ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠤᠯᠤᠰ᠎ᠤᠨ ᠡᠮᠴᠢᠯᠡᠭᠡ ᠵᠢᠨ ᠪᠠᠳᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ ᠤᠯᠠᠭ᠋ᠠᠨᠬᠠᠳᠠ᠎ᠳᠤ ᠵᠢᠩᠬᠢᠨᠢ᠎ᠪᠠᠷ ᠠᠰᠢᠭᠯᠠᠯᠲᠠ᠎ᠳᠤ ᠣᠷᠣᠪᠠ!
ᠨᠡᠶ᠋ᠢᠲᠡᠯᠡᠭᠰᠡᠨ ᠴᠠᠭ᠄ 2021-11-04

      2021 ᠣᠨ᠎ᠤ 11 ᠳ᠋ᠤᠭᠡᠷ ᠰᠠᠷ᠎ᠠ ᠵᠢᠨ 3᠎ᠤ ᠡᠳᠦᠷ᠎ᠤᠨ ᠦᠳᠡ ᠵᠢᠨ ᠡᠮᠦᠨ᠎ᠡ᠂ ᠤᠯᠠᠭ᠋ᠠᠨᠬᠠᠳᠠ ᠬᠣᠲᠠ ᠵᠢᠨ ᠡᠮᠴᠢᠯᠡᠭᠡ ᠵᠢᠨ ᠪᠠᠳᠤᠯᠠᠭ᠎ᠠ ᠵᠢᠨ ᠲᠣᠪᠴᠢᠶ᠎ᠠ ᠤᠯᠤᠰ᠎ᠤᠨ ᠡᠮᠴᠢᠯᠡᠭᠡ ᠵᠢᠨ ᠪᠠᠳᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠢ ᠤᠯᠠᠭ᠋ᠠᠨᠬᠠᠳᠠ ᠬᠣᠲᠠ᠎ᠳᠤ ᠰᠦᠯᠵᠢᠶᠡᠨ᠎ᠳᠤ ᠣᠷᠣᠭᠤᠯᠤᠨ ᠠᠵᠢᠯᠯᠠᠭᠤᠯᠬᠤ ᠡᠬᠢᠯᠡᠯᠲᠡ ᠵᠢᠨ ᠶᠣᠰᠣᠯᠠᠯ ᠵᠢᠴᠢ ᠠᠵᠢᠯᠯᠠᠭᠤᠯᠵᠤ ᠬᠠᠮᠠᠭ᠋ᠠᠯᠠᠬᠤ ᠠᠵᠢᠯ᠎ᠤᠨ ᠪᠠᠶ᠋ᠢᠷᠢᠯᠠᠭᠤᠯᠤᠯᠲᠠ ᠵᠢᠨ ᠬᠤᠷᠠᠯ ᠬᠤᠷᠠᠯᠳᠤᠭᠤᠯᠪᠠ᠃ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠣᠪᠴᠢᠶᠠᠨ᠎ᠤ ᠳᠡᠳ᠋ ᠳᠠᠷᠤᠭ᠎ᠠ ᠯᠢᠦ ᠯᠢ ᠱᠧᠩ ᠬᠤᠷᠠᠯ ᠡᠷᠭᠢᠯᠡᠵᠦ᠂ ᠲᠤᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠤᠪᠴᠢᠶ᠎ᠠ ᠵᠢᠨ ᠳᠡᠳ᠋ ᠳᠠᠷᠤᠭ᠎ᠠ ᠶᠠᠩ ᡁᠢ ᠮᠢᠩ᠎ᠠᠴᠠ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠪᠠᠳᠤᠯᠠᠭ᠎ᠠ ᠵᠢᠨ ᠲᠤᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠢᠨ ᠮᠠᠨ ᠢ ᠵᠢᠨ ᠪᠠᠶᠠᠷ᠎ᠤᠨ ᠦᠭᠡ ᠵᠢ ᠤᠯᠠᠮᠵᠢᠯᠠᠵᠤ᠂ ᠤᠯᠠᠭ᠋ᠠᠨᠬᠠᠳᠠ ᠬᠤᠳᠠ ᠵᠢᠨ ᠡᠮᠴᠢᠯᠡᠭᠡ ᠵᠢᠨ ᠪᠠᠳᠤᠯᠠᠭ᠎ᠠ ᠵᠢᠨ ᠲᠤᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠤᠪᠴᠢᠶ᠎ᠠ ᠵᠢᠨ ᠳᠠᠷᠤᠭ᠎ᠠ ᠫᠠᠨ ᠰᠢᠶᠤᠤ ᠶᠠᠨ ᠤᠯᠤᠰ᠎ᠤᠨ ᠡᠮᠴᠢᠯᠡᠭᠡ ᠵᠢᠨ ᠪᠠᠳᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠢ ᠤᠯᠠᠭ᠋ᠠᠨᠬᠠᠳᠠ ᠬᠤᠳᠠ᠎ᠳᠤ ᠵᠢᠩᠬᠢᠨᠢ᠎ᠪᠠᠷ ᠰᠦᠯᠵᠢᠶᠡᠨ᠎ᠳᠤ ᠣᠷᠣᠭᠤᠯᠤᠨ ᠠᠵᠢᠯᠯᠠᠭᠤᠯᠤᠨ᠎ᠠ ᠭᠡᠵᠦ ᠨᠡᠶ᠋ᠢᠲᠡᠯᠡᠭᠰᠡᠨ ᠪᠥᠭᠡᠳ ᠮᠡᠳᠡᠭᠡ ᠵᠠᠩᠭᠢ ᠵᠢᠨ ᠲᠠᠪᠴᠠᠩ᠎ᠤᠨ ᠠᠵᠢᠯᠯᠠᠭ᠋ᠠᠨ᠎ᠢ ᠬᠠᠮᠠᠭ᠋ᠠᠯᠠᠬᠤ ᠠᠵᠢᠯ᠎ᠳᠤ ᠲᠤᠬᠢᠷᠠᠭᠤᠯᠤᠯᠳᠠ ᠪᠠᠶ᠋ᠢᠷᠢᠯᠠᠭᠤᠯᠤᠯᠲᠠ ᠬᠢᠵᠡᠢ᠃
      ᠵᠢᠨ ᠮᠠᠨ ᠢ ᠪᠠᠶᠠᠷ᠎ᠤᠨ ᠦᠭᠡ᠎ᠳᠡᠭᠡᠨ ᠴᠢᠬᠤᠯᠠᠴᠢᠯᠠᠭᠰᠠᠨ᠎ᠨᠢ᠂ 《ᠤᠯᠤᠰ᠎ᠤᠨ ᠡᠮᠴᠢᠯᠡᠭᠡ ᠵᠢᠨ ᠪᠠᠳᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠢ ᠰᠦᠯᠵᠢᠶᠡᠨ᠎ᠳᠤ ᠣᠷᠣᠭᠤᠯᠬᠤ᠎ᠪᠠᠷ ᠠᠵᠠ ᠲᠣᠬᠢᠶᠠᠯ ᠪᠣᠯᠭ᠋ᠠᠵᠤ᠂ ᠣᠮᠣᠭ ᠲᠡᠭᠦᠯᠳᠡᠷ ᠵᠶ᠋ᠠᠷ ᠡᠷᠡᠯᠬᠡᠭᠯᠡᠨ ᠤᠷᠤᠭᠰᠢᠯᠠᠵᠤ᠂ ᠴᠢᠷᠮᠠᠶ᠋ᠢᠭᠰᠠᠨ ᠳᠡᠭᠡᠷ᠎ᠡ᠎ᠪᠠᠨ ᠴᠢᠷᠮᠠᠶ᠋ᠢᠵᠤ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠵᠤ᠂ ᠰᠢᠨ᠎ᠡ ᠬᠥᠭᠵᠢᠯᠲᠡ ᠵᠢᠨ ᠤᠢ᠍ᠢ᠍ᠯᠠᠭ᠋ᠠᠭᠳᠠᠬᠤᠨ᠎ᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠡᠮᠴᠢᠯᠡᠭᠡ ᠵᠢᠨ ᠪᠠᠳᠤᠯᠠᠭ᠎ᠠ ᠵᠢᠨ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠭᠦᠨᠵᠡᠭᠡᠢ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠡᠮᠴᠢᠯᠡᠭᠡ ᠵᠢᠨ ᠪᠠᠳᠤᠯᠠᠭ᠎ᠠ ᠵᠢᠨ ᠵᠠᠰᠠᠯᠲᠠ ᠵᠢᠨ ᠰᠢᠰᠲᠸᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠪᠦᠬᠦ ᠲᠠᠯ᠎ᠠ᠎ᠪᠠᠷ ᠠᠬᠢᠭᠤᠯᠵᠤ᠂ ᠡᠮᠴᠢᠯᠡᠭᠡ ᠵᠢᠨ ᠪᠠᠳᠤᠯᠠᠭ᠎ᠠ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠬᠦᠴᠦᠯᠡᠨ ᠠᠬᠢᠭᠤᠯᠬᠤ ᠬᠡᠷᠡᠭᠲᠡᠢ》 ᠭᠡᠪᠡ᠃
      ᠫᠠᠨ ᠰᠢᠶᠣᠤ ᠶᠠᠨ ᠵᠢᠭ᠋ᠠᠵᠤ ᠭᠠᠷᠭ᠋ᠠᠬᠤ᠎ᠳᠠᠭᠠᠨ᠄ ᠤᠯᠤᠰ᠎ᠤᠨ ᠡᠮᠴᠢᠯᠡᠭᠡ ᠵᠢᠨ ᠪᠠᠳᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠢ ᠤᠯᠠᠭ᠋ᠠᠨᠬᠠᠳᠠ ᠬᠣᠲᠠ᠎ᠳᠤ ᠰᠦᠯᠵᠢᠶᠡᠨ᠎ᠳᠤ ᠤᠷᠤᠭᠤᠯᠤᠨ ᠠᠵᠢᠯᠯᠠᠭᠤᠯᠬᠤ ᠪᠤᠯ᠂ ᠤᠯᠠᠭ᠋ᠠᠨᠬᠠᠳᠠ ᠬᠣᠲᠠ ᠵᠢᠨ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠢᠢ᠍ᠳᠪᠦᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠪᠣᠳᠠᠲᠠᠶ ᠠᠵᠢᠯᠯᠠᠭ᠎ᠠ ᠮᠥᠨ᠂ ᠡᠮᠴᠢᠯᠡᠭᠡ ᠵᠢᠨ ᠪᠠᠳᠤᠯᠠᠭ᠎ᠠ ᠵᠢᠨ ᠵᠠᠰᠠᠯᠲᠠ ᠵᠢᠨ ᠰᠢᠰᠲ᠋ᠧᠮᠵᠢ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠲᠦᠷᠭᠡᠳᠬᠡᠬᠦ ᠴᠢᠬᠤᠯᠠ ᠠᠷᠭ᠎ᠠ ᠪᠠᠷᠢᠯ ᠮᠥᠨ᠂ ᠡᠮᠴᠢᠯᠡᠭᠡᠨ᠎ᠤ ᠳᠠᠭ᠋ᠠᠳᠬᠠᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠴᠢᠳᠠᠪᠤᠷᠢ ᠪᠠ ᠬᠢᠷᠢ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠰᠢᠨ᠎ᠡ ᠵᠢ ᠡᠭᠦᠳᠬᠦ ᠠᠷᠭ᠎ᠠ ᠬᠡᠮᠵᠢᠶ᠎ᠡ ᠮᠥᠨ᠂ ᠡᠮᠴᠢᠯᠡᠭᠡ ᠵᠢᠨ ᠪᠠᠳᠤᠯᠠᠭ᠎ᠠ ᠵᠢᠨ ᠦᠢ᠍ᠯᠡᠰ᠎ᠤᠨ ᠠᠯᠤᠰ ᠬᠡᠲᠦ ᠵᠢᠨ ᠴᠢᠨᠠᠷ ᠰᠠᠶ᠋ᠢᠲᠠᠶ ᠦᠷᠭᠦᠯᠵᠢᠯᠡᠬᠦ ᠬᠥᠭᠵᠢᠯᠲᠡ ᠵᠢᠨ ᠮᠡᠷᠭᠡᠵᠢᠯ᠎ᠤᠨ ᠲᠤᠯᠭ᠋ᠠᠭᠤᠷᠢᠯᠠᠯ ᠮᠥᠨ᠃ ᠰᠢᠨ᠎ᠡ ᠮᠡᠳᠡᠭᠡ ᠵᠠᠩᠭᠢ ᠵᠢᠨ ᠲᠠᠪᠴᠠᠩ᠎ᠨᠢ ᠬᠠᠷᠠᠭ᠋ᠠᠯᠵᠠᠯ ᠭᠥᠷᠳᠡᠬᠦ᠂ ᠭᠠᠷᠲᠠᠨ   ᠭᠦᠢ᠍ᠴᠡᠳᠭᠡᠬᠦ ᠬᠠᠮᠢᠶᠠᠷᠤᠯᠲᠠ᠂ ᠰᠠᠭᠤᠷᠢ ᠮᠥᠩᠭᠥᠨ᠎ᠤ ᠡᠳ᠋᠎ᠤᠨ ᠶᠠᠪᠤᠳᠠᠯ᠎ᠤᠨ ᠬᠠᠮᠢᠶᠠᠷᠤᠯᠲᠠ᠂ ᠣᠯᠠᠨ ᠨᠡᠶ᠋ᠢᠲᠡ ᠵᠢᠨ ᠦᠢ᠍ᠯᠡᠴᠢᠯᠡᠭᠡ ᠵᠡᠷᠭᠡ ᠲᠤᠬᠠᠶ᠋ᠢᠯᠠᠭᠰᠠᠨ ᠠᠵᠢᠯ᠎ᠢ ᠨᠢᠭᠡᠳᠦᠯᠲᠡᠶ ᠲᠥᠯᠥᠪᠯᠡᠨ ᠬᠠᠮᠢᠶᠠᠷᠬᠤ ᠵᠢ ᠪᠡᠶᠡᠯᠡᠭᠦᠯᠵᠦ᠂ ᠰᠢᠰᠲ᠋ᠧᠮ᠎ᠤᠨ ᠪᠦᠲᠦᠴᠡ ᠵᠢᠨ ᠲᠠᠰ ᠳᠠᠪᠬᠤᠷᠭ᠎ᠠ᠎ᠨᠢ ᠨᠠᠩ ᠥᠨᠳᠥᠷ᠂ ᠲᠠᠪᠴᠠᠩ᠎ᠤᠨ ᠲᠤᠯᠭ᠋ᠠᠭᠤᠷᠢᠯᠠᠬᠤ ᠴᠢᠳᠠᠪᠤᠷᠢ᠎ᠨᠢ ᠨᠠᠩ ᠴᠢᠩᠭ᠎ᠠ᠂ ᠭᠠᠷᠲᠠᠨ ᠭᠦᠢ᠍ᠴᠡᠳᠭᠡᠬᠦ ᠠᠶᠠᠰ᠎ᠤᠨ ᠬᠤᠷᠳᠤᠴᠠ᠎ᠨᠢ ᠨᠠᠩ ᠲᠦᠷᠭᠡᠨ ᠪᠠᠶ᠋ᠢᠵᠤ᠂ ᠠᠳᠠᠯᠢ ᠪᠤᠰᠤ ᠳᠠᠭ᠋ᠠᠳᠬᠠᠯ᠎ᠤᠨ ᠲᠥᠷᠥᠯ᠎ᠢ ᠠᠵᠢᠯᠯᠠᠭᠤᠯᠵᠤ᠂ ᠠᠳᠠᠯᠢ ᠪᠤᠰᠤ ᠲᠥᠷᠥ ᠵᠢᠨ ᠪᠣᠳᠣᠯᠭ᠎ᠠ ᠵᠢ ᠪᠠᠭᠲᠠᠭ᠋ᠠᠵᠤ᠂ ᠠᠳᠠᠯᠢ ᠪᠤᠰᠤ ᠬᠡᠷᠡᠭᠴᠡᠭᠡ ᠵᠢ ᠬᠠᠩᠭ᠋ᠠᠵᠤ ᠴᠢᠳᠠᠨ᠎ᠠ᠃ ᠲᠠᠪᠴᠠᠩ᠎ᠢ ᠰᠦᠯᠵᠢᠶᠡᠨ᠎ᠳᠤ ᠣᠷᠣᠭᠤᠯᠤᠭᠰᠠᠨ᠎ᠤ ᠳᠠᠷᠠᠭ᠎ᠠ᠂ ᠤᠯᠠᠭ᠋ᠠᠨᠬᠠᠳᠠ ᠬᠣᠲᠠ ᠵᠢᠨ 394 ᠲᠣᠭᠲᠠᠮᠠᠯ ᠴᠢᠭ᠎ᠤᠨ ᠡᠮᠴᠢᠯᠡᠭᠡᠨ᠎ᠤ ᠪᠠᠶ᠋ᠢᠭᠤᠯᠤᠮᠵᠢ ᠪᠠ 3433 ᠲᠣᠭᠲᠠᠮᠠᠯ ᠴᠢᠭ᠎ᠤᠨ ᠡᠮ᠎ᠤᠨ ᠳᠡᠯᠭᠡᠭᠦᠷ᠎ᠢ ᠬᠠᠮᠤᠷᠴᠤ᠂ ᠤᠯᠠᠭ᠋ᠠᠨᠬᠠᠳᠠ ᠬᠣᠲᠠ ᠵᠢᠨ ᠡᠮᠴᠢᠯᠡᠭᠡ ᠵᠢᠨ ᠪᠠᠳᠤᠯᠠᠭ᠎ᠠ ᠵᠢᠨ ᠦᠢ᠍ᠯᠡᠴᠢᠯᠡᠭᠡᠨ᠎ᠤ ᠴᠢᠳᠠᠪᠤᠷᠢ ᠪᠠ ᠦᠢ᠍ᠯᠡᠴᠢᠯᠡᠭᠡᠨ᠎ᠤ ᠬᠢᠷᠢ ᠲᠦᠪᠰᠢᠨ᠎ᠢ ᠶᠡᠬᠡ᠎ᠪᠠᠷ ᠳᠡᠭᠡᠭᠰᠢᠯᠡᠭᠦᠯᠵᠦ᠂ ᠥᠷᠭᠡᠨ ᠣᠯᠠᠨ ᠳᠠᠭ᠋ᠠᠳᠬᠠᠯ᠎ᠳᠤ ᠣᠷᠣᠯᠴᠠᠭᠰᠠᠨ ᠣᠯᠠᠨ ᠲᠦᠮᠡᠨ᠎ᠳᠤ ᠨᠠᠩ ᠳᠥᠭᠥᠮ ᠳᠥᠲᠡ᠂ ᠵᠢᠷᠤᠮᠵᠢᠯ᠎ᠲᠠᠢ ᠥᠨᠳᠥᠷ ᠪᠦᠲᠦᠮᠵᠢᠲᠡᠶ᠂ ᠡᠭᠦᠷᠭᠡ ᠴᠢᠳᠠᠪᠤᠷᠢ᠎ᠨᠢ ᠨᠠᠷᠢᠯᠢᠭ ᠣᠨᠣᠴᠠᠲᠠᠶ᠂ ᠠᠮᠤᠷ ᠲᠦᠪᠰᠢᠨ ᠨᠠᠶ᠋ᠢᠳᠠᠪᠤᠷᠢᠲᠠᠶ ᠡᠮᠴᠢᠯᠡᠭᠡ ᠵᠢᠨ ᠪᠠᠳᠤᠯᠠᠭ᠎ᠠ ᠵᠢᠨ ᠦᠢ᠍ᠯᠡᠴᠢᠯᠡᠭᠡ ᠬᠠᠩᠭ᠋ᠠᠬᠤ ᠪᠣᠯᠤᠨ᠎ᠠ ᠭᠡᠪᠡ᠃
      ᠫᠠᠨ ᠰᠢᠶᠤᠤ ᠶᠠᠨ ᠴᠢᠬᠤᠯᠠᠴᠢᠯᠠᠭᠰᠠᠨ᠎ᠨᠢ᠂ 6 ᠳ᠋ᠤᠭ᠋ᠠᠷ ᠰᠠᠷ᠎ᠠ ᠵᠢᠨ 22᠎ᠤᠨ ᠡᠳᠦᠷ ᠤᠯᠤᠰ᠎ᠤᠨ ᠡᠮᠴᠢᠯᠡᠭᠡ ᠵᠢᠨ ᠪᠠᠳᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠢ ᠤᠯᠠᠭ᠋ᠠᠨᠬᠠᠳᠠ ᠬᠣᠲᠠ᠎ᠳᠤ ᠰᠦᠯᠵᠢᠶᠡᠨ᠎ᠳᠤ ᠣᠷᠣᠭᠤᠯᠬᠤ ᠪᠡᠯᠡᠳᠬᠡᠯ ᠠᠵᠢᠯ᠎ᠢ ᠥᠷᠨᠢᠭᠦᠯᠦᠭᠰᠡᠨ᠎ᠠᠴᠠ ᠨᠠᠰᠢ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠪᠠᠳᠤᠯᠠᠭ᠎ᠠ ᠵᠢᠨ ᠲᠣᠪᠴᠢᠶ᠎ᠠ᠂ ᠤᠯᠠᠭ᠋ᠠᠨᠬᠠᠳᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠳᠡᠭᠡᠳᠦ ᠬᠦᠴᠦᠲᠡᠶ ᠳᠡᠮᠵᠢᠯᠭᠡ ᠦᠵᠡᠭᠦᠯᠵᠦ᠂ ᠵᠠᠰᠠᠭ᠎ᠤᠨ ᠣᠷᠳᠣᠨ᠎ᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠱᠠᠲᠤᠨ᠎ᠤ ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠂ ᠡᠮᠴᠢᠯᠡᠭᠡ ᠵᠢᠨ ᠪᠠᠳᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠤᠨ ᠠᠵᠢᠯᠯᠠᠭᠤᠯᠵᠤ   ᠬᠠᠮᠠᠭ᠋ᠠᠯᠠᠬᠤ ᠠᠵᠤ ᠠᠬᠤᠶ᠋ᠢᠯᠠᠯ᠂ ᠬᠤᠳᠠᠯᠳᠤᠭ᠋ᠠᠨ᠎ᠤ ᠳᠠᠭ᠋ᠠᠳᠬᠠᠯ᠎ᠤᠨ ᠪᠠᠶ᠋ᠢᠭᠤᠯᠤᠮᠵᠢ ᠪᠠ ᠪᠠᠩᠬᠢ ᠢᠲᠡᠭᠡᠮᠵᠢ ᠵᠢᠨ ᠪᠠᠶ᠋ᠢᠭᠤᠯᠤᠮᠵᠢ ᠪᠦᠬᠦ ᠬᠦᠴᠦᠨ ᠵᠶ᠋ᠠᠷ ᠵᠶ᠋ᠠᠨ ᠬᠠᠮᠵᠢᠯᠴᠠᠵᠤ᠂ ᠤᠯᠠᠭ᠋ᠠᠨᠬᠠᠳᠠ ᠬᠣᠲᠠ᠂ ᠰᠢᠶᠠᠨ᠎ᠤ ᠬᠣᠶᠠᠷ ᠱᠠᠲᠤᠨ᠎ᠤ ᠡᠮᠴᠢᠯᠡᠭᠡ ᠵᠢᠨ ᠪᠠᠳᠤᠯᠠᠭ᠎ᠠ ᠵᠢᠨ ᠰᠢᠰᠲ᠋ᠧᠮ᠎ᠤᠨ ᠨᠥᠬᠥᠳ ᠨᠠᠷᠢᠨ ᠨᠢᠭᠲᠠ ᠪᠠᠶ᠋ᠢᠷᠢᠯᠠᠭᠤᠯᠤᠯᠲᠠ ᠬᠢᠵᠦ᠂ ᠠᠵᠢᠯ᠎ᠤᠨ ᠬᠤᠭᠤᠴᠠᠭ᠎ᠠ᠎ᠪᠠᠨ ᠲᠣᠩᠭᠣᠷᠤᠭᠤᠯᠤᠨ ᠲᠣᠬᠢᠷᠠᠭᠤᠯᠵᠤ᠂ ᠴᠠᠭ ᠨᠡᠮᠡᠵᠦ   ᠠᠵᠢᠯᠯᠠᠵᠦ᠂ ᠬᠦᠴᠢᠷ ᠪᠡᠷᠬᠡᠰᠢᠶᠡᠯ᠎ᠢ ᠢᠯᠠᠨ ᠳᠠᠪᠠᠵᠤ᠂ ᠤᠯᠠᠭ᠋ᠠᠨᠬᠠᠳᠠ ᠬᠣᠲᠠ ᠵᠢᠨ ᠳᠠᠭ᠋ᠠᠳᠬᠠᠯ᠎ᠳᠤ ᠣᠷᠣᠯᠴᠠᠭᠰᠠᠨ ᠬᠥᠮᠦᠨ᠎ᠤ ᠲᠣᠭ᠎ᠠ ᠣᠯᠠᠨ᠂ ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠪᠠᠭᠲᠠᠭ᠋ᠠᠮᠵᠢ ᠶᠡᠬᠡ᠂ ᠡᠮ ᠡᠮᠨᠡᠯᠭᠡ ᠵᠢᠨ ᠳᠠᠭ᠋ᠠᠳᠬᠠᠯ᠎ᠤᠨ ᠲᠡᠦᠬᠡ ᠵᠢᠨ ᠲᠣᠭ᠎ᠠ ᠪᠠᠷᠢᠮᠲᠠ ᠨᠡᠯᠢᠶᠡᠳ ᠪᠤᠳᠤᠯᠢᠶᠠᠨᠲᠠᠶ ᠪᠠᠶ᠋ᠢᠳᠠᠯ ᠳᠣᠣᠷ᠎ᠠ᠂ ᠳᠠᠷᠤᠯᠲᠠ᠎ᠪᠠᠨ ᠳᠠᠭ᠋ᠠᠭ᠋ᠠᠵᠤ᠂ ᠴᠠᠭ᠎ᠤᠨ ᠬᠢᠵᠠᠭ᠋ᠠᠷ᠎ᠤᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ 15 ᠵᠦᠢ᠍ᠯ᠎ᠤᠨ ᠳ᠋ᠤᠭ᠋ᠠᠷᠯᠠᠯ᠎ᠤᠨ ᠪᠠᠷᠢᠮᠵᠢᠶ᠎ᠠ ᠵᠢ ᠨᠡᠪᠲᠡᠷᠡᠭᠦᠯᠬᠦ᠂ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠵᠠᠯᠭ᠋ᠠᠭ᠋ᠠᠰᠤ ᠵᠢ ᠥᠭᠡᠷᠡᠴᠢᠯᠡᠬᠦ᠂ ᠲᠣᠭ᠎ᠠ ᠪᠠᠷᠢᠮᠲᠠ ᠵᠢ ᠪᠠᠶ᠋ᠢᠴᠠᠭ᠋ᠠᠨ ᠵᠠᠰᠠᠬᠤ᠂ ᠲᠤᠬᠠᠶ᠋ᠢᠯᠠᠭᠰᠠᠨ ᠠᠵᠢᠯ᠎ᠢ ᠰᠢᠳᠳᠪᠦᠷᠢᠯᠡᠬᠦ᠂ ᠲᠥᠷᠥ ᠵᠢᠨ ᠪᠣᠳᠣᠯᠭ᠎ᠠ ᠵᠢᠨ ᠪᠣᠯᠵᠣᠯᠲᠤ ᠲᠣᠭ᠎ᠠ ᠵᠢ ᠳᠣᠭᠢᠷᠠᠭᠤᠯᠬᠤ᠂ ᠰᠢᠯᠭ᠋ᠠᠯᠲᠠ ᠵᠢᠨ ᠬᠥᠮᠥᠷᠭᠡ ᠵᠢ ᠰᠢᠯᠭ᠋ᠠᠬᠤ᠂ ᠵᠢᠩᠬᠢᠨᠢ ᠬᠥᠮᠥᠷᠭᠡ ᠵᠢ ᠰᠢᠯᠭ᠋ᠠᠬᠤ᠂ ᠡᠮ ᠡᠮᠨᠡᠯᠭᠡ ᠵᠢᠨ ᠪᠠᠶ᠋ᠢᠭᠤᠯᠤᠮᠵᠢ ᠵᠢ ᠡᠬᠢᠯᠡᠨ ᠠᠵᠢᠯᠯᠠᠭᠤᠯᠬᠤ ᠵᠡᠷᠭᠡ 9 ᠱᠠᠲᠤ ᠦᠶ᠎ᠡ ᠵᠢᠨ ᠡᠯ᠎ᠡ ᠵᠦᠢ᠍ᠯ᠎ᠤᠨ ᠠᠵᠢᠯ᠎ᠤᠨ ᠡᠭᠦᠷᠭᠡ ᠵᠢ ᠴᠢᠨᠠᠷ ᠰᠠᠶ᠋ᠢᠲᠠᠶ ᠪᠡᠶᠡᠯᠡᠭᠦᠯᠵᠦ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠢ ᠤᠯᠠᠭ᠋ᠠᠨᠬᠠᠳᠠ ᠬᠣᠲᠠ᠎ᠳᠤ ᠲᠣᠭᠲᠠᠭᠰᠠᠨ ᠬᠤᠭᠤᠴᠠᠭ᠋ᠠᠨ᠎ᠳᠤ ᠤᠷᠤᠭᠰᠢᠲᠠᠶ ᠰᠦᠯᠵᠢᠶᠡᠨ᠎ᠳᠤ ᠣᠷᠣᠭᠤᠯᠬᠤ ᠵᠢ ᠪᠡᠶᠡᠯᠡᠭᠦᠯᠪᠡ᠃ 11 ᠳ᠋ᠤᠭᠡᠷ ᠰᠠᠷ᠎ᠠ ᠵᠢᠨ 3᠎ᠤ ᠡᠳᠦᠷ᠎ᠤᠨ ᠦᠳᠡ ᠵᠢᠨ ᠡᠮᠦᠨᠡᠬᠢ 9᠄ 00 ᠪᠣᠯᠲᠠᠯ᠎ᠠ᠂ ᠤᠯᠠᠭ᠋ᠠᠨᠬᠠᠳᠠ ᠬᠣᠲᠠ ᠵᠢᠨ ᠨᠡᠶ᠋ᠢᠲᠡ 1124 ᠲᠣᠭᠲᠠᠮᠠᠯ ᠡᠮ ᠡᠮᠨᠡᠯᠭᠡ ᠵᠢᠨ ᠪᠠᠶ᠋ᠢᠭᠤᠯᠤᠮᠵᠢ 10696 ᠬᠥᠮᠦᠨ ᠤᠳᠠᠭ᠎ᠠ ᠰᠦᠯᠵᠢᠶᠡᠨ ᠳᠡᠭᠡᠷ᠎ᠡ ᠳ᠋ᠦᠩᠨᠡᠨ ᠪᠤᠳᠤᠵᠤ᠂ ᠳ᠋ᠦᠩᠨᠡᠨ ᠪᠤᠳᠤᠭᠰᠠᠨ ᠵᠣᠭᠣᠰ᠎ᠤᠨ ᠲᠣᠭ᠎ᠠ᠎ᠨᠢ ᠨᠡᠶ᠋ᠢᠲᠡ 141.67 ᠲᠦᠮᠡᠨ ᠲᠥᠭᠥᠷᠢᠭ᠎ᠲᠤ ᠬᠦᠷᠴᠡᠶ᠃ ᠡᠭᠦᠨ᠎ᠳᠤ ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ 445 ᠬᠤᠪᠢ ᠳ᠋ᠦᠩᠨᠡᠨ ᠪᠤᠳᠤᠵᠤ᠂ ᠲᠣᠭᠲᠠᠭᠰᠠᠨ ᠡᠮ ᠡᠮᠨᠡᠯᠭᠡ ᠵᠢᠨ ᠳᠡᠯᠭᠡᠭᠦᠷ 10305 ᠬᠤᠪᠢ ᠵᠢ ᠳ᠋ᠦᠩᠨᠡᠨ ᠪᠤᠳᠤᠵᠠᠶ᠃ ᠣᠨᠳᠣᠣ ᠭᠠᠵᠠᠷ᠎ᠲᠤ ᠡᠮᠨᠡᠭᠦᠯᠦᠭᠰᠡᠨ ᠲᠤᠬᠠᠶ᠋ᠢᠯᠠᠭᠰᠠᠨ ᠠᠵᠢᠯ 97 ᠬᠥᠮᠦᠨ ᠤᠳᠠᠭ᠎ᠠ᠎ᠳᠤ ᠬᠦᠷᠴᠦ᠂ ᠳ᠋ᠦᠩᠨᠡᠨ ᠪᠤᠳᠤᠭᠰᠠᠨ ᠵᠣᠭᠣᠰᠣᠨ ᠲᠣᠭ᠎ᠠ 267.74 ᠲᠦᠮᠡᠨ ᠲᠥᠭᠥᠷᠢᠭ᠎ᠲᠤ ᠬᠦᠷᠪᠡ᠃
      ᠫᠠᠨ ᠰᠢᠶᠤᠤ ᠶᠠᠨ ᠱᠠᠭ᠋ᠠᠷᠳᠠᠭᠰᠠᠨ᠎ᠨᠢ᠂ ᠮᠡᠳᠡᠭᠡ ᠵᠠᠩᠭᠢ ᠵᠢᠨ ᠲᠠᠪᠴᠠᠩ᠎ᠢ ᠤᠯᠠᠭ᠋ᠠᠨᠬᠠᠳᠠ᠎ᠳᠤ ᠲᠣᠭᠲᠠᠭᠰᠠᠨ ᠬᠤᠭᠤᠴᠠᠭ᠋ᠠᠨ᠎ᠳᠠᠭᠠᠨ ᠰᠦᠯᠵᠢᠶᠡᠨ᠎ᠳᠤ ᠭᠠᠷᠭ᠋ᠠᠬᠤ ᠵᠢ ᠪᠡᠶᠡᠯᠡᠭᠦᠯᠦᠭᠰᠡᠨ᠎ᠨᠢ ᠬᠢᠯᠪᠠᠷ ᠪᠤᠰᠤ ᠦᠷ᠎ᠡ ᠪᠦᠲᠦᠭᠡᠯ᠎ᠢ ᠣᠯᠤᠭᠰᠠᠨ ᠪᠥᠭᠡᠳ ᠲᠤᠶ᠋ᠢᠯ᠎ᠤᠨ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠲᠠᠪᠴᠠᠩ᠎ᠢ ᠰᠦᠯᠵᠢᠶᠡᠨ᠎ᠳᠤ ᠣᠷᠣᠭᠤᠯᠵᠤ ᠡᠬᠢᠯᠡᠭᠦᠯᠬᠦ ᠪᠣᠯ ᠤᠯᠠᠭ᠋ᠠᠨᠬᠠᠳᠠ ᠬᠤᠳᠠ ᠵᠢᠨ 《ᠤᠶᠤᠨᠲᠤ ᠡᠮᠴᠢᠯᠡᠭᠡ ᠵᠢᠨ ᠪᠠᠳᠤᠯᠠᠭ᠎ᠠ》᠎ᠢ ᠡᠬᠢᠯᠡᠭᠦᠯᠬᠦ ᠰᠢᠨ᠎ᠡ ᠭᠠᠷᠤᠭ᠎ᠠ ᠪᠣᠯᠤᠨ᠎ᠠ᠂ ᠤᠯᠠᠭ᠋ᠠᠨᠬᠠᠳᠠ ᠬᠤᠳᠠ ᠵᠢᠨ ᠡᠯ᠎ᠡ ᠱᠠᠲᠤᠨ᠎ᠤ ᠡᠮᠴᠢᠯᠡᠭᠡ ᠵᠢᠨ ᠪᠠᠳᠤᠯᠠᠭ᠎ᠠ ᠵᠢᠨ ᠰᠠᠯᠠᠭ᠎ᠠ ᠮᠥᠴᠢᠷ᠂ ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠨᠤᠭᠤᠳ ᠰᠢᠨ᠎ᠡ ᠱᠠᠲᠤᠨ᠎ᠳᠤ ᠰᠠᠭᠤᠷᠢᠯᠠᠵᠤ᠂ ᠰᠢᠨ᠎ᠡ ᠬᠡᠪ ᠪᠠᠶ᠋ᠢᠳᠠᠯ᠎ᠳᠤ ᠵᠣᠬᠢᠴᠠᠵᠤ᠂ ᠰᠢᠨ᠎ᠡ ᠱᠠᠭ᠋ᠠᠷᠳᠠᠯᠭ᠎ᠠ ᠵᠢ ᠡᠵᠡᠮᠳᠡᠵᠦ᠂ ᠮᠡᠳᠡᠭᠡ ᠵᠠᠩᠭᠢ ᠵᠢᠨ ᠲᠠᠪᠴᠠᠩ᠎ᠤᠨ ᠠᠵᠢᠯᠯᠠᠭᠤᠯᠬᠤ ᠬᠠᠮᠠᠭ᠋ᠠᠯᠠᠬᠤ ᠠᠵᠢᠯ᠎ᠢ ᠬᠦᠴᠦᠯᠡᠨ ᠰᠠᠶ᠋ᠢᠲᠤᠷ ᠬᠢᠵᠦ᠂ ᠤᠯᠠᠭ᠋ᠠᠨᠬᠠᠳᠠ ᠬᠤᠳᠠ ᠵᠢᠨ ᠳᠠᠭ᠋ᠠᠳᠬᠠᠯ᠎ᠳᠤ ᠣᠷᠣᠯᠴᠠᠭᠰᠠᠨ ᠤᠯᠠᠨ ᠲᠦᠮᠡᠨ᠎ᠳᠤ ᠨᠡᠩ ᠰᠠᠢ᠍ᠢ᠍ᠨ ᠦᠢ᠍ᠯᠡᠴᠢᠯᠡᠬᠦ ᠬᠡᠷᠡᠭᠲᠡᠢ᠃ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠤᠨ ᠭᠠᠷᠲᠠᠨ ᠭᠦᠢ᠍ᠴᠡᠳᠭᠡᠬᠦ ᠬᠠᠮᠢᠶᠠᠷᠤᠯᠲᠠ᠂ ᠣᠯᠠᠨ ᠨᠡᠶ᠋ᠢᠲᠡ ᠵᠢᠨ ᠦᠢ᠍ᠯᠡᠴᠢᠯᠡᠭᠡ᠂ ᠬᠢᠨᠠᠯᠲᠠ ᠬᠠᠮᠢᠶᠠᠷᠤᠯᠲᠠ᠂ ᠬᠡᠷᠡᠭᠯᠡᠭᠡᠨ᠎ᠤ ᠲᠤᠯᠭ᠋ᠠᠭᠤᠷᠢᠯᠠᠯ᠂ ᠰᠢᠢ᠍ᠳᠪᠦᠷᠢᠳᠦ ᠪᠣᠳᠣᠯᠭ᠎ᠠ ᠵᠢᠨ ᠵᠠᠳᠠᠯᠤᠯᠲᠠ ᠵᠡᠷᠭᠡ 5 ᠶᠡᠬᠡ ᠲᠥᠷᠥᠯ᠂ 14 ᠬᠤᠪᠢᠶᠠᠷᠢ ᠰᠢᠰᠲ᠋ᠧᠮ ᠪᠠ 25 ᠲᠥᠪ᠎ᠤᠨ ᠪᠣᠳᠠᠲᠠᠶ ᠴᠢᠳᠠᠮᠵᠢ ᠵᠢ ᠭᠦᠢ᠍ᠴᠡᠳ ᠬᠡᠷᠡᠭᠯᠡᠨ᠂ ᠡᠯ᠎ᠡ ᠲᠥᠷᠥᠯ᠎ᠤᠨ ᠮᠡᠳᠡᠭᠡ ᠵᠠᠩᠭᠢ ᠵᠢᠨ ᠲᠣᠭ᠎ᠠ ᠪᠠᠷᠢᠮᠲᠠ ᠵᠢ ᠴᠠᠭ ᠲᠤᠬᠠᠶ᠎ᠳᠤᠨᠢ ᠬᠢᠨᠠᠨ ᠰᠢᠯᠭ᠋ᠠᠬᠤ ᠪᠠ ᠵᠠᠳᠠᠯᠤᠨ ᠰᠤᠳᠤᠯᠵᠤ ᠮᠠᠭ᠋ᠠᠳᠯᠠᠵᠤ᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠳᠤᠨᠢ ᠬᠡᠷᠡᠭᠯᠡᠨ᠂ ᠨᠡᠶ᠋ᠢᠯᠡᠮᠡᠯ ᠬᠦᠴᠦᠨ᠎ᠢ ᠪᠣᠶ ᠪᠣᠯᠭ᠋ᠠᠵᠤ᠂ ᠰᠢᠰᠲ᠋ᠧᠮ᠎ᠤᠨ ᠲᠣᠭᠲᠠᠭᠤᠨ ᠵᠶ᠋ᠠᠷ ᠠᠵᠢᠯᠯᠠᠬᠤ ᠵᠢ ᠦᠨᠡᠨᠬᠦ ᠪᠠᠲᠤᠯᠠᠬᠤ ᠬᠡᠷᠡᠭᠲᠡᠶ᠃ ᠤᠯᠠᠭ᠋ᠠᠨᠬᠠᠳᠠ ᠬᠣᠲᠠ ᠵᠢᠨ ᠡᠯ᠎ᠡ ᠱᠠᠲᠤᠨ᠎ᠤ ᠡᠮᠴᠢᠯᠡᠭᠡ ᠵᠢᠨ ᠪᠠᠳᠤᠯᠠᠭ᠎ᠠ ᠵᠢᠨ ᠰᠠᠯᠠᠭ᠎ᠠ ᠮᠥᠴᠢᠷ ᠪᠣᠯᠤᠨ ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠭᠠᠷᠲᠠᠨ ᠭᠦᠢ᠍ᠴᠡᠳᠬᠡᠬᠦ ᠠᠵᠢᠯᠲᠠᠳ ᠲᠤᠬᠠᠶ᠋ᠢᠯᠠᠭᠰᠠᠨ ᠠᠵᠢᠯ᠎ᠤᠨ ᠮᠡᠳᠡᠯᠭᠡ ᠵᠢ ᠦᠳᠲᠡᠷ ᠲᠦᠷᠭᠡᠨ ᠡᠵᠡᠮᠰᠢᠵᠦ᠂ ᠲᠠᠪᠴᠠᠩ᠎ᠤᠨ ᠬᠤᠪᠢᠶᠠᠷᠢ ᠰᠢᠰᠲ᠋ᠧᠮ᠎ᠤᠨ ᠡᠯ᠎ᠡ ᠵᠦᠢ᠍ᠯ᠎ᠤᠨ ᠴᠢᠳᠠᠮᠵᠢ ᠪᠠ ᠠᠵᠢᠯᠯᠠᠭ᠋ᠠᠨ᠎ᠤ ᠶᠠᠪᠤᠴᠠ ᠵᠢ ᠰᠠᠶ᠋ᠢᠨ ᠮᠡᠳᠡᠵᠦ᠂ ᠲᠤᠬᠠᠶ᠋ᠢᠯᠠᠭᠰᠠᠨ ᠠᠵᠢᠯ᠎ᠢ ᠭᠠᠷᠳᠠᠨ ᠬᠢᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠬᠤᠪᠢ ᠬᠥᠮᠦᠨ᠎ᠤ ᠰᠦᠯᠵᠢᠶ᠎ᠡ ᠵᠢᠨ ᠲᠢᠩᠬᠢᠮ᠂ ᠨᠢᠭᠡᠴᠡ ᠵᠢᠨ ᠰᠦᠯᠵᠢᠶ᠎ᠡ ᠵᠢᠨ ᠲᠢᠩᠬᠢᠮ ᠪᠠ ᠡᠮᠴᠢᠯᠡᠭᠡ ᠵᠢᠨ ᠪᠠᠳᠤᠯᠠᠭ᠎ᠠ ᠵᠢᠨ ᠡᠯᠧᠺᠲᠷᠣᠨ ᠭᠡᠷᠡᠴᠢ ᠪᠠᠷᠢᠮᠲᠠ ᠵᠢ ᠥᠷᠭᠡᠨ ᠵᠶ᠋ᠠᠷ ᠬᠡᠷᠡᠭᠯᠡᠬᠦ ᠵᠢ ᠪᠡᠶᠡᠯᠡᠭᠦᠯᠵᠦ᠂ ᠳᠠᠭ᠋ᠠᠳᠬᠠᠯ᠎ᠳᠤ ᠣᠷᠣᠯᠴᠠᠬᠤ ᠳᠡᠩᠰᠡᠯᠡᠯᠲᠡ᠂ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ᠂ ᠵᠠᠷᠤᠳᠠᠯ᠎ᠢ ᠳ᠋ᠦᠩᠨᠡᠨ ᠪᠤᠳᠤᠬᠤ᠂ ᠮᠡᠳᠡᠭᠡ ᠵᠠᠩᠭᠢ ᠵᠢ ᠪᠠᠶ᠋ᠢᠴᠠᠭ᠋ᠠᠨ ᠯᠠᠪᠯᠠᠬᠤ᠂ ᠭᠠᠷᠲᠠᠨ ᠭᠦᠢ᠍ᠴᠡᠳᠭᠡᠬᠦ ᠬᠠᠮᠢᠶᠠᠷᠤᠯᠲᠠ ᠵᠡᠷᠭᠡ ᠡᠮᠴᠢᠯᠡᠭᠡ ᠵᠢᠨ ᠪᠠᠳᠤᠯᠠᠭ᠎ᠠ ᠵᠢᠨ ᠦᠢ᠍ᠯᠡᠴᠢᠯᠡᠭᠡ ᠵᠢ ᠭᠠᠷ᠎ᠲᠤ ᠪᠠᠷᠢᠭᠳᠠᠮ᠎ᠠ᠂ ᠨᠢᠳᠤᠨ᠎ᠳᠤ ᠦᠵᠡᠭᠳᠡᠮ᠎ᠡ ᠰᠠᠢ᠌ᠳᠦᠷ ᠳᠣᠭᠢᠷᠠᠭᠤᠯᠵᠤ᠂ ᠪᠥᠬᠥ ᠬᠦᠴᠦᠨ ᠵᠶ᠋ᠠᠷ ᠵᠶ᠋ᠠᠨ ᠤᠯᠠᠭ᠋ᠠᠨᠬᠠᠳᠠ ᠬᠣᠲᠠ ᠵᠢᠨ ᠳᠠᠭ᠋ᠠᠳᠬᠠᠯ᠎ᠳᠤ ᠣᠷᠣᠯᠴᠠᠭᠰᠠᠨ 400 ᠲᠦᠮᠡᠨ ᠣᠯᠠᠨ ᠲᠦᠮᠡᠨ᠎ᠳᠤ ᠬᠠᠮᠤᠭ᠎ᠤᠨ ᠴᠢᠨᠠᠷ ᠰᠠᠶ᠋ᠢᠲᠠᠶ᠂ ᠥᠨᠳᠥᠷ ᠪᠦᠲᠦᠮᠵᠢᠲᠡᠶ ᠡᠮᠴᠢᠯᠡᠭᠡ ᠵᠢᠨ ᠪᠠᠳᠤᠯᠠᠭ᠎ᠠ ᠵᠢᠨ ᠦᠢ᠍ᠯᠡᠴᠢᠯᠡᠭᠡ ᠬᠠᠩᠭ᠋ᠠᠵᠤ᠂ ᠪᠥᠬᠥ ᠬᠣᠲᠠ ᠵᠢᠨ ᠠᠵᠤ ᠠᠬᠤᠶ ᠨᠡᠶ᠋ᠢᠭᠡᠮ᠎ᠤᠨ ᠡᠷᠡᠭᠦᠯ ᠵᠶ᠋ᠠᠷ ᠬᠥᠭᠵᠢᠬᠦ᠎ᠳᠤ ᠡᠮᠴᠢᠯᠡᠭᠡ ᠵᠢᠨ ᠪᠠᠳᠤᠯᠠᠭ᠎ᠠ ᠵᠢᠨ ᠬᠦᠴᠦᠨ ᠴᠢᠳᠠᠯ᠎ᠢ ᠨᠡᠮᠡᠷᠢᠯᠡᠨ᠎ᠡ ᠭᠡᠵᠡᠢ᠃
      ᠬᠤᠷᠠᠯ᠎ᠨᠢ ᠰᠦᠯᠵᠢᠶᠡᠨ ᠳᠡᠭᠡᠷᠡᠬᠢ ᠪᠠ ᠰᠦᠯᠵᠢᠶᠡᠨ᠎ᠠᠴᠠ ᠭᠠᠳᠠᠭᠤᠷᠬᠢ ᠬᠣᠶᠠᠷ ᠵᠦᠢ᠍ᠯ᠎ᠤᠨ ᠠᠷᠭ᠎ᠠ ᠬᠡᠯᠪᠡᠷᠢ᠎ᠪᠠᠷ ᠵᠡᠷᠭᠡᠪᠡᠷ ᠶᠠᠪᠤᠭᠳᠠᠵᠤ᠂ ᠤᠯᠠᠭ᠋ᠠᠨᠬᠠᠳᠠ ᠬᠣᠲᠠ ᠵᠢᠨ ᠡᠮ ᠡᠮᠨᠡᠯᠭᠡ ᠵᠢᠨ ᠪᠠᠲᠤᠯᠠᠭ᠎ᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠬᠦ ᠪᠦᠷᠢᠯᠳᠦᠬᠦᠨ᠂ ᠡᠯ᠎ᠡ ᠰᠠᠯᠠᠭ᠎ᠠ ᠲᠠᠰᠤᠭ᠎ᠤᠨ ᠬᠠᠷᠢᠭᠤᠴᠠᠯᠭ᠋ᠠᠲᠠᠨ᠂ ᠤᠯᠠᠭ᠋ᠠᠨᠬᠠᠳᠠ ᠬᠣᠲᠠ ᠵᠢᠨ ᠡᠮ ᠡᠮᠨᠡᠯᠭᠡ ᠵᠢᠨ ᠳᠠᠭ᠋ᠠᠳᠬᠠᠯ᠎ᠤᠨ ᠲᠥᠪ᠎ᠤᠨ ᠤᠳᠤᠷᠢᠳᠬᠤ ᠪᠠᠭ᠎ᠤᠨ ᠪᠦᠷᠢᠯᠳᠦᠬᠦᠨ᠂ ᠡᠯ᠎ᠡ ᠰᠠᠯᠠᠭ᠎ᠠ ᠲᠠᠰᠤᠭ᠎ᠤᠨ ᠬᠠᠷᠢᠭᠤᠴᠠᠯᠭ᠋ᠠᠲᠠᠨ᠂ ᠲᠠᠪᠴᠠᠩ᠎ᠤᠨ ᠪᠠᠶ᠋ᠢᠭᠤᠯᠤᠯᠲᠠ ᠵᠢᠨ ᠢᠨᠵᠧᠨᠧᠷ᠎ᠤᠨ ᠲᠥᠯᠥᠭᠡᠯᠡᠭᠴᠢ ᠭᠣᠣᠯ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠵᠤ᠂ ᠡᠯ᠎ᠡ ᠬᠣᠰᠢᠭᠤ ᠰᠢᠶᠠᠨ ᠲᠣᠭᠣᠷᠢᠭ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠪᠠᠭ᠎ᠤᠨ ᠪᠦᠷᠢᠯᠳᠦᠬᠦᠨ᠂ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠪᠠᠶ᠋ᠢᠭᠤᠯᠤᠮᠵᠢ ᠵᠢᠨ ᠬᠠᠷᠢᠭᠤᠴᠠᠯᠭ᠋ᠠᠲᠠᠨ ᠵᠢᠴᠢ ᠡᠯ᠎ᠡ ᠰᠠᠯᠠᠭ᠎ᠠ ᠲᠠᠰᠤᠭ᠎ᠤᠨ ᠬᠠᠷᠢᠭᠤᠴᠠᠯᠭ᠋ᠠᠲᠠᠨ᠂ ᠤᠯᠠᠭ᠋ᠠᠨᠬᠠᠳᠠ ᠬᠣᠲᠠ ᠵᠢᠨ ᠡᠯ᠎ᠡ ᠱᠠᠲᠤᠨ᠎ᠤ ᠠᠯᠪᠠᠨ᠎ᠠᠴᠠ ᠪᠠᠶ᠋ᠢᠭᠤᠯᠤᠭᠰᠠᠨ᠂ ᠠᠷᠠᠳ᠎ᠠᠴᠠ ᠡᠵᠡᠩᠨᠡᠭᠰᠡᠨ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠬᠤᠪᠢᠳᠠᠨ ᠬᠠᠮᠢᠶᠠᠷᠴᠤ ᠪᠠᠶ᠋ᠢᠭ᠎ᠠ ᠬᠣᠷᠢᠶᠠᠨ ᠳᠠᠷᠤᠭ᠎ᠠ᠂ ᠡᠮᠴᠢᠯᠡᠭᠡ ᠵᠢᠨ ᠪᠠᠳᠤᠯᠠᠭ᠎ᠠ ᠵᠢᠨ ᠠᠯᠪᠠᠨ ᠬᠡᠷ᠎ᠤᠨ ᠡᠷᠬᠢᠯᠡᠭᠴᠢ᠂ ᠮᠡᠳᠡᠭᠡ ᠵᠠᠩᠭᠢ ᠵᠢᠨ ᠰᠠᠯᠠᠭ᠋ᠠᠨ᠎ᠤ ᠰᠠᠯᠠᠭ᠋ᠠᠨ ᠳᠠᠷᠤᠭ᠎ᠠ᠂ ᠡᠯ᠎ᠡ ᠲᠣᠭᠲᠠᠭᠰᠠᠨ ᠴᠢᠭ᠎ᠤᠨ ᠬᠣᠯᠪᠣᠯᠳᠤᠭᠰᠠᠨ ᠡᠮ᠎ᠤᠨ ᠳᠡᠯᠭᠡᠭᠦᠷ᠎ᠤᠨ ᠮᠡᠳᠡᠭᠡ ᠵᠠᠩᠭᠢ ᠵᠢᠨ ᠬᠠᠷᠢᠭᠤᠴᠠᠯᠭ᠋ᠠᠲᠠᠨ ᠨᠡᠶ᠋ᠢᠲᠡ 3200 ᠭᠠᠷᠤᠶ ᠬᠥᠮᠦᠨ ᠬᠤᠪᠢᠶᠠᠷᠢ ᠬᠤᠷᠠᠯ᠎ᠤᠨ ᠲᠠᠯᠠᠪᠠᠶ᠎ᠳᠤ ᠬᠤᠷᠠᠯ᠎ᠢ ᠭᠥᠯᠢᠶᠡᠨ ᠠᠪᠴᠤ ᠦᠵᠡᠪᠡ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠪᠥᠬᠥ ᠣᠷᠣᠨ᠎ᠤ ᠡᠮ᠎ᠤᠨ ᠵᠦᠢ᠍ᠯ᠎ᠤᠨ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯᠯᠠᠭ᠎ᠠ ᠵᠢ ᠵᠠᠳᠠᠯᠬᠤ ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠠᠴᠠ ᠳᠣᠪᠴᠢᠶᠠᠨ᠎ᠤ ᠰᠢᠰᠲ᠋ᠧᠮ᠎ᠤᠨ ᠠᠵᠢᠯ᠎ᠠᠴᠠ᠎ᠪᠠᠨ ᠠᠮᠠᠷᠠᠭᠰᠠᠨ ᠠᠬᠠᠮᠠᠳ ᠺᠠᠳ᠋ᠷᠴᠤᠳ᠎ᠤᠨ ᠴᠠᠭ᠋ᠠᠨ ᠰᠠᠷ᠎ᠠ᠎ᠪᠠᠨ ᠤᠭᠲᠤᠬᠤ ᠰᠠᠭᠤᠳᠠᠯ᠎ᠤᠨ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ 2023 ᠣᠨ᠎ᠤ ᠪᠥᠬᠥ ᠣᠷᠣᠨ᠎ᠤ ᠪᠥᠬᠥ ᠠᠷᠠᠳ᠎ᠤᠨ ᠳᠠᠭ᠋ᠠᠳᠬᠠᠯ᠎ᠳᠤ ᠣᠷᠣᠯᠴᠠᠬᠤ ᠲᠥᠯᠥᠪᠯᠡᠭᠡ ᠵᠢ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ ᠶᠠᠪᠤᠭᠤᠯᠪᠠ
 
            