10 ᠳ᠋ᠤᠭ᠋ᠠᠷ ᠰᠠᠷ᠎ᠠ ᠵᠢᠨ 14᠎ᠤ ᠡᠳᠦᠷ᠎ᠤᠨ ᠦᠳᠡ ᠵᠢᠨ ᠡᠮᠦᠨ᠎ᠡ᠂ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠤᠪᠴᠢᠶ᠎ᠠ ᠵᠢᠨ ᠳᠡᠳ᠋ ᠳᠠᠷᠤᠭ᠎ᠠ ᠵᠸᠩ ᠵᠣᠣ ᠰᠢᠶᠠᠩ᠂ ᠠᠯᠪᠠᠨ ᠬᠡᠷ᠎ᠤᠨ ᠡᠷᠬᠢᠯᠡᠭᠴᠢ ᠰᠢᠤᠢ ᠳ᠋ᠠᠨ ᠨᠠᠷ ᠲᠣᠮᠢᠯᠠᠨ ᠰᠠᠭᠤᠯᠭ᠋ᠠᠭᠰᠠᠨ ᠲᠣᠰᠬᠣᠨ᠎ᠤ ᠨᠢᠭᠡᠳᠦᠭᠡᠷ ᠱᠦᠵᠢ ᠯᠢᠦ ᠽᠸ ᠮᠢᠨ ᠨᠥᠬᠥᠷ᠎ᠢ ᠤᠯᠠᠭ᠋ᠠᠨᠬᠠᠳᠠ ᠬᠣᠲᠠ ᠵᠢᠨ ᠪᠠᠭ᠋ᠠᠷᠢᠨ ᠵᠡᠭᠦᠨ ᠬᠣᠰᠢᠭᠤᠨ᠎ᠤ ᠬᠤᠸᠠᠷᠠᠭ᠎ᠠ ᠰᠢᠶᠠᠩ᠎ᠤᠨ ᠰᠢᠶᠤᠤ ᠶᠢᠩᠽᠢ ᠲᠣᠰᠬᠣᠨ᠎ᠳᠤ ᠲᠣᠮᠢᠯᠠᠨ ᠰᠠᠭᠤᠯᠭ᠋ᠠᠭᠰᠠᠨ ᠲᠣᠰᠬᠣᠨ᠎ᠤ ᠨᠢᠭᠡᠳᠦᠭᠡᠷ ᠱᠦᠵᠢ᠎ᠪᠠᠷ ᠬᠦᠷᠭᠡᠵᠦ᠂ ᠠᠵᠢᠯ᠎ᠤᠨ ᠪᠠᠶ᠋ᠢᠷᠢ᠎ᠳᠤ ᠲᠤᠰᠢᠶᠠᠯ ᠬᠠᠷᠢᠭᠤᠴᠠᠭᠤᠯᠬᠤ ᠵᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠪᠠᠭ᠋ᠠᠷᠢᠨ ᠵᠡᠭᠦᠨ ᠬᠣᠰᠢᠭᠤᠨ᠎ᠤ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠵᠠᠩ ᠶᠢᠩ ᠵᠢᠶᠸ᠂ ᠬᠤᠸᠠᠷᠠᠭ᠎ᠠ ᠰᠢᠶᠠᠩ᠎ᠤᠨ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠭᠣᠣᠯ ᠬᠠᠷᠢᠭᠤᠴᠠᠯᠭ᠋ᠠᠲᠠᠨ ᠪᠣᠯᠤᠨ ᠰᠢᠶᠤᠤ ᠶᠢᠩᠽᠢ ᠲᠣᠰᠬᠣᠨ᠎ᠤ ᠭᠣᠣᠯ ᠬᠠᠷᠢᠭᠤᠴᠠᠯᠭ᠋ᠠᠲᠠᠨ ᠶᠠᠷᠢᠯᠴᠠᠬᠤ ᠬᠤᠷᠠᠯ᠎ᠳᠤ ᠣᠷᠣᠯᠴᠠᠪᠠ᠃

ᠬᠤᠷᠠᠯ ᠳᠡᠭᠡᠷ᠎ᠡ᠂ ᠬᠤᠸᠠᠷᠠᠭ᠎ᠠ ᠰᠢᠶᠠᠩ ᠪᠣᠯᠤᠨ ᠰᠢᠶᠤᠤ ᠶᠢᠩᠽᠢ ᠲᠣᠰᠬᠣᠨ᠎ᠤ ᠭᠣᠣᠯ ᠬᠠᠷᠢᠭᠤᠴᠠᠯᠭ᠋ᠠᠲᠠᠨ ᠲᠤᠰ ᠲᠤᠰ ᠬᠤᠯᠪᠤᠭ᠋ᠠᠯᠠᠨ ᠲᠤᠰᠬᠤᠨ ᠲᠠᠭ᠋ᠠᠭ᠋ᠠᠴᠢᠯᠠᠬᠤ ᠠᠵᠢᠯ᠎ᠤᠨ ᠦᠨᠳᠦᠰᠦᠨ ᠪᠠᠶ᠋ᠢᠳᠠᠯ ᠪᠣᠯᠤᠨ ᠳᠠᠷᠠᠭ᠋ᠠᠴᠢ ᠵᠢᠨ ᠠᠯᠬᠤᠮ᠎ᠤᠨ ᠠᠵᠢᠯ᠎ᠤᠨ ᠲᠥᠯᠥᠪᠵᠢᠭᠦᠯᠭᠡ ᠵᠢ ᠲᠠᠨᠢᠯᠴᠠᠭᠤᠯᠤᠭᠰᠠᠨ ᠪᠥᠭᠡᠳ ᠲᠣᠰᠬᠣᠨ᠎ᠳᠤ ᠰᠠᠭᠤᠭ᠎ᠠ ᠨᠢᠭᠡᠳᠦᠭᠡᠷ ᠱᠦᠵᠢ ᠵᠢᠨ ᠬᠦᠷᠦᠯᠴᠡᠨ ᠢᠷᠡᠭᠰᠡᠨ᠎ᠢ ᠬᠠᠯᠠᠭᠤᠨ ᠵᠶ᠋ᠠᠷ ᠤᠭᠲᠤᠵᠤ ᠪᠠᠶ᠋ᠢᠬᠤ᠎ᠪᠠᠨ ᠢᠯᠡᠳᠬᠡᠪᠡ᠃

ᠵᠸᠩ ᠵᠤᠤ ᠰᠢᠶᠠᠩ ᠲᠠᠨᠢᠯᠴᠠᠭᠤᠯᠭ᠎ᠠ ᠵᠢ ᠰᠣᠨᠣᠰᠤᠭᠰᠠᠨ᠎ᠤ ᠳᠠᠷᠠᠭ᠎ᠠ᠂ ᠬᠤᠯᠪᠤᠭ᠋ᠠᠯᠠᠨ ᠲᠤᠰᠬᠤᠨ ᠲᠠᠭ᠋ᠠᠭ᠋ᠠᠴᠢᠯᠠᠬᠤ ᠬᠠᠪᠰᠤᠷᠤᠨ ᠲᠡᠳᠬᠦᠬᠦ ᠠᠵᠢᠯ᠎ᠤᠨ ᠬᠠᠷᠢᠭᠤᠴᠠᠯᠭ᠎ᠠ ᠬᠦᠨᠳᠦ᠂ ᠡᠭᠦᠷᠭᠡ ᠦᠩᠬᠡ ᠬᠡᠷᠡᠯᠳᠡᠢ ᠶᠤᠮ᠂ ᠨᠢᠭᠡᠳᠦᠭᠡᠷ ᠱᠦᠵᠢ ᠪᠡᠶ᠎ᠡ᠎ᠪᠠᠷ ᠵᠶ᠋ᠠᠨ ᠴᠢᠷᠮᠠᠶ᠋ᠢᠵᠤ᠂ ᠦᠨᠳᠦᠰᠦᠨ ᠱᠠᠲᠤᠨ᠎ᠳᠤ ᠠᠭᠤᠰᠤᠯᠴᠠᠵᠤ᠂ ᠬᠥᠭᠥᠷᠭᠡ ᠬᠣᠯᠪᠣᠭ᠋ᠠᠰᠤ ᠵᠢᠨ ᠦᠢ᠍ᠯᠡᠳᠦᠯ ᠵᠶ᠋ᠠᠨ ᠰᠠᠶ᠋ᠢᠲᠤᠷ ᠪᠠᠳᠠᠷᠠᠭᠤᠯᠬᠤ ᠬᠡᠷᠡᠭᠲᠡᠢ᠃ ᠡᠮᠴᠢᠯᠡᠭᠡ ᠵᠢᠨ ᠪᠠᠳᠤᠯᠠᠭ᠎ᠠ ᠵᠢᠨ ᠰᠠᠯᠠᠭ᠎ᠠ ᠮᠥᠴᠢᠷ᠎ᠤᠨ ᠳᠠᠪᠠᠭᠤᠯᠢᠭ᠎ᠢ ᠰᠠᠶ᠋ᠢᠲᠤᠷ ᠠᠰᠢᠭᠯᠠᠵᠤ᠂ ᠲᠣᠰᠬᠣᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢ ᠪᠠᠶ᠋ᠢᠭᠤᠯᠤᠨ ᠬᠦᠴᠦᠷᠬᠡᠭᠵᠢᠭᠦᠯᠬᠦ᠂ ᠲᠣᠰᠬᠣᠨ᠎ᠢ ᠬᠦᠴᠦᠷᠬᠡᠭᠵᠢᠭᠦᠯᠦᠨ ᠠᠷᠠᠳ᠎ᠢ ᠪᠠᠶᠠᠵᠢᠭᠤᠯᠬᠤ ᠵᠢ ᠠᠬᠢᠭᠤᠯᠬᠤ᠂ ᠵᠠᠰᠠᠯᠲᠠ ᠵᠢᠨ ᠲᠦᠪᠰᠢᠨ᠎ᠢ ᠳᠡᠭᠡᠭᠰᠢᠯᠡᠭᠦᠯᠬᠦ᠂ ᠠᠷᠠᠳ᠎ᠤᠨ ᠲᠥᠯᠥᠭᠡ ᠤᠴᠢᠷ ᠶᠠᠪᠤᠳᠠᠯ ᠰᠢᠢ᠍ᠳᠪᠦᠷᠢᠯᠡᠬᠦ᠎ᠳᠤ ᠦᠢ᠍ᠯᠡᠴᠢᠯᠡᠬᠦ ᠵᠡᠷᠭᠡ ᠡᠯ᠎ᠡ ᠵᠦᠢ᠍ᠯ᠎ᠤᠨ ᠠᠵᠢᠯ᠎ᠢ ᠨᠠᠷᠢᠨ ᠬᠢᠨᠠᠮᠠᠭ᠋ᠠᠢ ᠰᠠᠶ᠋ᠢᠲᠤᠷ ᠬᠢᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ ᠵᠢ ᠠᠬᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃