ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠠᠴᠠ ᠳᠣᠪᠴᠢᠶᠠᠨ᠎ᠤ ᠰᠢᠰᠲ᠋ᠧᠮ᠎ᠤᠨ ᠠᠵᠢᠯ᠎ᠠᠴᠠ᠎ᠪᠠᠨ ᠠᠮᠠᠷᠠᠭᠰᠠᠨ ᠠᠬᠠᠮᠠᠳ ᠺᠠᠳ᠋ᠷᠴᠤᠳ᠎ᠤᠨ ᠴᠠᠭ᠋ᠠᠨ ᠰᠠᠷ᠎ᠠ᠎ᠪᠠᠨ ᠤᠭᠲᠤᠬᠤ ᠰᠠᠭᠤᠳᠠᠯ᠎ᠤᠨ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2022-01-26

     2022 ᠣᠨ᠎ᠤ 1 ᠳ᠋ᠦ᠍ᠭᠡᠷ ᠰᠠᠷ᠎ᠠ ᠵᠢᠨ 20᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠠᠴᠠ ᠳᠣᠪᠴᠢᠶᠠᠨ᠎ᠤ ᠰᠢᠰᠲ᠋ᠧᠮ᠎ᠤᠨ ᠬᠥᠬᠡᠬᠣᠲᠠ᠎ᠳᠤ ᠪᠠᠢ᠌ᠭ᠎ᠠ ᠠᠵᠢᠯ᠎ᠠᠴᠠ᠎ᠪᠠᠨ ᠠᠮᠠᠷᠠᠭᠰᠠᠨ ᠠᠬᠠᠮᠠᠳ ᠺᠠᠳ᠋ᠷᠴᠤᠳ᠎ᠤᠨ ᠴᠠᠭ᠋ᠠᠨ ᠰᠠᠷ᠎ᠠ᠎ᠪᠠᠨ ᠤᠭᠲᠤᠬᠤ ᠰᠠᠭᠤᠳᠠᠯ᠎ᠤᠨ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠳᠣᠪᠴᠢᠶᠠᠨ ᠳᠠᠷᠤᠭ᠎ᠠ ᠵᠢᠨ ᠮᠠᠨ ᠢ᠂ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠡᠰᠢᠭᠦᠨ᠂ ᠲᠣᠪᠴᠢᠶ᠎ᠠ ᠵᠢᠨ ᠳᠡᠳ᠋ ᠳᠠᠷᠤᠭ᠎ᠠ ᠬᠤᠤ ᠮᠧᠩ᠂ ᠽᠧᠩ ᠵᠣᠣ ᠰᠢᠶᠠᠩ ᠰᠠᠭᠤᠳᠠᠯ᠎ᠤᠨ ᠬᠤᠷᠠᠯ᠎ᠳᠤ ᠣᠷᠣᠯᠴᠠᠭᠰᠠᠨ ᠪᠥᠭᠡᠳ ᠠᠵᠢᠯ᠎ᠠᠴᠠ᠎ᠪᠠᠨ ᠠᠮᠠᠷᠠᠭᠰᠠᠨ ᠠᠬᠠᠮᠠᠳ ᠺᠠᠳ᠋ᠷᠴᠤᠳ᠎ᠲᠠᠢ ᠳᠣᠲᠣᠨᠣ᠎ᠪᠠᠷ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃


      ᠰᠠᠭᠤᠳᠠᠯ᠎ᠤᠨ ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠵᠢᠨ ᠫᠢᠩ᠎ᠤᠨ ᠪᠥᠬᠥ ᠤᠯᠤᠰ᠎ᠤᠨ ᠠᠬᠠᠮᠠᠳ ᠺᠠᠳ᠋ᠷᠴᠤᠳ᠎ᠤᠨ ᠠᠵᠢᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠭᠰᠠᠨ ᠪᠥᠭᠡᠳ ᠬᠤᠷᠠᠯ᠎ᠳᠤ ᠣᠷᠣᠯᠴᠠᠭᠰᠠᠨ ᠠᠵᠢᠯ᠎ᠠᠴᠠ᠎ᠪᠠᠨ ᠠᠮᠠᠷᠠᠭᠰᠠᠨ ᠠᠬᠠᠮᠠᠳ ᠺᠠᠳ᠋ᠷᠴᠤᠳ᠎ᠲᠤ 2021 ᠣᠨ᠎ᠤ ᠪᠥᠬᠥ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠠᠵᠢᠯ᠎ᠤᠨ ᠪᠠᠶ᠋ᠢᠳᠠᠯ ᠵᠢᠴᠢ ᠠᠵᠢᠯ᠎ᠠᠴᠠ᠎ᠪᠠᠨ ᠠᠮᠠᠷᠠᠭᠰᠠᠨ ᠠᠬᠠᠮᠠᠳ ᠺᠠᠳ᠋ᠷᠴᠤᠳ᠎ᠤᠨ ᠠᠩᠬᠠᠷᠴᠤ ᠪᠠᠶ᠋ᠢᠭ᠎ᠠ ᠠᠰᠠᠭᠤᠳᠠᠯ᠎ᠢ ᠲᠥᠬᠥᠮ ᠵᠶ᠋ᠠᠷ ᠲᠠᠨᠢᠯᠴᠠᠭᠤᠯᠪᠠ᠃


      ᠲᠣᠪᠴᠢᠶᠠᠨ ᠳᠠᠷᠤᠭ᠎ᠠ ᠵᠢᠨ ᠮᠠᠨ ᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠡᠮᠦᠨ᠎ᠡ᠎ᠠᠴᠠ ᠠᠵᠢᠯ᠎ᠠᠴᠠ᠎ᠪᠠᠨ ᠠᠮᠠᠷᠠᠭᠰᠠᠨ ᠠᠬᠠᠮᠠᠳ ᠺᠠᠳ᠋ᠷᠴᠤᠳ᠎ᠲᠤ ᠴᠠᠭ᠋ᠠᠨ ᠰᠠᠷ᠎ᠠ ᠵᠢᠨ ᠮᠡᠨᠳᠦᠴᠢᠯᠡᠯ   ᠳᠡᠪᠰᠢᠭᠦᠯᠦᠭᠰᠡᠨ ᠪᠥᠭᠡᠳ ᠠᠵᠢᠯ᠎ᠠᠴᠠ᠎ᠪᠠᠨ ᠠᠮᠠᠷᠠᠭᠰᠠᠨ ᠠᠬᠠᠮᠠᠳ ᠺᠠᠳ᠋ᠷᠴᠤᠳ᠎ᠲᠤ ᠲᠣᠬᠣᠨᠢᠭᠤᠯᠬᠤ ᠮᠥᠩᠭᠥ ᠭᠠᠷᠳᠠᠭᠤᠯᠪᠠ᠃ ᠲᠡᠷᠡ᠂ ᠠᠵᠢᠯ᠎ᠠᠴᠠ᠎ᠪᠠᠨ ᠠᠮᠠᠷᠠᠭᠰᠠᠨ ᠠᠬᠠᠮᠠᠳ ᠺᠠᠳ᠋ᠷᠴᠤᠳ ᠪᠣᠯ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠡᠷᠬᠢᠮ ᠨᠠᠨᠳᠢᠨ ᠥᠪ ᠬᠥᠷᠥᠩᠭᠡ ᠮᠥᠨ᠂ ᠶᠡᠷᠦᠩᠬᠡᠶ ᠱᠦᠵᠢ ᠰᠢ ᠵᠢᠨ ᠫᠢᠩ᠎ᠤᠨ ᠪᠥᠬᠥ ᠤᠯᠤᠰ᠎ᠤᠨ ᠠᠬᠠᠮᠠᠳ ᠺᠠᠳ᠋ᠷᠴᠤᠳ᠎ᠤᠨ ᠠᠵᠢᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠰᠤᠷᠤᠯᠴᠠᠨ ᠣᠶ᠋ᠢᠯᠠᠭ᠋ᠠᠵᠤ᠂ ᠠᠵᠢᠯ᠎ᠠᠴᠠ᠎ᠪᠠᠨ ᠠᠮᠠᠷᠠᠭᠰᠠᠨ ᠠᠬᠠᠮᠠᠳ ᠺᠠᠳ᠋ᠷᠴᠤᠳ᠎ᠲᠤ ᠰᠡᠳᠬᠢᠯ ᠳᠡᠯᠪᠢᠨ ᠦᠢ᠍ᠯᠡᠴᠢᠯᠡᠵᠦ᠂ ᠨᠠᠷᠢᠯᠢᠭ ᠣᠨᠣᠴᠠᠲᠠᠢ ᠦᠢ᠍ᠯᠡᠴᠢᠯᠡᠵᠦ᠂ ᠠᠵᠢᠯ᠎ᠠᠴᠠ᠎ᠪᠠᠨ ᠠᠮᠠᠷᠠᠭᠰᠠᠨ ᠠᠬᠠᠮᠠᠳ ᠺᠠᠳ᠋ᠷᠴᠤᠳ᠎ᠤᠨ ᠠᠩᠬᠠᠷᠴᠤ ᠪᠠᠶ᠋ᠢᠭ᠎ᠠ ᠪᠣᠳᠠᠲᠠᠶ ᠠᠰᠠᠭᠤᠳᠠᠯ᠎ᠢ ᠳᠠᠷᠤᠶ᠋ᠢᠬᠠᠨ ᠰᠢᠢ᠍ᠳᠪᠦᠷᠢᠯᠡᠨ ᠥᠭᠴᠦ᠂ ᠰᠤᠳᠤᠯᠤᠨ ᠲᠣᠭᠲᠠᠭ᠋ᠠᠬᠤ ᠴᠢᠬᠤᠯᠠᠲᠠᠶ ᠵᠢ   ᠳᠠᠷᠤᠶ ᠲᠦᠷᠭᠡᠨ ᠰᠤᠳᠤᠯᠵᠤ᠂ ᠤᠴᠢᠷ ᠶᠠᠪᠤᠳᠠᠯ ᠪᠦᠬᠦᠨ᠎ᠳᠤ ᠬᠠᠷᠢᠭᠤᠯᠲᠠ ᠥᠭᠴᠦ᠂ ᠤᠴᠢᠷ ᠶᠠᠪᠤᠳᠠᠯ ᠪᠦᠬᠦᠨ᠎ᠢ ᠨᠠᠶ᠋ᠢᠳᠠᠪᠤᠷᠢᠵᠢᠭᠤᠯᠵᠤ᠂ ᠠᠵᠢᠯ᠎ᠠᠴᠠ᠎ᠪᠠᠨ ᠠᠮᠠᠷᠠᠭᠰᠠᠨ ᠠᠬᠠᠮᠠᠳ ᠺᠠᠳ᠋ᠷᠴᠤᠳ᠎ᠢ ᠦᠨᠡᠨ ᠬᠦ᠌ ᠭᠦᠷᠳᠡᠭᠡᠮᠵᠢ ᠵᠢᠨ ᠲᠥᠷᠥᠭᠳᠡᠯ ᠪᠠ ᠵᠣᠯ ᠵᠢᠷᠭ᠋ᠠᠯᠲᠤ ᠲᠥᠷᠥᠭᠳᠡᠯ᠎ᠲᠠᠢ ᠪᠣᠯᠭ᠋ᠠᠬᠤ ᠬᠡᠷᠡᠭᠲᠡᠶ ᠭᠡᠪᠡ᠃


      ᠠᠵᠢᠯ᠎ᠠᠴᠠ᠎ᠪᠠᠨ ᠠᠮᠠᠷᠠᠭᠰᠠᠨ ᠠᠬᠠᠮᠠᠳ ᠺᠠᠳ᠋ᠷᠴᠤᠳ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ᠎ᠬᠢᠨ ᠬᠦᠨᠳᠦᠳᠬᠡᠵᠦ᠂ ᠬᠠᠯᠠᠮᠵᠢᠯᠠᠵᠤ᠂ ᠳᠤᠰᠠᠯᠠᠭᠰᠠᠭ᠋ᠠᠷ ᠢᠷᠡᠭᠰᠡᠨ᠎ᠳᠤ ᠴᠢᠩ ᠰᠡᠳᠬᠢᠯ᠎ᠠᠴᠠ᠎ᠪᠠᠨ ᠲᠠᠯᠠᠷᠬᠠᠵᠤ ᠪᠠᠶ᠋ᠢᠬᠤ᠎ᠪᠠᠨ ᠢᠯᠡᠳᠬᠡᠪᠡ᠃ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ ᠠᠵᠢᠯ᠎ᠠᠴᠠ᠎ᠪᠠᠨ ᠠᠮᠠᠷᠠᠭᠰᠠᠨ ᠠᠬᠠᠮᠠᠳ ᠺᠠᠳ᠋ᠷᠴᠤᠳ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠠᠵᠢᠯ᠎ᠠᠴᠠ᠎ᠪᠠᠨ ᠠᠮᠠᠷᠠᠭᠰᠠᠨ ᠠᠬᠠᠮᠠᠳ ᠺᠠᠳ᠋ᠷᠴᠤᠳ᠎ᠢ ᠬᠠᠯᠠᠮᠵᠢᠯᠠᠬᠤ ᠲᠠᠯ᠎ᠠ᠎ᠪᠠᠷ ᠠᠷᠭ᠎ᠠ ᠬᠡᠮᠵᠢᠶ᠎ᠡ ᠪᠦᠷᠢᠨ ᠭᠦᠢ᠍ᠴᠡᠳ᠂ ᠠᠵᠢᠯ᠎ᠠᠴᠠ᠎ᠪᠠᠨ ᠠᠮᠠᠷᠠᠭᠰᠠᠨ ᠠᠬᠠᠮᠠᠳ ᠺᠠᠳ᠋ᠷᠴᠤᠳ᠎ᠲᠤ ᠦᠢ᠍ᠯᠡᠴᠢᠯᠡᠬᠦ ᠲᠠᠯ᠎ᠠ᠎ᠪᠠᠷ ᠬᠠᠯᠠᠭᠤᠮᠰᠤᠭ ᠲᠣᠲᠤᠨᠤ ᠪᠠᠶ᠋ᠢᠵᠤ᠂ ᠠᠵᠢᠯ᠎ᠠᠴᠠ᠎ᠪᠠᠨ ᠠᠮᠠᠷᠠᠭᠰᠠᠨ ᠠᠬᠠᠮᠠᠳ ᠺᠠᠳ᠋ᠷᠴᠤᠳ᠎ᠤᠨ ᠪᠥᠬᠥ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠰ᠎ᠢ ᠬᠠᠯᠠᠮᠵᠢᠯᠠᠨ ᠳᠡᠮᠵᠢᠬᠦ ᠢᠳᠡᠪᠬᠢᠵᠢᠯ᠎ᠢ ᠭᠦᠢ᠍ᠴᠡᠳ ᠳᠠᠶ᠋ᠢᠴᠢᠯᠠᠪᠠ᠃ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠨᠢᠭᠡᠨ ᠭᠡᠰᠢᠭᠦᠨ ᠪᠣᠯᠤᠭᠰᠠᠨ᠎ᠤ ᠬᠤᠪᠢ᠎ᠳᠤ ᠤᠬᠠᠮᠰᠠᠷ᠎ᠠᠴᠠ᠎ᠪᠠᠨ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠨᠠᠮ᠎ᠤᠨ ᠦᠭᠡ ᠵᠢ ᠡᠷᠡᠰ ᠰᠣᠨᠣᠰᠴᠤ᠂ ᠨᠠᠮ ᠵᠶ᠋ᠠᠨ ᠳᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠰ᠎ᠤᠨ ᠴᠢᠨᠠᠷᠯᠢᠭ ᠬᠥᠭᠵᠢᠯᠲᠡ᠎ᠳᠤ ᠥᠪᠡᠷ᠎ᠤᠨ ᠬᠤᠪᠢ ᠨᠡᠮᠡᠷᠢ᠎ᠪᠠᠨ ᠦᠵᠡᠭᠦᠯᠦᠨ᠎ᠡ ᠭᠡᠵᠡᠭᠡᠪᠡ᠃


      ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠪᠠᠶ᠋ᠢᠭᠤᠯᠭ᠎ᠠ ᠵᠢᠨ ᠨᠠᠮ᠎ᠤᠨ ᠬᠣᠷᠢᠶ᠎ᠠ (ᠠᠵᠢᠯᠲᠠᠨ᠎ᠤ ᠭᠠᠵᠠᠷ) ᠵᠢᠨ ᠬᠠᠷᠢᠭᠤᠴᠠᠯᠭ᠋ᠠᠲᠠᠨ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡᠨ᠎ᠤ ᠲᠥᠪ᠎ᠤᠨ ᠪᠠᠭ᠎ᠤᠨ ᠬᠡᠰᠢᠭᠦᠳ ᠵᠢᠴᠢ ᠳᠣᠪᠴᠢᠶᠠᠨ᠎ᠤ ᠰᠢᠰᠲ᠋ᠧᠮ᠎ᠤᠨ ᠠᠵᠢᠯ᠎ᠠᠴᠠ᠎ᠪᠠᠨ ᠠᠮᠠᠷᠠᠭᠰᠠᠨ ᠠᠬᠠᠮᠠᠳ ᠺᠠᠳ᠋ᠷ᠎ᠤᠨ ᠠᠵᠢᠯᠲᠠᠳ ᠰᠠᠭᠤᠳᠠᠯ᠎ᠤᠨ ᠬᠤᠷᠠᠯ᠎ᠳᠤ ᠣᠷᠣᠯᠴᠠᠪᠠ᠃



                       



ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ 2023 ᠣᠨ᠎ᠤ ᠪᠥᠬᠥ ᠣᠷᠣᠨ᠎ᠤ ᠪᠥᠬᠥ ᠠᠷᠠᠳ᠎ᠤᠨ ᠳᠠᠭ᠋ᠠᠳᠬᠠᠯ᠎ᠳᠤ ᠣᠷᠣᠯᠴᠠᠬᠤ ᠲᠥᠯᠥᠪᠯᠡᠭᠡ ᠵᠢ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ ᠶᠠᠪᠤᠭᠤᠯᠪᠠ
 
            