ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ 2023 ᠣᠨ᠎ᠤ ᠪᠥᠬᠥ ᠣᠷᠣᠨ᠎ᠤ ᠪᠥᠬᠥ ᠠᠷᠠᠳ᠎ᠤᠨ ᠳᠠᠭ᠋ᠠᠳᠬᠠᠯ᠎ᠳᠤ ᠣᠷᠣᠯᠴᠠᠬᠤ ᠲᠥᠯᠥᠪᠯᠡᠭᠡ ᠵᠢ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ ᠶᠠᠪᠤᠭᠤᠯᠪᠠ
ᠨᠡᠶ᠋ᠢᠲᠡᠯᠡᠭᠰᠡᠨ ᠴᠠᠭ᠄ 2023-09-01

   ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠪᠥᠬᠥ ᠠᠷᠠᠳ ᠵᠶ᠋ᠠᠷ ᠵᠶ᠋ᠠᠨ ᠳᠠᠭ᠋ᠠᠳᠬᠠᠯ᠎ᠳᠤ ᠣᠷᠣᠯᠴᠠᠬᠤ ᠲᠥᠯᠥᠪᠯᠡᠭᠡ ᠵᠢ ᠭᠦᠨᠵᠡᠭᠡᠶ ᠠᠬᠢᠭᠤᠯᠵᠤ᠂ ᠦᠨᠳᠦᠰᠦᠨ ᠡᠮᠴᠢᠯᠡᠭᠡᠨ᠎ᠤ ᠪᠠᠲᠤᠯᠠᠭ᠎ᠠ ᠵᠢᠨ ᠪᠥᠬᠥ ᠠᠷᠠᠳ᠎ᠢ ᠬᠠᠮᠤᠷᠬᠤ ᠵᠢ ᠪᠡᠬᠢᠵᠢᠭᠦᠯᠦᠨ᠂ ᠣᠯᠠᠨ ᠲᠦᠮᠡᠨ᠎ᠤ ᠳᠠᠭ᠋ᠠᠳᠬᠠᠯ᠎ᠳᠤ ᠣᠷᠣᠯᠴᠠᠵᠤ ᠰᠦᠢ᠍ᠳᠭᠡᠯ ᠲᠤᠰᠢᠶᠠᠬᠤ ᠢᠳᠡᠪᠬᠢᠵᠢᠯ᠎ᠢ ᠦᠨᠡᠨᠬᠦ ᠳᠠᠶ᠋ᠢᠴᠢᠯᠠᠵᠤ᠂ ᠪᠥᠬᠥ ᠠᠷᠠᠳ ᠵᠶ᠋ᠠᠷ ᠵᠶ᠋ᠠᠨ ᠳᠠᠭ᠋ᠠᠳᠬᠠᠯ᠎ᠳᠤ ᠣᠷᠣᠯᠴᠠᠬᠤ ᠶᠠᠰᠤ ᠴᠢᠨᠠᠷ᠎ᠢ ᠳᠡᠭᠡᠭᠰᠢᠯᠡᠭᠦᠯᠦᠨ᠂ ᠳᠠᠭ᠋ᠠᠳᠬᠠᠯ᠎ᠳᠤ ᠣᠷᠣᠯᠴᠠᠭᠰᠠᠨ ᠣᠯᠠᠨ ᠲᠦᠮᠡᠨ᠎ᠤ ᠡᠷᠬᠡ ᠠᠰᠢᠭ᠎ᠢ ᠪᠠᠲᠤᠯᠠᠬᠤ ᠵᠢᠨ ᠲᠤᠰᠠᠳᠠ 9 ᠳ᠋ᠦ᠍ᠭᠡᠷ ᠰᠠᠷ᠎ᠠ ᠵᠢᠨ 1᠎ᠤ ᠡᠳᠦᠷ᠎ᠤᠨ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠨᠢ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ ᠪᠣᠯᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ ᠵᠢᠴᠢ ᠬᠥᠬᠡᠬᠣᠲᠠ᠂ ᠰᠠᠶ᠋ᠢᠬᠠᠨ ᠲᠣᠭᠣᠷᠢᠭ ᠭᠤᠷᠪᠠᠨ ᠱᠠᠲᠤᠨ᠎ᠤ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠠᠢ ᠬᠠᠮᠲᠤᠷᠠᠨ 《ᠪᠦᠬᠦ ᠠᠷᠠᠳ ᠵᠶ᠋ᠠᠷ ᠵᠶ᠋ᠠᠨ ᠡᠮ ᠡᠮᠨᠡᠯᠭᠡ ᠵᠢᠨ ᠳᠠᠭ᠋ᠠᠳᠬᠠᠯ᠎ᠳᠤ ᠭᠠᠷ ᠭᠠᠷ ᠵᠶ᠋ᠠᠨ ᠬᠣᠯᠪᠣᠯᠴᠠᠨ᠂ ᠡᠮ ᠡᠮᠨᠡᠯᠭᠡ ᠵᠢᠨ ᠳᠠᠭ᠋ᠠᠳᠬᠠᠯ᠎ᠳᠤ ᠰᠡᠳᠬᠢᠯ ᠵᠢᠷᠦᠬᠡ᠎ᠪᠠᠨ ᠬᠣᠯᠪᠣᠯᠴᠠᠨ᠎ᠠ》 ᠭᠡᠬᠦ ᠭᠤᠤᠯ ᠰᠡᠳᠦᠪ ᠪᠣᠯᠭ᠋ᠠᠭᠰᠠᠨ ᠪᠥᠬᠥ ᠣᠷᠣᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ ᠵᠶ᠋ᠠᠷ ᠪᠥᠬᠥ ᠠᠷᠠᠳ ᠵᠶ᠋ᠠᠷ ᠵᠶ᠋ᠠᠨ ᠳᠠᠭ᠋ᠠᠳᠬᠠᠯ᠎ᠳᠤ ᠣᠷᠣᠯᠴᠠᠬᠤ ᠲᠥᠯᠥᠪᠯᠡᠭᠡ ᠵᠢ ᠲᠥᠪᠯᠡᠷᠡᠭᠦᠯᠦᠨ ᠤᠬᠠᠭᠤᠯᠬᠤ ᠰᠠᠷ᠎ᠠ ᠵᠢᠨ ᠡᠬᠢᠯᠡᠯᠲᠡ ᠵᠢᠨ ᠶᠣᠰᠣᠯᠠᠯ᠎ᠢ ᠡᠷᠭᠢᠯᠡᠪᠡ᠃


医保护航心连心41.jpg


   ᠡᠬᠢᠯᠡᠯᠲᠡ ᠵᠢᠨ ᠶᠣᠰᠣᠯᠠᠯ᠎ᠨᠢ ᠪᠣᠰᠣᠭ᠎ᠠ ᠴᠣᠭᠴᠠᠲᠤ ᠣᠯᠠᠨ ᠶᠠᠩᠵᠤ ᠵᠢᠨ ᠪᠦᠬᠦ ᠠᠷᠠᠳ᠎ᠤᠨ ᠳᠠᠭ᠋ᠠᠳᠬᠠᠯ᠎ᠳᠤ ᠣᠷᠣᠯᠴᠠᠬᠤ ᠤᠬᠠᠭᠤᠯᠭ᠎ᠠ ᠵᠢᠨ ᠪᠠᠶ᠋ᠢᠷᠢᠰᠢᠯ᠎ᠢ ᠪᠦᠷᠢᠯᠳᠦᠭᠦᠯᠬᠦ ᠵᠢ ᠠᠬᠢᠭᠤᠯᠤᠨ᠎ᠠ᠂ 《ᠪᠦᠬᠦ ᠠᠷᠠᠳ ᠵᠶ᠋ᠠᠷ ᠵᠶ᠋ᠠᠨ ᠡᠮ ᠡᠮᠨᠡᠯᠭᠡ ᠵᠢᠨ ᠳᠠᠭ᠋ᠠᠳᠬᠠᠯ᠎ᠳᠤ ᠭᠠᠷ ᠭᠠᠷ ᠵᠶ᠋ᠠᠨ ᠬᠣᠯᠪᠣᠯᠴᠠᠨ᠂ ᠡᠮ ᠡᠮᠨᠡᠯᠭᠡ ᠵᠢᠨ ᠳᠠᠭ᠋ᠠᠳᠬᠠᠯ᠎ᠳᠤ ᠰᠡᠳᠬᠢᠯ ᠵᠢᠷᠦᠬᠡ᠎ᠪᠠᠨ ᠬᠣᠯᠪᠣᠯᠴᠠᠨ᠎ᠠ》 ᠭᠡᠬᠦ ᠭᠤᠤᠯ ᠰᠡᠳᠦᠪ᠎ᠤᠨ ᠲᠣᠭᠣᠷᠢᠨ᠎ᠳᠤ᠂ ᠠᠵᠢᠯᠯᠠᠭ᠎ᠠ ᠵᠢᠨ ᠲᠤᠬᠠᠶ ᠵᠢᠨ ᠲᠠᠯᠠᠪᠠᠢ᠎ᠳᠤ ᠡᠮ ᠡᠮᠨᠡᠯᠭᠡ ᠵᠢᠨ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠲᠣᠬᠢᠷᠠᠭᠤᠯᠪᠠ᠂ ᠡᠮ ᠡᠮᠨᠡᠯᠭᠡ ᠵᠢᠨ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠦᠢ᠍ᠯᠡᠴᠢᠯᠡᠭᠡᠨ᠎ᠤ ᠵᠥᠪᠯᠡᠯᠭᠡ᠂ ᠮᠡᠬᠡᠯᠡᠨ ᠬᠢᠬᠠᠬᠤ ᠳᠠᠭ᠋ᠠᠳᠬᠠᠯ ᠮᠡᠬᠡᠯᠡᠬᠦ᠎ᠳᠤ ᠴᠣᠬᠢᠯᠲᠠ ᠥᠭᠬᠦ ᠤᠬᠠᠭᠤᠯᠭ᠎ᠠ᠂ ᠳᠠᠭ᠋ᠠᠳᠬᠠᠯ᠎ᠳᠤ ᠣᠷᠣᠯᠴᠠᠵᠤ ᠰᠦᠢ᠍ᠳᠭᠡᠯ ᠲᠤᠰᠢᠶᠠᠬᠤ ᠠᠵᠢᠯᠯᠠᠭ᠋ᠠᠨ᠎ᠤ ᠶᠠᠪᠤᠴᠠ᠂ ᠡᠷᠡᠭᠦᠯ ᠮᠡᠨᠳᠦ ᠵᠢᠨ ᠠᠯᠪᠠᠨ ᠵᠢᠷᠤᠮ᠎ᠤᠨ ᠡᠮᠴᠢᠯᠡᠭᠡ ᠵᠡᠷᠭᠡ ᠣᠯᠠᠨ ᠬᠥᠳᠡᠯᠭᠡᠭᠡᠨ᠎ᠤ ᠲᠤᠰᠬᠠᠶ ᠣᠷᠣᠨ᠂ ᠮᠠᠲ᠋ᠧᠷᠢᠶᠠᠯ ᠲᠠᠷᠬᠠᠭ᠋ᠠᠬᠤ᠎ᠪᠠᠷ ᠳᠠᠮᠵᠢᠨ᠂ ᠡᠯᠭᠦᠮᠡᠯ ᠬᠥᠨᠳᠡᠯᠡᠨ ᠪᠢᠴᠢᠭᠡᠰᠦ᠂ ᠳᠠᠭᠤᠨ ᠳᠠᠪᠲᠠᠮᠵᠢ ᠨᠡᠪᠲᠡᠷᠡᠭᠦᠯᠬᠦ᠂ ᠤᠬᠠᠭᠤᠯᠭ᠎ᠠ ᠵᠢᠨ ᠰᠠᠮᠪᠠᠷ᠎ᠠ ᠵᠡᠷᠭᠡ ᠠᠮᠢᠳᠤᠯᠢᠭ ᠣᠯᠠᠨ ᠶᠠᠩᠵᠤ ᠵᠢᠨ ᠬᠡᠯᠪᠡᠷᠢ ᠵᠢ ᠲᠥᠪᠯᠡᠷᠡᠭᠦᠯᠦᠨ ᠳᠡᠯᠭᠡᠨ ᠦᠵᠡᠭᠦᠯᠵᠦ ᠤᠬᠠᠭᠤᠯᠭ᠎ᠠ ᠥᠷᠨᠢᠭᠦᠯᠦᠨ᠎ᠡ᠂ ᠣᠯᠠᠨ ᠲᠦᠮᠡᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢ ᠣᠶ᠋ᠢᠯᠠᠭ᠋ᠠᠬᠤ ᠨᠣᠷᠮ᠎ᠠ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠥᠯᠥᠭᠡ ᠶᠤᠮ᠂ ᠪᠥᠬᠥ ᠨᠡᠶ᠋ᠢᠭᠡᠮ ᠵᠶ᠋ᠠᠷ ᠵᠶ᠋ᠠᠨ ᠰᠠᠨᠠᠭ᠋ᠠᠴᠢᠯᠠᠭ᠎ᠠ᠎ᠠᠴᠠ᠎ᠪᠠᠨ ᠡᠮ ᠡᠮᠨᠡᠯᠭᠡ ᠵᠢᠨ ᠳᠠᠭ᠋ᠠᠳᠬᠠᠯ᠎ᠢ ᠠᠩᠬᠠᠷᠬᠤ ᠬᠡᠷᠡᠭᠲᠡᠶ᠂ ᠤᠬᠠᠮᠰᠠᠷ᠎ᠠᠴᠠ᠎ᠪᠠᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠬᠤ ᠰᠠᠶ᠋ᠢᠨ ᠰᠠᠶ᠋ᠢᠬᠠᠨ ᠠᠭᠤᠷ ᠠᠮᠢᠰᠬᠤᠯ ᠎ᠢ ᠪᠤᠢ ᠪᠣᠯᠭ᠋ᠠᠬᠤ ᠵᠢᠨ ᠲᠦᠯᠦᠭᠡ ᠶᠤᠮ᠃


医保护航心连心42.jpg


   ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠼᠠᠢ ᠬᠣᠩ ᠢᠦᠶ ᠠᠵᠢᠯᠯᠠᠭ᠎ᠠ᠎ᠳᠤ ᠣᠷᠣᠯᠴᠠᠭᠰᠠᠨ ᠪᠥᠭᠡᠳ ᠪᠠᠶᠠᠷ᠎ᠤᠨ ᠦᠭᠡ ᠬᠡᠯᠡᠵᠦ᠂ ᠡᠮᠴᠢᠯᠡᠭᠡᠨ᠎ᠤ ᠪᠠᠲᠤᠯᠠᠭ᠎ᠠ ᠪᠣᠯ ᠣᠯᠠᠨ ᠲᠦᠮᠡᠨ᠎ᠤ ᠡᠪᠡᠳᠴᠢᠨ ᠦᠵᠡᠭᠦᠯᠬᠦ ᠳᠠᠷᠤᠭ᠋ᠠᠰᠤ ᠵᠢ ᠬᠥᠩᠭᠡᠷᠡᠭᠦᠯᠬᠦ᠂ ᠠᠷᠠᠳ᠎ᠤᠨ ᠠᠮᠢᠳᠤᠷᠠᠯ᠎ᠤᠨ ᠠᠵᠠ ᠵᠢᠷᠭ᠋ᠠᠯ᠎ᠢ ᠨᠡᠮᠡᠭᠳᠡᠭᠦᠯᠬᠦ᠂ ᠨᠡᠶ᠋ᠢᠭᠡᠮ᠎ᠤᠨ ᠡᠶ᠎ᠡ ᠵᠣᠬᠢᠴᠠᠩᠭᠤᠶ ᠲᠣᠭᠲᠠᠭᠤᠨ᠎ᠢ ᠬᠠᠮᠠᠭ᠋ᠠᠯᠠᠬᠤ ᠴᠢᠬᠤᠯᠠ ᠶᠡᠬᠡ ᠲᠦᠷᠢᠮ᠎ᠤᠨ ᠲᠣᠬᠢᠷᠠᠭᠤᠯᠤᠯᠲᠠ ᠮᠥᠨ᠃ ᠪᠥᠬᠥ ᠣᠷᠣᠨ᠎ᠤ ᠡᠯ᠎ᠡ ᠱᠠᠲᠤᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ᠎ᠤᠳ ᠪᠥᠬᠥ ᠠᠷᠠᠳ ᠵᠶ᠋ᠠᠷ ᠵᠶ᠋ᠠᠨ ᠳᠠᠭ᠋ᠠᠳᠬᠠᠯ᠎ᠳᠤ ᠣᠷᠣᠯᠴᠠᠬᠤ ᠵᠢ ᠲᠡᠷᠢᠭᠦᠨ ᠴᠢᠬᠤᠯᠠ ᠡᠭᠦᠷᠭᠡ ᠪᠠ ᠰᠠᠭᠤᠷᠢ ᠠᠵᠢᠯ ᠪᠣᠯᠭ᠋ᠠᠨ ᠠᠳᠬᠤᠵᠤ᠂ ᠵᠠᠰᠠᠭ᠎ᠤᠨ ᠣᠷᠳᠣᠨ ᠵᠶ᠋ᠠᠷ ᠭᠤᠤᠯᠯᠠᠭᠤᠯᠬᠤ ᠵᠢ ᠪᠠᠷᠢᠮᠲᠠᠯᠠᠨ᠂ ᠰᠠᠯᠠᠭ᠎ᠠ ᠮᠥᠴᠢᠷ ᠬᠠᠮᠵᠢᠯᠴᠠᠬᠤ ᠵᠢ ᠴᠢᠩᠭ᠋ᠠᠳᠬᠠᠵᠤ᠂ 《ᠳᠥᠷᠪᠡᠨ ᠱᠠᠲᠤ ᠬᠠᠮᠲᠤᠷᠠᠨ ᠬᠥᠳᠡᠯᠦᠯᠴᠡᠬᠦ》 ᠵᠢ ᠪᠡᠶᠡᠯᠡᠭᠦᠯᠦᠨ᠂ ᠭᠤᠤᠯᠳᠠᠯᠭ᠎ᠠ᠎ᠲᠠᠢ ᠬᠥᠮᠦᠰ᠎ᠢ ᠨᠢᠭᠲᠠ ᠠᠩᠬᠠᠷᠴᠤ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠨ᠂ ᠭᠠᠷᠲᠠᠨ ᠭᠦᠢ᠍ᠴᠡᠳᠭᠡᠬᠦ ᠦᠢ᠍ᠯᠡᠴᠢᠯᠡᠭᠡ ᠵᠢ ᠰᠢᠯᠢᠳᠡᠭᠵᠢᠭᠦᠯᠵᠦ᠂ ᠦᠨᠳᠦᠰᠦᠨ ᠡᠮᠴᠢᠯᠡᠭᠡᠨ᠎ᠤ ᠪᠠᠲᠤᠯᠠᠭ᠎ᠠ ᠵᠢᠨ ᠪᠥᠬᠥ ᠠᠷᠠᠳ᠎ᠢ ᠬᠠᠮᠤᠷᠬᠤ᠂ ᠪᠠᠲᠤᠯᠠᠬᠤ ᠶᠣᠰᠣᠲᠠᠶ ᠵᠢ᠎ᠨᠢ ᠪᠦᠬᠦᠨ᠎ᠢ ᠪᠠᠲᠤᠯᠠᠬᠤ ᠦᠷ᠎ᠡ ᠪᠦᠲᠦᠮᠵᠢ ᠵᠢ ᠦᠷᠭᠦᠯᠵᠢᠯᠡᠨ ᠪᠡᠬᠢᠵᠢᠭᠦᠯᠬᠦ ᠬᠡᠷᠡᠭᠲᠡᠶ᠃

   ᠬᠥᠬᠡᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠲᠥᠯᠥᠭᠡᠯᠡᠭᠴᠢ᠂ ᠹᠦ᠋ ᠹᠸᠩ ᠠᠮᠢᠳᠤ ᠪᠣᠳᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠲᠥᠯᠥᠭᠡᠯᠡᠭᠴᠢ ᠲᠤᠰ ᠲᠤᠰ ᠣᠪᠣᠷ ᠵᠶ᠋ᠠᠨ ᠢᠯᠡᠳᠬᠡᠬᠦ ᠦᠭᠡ ᠬᠡᠯᠡᠪᠡ᠃

   ᠲᠣᠰ ᠤᠳᠠᠭ᠋ᠠᠨ᠎ᠤ ᠲᠥᠪᠯᠡᠷᠡᠩᠭᠦᠶ ᠤᠬᠠᠭᠤᠯᠭ᠎ᠠ ᠵᠢ ᠰᠠᠷ᠎ᠠ ᠡᠬᠢᠯᠡᠭᠦᠯᠦᠭᠰᠡᠨ᠎ᠤ ᠳᠠᠷᠠᠭ᠎ᠠ 1 ᠰᠠᠷ᠎ᠠ ᠦᠷᠭᠦᠯᠵᠢᠯᠡᠨ᠎ᠡ᠃ ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠤᠬᠠᠭᠤᠯᠬᠤ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠵᠤ᠂ ᠪᠥᠬᠥ ᠠᠷᠠᠳ ᠵᠶ᠋ᠠᠷ ᠵᠶ᠋ᠠᠨ ᠳᠠᠭ᠋ᠠᠳᠬᠠᠯ᠎ᠳᠤ ᠣᠷᠣᠯᠴᠠᠬᠤ ᠲᠥᠯᠥᠪᠯᠡᠭᠡ ᠵᠢ ᠤᠯᠠᠮ ᠨᠢᠭᠡ ᠠᠯᠬᠤᠮ ᠨᠠᠶ᠋ᠢᠳᠠᠪᠤᠷᠢᠵᠢᠭᠤᠯᠤᠨ᠂ ᠪᠠᠶ᠋ᠢᠩᠭᠤ ᠰᠠᠭᠤᠭ᠎ᠠ ᠬᠥᠮᠦᠨ ᠠᠮᠠ ᠪᠣᠯᠤᠨ ᠡᠷᠦᠬᠡ ᠠᠮᠠ ᠵᠢᠨ ᠬᠠᠷᠢᠶ᠎ᠠ᠎ᠲᠠᠢ ᠬᠥᠮᠦᠨ ᠠᠮᠠ ᠵᠢᠨ ᠬᠠᠤᠯᠢ ᠶᠣᠰᠣᠭ᠋ᠠᠷ ᠳᠠᠭ᠋ᠠᠳᠬᠠᠯ᠎ᠳᠤ ᠣᠷᠣᠯᠴᠠᠬᠤ᠂ ᠪᠠᠲᠤᠯᠠᠪᠠᠰᠤ ᠵᠣᠬᠢᠬᠤ ᠵᠢ᠎ᠨᠢ ᠪᠦᠬᠦᠨ᠎ᠢ ᠪᠠᠲᠤᠯᠠᠬᠤ ᠵᠢ ᠪᠡᠶᠡᠯᠡᠭᠦᠯᠬᠦ ᠵᠢ ᠠᠬᠢᠭᠤᠯᠤᠭᠰᠠᠨ ᠰᠠᠭᠤᠷᠢᠨ ᠳᠡᠭᠡᠷ᠎ᠡ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠦᠷᠭᠦᠯᠵᠢᠯᠡᠨ ᠰᠢᠯᠢᠳᠡᠭᠵᠢᠭᠦᠯᠵᠦ᠂ ᠣᠯᠭᠣᠮᠵᠢ ᠵᠢᠨ ᠪᠠᠷᠢᠮᠵᠢᠶ᠎ᠠ ᠵᠢ ᠯᠠᠪᠳᠠᠭᠤᠨ ᠵᠶ᠋ᠠᠷ ᠳᠡᠭᠡᠭᠰᠢᠯᠡᠭᠦᠯᠦᠨ᠂   ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠦᠨᠡᠨ ᠬᠦ᠌ ᠳᠡᠭᠡᠭᠰᠢᠯᠡᠭᠦᠯᠵᠦ᠂ ᠪᠥᠬᠥ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠠᠴᠠ ᠳᠣᠪᠴᠢᠶᠠᠨ᠎ᠤ ᠰᠢᠰᠲ᠋ᠧᠮ᠎ᠤᠨ ᠠᠵᠢᠯ᠎ᠠᠴᠠ᠎ᠪᠠᠨ ᠠᠮᠠᠷᠠᠭᠰᠠᠨ ᠠᠬᠠᠮᠠᠳ ᠺᠠᠳ᠋ᠷᠴᠤᠳ᠎ᠤᠨ ᠴᠠᠭ᠋ᠠᠨ ᠰᠠᠷ᠎ᠠ᠎ᠪᠠᠨ ᠤᠭᠲᠤᠬᠤ ᠰᠠᠭᠤᠳᠠᠯ᠎ᠤᠨ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠪᠠ
ᠪᠥᠬᠥ ᠣᠷᠣᠨ᠎ᠤ ᠡᠮ᠎ᠤᠨ ᠵᠦᠢ᠍ᠯ᠎ᠤᠨ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯᠯᠠᠭ᠎ᠠ ᠵᠢ ᠵᠠᠳᠠᠯᠬᠤ ᠬᠤᠷᠠᠯ᠎ᠢ ᠬᠤᠷᠠᠯᠳᠤᠭᠤᠯᠪᠠ
ᠤᠯᠤᠰ᠎ᠤᠨ ᠡᠮᠴᠢᠯᠡᠭᠡ ᠵᠢᠨ ᠪᠠᠳᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ ᠤᠯᠠᠭ᠋ᠠᠨᠬᠠᠳᠠ᠎ᠳᠤ ᠵᠢᠩᠬᠢᠨᠢ᠎ᠪᠠᠷ ᠠᠰᠢᠭᠯᠠᠯᠲᠠ᠎ᠳᠤ ᠣᠷᠣᠪᠠ!
ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠢ ᠣᠷᠳᠣᠰ ᠬᠣᠲᠠ᠎ᠳᠤ ᠰᠦᠯᠵᠢᠶᠡᠨ᠎ᠳᠤ ᠣᠷᠣᠭᠤᠯᠤᠨ ᠠᠵᠢᠯᠯᠠᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠷᠭᠤᠳᠤᠭ᠋ᠠᠷ ᠪᠦᠯᠦᠭ᠎ᠤᠨ ᠰᠢᠨ᠎ᠡ᠎ᠪᠠᠷ ᠨᠡᠮᠡᠭᠳᠡᠭᠰᠡᠨ ᠳᠥᠷᠪᠡᠳᠦᠭᠡᠷ ᠪᠦᠯᠦᠭ᠎ᠤᠨ ᠡᠮᠴᠢᠯᠡᠭᠡᠨ᠎ᠤ ᠦᠢ᠍ᠯᠡᠴᠢᠯᠡᠭᠡ ᠵᠢᠨ ᠲᠥᠷᠥᠯ ᠵᠦᠢ᠍ᠯ᠎ᠳᠤ ᠬᠥᠳᠡᠯᠦᠩᠭᠦᠶ᠎ᠪᠠᠷ ᠲᠣᠬᠢᠷᠠᠭᠤᠯᠤᠯᠲᠠ ᠬᠢᠬᠦ ᠲᠤᠰᠬᠠᠶ ᠮᠡᠷᠭᠡᠵᠢᠯᠲᠡᠨ᠎ᠤ ᠨᠤᠲᠠᠯᠠᠯᠲᠠ ᠵᠢᠨ ᠬᠤᠷᠠᠯ ᠪᠠ ᠬᠡᠰᠡᠭ ᠵᠣᠬᠢᠶᠠᠮᠠᠯ ᠦᠶ᠎ᠡ ᠭᠡᠰᠢᠭᠦᠤ ᠵᠢ ᠰᠣᠯᠢᠬᠤ ᠮᠡᠰᠡ ᠵᠠᠰᠠᠯ᠎ᠤᠨ ᠦᠨ᠎ᠡ ᠬᠠᠩᠰᠢ᠎ᠳᠤ ᠲᠤᠰᠬᠠᠶ ᠲᠣᠬᠢᠷᠠᠭᠤᠯᠤᠯᠲᠠ ᠬᠢᠬᠦ ᠪᠣᠯᠪᠠᠰᠤᠷᠠᠯ᠎ᠤᠨ ᠠᠩᠬᠢ ᠡᠷᠬᠢᠯᠡᠪᠡ
 
            