ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠢ ᠣᠷᠳᠣᠰ ᠬᠣᠲᠠ᠎ᠳᠤ ᠰᠦᠯᠵᠢᠶᠡᠨ᠎ᠳᠤ ᠣᠷᠣᠭᠤᠯᠤᠨ ᠠᠵᠢᠯᠯᠠᠭᠤᠯᠪᠠ
ᠨᠡᠶ᠋ᠢᠲᠡᠯᠡᠭᠰᠡᠨ ᠴᠠᠭ᠄ 2021-09-23

      2021 ᠣᠨ᠎ᠤ 9 ᠳ᠋ᠤᠭᠡᠷ ᠰᠠᠷ᠎ᠠ ᠵᠢᠨ 19᠎ᠤ ᠦᠳᠡ ᠵᠢᠨ ᠡᠮᠦᠨᠡᠬᠢ 9 ᠴᠠᠭ᠎ᠲᠤ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ   ᠮᠡᠳᠡᠭᠡ ᠵᠠᠩᠭᠢ ᠵᠢᠨ ᠲᠠᠪᠴᠠᠩ᠎ᠢ ᠤᠷᠳᠤᠰ ᠬᠤᠳᠠ᠎ᠳᠤ ᠰᠦᠯᠵᠢᠶᠡᠨ᠎ᠳᠤ ᠣᠷᠣᠭᠤᠯᠬᠤ ᠡᠬᠢᠯᠡᠯᠲᠡ ᠵᠢᠨ ᠶᠣᠰᠣᠯᠠᠯ ᠤᠷᠳᠤᠰ ᠬᠤᠳᠠ ᠵᠢᠨ ᠲᠥᠪ ᠡᠮᠨᠡᠯᠭᠡ ᠵᠢᠨ ᠬᠤᠷᠢᠶ᠎ᠠ (ᠬᠢᠶ᠎ᠠ ᠪᠠᠭᠰᠢ)᠎ᠳᠤ ᠦᠪᠡᠳᠡᠭᠰᠢ ᠶᠡᠬᠡᠪᠡᠷ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠤᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠢᠨ ᠮᠠᠨ ᠢ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠤᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠤᠪᠴᠢᠶ᠎ᠠ ᠵᠢᠨ ᠳᠡᠳ᠋ ᠳᠠᠷᠤᠭ᠎ᠠ ᠬᠤᠤ   ᠮᠸᠩ᠂ ᠤᠷᠳᠤᠰ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠸᠠᠩ ᠰᠢᠨ ᠢᠦᠢ᠂ ᠤᠷᠳᠤᠰ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ ᠴᠧᠨ ᠰᠢ ᠷᠦᠩ ᠡᠬᠢᠯᠡᠯᠲᠡ ᠵᠢᠨ ᠶᠣᠰᠣᠯᠠᠯ᠎ᠳᠤ ᠣᠷᠣᠯᠴᠠᠪᠠ᠃ ᠣᠷᠳᠣᠰ ᠬᠣᠲᠠ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠂ ᠲᠥᠪ ᠡᠮᠨᠡᠯᠭᠡ ᠵᠢᠨ ᠬᠣᠷᠢᠶ᠎ᠠ ᠵᠡᠷᠭᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠂ ᠬᠡᠰᠡᠭ ᠬᠣᠶᠠᠳᠤᠭ᠋ᠠᠷ ᠳᠡᠰ᠎ᠠᠴᠠ ᠳᠡᠭᠡᠭᠰᠢᠬᠢ ᠡᠮᠴᠢᠯᠡᠭᠡᠨ᠎ᠤ ᠪᠠᠶ᠋ᠢᠭᠤᠯᠤᠮᠵᠢ ᠵᠢᠨ ᠬᠠᠷᠢᠭᠤᠴᠠᠯᠭ᠋ᠠᠲᠠᠨ᠂ ᠬᠤᠷᠰᠢᠭᠰᠠᠨ ᠠᠵᠤ ᠠᠬᠤᠶ᠋ᠢᠯᠠᠯ᠂ ᠣᠷᠳᠣᠰ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠪᠠᠶ᠋ᠢᠭᠤᠯᠭ᠎ᠠ ᠵᠢᠴᠢ ᠭᠠᠵᠠᠷ ᠠᠵᠢᠯ ᠦᠢ᠍ᠯᠡᠰ ᠵᠢᠨ ᠨᠢᠭᠡᠴᠢ ᠵᠢᠨ ᠪᠥᠬᠥ ᠺᠠᠳ᠋ᠷ ᠠᠵᠢᠯᠲᠠᠨ ᠠᠵᠢᠯᠴᠢᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠪᠠ᠃



      ᠤᠷᠳᠤᠰ ᠬᠤᠳᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠤᠪᠴᠢᠶ᠎ᠠ ᠵᠢᠨ ᠳᠠᠷᠤᠭ᠎ᠠ ᠵᠠᠩ ᠸᠸᠨ ᠵᠢᠶᠦ᠋ᠨ ᠡᠬᠢᠯᠡᠯᠲᠡ ᠵᠢᠨ ᠶᠣᠰᠣᠯᠠᠯ᠎ᠢ ᠡᠷᠬᠢᠯᠡᠵᠦ᠂ ᠤᠷᠳᠤᠰ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠸᠠᠩ ᠰᠢᠨ ᠢᠦᠢ ᠪᠠᠶᠠᠷ᠎ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠤᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠢᠨ ᠮᠠᠨ ᠢ ᠶᠠᠷᠢᠶ᠎ᠠ ᠲᠠᠯᠪᠢᠭᠰᠠᠨ ᠪᠥᠭᠡᠳ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ ᠤᠷᠳᠤᠰ ᠬᠤᠳᠠ᠎ᠳᠤ ᠵᠢᠩᠬᠢᠨᠢ᠎ᠪᠠᠷ ᠠᠰᠢᠭᠯᠠᠯᠲᠠ᠎ᠳᠤ ᠤᠷᠤᠭᠰᠠᠨ᠎ᠢ ᠨᠡᠶ᠋ᠢᠲᠡᠯᠡᠪᠡ᠃



      ᠸᠠᠩ ᠰᠢᠨ ᠢᠦᠶ ᠪᠠᠶᠠᠷ᠎ᠤᠨ ᠦᠭᠡ᠎ᠳᠡᠭᠡᠨ ᠬᠡᠯᠡᠭᠰᠡᠨ᠎ᠨᠢ᠂ ᠣᠷᠳᠣᠰ ᠬᠣᠲᠠ ᠶᠡᠷᠦ᠎ᠠᠴᠠ ᠡᠮᠴᠢᠯᠡᠭᠡ ᠵᠢᠨ ᠪᠠᠲᠤᠯᠠᠭ᠎ᠠ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ ᠪᠠ ᠡᠮ ᠡᠮᠨᠡᠯᠭᠡ ᠵᠢᠨ ᠠᠪᠤᠷᠠᠨ ᠲᠤᠰᠠᠯᠠᠯᠲᠠ ᠵᠢᠨ ᠭᠤᠷᠪᠠᠨ ᠳᠠᠪᠬᠤᠷ ᠪᠠᠲᠤᠯᠠᠭ᠎ᠠ ᠵᠢᠨ ᠲᠦᠷᠢᠮ᠎ᠤᠨ ᠰᠢᠰᠲ᠋ᠧᠮ᠎ᠢ ᠠᠯᠬᠤᠮ ᠠᠯᠬᠤᠮ ᠵᠶ᠋ᠠᠷ ᠪᠦᠷᠢᠨᠰᠢᠬᠦᠯᠦᠨ ᠲᠡᠭᠦᠯᠳᠡᠷᠵᠢᠭᠦᠯᠵᠦ᠂ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢ ᠡᠷᠡᠭᠦᠯ ᠵᠶ᠋ᠠᠷ ᠦᠷᠭᠦᠯᠵᠢᠯᠡᠨ ᠠᠵᠢᠯᠯᠠᠭᠤᠯᠵᠤ᠂ ᠡᠮ᠎ᠤᠨ ᠬᠣᠷᠣᠭᠳᠠᠯ ᠮᠠᠲ᠋ᠧᠷᠢᠶᠠᠯ᠎ᠤᠨ ᠦᠨ᠎ᠡ ᠶᠡᠬᠡ᠎ᠪᠠᠷ ᠪᠠᠭᠤᠷᠠᠵᠤ᠂ ᠡᠮ ᠡᠮᠨᠡᠯᠭᠡ ᠵᠢᠨ ᠳᠠᠭ᠋ᠠᠳᠬᠠᠯ᠎ᠤᠨ ᠭᠠᠷᠳᠠᠨ ᠬᠢᠬᠦ ᠦᠢ᠍ᠯᠡᠴᠢᠯᠡᠭᠡ ᠵᠢ ᠨᠠᠷᠢᠯᠢᠬ᠍ᠵᠢᠭᠤᠯᠤᠨ ᠬᠠᠮᠢᠶᠠᠷᠬᠤ ᠬᠢᠷᠢ ᠲᠦᠪᠰᠢᠨ᠎ᠢ ᠲᠣᠭᠲᠠᠭᠤᠨ ᠵᠶ᠋ᠠᠷ ᠳᠡᠭᠡᠭᠰᠢᠯᠡᠭᠦᠯᠵᠦ᠂ ᠤᠯᠠᠨ ᠲᠦᠮᠡᠨ᠎ᠤ ᠡᠪᠡᠳᠴᠢᠨ ᠦᠵᠡᠭᠦᠯᠬᠦ᠎ᠳᠤ ᠬᠦᠴᠢᠷ ᠡᠪᠡᠳᠴᠢᠨ ᠦᠵᠡᠭᠦᠯᠬᠦ᠎ᠳᠤ ᠦᠨᠡᠲᠡᠶ ᠪᠠᠶ᠋ᠢᠬᠤ ᠠᠰᠠᠭᠤᠳᠠᠯ᠎ᠢ ᠰᠢᠢ᠍ᠳᠪᠦᠷᠢᠯᠡᠬᠦ᠎ᠳᠤ ᠠᠰᠢᠭᠲᠠᠶ ᠰᠦᠪᠡᠭᠴᠢᠯᠡᠯᠳᠡ ᠪᠠ ᠢᠳᠡᠪᠬᠢᠲᠡᠶ ᠬᠤᠪᠢ ᠨᠡᠮᠡᠷᠢ ᠦᠵᠡᠭᠦᠯᠪᠡ᠃ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠢ ᠰᠦᠯᠵᠢᠶᠡᠨ᠎ᠳᠤ ᠣᠷᠣᠭᠤᠯᠤᠭᠰᠠᠨ᠎ᠨᠢ ᠣᠷᠳᠣᠰ ᠬᠣᠲᠠ ᠵᠢᠨ 《ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ》 ᠵᠢᠩᠬᠢᠨᠢ᠎ᠪᠠᠷ ᠠᠵᠢᠯᠯᠠᠭᠰᠠᠨ᠎ᠢ ᠬᠠᠷᠠᠭᠤᠯᠵᠤ ᠪᠠᠶ᠋ᠢᠨ᠎ᠠ᠃ ᠤᠷᠳᠤᠰ ᠬᠤᠳᠠ ᠵᠢᠨ᠎ᠬᠢᠨ ᠲᠤᠰ ᠤᠳᠠᠭ᠎ᠠ ᠵᠢᠨ ᠠᠵᠢᠯᠯᠠᠭ᠎ᠠ᠎ᠪᠠᠷ ᠠᠵᠠ ᠲᠣᠬᠢᠶᠠᠯ ᠪᠣᠯᠭ᠋ᠠᠵᠤ᠂ ᠡᠮ ᠡᠮᠨᠡᠯᠭᠡ᠂ ᠡᠮ ᠡᠮᠨᠡᠯᠭᠡ ᠵᠢᠨ ᠳᠠᠭ᠋ᠠᠳᠬᠠᠯ᠂ ᠡᠮ ᠡᠮᠨᠡᠯᠭᠡ ᠵᠢᠨ ᠬᠠᠮᠲᠤᠷᠠᠯᠴᠠᠭᠰᠠᠨ ᠥᠭᠡᠷᠡᠴᠢᠯᠡᠯᠲᠡ ᠵᠢ ᠭᠦᠨᠵᠡᠭᠡᠢ ᠠᠬᠢᠭᠤᠯᠵᠤ᠂ ᠤᠷᠳᠤᠰ᠎ᠤᠨ ᠠᠵᠤ ᠠᠬᠤᠢ ᠨᠡᠶ᠋ᠢᠭᠡᠮ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠬᠦᠴᠦᠨ ᠨᠡᠮᠡᠷᠢᠯᠡᠨ᠎ᠡ! ᠭᠡᠵᠡᠢ᠃



      ᠵᠢᠨ ᠮᠠᠨ ᠢ ᠵᠢᠭ᠋ᠠᠵᠤ ᠭᠠᠷᠭ᠋ᠠᠭᠰᠠᠨ᠎ᠨᠢ᠂ ᠪᠥᠬᠥ ᠤᠯᠤᠰ᠎ᠤᠨ ᠨᠢᠭᠡᠳᠦᠯᠲᠡᠶ ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠢ ᠪᠠᠶ᠋ᠢᠭᠤᠯᠬᠤ ᠪᠣᠯ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠪᠢᠳᠡᠨ᠎ᠳᠤ ᠲᠤᠰᠢᠶᠠᠭᠰᠠᠨ ᠤᠯᠤᠰ ᠲᠥᠷᠥ ᠵᠢᠨ ᠡᠭᠦᠷᠭᠡ ᠮᠥᠨ᠂ ᠮᠠᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠢᠰᠲ᠋ᠧᠮ᠎ᠤᠨ ᠡᠭᠦᠷᠭᠡ ᠪᠠ ᠡᠭᠦᠷᠭᠡᠯᠡᠯ ᠮᠥᠨ᠃ ᠣᠷᠳᠣᠰ ᠬᠣᠲᠠ ᠵᠢᠨ᠎ᠬᠢᠨ ᠤᠯᠤᠰ᠎ᠤᠨ ᠨᠢᠭᠡᠳᠦᠯᠲᠡᠶ ᠪᠥᠲᠥᠭᠡᠨ ᠪᠠᠶ᠋ᠢᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ᠂ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠬᠥᠮᠦᠨ ᠴᠥᠭᠡᠨ᠂ ᠴᠠᠭ ᠪᠠᠴᠢᠮ᠂ ᠡᠭᠦᠷᠭᠡ ᠬᠦᠨᠳᠦ ᠵᠡᠷᠭᠡ ᠬᠦᠴᠢᠷᠳᠡᠯ᠎ᠢ ᠢᠯᠠᠨ ᠳᠠᠪᠠᠵᠤ᠂ ᠲᠠᠪᠴᠠᠩ᠎ᠢ ᠰᠦᠯᠵᠢᠶᠡᠨ᠎ᠳᠤ ᠣᠷᠣᠭᠤᠯᠬᠤ ᠡᠯ᠎ᠡ ᠵᠦᠢ᠍ᠯ᠎ᠤᠨ ᠪᠡᠯᠡᠳᠬᠡᠯ ᠠᠵᠢᠯ᠎ᠢ ᠴᠠᠭ ᠲᠤᠬᠠᠶ᠎ᠳᠤᠨᠢ ᠪᠡᠶᠡᠯᠡᠭᠦᠯᠵᠦ᠂ ᠣᠷᠳᠣᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠠᠵᠢᠯᠲᠠᠨ᠎ᠤ ᠬᠠᠷᠢᠭᠤᠴᠠᠯᠭ᠎ᠠ ᠪᠠ ᠡᠭᠦᠷᠭᠡᠯᠡᠯ᠎ᠢ ᠭᠦᠢ᠍ᠴᠡᠳ ᠢᠯᠡᠷᠡᠭᠦᠯᠦᠭᠰᠡᠨ ᠪᠥᠭᠡᠳ ᠪᠥᠬᠥ ᠣᠷᠣᠨ᠎ᠤ ᠨᠢᠭᠡᠳᠦᠯᠲᠡᠶ ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠢ ᠡᠷᠲᠡᠬᠡᠨ ᠪᠠᠶ᠋ᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠭᠰᠡᠨ ᠪᠠᠶ᠋ᠢᠨ᠎ᠠ ᠭᠡᠪᠡ᠃




      ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ ᠪᠣᠯ ᠪᠥᠬᠥ ᠤᠯᠤᠰ᠎ᠤᠨ ᠭᠤᠯᠳᠤ᠎ᠪᠠᠷ ᠨᠢᠭᠡᠳᠦᠯᠲᠡᠶ᠂ ᠬᠥᠨᠳᠡᠯᠡᠨ ᠵᠶ᠋ᠠᠷ ᠬᠣᠯᠪᠣᠯᠳᠤᠨ ᠨᠡᠪᠲᠡᠷᠡᠯᠴᠡᠭᠰᠡᠨ ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ ᠮᠥᠨ᠂ ᠡᠮᠴᠢᠯᠡᠭᠡᠨ᠎ᠤ ᠳᠠᠭ᠋ᠠᠳᠬᠠᠯ᠎ᠤᠨ ᠲᠠᠲᠠᠪᠤᠷᠢᠯᠠᠬᠤ᠂ ᠬᠠᠷᠠᠭ᠋ᠠᠯᠵᠠᠯ ᠣᠯᠭᠣᠬᠤ᠂ ᠤᠶᠤᠯᠢᠭ ᠬᠠᠮᠢᠶᠠᠷᠤᠯᠲᠠ᠂ ᠬᠠᠷᠠᠭ᠋ᠠᠯᠵᠠᠯ ᠭᠥᠷᠳᠡᠬᠦ᠂ ᠭᠠᠷᠲᠠᠨ ᠭᠦᠢ᠍ᠴᠡᠳᠭᠡᠬᠦ ᠬᠠᠮᠢᠶᠠᠷᠤᠯᠲᠠ᠂ ᠰᠠᠭᠤᠷᠢ ᠮᠥᠩᠭᠥᠨ᠎ᠤ ᠡᠳ᠋᠎ᠤᠨ ᠶᠠᠪᠤᠳᠠᠯ᠎ᠤᠨ ᠬᠠᠮᠢᠶᠠᠷᠤᠯᠲᠠ᠂ ᠣᠯᠠᠨ ᠨᠡᠶ᠋ᠢᠲᠡ ᠵᠢᠨ ᠦᠢ᠍ᠯᠡᠴᠢᠯᠡᠭᠡ ᠵᠡᠷᠭᠡ ᠲᠤᠬᠠᠶ᠋ᠢᠯᠠᠭᠰᠠᠨ ᠠᠵᠢᠯ᠎ᠢ ᠨᠢᠭᠡᠳᠦᠯᠲᠡᠶ ᠲᠥᠯᠥᠪᠯᠡᠨ ᠬᠠᠮᠢᠶᠠᠷᠬᠤ ᠵᠢ ᠨᠢᠭᠡ ᠴᠤᠭᠴᠠᠵᠢᠭᠤᠯᠤᠭᠰᠠᠨ ᠡᠮᠴᠢᠯᠡᠭᠡᠨ᠎ᠤ ᠳᠠᠭ᠋ᠠᠳᠬᠠᠯ᠎ᠤᠨ ᠤᠶᠤᠯᠢᠭ ᠲᠣᠮᠣ ᠳ᠋ᠠᠶ᠋ᠢᠲ᠋ᠠ ᠵᠢᠨ ᠲᠠᠪᠴᠠᠩ ᠮᠥᠨ᠃ ᠲᠠᠪᠴᠠᠩ᠎ᠢ ᠰᠦᠯᠵᠢᠶᠡᠨ᠎ᠳᠤ ᠣᠷᠣᠭᠤᠯᠤᠭᠰᠠᠨ᠎ᠤ ᠳᠠᠷᠠᠭ᠎ᠠ᠂ ᠣᠷᠳᠣᠰ ᠬᠣᠲᠠ ᠵᠢᠨ ᠪᠣᠶ ᠪᠥᠬᠥᠶ ᠴᠢᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢ ᠬᠠᠮᠤᠷᠴᠤ᠂ ᠳᠠᠭ᠋ᠠᠳᠬᠠᠯ᠎ᠳᠤ ᠣᠷᠣᠯᠴᠠᠭᠰᠠᠨ ᠥᠷᠭᠡᠨ ᠣᠯᠠᠨ ᠲᠦᠮᠡᠨ᠎ᠳᠤ ᠨᠠᠩ ᠣᠶᠤᠨᠴᠢ᠂ ᠳᠥᠭᠥᠮ ᠳᠥᠲᠡ᠂ ᠥᠨᠳᠥᠷ ᠪᠦᠲᠦᠮᠵᠢᠲᠡᠶ ᠡᠮ ᠡᠮᠨᠡᠯᠭᠡ ᠵᠢᠨ ᠪᠠᠲᠤᠯᠠᠭ᠎ᠠ ᠵᠢᠨ ᠦᠢ᠍ᠯᠡᠴᠢᠯᠡᠭᠡ ᠬᠠᠩᠭ᠋ᠠᠬᠤ ᠪᠤᠯᠤᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠤᠯᠤᠰ᠎ᠤᠨ ᠡᠮᠴᠢᠯᠡᠭᠡ ᠵᠢᠨ ᠪᠠᠳᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ ᠤᠯᠠᠭ᠋ᠠᠨᠬᠠᠳᠠ᠎ᠳᠤ ᠵᠢᠩᠬᠢᠨᠢ᠎ᠪᠠᠷ ᠠᠰᠢᠭᠯᠠᠯᠲᠠ᠎ᠳᠤ ᠣᠷᠣᠪᠠ!
ᠪᠥᠬᠥ ᠣᠷᠣᠨ᠎ᠤ ᠡᠮ᠎ᠤᠨ ᠵᠦᠢ᠍ᠯ᠎ᠤᠨ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯᠯᠠᠭ᠎ᠠ ᠵᠢ ᠵᠠᠳᠠᠯᠬᠤ ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠠᠴᠠ ᠳᠣᠪᠴᠢᠶᠠᠨ᠎ᠤ ᠰᠢᠰᠲ᠋ᠧᠮ᠎ᠤᠨ ᠠᠵᠢᠯ᠎ᠠᠴᠠ᠎ᠪᠠᠨ ᠠᠮᠠᠷᠠᠭᠰᠠᠨ ᠠᠬᠠᠮᠠᠳ ᠺᠠᠳ᠋ᠷᠴᠤᠳ᠎ᠤᠨ ᠴᠠᠭ᠋ᠠᠨ ᠰᠠᠷ᠎ᠠ᠎ᠪᠠᠨ ᠤᠭᠲᠤᠬᠤ ᠰᠠᠭᠤᠳᠠᠯ᠎ᠤᠨ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ 2023 ᠣᠨ᠎ᠤ ᠪᠥᠬᠥ ᠣᠷᠣᠨ᠎ᠤ ᠪᠥᠬᠥ ᠠᠷᠠᠳ᠎ᠤᠨ ᠳᠠᠭ᠋ᠠᠳᠬᠠᠯ᠎ᠳᠤ ᠣᠷᠣᠯᠴᠠᠬᠤ ᠲᠥᠯᠥᠪᠯᠡᠭᠡ ᠵᠢ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ ᠶᠠᠪᠤᠭᠤᠯᠪᠠ
 
            