ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ ᠤᠳᠤᠷᠢᠳᠬᠤ ᠳᠤᠭᠤᠶ᠋ᠢᠯᠠᠩ᠎ᠤᠨ ᠭᠤᠷᠪᠠᠳᠤᠭ᠋ᠠᠷ ᠲᠣᠭᠣᠷᠢᠨ ᠵᠢᠯᠣᠭᠣᠳᠬᠤ ᠳᠤᠭᠤᠶ᠋ᠢᠯᠠᠩ ᠮᠠᠨ᠎ᠤ ᠲᠣᠪᠴᠢᠶ᠎ᠠ᠎ᠳᠤ ᠢᠷᠡᠵᠦ 《ᠪᠢ ᠣᠯᠠᠨ ᠲᠦᠮᠡᠨ᠎ᠳᠤ ᠪᠣᠳᠠᠲᠠᠶ ᠠᠵᠢᠯ ᠬᠢᠵᠦ ᠥᠭᠬᠦ》 ᠦᠢ᠍ᠯᠡᠳᠦᠯᠭᠡ ᠵᠢᠨ ᠠᠵᠢᠯᠯᠠᠭ᠎ᠠ ᠵᠢ ᠬᠢᠨᠠᠨ ᠵᠢᠯᠣᠭᠣᠳᠴᠤ ᠠᠵᠢᠯ ᠥᠷᠨᠢᠭᠦᠯᠪᠡ
ᠨᠡᠶ᠋ᠢᠲᠡᠯᠡᠭᠰᠡᠨ ᠴᠠᠭ᠄ 2021-10-28

      10 ᠳ᠋ᠤᠭ᠋ᠠᠷ ᠰᠠᠷ᠎ᠠ ᠵᠢᠨ 22᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ ᠤᠳᠤᠷᠢᠳᠬᠤ ᠳᠤᠭᠤᠶ᠋ᠢᠯᠠᠩ᠎ᠤᠨ ᠭᠤᠷᠪᠠᠳᠤᠭ᠋ᠠᠷ ᠲᠣᠭᠣᠷᠢᠨ ᠵᠢᠯᠣᠭᠣᠳᠬᠤ ᠳᠤᠭᠤᠶ᠋ᠢᠯᠠᠩ᠎ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠵᠢᠨ ᠭᠡᠰᠢᠭᠦᠨ ᠯᠢᠦ ᠵᠢᠶᠠᠨ ᠰᠢ ᠨᠡᠷ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠳᠤ ᠬᠦᠷᠴᠦ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ 《ᠪᠢ ᠣᠯᠠᠨ ᠲᠦᠮᠡᠨ᠎ᠳᠤ ᠪᠣᠳᠠᠲᠠᠶ ᠠᠵᠢᠯ ᠬᠢᠵᠦ ᠥᠭᠬᠦ》 ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠦᠭᠰᠡᠨ ᠪᠠᠶ᠋ᠢᠳᠠᠯ ᠪᠠ ᠣᠯᠤᠭᠰᠠᠨ ᠱᠠᠲᠤ ᠦᠶ᠎ᠡ ᠵᠢᠨ ᠴᠢᠨᠠᠷᠲᠠᠶ ᠦᠷ᠎ᠡ ᠪᠦᠲᠦᠮᠵᠢ ᠵᠢᠨ ᠲᠤᠬᠠᠶ ᠰᠢᠮᠳᠠᠭᠤᠯᠤᠨ ᠪᠠᠶ᠋ᠢᠴᠠᠭ᠋ᠠᠵᠤ ᠵᠢᠭ᠋ᠠᠨ ᠵᠢᠯᠣᠭᠣᠳᠴᠤ᠂ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ ᠭᠦᠨᠵᠡᠭᠡᠶ᠋ᠢᠷᠡᠨ ᠪᠣᠳᠠᠲᠠᠶ᠋ᠢᠵᠢᠬᠤ ᠵᠢ ᠠᠬᠢᠭᠤᠯᠪᠠ᠃ ᠲᠣᠪᠴᠢᠶ᠎ᠠ ᠵᠢᠨ ᠪᠠᠶ᠋ᠢᠭᠤᠯᠤᠯᠭ᠎ᠠ ᠵᠢᠨ ᠡᠯ᠎ᠡ ᠭᠠᠵᠠᠷ ᠬᠡᠷ᠂ ᠬᠠᠷᠢᠶ᠎ᠠ ᠨᠢᠭᠡᠴᠢ ᠵᠢᠨ ᠬᠠᠷᠢᠭᠤᠴᠠᠯᠭ᠋ᠠᠲᠠᠳ ᠬᠤᠷᠠᠯ᠎ᠳᠤ ᠣᠷᠣᠯᠴᠠᠵᠠᠶ᠃



      ᠲᠣᠭᠣᠷᠢᠨ ᠵᠢᠯᠣᠭᠣᠳᠬᠤ ᠳᠤᠭᠤᠶ᠋ᠢᠯᠠᠩ᠎ᠤᠨ᠎ᠬᠢᠨ᠂ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂   ᠲᠤᠪᠴᠢᠶ᠎ᠠ ᠵᠢᠨ ᠳᠡᠳ᠋ ᠳᠠᠷᠤᠭ᠎ᠠ ᠵᠸᠩ ᠵᠣᠣ ᠰᠢᠶᠠᠩ᠎ᠤᠨ ᠮᠠᠨ᠎ᠤ ᠲᠣᠪᠴᠢᠶ᠎ᠠ ᠵᠢᠨ 《ᠪᠢ ᠣᠯᠠᠨ ᠲᠦᠮᠡᠨ᠎ᠳᠤ ᠪᠣᠳᠠᠲᠠᠶ ᠠᠵᠢᠯ ᠬᠢᠵᠦ ᠥᠭᠬᠦ》 ᠦᠢ᠍ᠯᠡᠳᠦᠯᠭᠡ ᠵᠢᠨ ᠠᠵᠢᠯᠯᠠᠭ᠎ᠠ ᠥᠷᠨᠢᠭᠦᠯᠦᠭᠰᠡᠨ ᠪᠠᠶ᠋ᠢᠳᠠᠯ᠎ᠤᠨ ᠲᠤᠬᠠᠶ ᠬᠠᠷᠢᠭᠤ ᠮᠡᠳᠡᠭᠦᠯᠦᠯᠲᠡ ᠵᠢ ᠰᠣᠨᠣᠰᠴᠤ᠂ ᠡᠭᠦᠨ᠎ᠤ ᠬᠠᠮᠲᠤ ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢᠵᠢᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠬᠡᠯᠳᠡᠰ ᠪᠣᠯᠤᠨ ᠭᠦᠸᠸ ᠳ᠋ᠠ ᠡᠮ᠎ᠤᠨ ᠳᠡᠯᠭᠡᠭᠦᠷ᠎ᠤᠨ ᠨᠢᠭᠡᠳᠦᠭᠡᠷ ᠬᠤᠪᠢᠶᠠᠷᠢ ᠳᠡᠯᠭᠡᠭᠦᠷ᠎ᠲᠤ ᠭᠦᠨᠵᠡᠭᠡᠶ᠋ᠢᠷᠡᠨ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠰᠤᠳᠤᠯᠤᠯᠲᠠ ᠬᠢᠵᠦ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠤᠨ ᠪᠠᠶ᠋ᠢᠭᠤᠯᠤᠯᠲᠠ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠬᠡᠯᠡᠯᠴᠡᠭᠡ ᠬᠢᠬᠦ ᠡᠮ ᠲᠠᠩ᠎ᠤᠨ 《ᠬᠣᠤᠰ ᠵᠠᠮ》᠎ᠤᠨ ᠬᠠᠮᠢᠶᠠᠷᠤᠯᠲᠠ᠂ ᠡᠭᠦᠳᠡᠨ ᠡᠮᠨᠡᠯᠭᠡ ᠵᠢᠨ ᠣᠨᠴᠠᠭ᠋ᠠᠶ ᠬᠡᠷᠡᠭᠯᠡᠬᠦ ᠡᠮ᠎ᠤᠨ ᠬᠠᠮᠢᠶᠠᠷᠤᠯᠲᠠ᠂ ᠠᠵᠢᠯᠲᠠᠨ ᠠᠵᠢᠯᠴᠢᠨ᠎ᠤ ᠡᠮᠴᠢᠯᠡᠭᠡᠨ᠎ᠤ ᠳᠠᠭ᠋ᠠᠳᠬᠠᠯ᠎ᠤᠨ ᠬᠤᠪᠢ ᠬᠥᠮᠦᠨ᠎ᠤ ᠲᠠᠩᠰᠠᠨ ᠡᠷᠦᠬᠡ ᠵᠢᠨ ᠬᠡᠷᠡᠭᠯᠡᠬᠦ ᠬᠡᠪᠴᠢᠶ᠎ᠡ ᠵᠢ ᠥᠷᠭᠡᠳᠬᠡᠬᠦ ᠵᠡᠷᠭᠡ ᠠᠵᠢᠯ᠎ᠢ ᠥᠷᠨᠢᠭᠦᠯᠦᠭᠰᠡᠨ ᠪᠠ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠨᠠᠷᠢᠨ ᠣᠶ᠋ᠢᠯᠠᠭ᠋ᠠᠪᠠ᠃



      ᠳᠤᠭᠤᠶ᠋ᠢᠯᠠᠩ᠎ᠤᠨ ᠳᠠᠷᠤᠭ᠎ᠠ ᠯᠢᠦ ᠵᠢᠶᠠᠨ ᠰᠢ᠂ ᠮᠠᠨ᠎ᠤ ᠲᠤᠪᠴᠢᠶ᠎ᠠ ᠵᠢᠨ 《ᠪᠢ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ》 ᠦᠢ᠍ᠯᠡᠳᠦᠯᠭᠡ ᠵᠢᠨ ᠠᠵᠢᠯᠯᠠᠭ᠎ᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠡᠮᠴᠢᠯᠡᠭᠡᠨ᠎ᠤ ᠪᠠᠲᠤᠯᠠᠭ᠎ᠠ᠎ᠨᠢ ᠠᠷᠠᠳ᠎ᠤᠨ ᠠᠮᠢᠳᠤᠷᠠᠯ᠎ᠲᠠᠢ ᠨᠢᠭᠲᠠ ᠤᠶᠠᠯᠳᠤᠭᠤᠯᠵᠤ᠂ ᠤᠯᠠᠨ ᠲᠦᠮᠡᠨ᠎ᠤ 《ᠪᠠᠴᠢᠮ ᠬᠦᠴᠢᠷ ᠵᠣᠪᠠᠨᠢᠯ ᠬᠦᠰᠡᠯ》᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠷᠢᠨ ᠳᠠᠩᠰᠠ ᠵᠢᠨ ᠲᠦᠷᠦᠯ ᠵᠦᠢ᠍ᠯ᠎ᠢ ᠡᠮᠬᠢ ᠵᠢᠷᠤᠮ᠎ᠲᠠᠢ ᠠᠬᠢᠭᠤᠯᠵᠤ᠂ ᠪᠣᠳᠠᠲᠤ ᠦᠷ᠎ᠡ ᠪᠦᠲᠦᠮᠵᠢ ᠤᠯᠪᠠ᠃ ᠲᠡᠷᠡ᠂ ᠡᠮᠴᠢᠯᠡᠭᠡᠨ᠎ᠤ ᠪᠠᠲᠤᠯᠠᠭ᠎ᠠ᠎ᠨᠢ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠲᠠᠢ ᠬᠣᠯᠪᠣᠭᠳᠠᠨ᠎ᠠ᠃ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠨᠢ ᠠᠷᠠᠳ᠎ᠤᠨ ᠠᠮᠢᠳᠤᠷᠠᠯ᠎ᠤᠨ ᠴᠢᠬᠤᠯᠠ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ ᠰᠢ ᠵᠢᠨ ᠫᠢᠩ ᠶᠡᠷᠦᠩᠬᠡᠶ ᠱᠦᠵᠢ ᠵᠢᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ ᠳᠠᠶ᠋ᠢᠴᠢᠯᠠᠯᠲᠠ ᠵᠢᠨ ᠶᠡᠬᠡ ᠬᠤᠷᠠᠯ ᠳᠡᠭᠡᠷᠡᠬᠢ ᠶᠠᠷᠢᠶᠠᠨ᠎ᠤ ᠵᠣᠷᠢᠭ ᠰᠠᠨᠠᠭ᠎ᠠ ᠪᠣᠯᠤᠨ ᠰᠢ ᠵᠢᠨ ᠫᠢᠩ ᠶᠡᠷᠦᠩᠬᠡᠶ ᠱᠦᠵᠢ ᠵᠢᠨ 《ᠲᠤᠯᠤᠭ᠋ᠠᠨ ᠰᠠᠷ᠎ᠠ ᠵᠢᠨ ᠨᠢᠭᠡᠨ》᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮ ᠨᠢᠭᠡ ᠠᠯᠬᠤᠮ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠢ ᠵᠢᠨ ᠫᠢᠩ ᠶᠡᠷᠦᠩᠬᠡᠶ ᠱᠦᠵᠢ ᠵᠢᠨ 《ᠲᠦᠷᠦ ᠪᠣᠯ ᠳᠠᠷᠤᠶ ᠠᠷᠠᠳ ᠲᠦᠮᠡᠨ᠂ ᠠᠷᠠᠳ ᠲᠦᠮᠡᠨ ᠪᠣᠯ ᠳᠠᠷᠤᠶ ᠲᠦᠷᠦ ᠮᠥᠨ》 ᠭᠡᠰᠡᠨ ᠴᠢᠩ ᠰᠡᠳᠬᠢᠯ᠎ᠤᠨ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠦᠢ᠍ᠯᠡ ᠠᠵᠢᠯᠯᠠᠭ᠎ᠠ᠎ᠪᠠᠷ ᠵᠶ᠋ᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢ᠍ᠯᠡᠳᠦᠯᠭᠡᠵᠢᠭᠦᠯᠵᠦ᠂ 《ᠪᠢ ᠤᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠬᠦ》 ᠦᠢ᠍ᠯᠡᠳᠦᠯᠭᠡ ᠵᠢᠨ ᠠᠵᠢᠯᠯᠠᠭ᠎ᠠ ᠵᠢ ᠦᠨᠡᠨ ᠰᠡᠳᠬᠢᠯ᠎ᠠᠴᠠ᠎ᠪᠠᠨ ᠬᠦᠴᠦᠯᠡᠨ ᠥᠷᠨᠢᠭᠦᠯᠬᠦ ᠬᠡᠷᠡᠭᠲᠡᠶ᠃ 《ᠪᠢ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ》᠎ᠪᠠᠷ ᠠᠷᠠᠳ ᠲᠦᠮᠡᠨ᠎ᠢ ᠳᠡᠭᠡᠳᠦᠯᠡᠬᠦ ᠵᠢ ᠦᠢ᠍ᠯᠡᠳᠦᠯᠭᠡᠵᠢᠭᠦᠯᠬᠦ ᠮᠥᠩᠬᠡ ᠵᠢᠨ ᠭᠣᠣᠯ ᠰᠡᠳᠦᠪ ᠪᠣᠯᠭ᠋ᠠᠵᠤ᠂ ᠤᠯᠠᠨ ᠲᠦᠮᠡᠨ᠎ᠤ ᠬᠦᠴᠢᠷ ᠠᠰᠠᠭᠤᠳᠠᠯ᠎ᠢ ᠰᠢᠢ᠍ᠳᠪᠦᠷᠢᠯᠡᠬᠦ᠎ᠪᠠᠷ ᠠᠵᠢᠯᠯᠠᠭ᠎ᠠ ᠵᠢᠨ ᠬᠠᠷᠠᠯᠲᠠ᠎ᠪᠠᠨ ᠪᠣᠯᠭ᠋ᠠᠵᠤ᠂ ᠴᠥᠬᠥᠷᠡᠰᠢ ᠦᠭᠡᠢ ᠴᠢᠷᠮᠠᠶ᠋ᠢᠵᠤ᠂ ᠭᠦᠨᠵᠡᠭᠡᠢ ᠠᠬᠢᠭᠤᠯᠬᠤ ᠬᠡᠷᠡᠭᠲᠡᠢ᠃ ᠨᠢᠭᠡᠨᠲᠡ ᠬᠢᠭᠰᠡᠨ ᠪᠣᠳᠠᠲᠤ ᠶᠠᠪᠤᠳᠠᠯ᠎ᠨᠢ ᠵᠢᠱ᠌ᠢᠭᠰᠡᠨ ᠬᠠᠷᠠᠯᠲᠠ᠎ᠳᠠᠭᠠᠨ ᠬᠦᠷᠦᠭᠰᠡᠨ ᠡᠰᠡᠬᠦ ᠪᠠ ᠦᠷ᠎ᠡ ᠪᠦᠲᠦᠮᠵᠢ᠎ᠳᠤ 《ᠡᠷᠬᠢᠨ ᠬᠠᠷᠠᠬᠤ》 ᠠᠵᠢᠯᠯᠠᠭ᠎ᠠ ᠥᠷᠨᠢᠭᠦᠯᠵᠦ᠂ 《ᠪᠢ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠬᠦ》 ᠦᠷ᠎ᠡ ᠪᠦᠲᠦᠮᠵᠢ ᠵᠢ ᠦᠷᠭᠦᠯᠵᠢᠯᠡᠨ ᠪᠡᠬᠢᠵᠢᠭᠦᠯᠦᠨ ᠳᠡᠭᠡᠭᠰᠢᠯᠡᠭᠦᠯᠬᠦ ᠵᠢ ᠠᠬᠢᠭᠤᠯᠬᠤ ᠬᠡᠷᠡᠭᠲᠡᠶ᠃ ᠳᠠᠭᠤᠰᠬᠠᠭ᠋ᠠᠳᠤᠶ ᠪᠣᠳᠠᠲᠤ ᠶᠠᠪᠤᠳᠠᠯ᠎ᠢ ᠲᠥᠷᠥᠯ ᠵᠦᠢ᠍ᠯ᠎ᠤᠨ ᠨᠠᠷᠢᠨ ᠲᠠᠩᠰᠠ ᠶᠣᠰᠣᠭ᠋ᠠᠷ᠂ ᠬᠡᠮ ᠰᠣᠭᠣᠭ᠎ᠢ᠎ᠨᠢ ᠣᠨᠣᠪᠴᠢᠲᠠᠶ ᠡᠷᠢᠵᠦ᠂ ᠬᠠᠷᠢᠭᠤᠴᠠᠯᠭ᠎ᠠ ᠵᠢ᠎ᠨᠢ ᠪᠣᠳᠠᠲᠠᠶ᠋ᠢᠵᠢᠭᠤᠯᠵᠤ᠂ ᠴᠠᠭ ᠲᠤᠬᠠᠶ᠎ᠳᠤᠨᠢ ᠴᠢᠨᠠᠷ᠎ᠢ ᠪᠠᠲᠤᠯᠠᠨ ᠬᠢᠵᠦ ᠳᠠᠭᠤᠰᠬᠠᠬᠤ᠂ ᠪᠣᠳᠠᠲᠠᠶ᠋ᠢᠵᠢᠭᠤᠯᠬᠤ᠂ ᠰᠠᠶ᠋ᠢᠲᠤᠷ ᠬᠢᠬᠦ ᠵᠢ ᠪᠠᠲᠤᠯᠠᠬᠤ ᠬᠡᠷᠡᠭᠲᠡᠶ᠃ ᠲᠡᠷᠡ᠂ ᠪᠠᠶ᠋ᠢᠴᠠᠭ᠋ᠠᠨ ᠰᠤᠳᠤᠯᠤᠯᠲᠠ ᠬᠢᠬᠦ ᠵᠢ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠶ᠋ᠢᠳᠠᠯ ᠪᠠ ᠣᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠨᠢᠭᠡᠨᠲᠡ ᠨᠡᠶ᠋ᠢᠲᠡᠯᠡᠭᠰᠡᠨ ᠡᠮᠴᠢᠯᠡᠭᠡ ᠵᠢᠨ ᠪᠠᠳᠤᠯᠠᠭ᠎ᠠ ᠵᠢᠨ ᠲᠥᠷᠥ ᠵᠢᠨ ᠪᠣᠳᠣᠯᠭ᠎ᠠ ᠵᠢ ᠨᠠᠷᠢᠨ ᠬᠢᠨᠠᠮᠠᠭ᠋ᠠᠶ ᠡᠮᠬᠢᠯᠡᠨ ᠳᠢᠭᠯᠡᠬᠦ ᠪᠠ ᠬᠥᠳᠡᠯᠦᠩᠭᠦᠶ᠎ᠪᠠᠷ ᠲᠣᠬᠢᠷᠠᠭᠤᠯᠤᠯᠲᠠ ᠬᠢᠬᠦ ᠬᠡᠷᠡᠭᠲᠡᠶ᠃ ᠤᠬᠠᠭᠤᠯᠭ᠎ᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠳᠤᠮᠳᠠᠬᠢ ᠠᠵᠢᠯ᠎ᠤᠨ ᠬᠢᠯᠠᠰ ᠴᠢᠭ᠎ᠢ ᠲᠠᠰᠤᠷᠠᠯᠳᠠ ᠦᠭᠡᠢ ᠳ᠋ᠦᠩᠨᠡᠨ ᠳᠡᠯᠭᠡᠷᠡᠭᠦᠯᠵᠦ᠂ ᠦᠢ᠍ᠯᠡᠳᠦᠯᠭᠡ ᠵᠢᠨ ᠠᠵᠢᠯᠯᠠᠭ᠎ᠠ ᠵᠢᠨ ᠨᠥᠯᠥᠭᠡᠯᠡᠬᠦ ᠬᠦᠴᠦᠨ ᠪᠠ ᠨᠢᠭᠲᠠᠷᠠᠭᠤᠯᠬᠤ ᠬᠦᠴᠦᠨ᠎ᠢ ᠦᠨᠡᠨ ᠬᠦ᠌ ᠴᠢᠩᠭ᠋ᠠᠷᠠᠭᠤᠯᠤᠨ᠎ᠠ᠃ ᠵᠢᠯᠣᠭᠣᠳᠬᠤ ᠳᠤᠭᠤᠶ᠋ᠢᠯᠠᠩ᠎ᠯᠤᠭ᠎ᠠ ᠵᠢᠨ ᠤᠯᠤᠯᠴᠠᠭ᠎ᠠ ᠵᠣᠬᠢᠴᠠᠭᠤᠯᠭ᠎ᠠ᠎ᠪᠠᠨ ᠴᠢᠩᠭ᠋ᠠᠳᠬᠠᠵᠤ᠂ ᠦᠢ᠍ᠯᠡᠳᠦᠯᠭᠡ ᠵᠢᠨ ᠠᠵᠢᠯᠯᠠᠭ᠎ᠠ ᠵᠢᠨ ᠭᠦᠨᠵᠡᠭᠡᠶ᠋ᠢᠷᠡᠬᠦ᠂ ᠪᠣᠳᠠᠲᠠᠶ᠋ᠢᠵᠢᠬᠤ ᠵᠢ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃




      ᠲᠤᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠤᠪᠴᠢᠶ᠎ᠠ ᠵᠢᠨ ᠳᠡᠳ᠋ ᠳᠠᠷᠤᠭ᠎ᠠ ᠼᠠᠢ ᠬᠣᠩ ᠢᠦᠢ ᠵᠢᠯᠣᠭᠣᠳᠬᠤ ᠳᠤᠭᠤᠶ᠋ᠢᠯᠠᠩ᠎ᠲᠠᠢ ᠰᠠᠨᠠᠯ ᠰᠠᠨᠠᠭᠤᠯᠭ᠎ᠠ᠎ᠪᠠᠨ ᠰᠣᠯᠢᠯᠴᠠᠭᠰᠠᠨ ᠪᠥᠭᠡᠳ ᠣᠪᠣᠷ ᠵᠶ᠋ᠠᠨ ᠢᠯᠡᠳᠬᠡᠬᠦ ᠶᠠᠷᠢᠶ᠎ᠠ ᠲᠠᠯᠪᠢᠵᠠᠢ᠃ ᠲᠡᠷᠡ᠂ ᠮᠠᠨ᠎ᠤ ᠲᠤᠪᠴᠢᠶ᠎ᠠ ᠲᠤᠰ ᠤᠳᠠᠭ᠎ᠠ ᠵᠢᠨ ᠬᠢᠨᠠᠨ ᠵᠢᠯᠤᠭᠤᠳᠤᠯᠭ᠎ᠠ᠎ᠪᠠᠷ ᠠᠵᠠ ᠲᠣᠬᠢᠶᠠᠯ ᠪᠣᠯᠭ᠋ᠠᠵᠤ᠂ ᠤᠯᠠᠮ ᠴᠢᠨᠠᠭᠰᠢᠳᠠ ᠲᠠᠨᠢᠯᠲᠠ᠎ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ᠎ᠪᠠᠨ ᠪᠠᠲᠤᠳᠬᠠᠵᠤ᠂ ᠦᠷᠭᠦᠯᠵᠢᠯᠡᠨ ᠬᠦᠴᠦᠯᠡᠵᠦ᠂ 《ᠪᠢ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ》 ᠦᠢ᠍ᠯᠡᠳᠦᠯᠭᠡ ᠵᠢᠨ ᠠᠵᠢᠯᠯᠠᠭ᠎ᠠ ᠵᠢ ᠴᠢᠨᠠᠷ ᠰᠠᠶ᠋ᠢᠲᠠᠢ ᠥᠷᠨᠢᠭᠦᠯᠦᠨ᠎ᠡ ᠭᠡᠵᠦ ᠢᠯᠡᠳᠬᠡᠪᠡ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠷᠭᠤᠳᠤᠭ᠋ᠠᠷ ᠪᠦᠯᠦᠭ᠎ᠤᠨ ᠰᠢᠨ᠎ᠡ᠎ᠪᠠᠷ ᠨᠡᠮᠡᠭᠳᠡᠭᠰᠡᠨ ᠳᠥᠷᠪᠡᠳᠦᠭᠡᠷ ᠪᠦᠯᠦᠭ᠎ᠤᠨ ᠡᠮᠴᠢᠯᠡᠭᠡᠨ᠎ᠤ ᠦᠢ᠍ᠯᠡᠴᠢᠯᠡᠭᠡ ᠵᠢᠨ ᠲᠥᠷᠥᠯ ᠵᠦᠢ᠍ᠯ᠎ᠳᠤ ᠬᠥᠳᠡᠯᠦᠩᠭᠦᠶ᠎ᠪᠠᠷ ᠲᠣᠬᠢᠷᠠᠭᠤᠯᠤᠯᠲᠠ ᠬᠢᠬᠦ ᠲᠤᠰᠬᠠᠶ ᠮᠡᠷᠭᠡᠵᠢᠯᠲᠡᠨ᠎ᠤ ᠨᠤᠲᠠᠯᠠᠯᠲᠠ ᠵᠢᠨ ᠬᠤᠷᠠᠯ ᠪᠠ ᠬᠡᠰᠡᠭ ᠵᠣᠬᠢᠶᠠᠮᠠᠯ ᠦᠶ᠎ᠡ ᠭᠡᠰᠢᠭᠦᠤ ᠵᠢ ᠰᠣᠯᠢᠬᠤ ᠮᠡᠰᠡ ᠵᠠᠰᠠᠯ᠎ᠤᠨ ᠦᠨ᠎ᠡ ᠬᠠᠩᠰᠢ᠎ᠳᠤ ᠲᠤᠰᠬᠠᠶ ᠲᠣᠬᠢᠷᠠᠭᠤᠯᠤᠯᠲᠠ ᠬᠢᠬᠦ ᠪᠣᠯᠪᠠᠰᠤᠷᠠᠯ᠎ᠤᠨ ᠠᠩᠬᠢ ᠡᠷᠬᠢᠯᠡᠪᠡ
ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠢ ᠣᠷᠳᠣᠰ ᠬᠣᠲᠠ᠎ᠳᠤ ᠰᠦᠯᠵᠢᠶᠡᠨ᠎ᠳᠤ ᠣᠷᠣᠭᠤᠯᠤᠨ ᠠᠵᠢᠯᠯᠠᠭᠤᠯᠪᠠ
ᠤᠯᠤᠰ᠎ᠤᠨ ᠡᠮᠴᠢᠯᠡᠭᠡ ᠵᠢᠨ ᠪᠠᠳᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ ᠤᠯᠠᠭ᠋ᠠᠨᠬᠠᠳᠠ᠎ᠳᠤ ᠵᠢᠩᠬᠢᠨᠢ᠎ᠪᠠᠷ ᠠᠰᠢᠭᠯᠠᠯᠲᠠ᠎ᠳᠤ ᠣᠷᠣᠪᠠ!
ᠪᠥᠬᠥ ᠣᠷᠣᠨ᠎ᠤ ᠡᠮ᠎ᠤᠨ ᠵᠦᠢ᠍ᠯ᠎ᠤᠨ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯᠯᠠᠭ᠎ᠠ ᠵᠢ ᠵᠠᠳᠠᠯᠬᠤ ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠠᠴᠠ ᠳᠣᠪᠴᠢᠶᠠᠨ᠎ᠤ ᠰᠢᠰᠲ᠋ᠧᠮ᠎ᠤᠨ ᠠᠵᠢᠯ᠎ᠠᠴᠠ᠎ᠪᠠᠨ ᠠᠮᠠᠷᠠᠭᠰᠠᠨ ᠠᠬᠠᠮᠠᠳ ᠺᠠᠳ᠋ᠷᠴᠤᠳ᠎ᠤᠨ ᠴᠠᠭ᠋ᠠᠨ ᠰᠠᠷ᠎ᠠ᠎ᠪᠠᠨ ᠤᠭᠲᠤᠬᠤ ᠰᠠᠭᠤᠳᠠᠯ᠎ᠤᠨ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠪᠠ
 
            