᠤᠯᠠᠭ᠎ᠠ ᠎ᠶ᠋ᠢᠨ ᠡᠮᠴᠢᠯᠡᠭᠡᠨ᠎ᠤ ᠬᠤᠷᠣᠭ᠍ᠳᠠᠯ ᠮᠠᠲ᠋ᠧᠷᠢᠶᠠᠯ᠎ᠤᠨ ᠣᠷᠣᠯᠠᠬᠤ ᠨᠣᠮᠧᠷ ) ᠪᠠ 2024 ᠣᠨ᠂ 2025 ᠣᠨ᠎ᠤ 1 ᠳ᠋ᠦ᠍ᠭᠡᠷ ᠰᠠᠷ᠎ᠠ᠎ᠠᠴᠠ 7 ᠳ᠋ᠤᠭᠠᠷ ᠰᠠᠷ᠎ᠠ ᠪᠣᠯᠲᠠᠯᠠᠬᠢ ᠲᠣᠰ ᠤᠳᠠᠭᠠᠨ᠎ᠤ ᠲᠠᠭ᠍ᠯᠠᠨ ᠮᠡᠳᠡᠭᠦᠯᠬᠦ᠌ ᠬᠡᠪᠴᠢᠶᠡᠨ ᠳᠣᠲᠣᠷᠠᠬᠢ ᠡᠮᠴᠢᠯᠡᠭᠡᠨ᠎ᠳᠦ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠤᠨ ᠬᠠᠮᠤᠭ᠎ᠤᠨ ᠳᠣᠤᠷ᠎ᠠ ᠪᠦᠲᠦᠮᠵᠢᠲᠡᠶ ᠠᠷᠠᠯᠵᠢᠶ᠎ᠠ ᠪᠦᠲᠦᠭ᠌ᠰᠡᠨ ᠨᠢᠭᠡᠴᠢ ᠦᠨ᠎ᠡ ᠵᠡᠷᠭᠡ ᠬᠠᠮᠢᠶ᠎ᠠ ᠪᠥᠬᠦᠶ ᠦᠩᠭᠡᠷᠡᠭ᠌ᠰᠡᠨ᠎ᠳᠦ ᠬᠤᠳᠠᠯᠳᠤᠨ ᠠᠪᠤᠭ᠍ᠰᠠᠨ ᠲᠤᠭ᠎ᠠ ᠪᠠᠷᠢᠮᠲᠠ᠎ᠶ᠋ᠢ ᠲᠠᠭ᠍ᠯᠠᠨ ᠮᠡᠳᠡᠭᠦᠯᠦᠨ᠎ᠡ᠃

  ᠳᠥᠷᠪᠡ᠂ ᠲᠠᠭ᠍ᠯᠠᠨ ᠮᠡᠳᠡᠭᠦᠯᠬᠦ᠌ ᠠᠷᠭ᠎ᠠ ᠮᠠᠶᠢᠭ

  ᠲᠣᠰ ᠤᠳᠠᠭᠠᠨ᠎ᠤ ᠲᠥᠪᠯᠡᠷᠡᠭᠦᠯᠦᠨ ᠬᠡᠮᠵᠢᠶ᠎ᠡ᠎ᠲᠠᠢ᠎ᠪᠠᠷ ᠬᠤᠳᠠᠯᠳᠤᠨ ᠠᠪᠬᠤ ᠦᠩᠭᠡᠷᠡᠭ᠌ᠰᠡᠨ᠎ᠳᠦ ᠬᠤᠳᠠᠯᠳᠤᠨ ᠠᠪᠣᠭ᠍ᠰᠠᠨ ᠲᠤᠭ᠎ᠠ ᠪᠠᠷᠢᠮᠲᠠ᠎ᠶ᠋ᠢ ᠲᠠᠭ᠍ᠯᠠᠨ ᠮᠡᠳᠡᠭᠦᠯᠬᠦ᠌ ᠠᠵᠢᠯ 《 ᠤᠯᠤᠰ ᠡᠴᠡ ᠵᠣᠬᠢᠶᠠᠨ ᠪᠠᠢᠭᠤᠯᠤᠭ᠍ᠰᠠᠨ ᠡᠮᠴᠢᠯᠡᠭᠡᠨ᠎ᠳᠦ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠬᠣᠯᠪᠣᠭᠠᠯᠠᠨ ᠬᠤᠳᠠᠯᠳᠤᠨ ᠠᠪᠬᠤ ᠲᠠᠪᠴᠠᠩ  ᠮᠤᠵᠢ᠎ᠶ᠋ᠢᠨ ᠬᠤᠭᠤᠷᠣᠨᠳᠣᠬᠢ ᠬᠤᠯᠪᠣᠭᠠᠨ᠎ᠤ ᠬᠥᠨᠳᠡᠶ᠎ᠶ᠋ᠢᠨ ᠬᠣᠷᠢᠶᠠᠬᠤ ᠰᠤᠳᠠᠯ᠎ᠤᠨ ᠱᠢᠭᠦᠭᠦᠷ ᠪᠠ ᠱᠢᠩᠭᠡᠭᠡᠬᠦ᠌ ᠴᠠᠬᠢᠯᠭᠠᠨ ᠲᠤᠢᠯ᠎ᠤᠨ ᠲᠥᠷᠥᠯ᠎ᠤᠨ ᠡᠮᠴᠢᠯᠡᠭᠡᠨ᠎ᠳᠦ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠡᠮᠵᠢᠶ᠎ᠡ᠎ᠲᠠᠢ᠎ᠪᠠᠷ ᠬᠤᠳᠠᠯᠳᠤᠨ ᠠᠪᠬᠤ ᠲᠥᠷᠥᠯ ᠵᠦᠶ᠋ᠯ》᠎ᠢᠶᠠᠷ ᠳᠠᠮᠵᠢᠭᠤᠯᠤᠨ ᠥᠷᠨᠢᠭᠦᠯᠪᠡ ( ᠰᠦᠯᠵᠢᠶᠡᠨ᠎ᠤ ᠬᠠᠶᠢᠭ᠄ https᠄ //hc.tjmpc.cn᠄19035)᠃ ᠡᠯ᠎ᠡ ᠠᠢᠮᠠᠭ ᠬᠤᠲᠠ᠎ᠶ᠋ᠢᠨ ᠡᠮᠴᠢᠯᠡᠭᠡᠨ᠎ᠤ  ᠪᠠᠲᠣᠯᠠᠭ᠎ᠠ ᠎ᠶ᠋ᠢᠨ ᠰᠠᠯᠠᠭ᠎ᠠ ᠮᠥᠴᠢᠷ ᠪᠠ ᠡᠮᠴᠢᠯᠡᠭᠡᠨ᠎ᠤ ᠪᠠᠢᠭᠤᠯᠤᠮᠵᠢ ᠤᠤᠯ᠎ᠤᠨ ᠲᠠᠩᠰᠠᠨ ᠳ᠋ᠤᠭᠠᠷ ᠪᠠ ᠨᠢᠭᠤᠴᠠ ᠨᠣᠮᠧᠷ᠎ᠢ ᠦᠷᠭᠦᠯᠵᠢᠯᠡᠨ ᠬᠡᠷᠡᠭ᠌ᠯᠡᠵᠦ᠍᠂ ᠱᠢᠨ᠎ᠡ᠎ᠪᠠᠷ ᠨᠡᠮᠡᠭ᠌ᠳᠡᠭ᠌ᠰᠡᠨ ᠡᠮᠴᠢᠯᠡᠭᠡᠨ᠎ᠤ ᠪᠠᠢᠭᠤᠯᠤᠮᠵᠢ ᠵᠢᠴᠢ ᠲᠠᠩᠰᠠᠨ ᠳ᠋ᠤᠭᠠᠷ ᠎ᠤᠨ ᠨᠢᠭᠤᠴᠠ ᠨᠣᠮᠧᠷ᠎ᠢ ᠡᠯ᠎ᠡ ᠠᠢᠮᠠᠭ ᠬᠤᠲᠠ ᠬᠤᠷᠢᠶᠠᠩᠭᠤᠢᠯᠠᠭ᠍ᠰᠠᠨ᠎ᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ᠎ᠲᠤ ᠮᠡᠳᠡᠭᠦᠯᠵᠦ᠍ ᠨᠢᠭᠡᠳᠦᠯᠲᠡᠶ ᠱᠢᠢᠳᠪᠦᠷᠢᠯᠡᠨ᠎ᠡ᠃

  ᠲᠠᠪᠤ᠂  ᠱᠢᠰᠲ᠋ᠧᠮ᠎ᠤᠨ ᠨᠡᠭᠡᠭᠡᠯᠲᠡ ᠬᠢᠬᠦ᠌ ᠴᠠᠭ

  2025 ᠣᠨ᠎ᠤ 9 ᠳ᠋ᠦ᠍ᠭᠡᠷ ᠰᠠᠷ᠎ᠠ᠎ᠶ᠋ᠢᠨ 16 ᠎ᠤ ᠡᠳᠦᠷ᠎ᠠᠴᠠ 9 ᠳ᠋ᠦ᠍ᠭᠡᠷ ᠰᠠᠷ᠎ᠠ᠎ᠶ᠋ᠢᠨ 24 ᠎ᠤ ᠡᠳᠦᠷ᠎ᠤᠨ 17 ᠴᠠᠭ᠃

  ᠵᠢᠷᠭᠤᠭ᠎ᠠ᠂ ᠠᠵᠢᠯ᠎ᠤᠨ ᠱᠠᠭᠠᠷᠳᠠᠯᠭ᠎ᠠ

  ( ᠨᠢᠭᠡ ) ᠡᠯ᠎ᠡ ᠠᠢᠮᠠᠭ ᠬᠤᠲᠠ᠎ᠶ᠋ᠢᠨ ᠡᠮᠴᠢᠯᠡᠭᠡᠨ᠎ᠤ ᠪᠠᠲᠣᠯᠠᠭ᠎ᠠ ᠎ᠶ᠋ᠢᠨ ᠰᠠᠯᠠᠭ᠎ᠠ ᠮᠥᠴᠢᠷ ᠬᠠᠷᠢᠶᠠᠲᠤ ᠣᠷᠣᠨ᠎ᠤ ᠳᠣᠲᠣᠷᠠᠬᠢ ᠡᠮᠴᠢᠯᠡᠭᠡᠨ᠎ᠤ ᠪᠠᠢᠭᠤᠯᠤᠮᠵᠢ᠎ᠶ᠋ᠢ ᠵᠣᠬᠢᠶᠠᠨ ᠪᠠᠢᠭᠤᠯᠤᠨ ᠱᠠᠭᠠᠷᠳᠠᠯᠭ᠎ᠠ ᠶᠣᠰᠣᠭᠠᠷ ᠲᠤᠭ᠎ᠠ ᠪᠠᠷᠢᠮᠲᠠ᠎ᠶ᠋ᠢ ᠲᠠᠭ᠍ᠯᠠᠨ ᠮᠡᠳᠡᠭᠦᠯᠬᠦ᠌ ᠠᠵᠢᠯ᠎ᠢ ᠰᠠᠢᠲᠤᠷ ᠬᠢᠵᠦ᠍᠂ ᠬᠠᠷᠭᠤᠭᠤᠯᠬᠤ᠂ ᠪᠠᠢᠴᠠᠭᠠᠬᠤ᠎ᠶ᠋ᠢᠨ ᠬᠠᠮᠲᠤ ᠡᠮᠴᠢᠯᠡᠭᠡᠨ᠎ᠤ ᠪᠠᠢᠭᠤᠯᠤᠮᠵᠢ᠎ᠶ᠋ᠢ ᠱᠠᠭᠠᠷᠳᠠᠵᠤ ᠪᠠᠢᠭᠠᠳ ᠬᠤᠭᠤᠴᠠᠭ᠎ᠠ ᠶᠣᠰᠣᠭᠠᠷ ᠬᠤᠯᠪᠣᠭ᠍ᠳᠠᠯ ᠪᠥᠬᠦᠶ ᠲᠤᠭ᠎ᠠ ᠪᠠᠷᠢᠮᠲᠠ᠎ᠶ᠋ᠢ ᠦᠨᠡᠨ ᠪᠣᠳᠠᠲᠠᠶ᠎ᠪᠠᠷ ᠲᠠᠭ᠍ᠯᠠᠨ ᠮᠡᠳᠡᠭᠦᠯᠬᠦ᠌ ᠬᠡᠷᠡᠭ᠌ᠲᠡᠶ᠃

  ( ᠬᠣᠶᠠᠷ ) ᠡᠯ᠎ᠡ ᠠᠢᠮᠠᠭ ᠬᠤᠲᠠ᠎ᠶ᠋ᠢᠨ ᠡᠮᠴᠢᠯᠡᠭᠡᠨ᠎ᠤ ᠪᠠᠲᠣᠯᠠᠭ᠎ᠠ ᠶ᠋ᠢᠨ ᠰᠠᠯᠠᠭ᠎ᠠ ᠮᠥᠴᠢᠷ ᠬᠤᠯᠪᠣᠭ᠍ᠳᠠᠯ ᠪᠥᠬᠦᠶ ᠡᠮᠴᠢᠯᠡᠭᠡᠨ᠎ᠤ ᠪᠠᠢᠭᠤᠯᠤᠮᠵᠢ᠎ᠶ᠋ᠢ ᠨᠢᠭᠤᠴᠠ ᠨᠣᠮᠧᠷ ᠪᠠ ᠲᠠᠩᠰᠠᠨ ᠳ᠋ᠤᠭᠠᠷ᠎ᠤᠨ ᠬᠠᠮᠢᠶᠠᠷᠤᠯᠲᠠ᠎ᠪᠠᠨ ᠴᠢᠩᠭᠠᠳᠭᠠᠵᠤ᠂ ᠠᠵᠢᠯ᠎ᠢ ᠰᠠᠢᠨ ᠮᠡᠳᠡᠬᠦ᠌ ᠲᠤᠰᠭᠠᠶ ᠬᠥᠮᠦᠨ ᠲᠣᠭ᠍ᠲᠠᠭᠠᠨ ᠬᠠᠷᠢᠭᠤᠴᠠᠭᠤᠯᠵᠤ᠂ ᠪᠤᠰᠤᠳ ᠬᠥᠮᠦᠨ ᠡᠮᠴᠢᠯᠡᠭᠡᠨ᠎ᠤ ᠪᠠᠢᠭᠤᠯᠤᠮᠵᠢ᠎ᠶ᠋ᠢᠨ ᠲᠠᠩᠰᠠᠨ ᠳ᠋ᠤᠭᠠᠷ᠎ᠢ ᠠᠱᠢᠭ᠍ᠯᠠᠨ ᠬᠤᠳᠠᠯ᠎ᠢᠶᠠᠷ ᠮᠡᠳᠡᠭᠦᠯᠬᠦ᠂ ᠪᠤᠷᠤᠭᠤ ᠮᠡᠳᠡᠭᠦᠯᠬᠦ᠂ ᠥᠭᠡᠷᠡᠴᠢᠯᠡᠨ ᠮᠡᠳᠡᠭᠦᠯᠬᠦ᠌ ᠬᠡᠯᠡᠯᠴᠡᠭᠡᠷ᠎ᠢ ᠠᠱᠢᠭ᠍ᠯᠠᠨ ᠬᠤᠳᠠᠯᠳᠤᠨ ᠠᠪᠬᠤ ᠬᠡᠮᠵᠢᠶ᠎ᠡ ᠵᠡᠷᠭᠡ 《ᠬᠡᠮᠵᠢᠶ᠎ᠡ ᠦᠨᠡᠨ ᠪᠣᠳᠠᠲᠠᠶ ᠪᠢᠰᠢ》 ᠠᠰᠠᠭᠤᠳᠠᠯ᠎ᠢ ᠡᠷᠡᠰ ᠬᠤᠷᠢᠭ᠍ᠯᠠᠬᠤ ᠬᠡᠷᠡᠭ᠌ᠲᠡᠶ ᠭᠡᠵᠦ᠍ ᠱᠠᠭᠠᠷᠳᠠᠪᠠ᠃

  ( ᠭᠤᠷᠪᠠ ) ᠬᠠᠮᠢᠶ᠎ᠠ ᠪᠥᠬᠦᠶ ᠡᠮᠴᠢᠯᠡᠭᠡᠨ᠎ᠤ ᠪᠠᠢᠭᠤᠯᠤᠮᠵᠢ ᠱᠠᠭᠠᠷᠳᠠᠯᠭ᠎ᠠ ᠶᠣᠰᠣᠭᠠᠷ ᠲᠤᠭ᠎ᠠ ᠪᠠᠷᠢᠮᠲᠠ᠎ᠶ᠋ᠢ ᠲᠠᠭ᠍ᠯᠠᠨ ᠮᠡᠳᠡᠭᠦᠯᠬᠦ᠌ ᠠᠵᠢᠯ᠎ᠢ ᠰᠠᠢᠲᠤᠷ ᠬᠢᠵᠦ᠍᠂ ᠲᠠᠭ᠍ᠯᠠᠨ ᠮᠡᠳᠡᠭᠦᠯᠦᠭ᠌ᠰᠡᠨ ᠲᠤᠭ᠎ᠠ ᠪᠠᠷᠢᠮᠲᠠ᠎ᠶ᠋ᠢᠨ ᠦᠨᠡᠨ ᠪᠣᠳᠠᠲᠠᠶ᠂ ᠣᠨᠣᠪᠴᠢᠲᠠᠶ᠂ ᠬᠦᠴᠦᠨ ᠵᠦᠢᠯ ᠪᠦᠷᠢᠨ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠬᠤᠯᠪᠣᠭ᠍ᠳᠠᠯ ᠪᠦᠬᠦᠢ ᠲᠤᠭ᠎ᠠ ᠪᠠᠷᠢᠮᠲᠠ᠎ᠶ᠋ᠢ ᠲᠠᠭ᠍ᠯᠠᠨ ᠮᠡᠳᠡᠭᠦᠯᠦᠭ᠌ᠰᠡᠨ᠎ᠤ ᠲᠠᠷᠠᠭ᠎ᠠ᠂ 《 ᠦᠩᠭᠡᠷᠡᠭ᠌ᠰᠡᠨ᠎ᠳᠦ ᠬᠤᠳᠠᠯᠳᠤᠨ ᠠᠪᠤᠭ᠍ᠰᠠᠨ ᠬᠤᠷᠢᠶᠠᠩᠭᠤᠶ ᠬᠦᠰᠦᠨᠦᠭ᠌ᠲᠦ 》᠎ᠶ᠋ᠢ  ᠭᠠᠷᠭᠠᠬᠤ᠎ᠶ᠋ᠢᠨ ᠬᠠᠮᠲᠤ ᠳᠠᠷᠤᠮᠠᠯᠯᠠᠵᠤ᠂ ᠡᠮᠴᠢᠯᠡᠭᠡᠨ᠎ᠤ ᠪᠠᠢᠭᠤᠯᠤᠮᠵᠢ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ ᠪᠠ ᠬᠤᠷᠢᠶᠠᠨ ᠳᠠᠷᠤᠭ᠎ᠠ᠎ᠪᠠᠷ ᠭᠠᠷ᠎ᠤᠨ ᠦᠰᠦᠭ ᠵᠢᠷᠤᠭᠤᠯᠬᠤ᠎ᠶ᠋ᠢᠨ ᠬᠠᠮᠲᠤ ᠲᠠᠮᠠᠭ᠎ᠠ ᠳᠠᠷᠤᠵᠤ ᠨᠤᠲᠠᠯᠠᠭᠤᠯᠤᠭ᠍ᠰᠠᠨ᠎ᠤ ᠳᠠᠷᠠᠭ᠎ᠠ ᠱᠢᠰᠲ᠋ᠧᠮ᠎ᠤᠨ ᠳᠣᠲᠣᠷ᠎ᠠ ᠱᠢᠷᠪᠢᠭ᠌ᠰᠡᠨ ᠬᠡᠪᠯᠡᠯ᠎ᠤᠨ ᠪᠢᠴᠢᠭ ᠮᠠᠲ᠋ᠧᠷᠢᠶᠠᠯ᠎ᠢ ᠳᠠᠮᠵᠢᠭᠤᠯᠬᠤ ᠬᠡᠷᠡᠭ᠌ᠲᠡᠶ᠃

  ᠠᠰᠠᠭᠤᠨ ᠯᠠᠪᠯᠠᠬᠤ ᠤᠲᠠᠰᠤ᠄ 0471- 4907213

  

  

  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ

  2025 ᠣᠨ᠎ᠤ 9  ᠳ᠋ᠦ᠍ᠭᠡᠷ ᠰᠠᠷ᠎ᠠ᠎ᠶ᠋ᠢᠨ 16 ᠎ᠤ ᠡᠳᠦᠷ

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ
          
ᠬᠠᠮᠢᠶ᠎ᠡ ᠪᠦᠬᠦᠢ ᠰᠣᠨᠢᠨ
 
            