2021 ᠣᠨ᠎ᠤ 10 ᠳ᠋ᠤᠭ᠋ᠠᠷ ᠰᠠᠷ᠎ᠠ ᠵᠢᠨ 11᠎ᠠᠴᠠ 15᠎ᠤ ᠡᠳᠦᠷ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠷᠭᠤᠳᠤᠭ᠋ᠠᠷ ᠪᠦᠯᠦᠭ᠎ᠤᠨ ᠰᠢᠨ᠎ᠡ᠎ᠪᠠᠷ ᠨᠡᠮᠡᠭᠳᠡᠭᠰᠡᠨ ᠪᠠ ᠳᠥᠷᠪᠡᠳᠦᠭᠡᠷ ᠪᠦᠯᠦᠭ᠎ᠤᠨ ᠬᠥᠳᠡᠯᠦᠩᠭᠦᠶ᠎ᠪᠠᠷ ᠳᠣᠭᠢᠷᠠᠭᠤᠯᠬᠤ ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠲᠤᠰᠬᠠᠶ ᠮᠡᠷᠭᠡᠵᠢᠯᠲᠡᠨ᠎ᠤ ᠨᠤᠲᠠᠯᠠᠯᠲᠠ ᠵᠢᠨ ᠬᠤᠷᠠᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠰᠡᠭ ᠵᠣᠬᠢᠶᠠᠮᠠᠯ ᠦᠶ᠎ᠡ ᠭᠡᠰᠢᠭᠦᠤ ᠵᠢ ᠰᠣᠯᠢᠬᠤ ᠮᠡᠰᠡ ᠵᠠᠰᠠᠯ᠎ᠤᠨ ᠦᠨ᠎ᠡ ᠬᠠᠩᠰᠢ ᠵᠢᠨ ᠲᠤᠰᠬᠠᠶ ᠲᠣᠬᠢᠷᠠᠭᠤᠯᠤᠯᠲᠠ ᠵᠢᠨ ᠪᠣᠯᠪᠠᠰᠤᠷᠠᠯ᠎ᠤᠨ ᠠᠩᠭᠢ ᠬᠥᠬᠡᠬᠣᠲᠠ᠎ᠳᠤ ᠤᠷᠢᠳ ᠬᠣᠵᠢᠳ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠪᠠᠳᠤᠯᠠᠭ᠎ᠠ ᠵᠢᠨ ᠲᠤᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠤᠪᠴᠢᠶ᠎ᠠ ᠵᠢᠨ ᠳᠡᠳ᠋ ᠳᠠᠷᠤᠭ᠎ᠠ ᠼᠠᠢ ᠬᠣᠩ ᠢᠦᠢ ᠬᠡᠰᠡᠭ ᠵᠣᠬᠢᠶᠠᠮᠠᠯ ᠦᠶ᠎ᠡ ᠭᠡᠰᠢᠭᠦᠦ ᠵᠢ ᠰᠣᠯᠢᠬᠤ ᠮᠡᠰᠡ ᠵᠠᠰᠠᠯ᠎ᠤᠨ ᠦᠨ᠎ᠡ ᠬᠠᠩᠰᠢ ᠵᠢ ᠲᠤᠰᠬᠠᠢ ᠳᠤᠬᠢᠷᠠᠭᠤᠯᠬᠤ ᠪᠣᠯᠪᠠᠰᠤᠷᠠᠯ᠎ᠤᠨ ᠠᠩᠬᠢ᠎ᠳᠤ ᠣᠷᠣᠯᠴᠠᠵᠤ ᠶᠠᠷᠢᠶ᠎ᠠ ᠲᠠᠯᠪᠢᠵᠠᠢ᠃

ᠲᠣᠰ ᠤᠳᠠᠭ᠋ᠠᠨ᠎ᠤ ᠲᠤᠰᠬᠠᠶ ᠰᠡᠳᠦᠪᠲᠦ ᠪᠣᠯᠪᠠᠰᠤᠷᠠᠭᠤᠯᠤᠯ᠎ᠢ 《ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠬᠠᠩᠰᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠷᠰᠢᠯᠲᠠ ᠵᠢᠨ ᠴᠢᠭ᠎ᠤᠨ ᠲᠥᠰᠦᠯ》᠎ᠤᠨ ᠭᠣᠤᠯᠳᠠᠯᠭ᠎ᠠ᠎ᠲᠠᠢ ᠤᠶᠠᠯᠳᠤᠭᠤᠯᠤᠨ ᠲᠠᠶ᠋ᠢᠯᠪᠤᠷᠢᠯᠠᠵᠤ᠂ ᠬᠣᠯᠪᠣᠭᠳᠠᠯ ᠪᠥᠬᠥᠶ ᠣᠷᠣᠨ ᠪᠦᠰᠡ ᠵᠢᠨ ᠲᠤᠰᠬᠠᠶ ᠮᠡᠷᠭᠡᠵᠢᠯᠲᠡᠨ᠎ᠢ ᠤᠷᠢᠵᠤ ᠡᠯ᠎ᠡ ᠠᠶ᠋ᠢᠮᠠᠭ ᠬᠣᠲᠠ ᠵᠢᠨ ᠦᠨ᠎ᠡ ᠲᠣᠬᠢᠷᠠᠭᠤᠯᠬᠤ ᠲᠥᠰᠦᠯ᠂ ᠣᠷᠣᠨ ᠵᠠᠶ ᠵᠢᠨ ᠲᠥᠰᠦᠭᠡᠯᠡᠨ ᠪᠤᠳᠤᠯᠲᠠ᠂ ᠥᠪᠡᠷ᠎ᠤᠨ ᠥᠷᠲᠡᠭ᠎ᠤᠨ ᠲᠣᠭ᠋ᠠᠴᠠᠭ᠎ᠠ ᠪᠠ ᠲᠥᠷᠥᠯ ᠵᠦᠢ᠍ᠯ᠎ᠢ ᠰᠢᠯᠢᠨ ᠰᠣᠩᠭᠣᠬᠤ ᠵᠡᠷᠭᠡ ᠠᠵᠢᠯ᠎ᠳᠤ ᠵᠢᠯᠣᠭᠣᠳᠣᠯᠭ᠎ᠠ ᠬᠢᠭᠰᠡᠨ ᠪᠠᠶ᠋ᠢᠨ᠎ᠠ᠃

ᠡᠯ᠎ᠡ ᠠᠶ᠋ᠢᠮᠠᠭ ᠬᠣᠲᠠ ᠵᠢᠨ ᠪᠣᠯᠪᠠᠰᠤᠷᠠᠭᠤᠯᠤᠯ᠂ ᠰᠣᠯᠢᠯᠴᠠᠭ᠋ᠠᠨ᠎ᠤ ᠳᠤᠮᠳᠠ ᠲᠤᠰᠬᠠᠭᠰᠠᠨ ᠠᠰᠠᠭᠤᠳᠠᠯ᠎ᠳᠤ ᠴᠢᠭᠯᠡᠭᠦᠯᠦᠨ᠂ ᠲᠤᠪᠴᠢᠶ᠎ᠠ ᠵᠢᠨ ᠳᠡᠳ᠋ ᠳᠠᠷᠤᠭ᠎ᠠ ᠼᠠᠢ ᠬᠣᠩ ᠢᠦᠶ ᠵᠢᠭ᠋ᠠᠵᠤ ᠭᠠᠷᠭ᠋ᠠᠭᠰᠠᠨ᠎ᠨᠢ᠂ ᠡᠮ ᠡᠮᠨᠡᠯᠭᠡ ᠵᠢᠨ ᠦᠨ᠎ᠡ ᠬᠠᠩᠰᠢ ᠵᠢᠨ ᠬᠠᠮᠢᠶᠠᠷᠤᠯᠲᠠ ᠵᠢᠨ ᠠᠵᠢᠯ ᠪᠣᠯ ᠡᠮᠴᠢᠯᠡᠭᠡ ᠵᠢᠨ ᠪᠠᠲᠤᠯᠠᠭ᠎ᠠ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠴᠢᠬᠤᠯᠠ ᠡᠭᠦᠷᠭᠡ ᠵᠢᠨ ᠨᠢᠭᠡ ᠮᠥᠨ᠂ ᠡᠯ᠎ᠡ ᠱᠠᠲᠤᠨ᠎ᠤ ᠡᠮᠴᠢᠯᠡᠭᠡ ᠵᠢᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ ᠡᠮ ᠡᠮᠨᠡᠯᠭᠡ ᠵᠢᠨ ᠦᠨ᠎ᠡ ᠬᠠᠩᠰᠢ ᠬᠢᠭᠡᠳ ᠳᠠᠭ᠋ᠠᠭ᠋ᠠᠴᠢᠯᠠᠯᠲᠠ ᠵᠠᠷᠯᠠᠵᠤ ᠬᠤᠳᠠᠯᠳᠤᠨ ᠠᠪᠬᠤ ᠠᠵᠢᠯ᠎ᠤᠨ ᠴᠢᠬᠤᠯᠠ ᠴᠢᠨᠠᠷ᠎ᠤᠨ ᠲᠤᠬᠠᠶ ᠲᠠᠨᠢᠯᠲᠠ᠎ᠪᠠᠨ ᠴᠢᠩᠭ᠋ᠠᠳᠬᠠᠵᠤ᠂ ᠨᠢᠭᠡ᠎ᠳᠤ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠪᠠᠨ ᠲᠣᠳᠣᠷᠬᠠᠶ᠋ᠢᠯᠠᠵᠤ᠂ ᠡᠮ ᠡᠮᠨᠡᠯᠭᠡ ᠵᠢᠨ ᠦᠨ᠎ᠡ ᠬᠠᠩᠰᠢ ᠵᠢᠨ ᠬᠠᠮᠢᠶᠠᠷᠤᠯᠲᠠ ᠵᠢᠨ ᠰᠠᠭᠤᠷᠢ ᠵᠢ ᠪᠡᠬᠢᠵᠢᠭᠦᠯᠬᠦ ᠬᠡᠷᠡᠭᠲᠡᠶ; ᠬᠣᠶᠠᠷ᠎ᠲᠤ᠂ ᠡᠭᠦᠷᠭᠡ ᠵᠢᠨ ᠱᠠᠭ᠋ᠠᠷᠳᠠᠯᠭ᠎ᠠ ᠵᠢ ᠡᠵᠡᠮᠳᠡᠵᠦ᠂ ᠡᠯ᠎ᠡ ᠵᠦᠢ᠍ᠯ᠎ᠤᠨ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ; ᠭᠤᠷᠪᠠ᠎ᠳᠤ᠂ ᠠᠵᠢᠯ᠎ᠤᠨ ᠭᠣᠣᠯᠳᠠᠯᠭ᠎ᠠ᠎ᠪᠠᠨ ᠲᠤᠪᠤᠢ᠍ᠢ᠍ᠯᠭ᠋ᠠᠵᠦ᠂ ᠡᠮ ᠡᠮᠨᠡᠯᠭᠡ ᠵᠢᠨ ᠦᠨ᠎ᠡ ᠬᠠᠩᠰᠢ ᠵᠢᠨ ᠬᠠᠮᠢᠶᠠᠷᠤᠯᠲᠠ ᠵᠢᠨ ᠦᠷ᠎ᠡ ᠪᠦᠲᠦᠮᠵᠢ ᠵᠢᠨ ᠰᠢᠨ᠎ᠡ ᠵᠢ ᠡᠭᠦᠳᠴᠦ᠂ ᠬᠦᠴᠢᠷ᠎ᠢ ᠲᠤᠭᠤᠯᠤᠨ ᠬᠦᠴᠢᠷ᠎ᠢ ᠳᠠᠪᠠᠵᠤ᠂ ᠡᠷᠡᠰ ᠰᠢᠭᠤᠷᠬᠠᠢ᠎ᠪᠠᠷ ᠤᠷᠤᠭᠰᠢᠯᠠᠨ ᠲᠠᠪᠰᠢᠵᠦ᠂ ᠡᠮ ᠡᠮᠨᠡᠯᠭᠡ ᠵᠢᠨ ᠦᠨ᠎ᠡ ᠬᠠᠩᠰᠢ ᠵᠢᠨ ᠬᠠᠮᠢᠶᠠᠷᠤᠯᠲᠠ ᠵᠢᠨ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠪᠡ᠃

ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠦᠨ᠎ᠡ ᠬᠠᠩᠰᠢ ᠬᠤᠳᠠᠯᠳᠤᠨ ᠠᠪᠬᠤ ᠭᠠᠵᠠᠷ᠂ ᠡᠮ ᠡᠮᠨᠡᠯᠭᠡ ᠵᠢᠨ ᠬᠤᠳᠠᠯᠳᠤᠨ ᠠᠪᠬᠤ ᠲᠥᠪ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠡᠳ᠋᠎ᠤᠨ ᠶᠠᠪᠤᠳᠠᠯ᠎ᠤᠨ ᠭᠠᠵᠠᠷ᠎ᠤᠨ ᠬᠠᠮᠢᠶ᠎ᠠ ᠪᠥᠬᠥᠶ ᠠᠵᠢᠯ᠎ᠤᠨ ᠬᠠᠷᠢᠭᠤᠴᠠᠯᠭ᠋ᠠᠲᠠᠨ᠂ ᠡᠯ᠎ᠡ ᠠᠶ᠋ᠢᠮᠠᠭ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠬᠤᠪᠢᠳᠠᠨ ᠬᠠᠮᠢᠶᠠᠷᠬᠤ ᠲᠣᠪᠴᠢᠶᠠᠨ ᠳᠠᠷᠤᠭ᠎ᠠ ᠵᠢᠴᠢ ᠦᠨ᠎ᠡ ᠬᠠᠩᠰᠢ ᠬᠤᠳᠠᠯᠳᠤᠨ ᠠᠪᠬᠤ ᠠᠵᠢᠯ᠎ᠤᠨ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃