ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠲᠠᠯᠠᠨ ᠲᠠᠪᠤᠨ ᠵᠢᠯ ᠡᠷᠡᠮᠡᠬᠡᠶ᠋ᠢᠯᠡᠨ ᠲᠡᠮᠡᠴᠡᠵᠦ ᠦᠷᠭᠦᠯᠵᠢᠯᠡᠨ ᠴᠡᠴᠡᠭᠯᠡᠨ ᠤᠷᠤᠭᠰᠢᠯᠠᠵᠤ ᠦᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠢ᠌ᠭᠤᠯᠤᠭᠳᠠᠭᠰᠠᠨ 75 ᠵᠢᠯ᠎ᠤᠨ ᠤᠢ᠎ᠳᠤ ᠪᠡᠯᠡᠭ ᠬᠦᠷᠭᠡᠪᠡ
ᠨᠡᠶ᠋ᠢᠲᠡᠯᠡᠭᠰᠡᠨ ᠴᠠᠭ᠄ 2024-09-30

  2024 ᠣᠨ ᠪᠣᠯ  ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠢ᠌ᠭᠤᠯᠤᠭᠳᠠᠭᠰᠠᠨ 75 ᠵᠢᠯ᠎ᠤᠨ ᠣᠢ ᠪᠠᠢ᠌ᠵᠤ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭᠤᠯᠭ᠎ᠠ ᠵᠢᠨ ᠠᠵᠢᠯ᠎ᠤᠨ ᠬᠤᠷᠢᠶ᠎ᠠ᠎ᠠᠴᠠ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠵᠢ ᠵᠣᠬᠢᠶᠠᠨ ᠪᠠᠶ᠋ᠢᠭᠤᠯᠵᠤ ᠤᠷᠠᠨ ᠰᠠᠶ᠋ᠢᠬᠠᠨ᠎ᠤ ᠬᠠᠮᠲᠤᠷᠠᠭᠰᠠᠨ ᠲᠣᠭᠯᠠᠯᠲᠠ ᠭᠠᠷᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠢᠳᠡᠪᠬᠢᠲᠡᠶ ᠴᠤᠤᠷᠢᠶᠠᠲᠤᠨ ᠳᠠᠭ᠋ᠠᠵᠤ᠂ ᠺᠠᠳ᠋ᠷ ᠠᠵᠢᠯᠲᠠᠨ ᠠᠵᠢᠯᠴᠢᠨ᠎ᠢ ᠵᠣᠬᠢᠶᠠᠨ ᠪᠠᠢ᠌ᠭᠤᠯᠵᠤ  ᠠᠵᠢᠯ᠎ᠤᠨ ᠴᠢᠯᠥᠭᠡᠨ᠎ᠤ ᠴᠠᠭ ᠵᠶ᠋ᠠᠨ ᠠᠰᠢᠭᠯᠠᠨ 《ᠮᠡᠯᠡᠷᠡᠩ ᠴᠡᠴᠡᠭ᠎ᠤᠨ ᠳᠡᠯᠭᠡᠷᠡᠯᠲᠡ •  ᠪᠠᠳᠠᠷᠠᠨ ᠬᠥᠭᠵᠢᠭᠰᠡᠨ ᠡᠷᠡᠨ》᠎ᠢ ᠨᠠᠷᠢᠨ ᠬᠢᠨᠠᠮᠠᠭ᠋ᠠᠢ  ᠪᠣᠯᠪᠠᠰᠤᠷᠠᠵᠤ᠂ ᠣᠯᠠᠨ ᠡᠭᠡᠯᠵᠢ ᠵᠢᠨ ᠰᠢᠯᠭ᠋ᠠᠷᠠᠭᠤᠯᠤᠯᠲᠠ᠎ᠪᠠᠷ ᠳᠡᠮᠵᠢᠨ᠂ 8 ᠳ᠋ᠤᠭ᠋ᠠᠷ ᠰᠠᠷ᠎ᠠ ᠵᠢᠨ 16᠎ᠤ ᠡᠳᠦᠷ᠎ᠤᠨ ᠣᠷᠣᠶ ᠥᠪᠥᠷ ᠮᠣᠩᠭᠤᠯ᠎ᠤᠨ ᠣᠯᠠᠨ ᠲᠦᠮᠡᠨ᠎ᠤ ᠤᠷᠠᠯᠢᠭ᠎ᠤᠨ ᠣᠷᠳᠣᠨ᠎ᠳᠤ ᠲᠣᠭᠯᠠᠯᠲᠠ ᠭᠠᠷᠭ᠋ᠠᠭᠰᠠᠨ ᠪᠥᠭᠡᠳ ᠳᠡᠭᠦᠯᠢᠯᠲᠡ ᠬᠠᠮ ᠵᠠᠭᠤᠴᠢᠯᠠᠭᠤᠷ᠎ᠲᠤ ᠪᠥᠬᠦ ᠶᠠᠪᠤᠴᠠ᠎ᠪᠠᠷ ᠰᠢᠭᠤᠳ ᠨᠡᠪᠲᠡᠷᠡᠭᠦᠯᠪᠡ᠃


75周年华诞献礼1.jpg


   ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠲᠣᠰ ᠤᠳᠠᠭ᠋ᠠᠨ᠎ᠤ ᠠᠵᠢᠯᠲᠠᠨ ᠠᠵᠢᠯᠴᠢᠨ᠎ᠤ ᠤᠷᠠᠨ ᠰᠠᠶ᠋ᠢᠬᠠᠨ᠎ᠤ ᠲᠣᠭᠯᠠᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠲᠣᠪᠴᠢᠶ᠎ᠠ ᠵᠢᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷ ᠠᠵᠢᠯᠲᠠᠨ᠎ᠤ ᠴᠤᠭ ᠪᠠᠳᠠᠷᠠᠩᠭᠤᠶ ᠥᠭᠡᠳᠡᠯᠡᠨ ᠳᠠᠪᠰᠢᠬᠤ ᠣᠶᠤᠨ ᠰᠠᠨᠠᠭ᠋ᠠᠨ᠎ᠤ ᠳᠦᠷᠰᠦ ᠪᠠᠢ᠌ᠳᠠᠯ  ᠪᠠ ᠴᠠᠭ ᠦᠶ᠎ᠡ ᠵᠢᠨ ᠴᠤᠭ ᠵᠢᠪᠬᠤᠭ᠎ᠠ ᠵᠢ ᠭᠦᠢ᠍ᠴᠡᠳ ᠢᠯᠡᠷᠡᠭᠦᠯᠬᠦ ᠵᠢᠨ ᠲᠤᠰᠠᠳᠠ᠂ 13 ᠺᠠᠳ᠋ᠷ ᠠᠵᠢᠯᠲᠠᠨ ᠲᠣᠮᠢᠯᠠᠵᠤ ᠫᠷᠤᠭ᠌ᠷᠠᠮ᠎ᠤᠨ ᠪᠣᠯᠪᠠᠰᠤᠷᠠᠯ᠎ᠳᠤ ᠣᠷᠣᠯᠴᠠᠭᠤᠯᠪᠠ᠃ ᠪᠦᠬᠦ ᠲᠣᠭᠯᠠᠭᠴᠢᠳ ᠴᠥᠮ ᠡᠮ ᠡᠮᠨᠡᠯᠭᠡ  ᠬᠤᠳᠠᠯᠳᠤᠨ ᠠᠪᠬᠤ ᠡᠮᠦᠨ᠎ᠡ ᠹᠷᠣᠨᠲ᠎ᠲᠤ ᠡᠷᠡᠯᠬᠡᠭᠯᠡᠨ ᠪᠠᠶ᠋ᠢᠯᠳᠤᠵᠤ ᠪᠠᠶ᠋ᠢᠭ᠎ᠠ ᠡᠩ᠎ᠤᠨ ᠠᠵᠢᠯᠲᠠᠨ ᠠᠵᠢᠯᠴᠢᠨ ᠪᠠᠢ᠌ᠵᠤ ᠂ ᠲᠤᠬᠠᠶ᠋ᠢᠯᠠᠭᠰᠠᠨ ᠠᠵᠢᠯ᠎ᠤᠨ ᠬᠡᠪ᠎ᠤᠨ ᠪᠠᠶ᠋ᠢᠳᠠᠯ ᠵᠶ᠋ᠠᠷ ᠥᠷᠨᠢᠬᠦ ᠵᠢ ᠪᠠᠲᠤᠯᠠᠬᠤ ᠵᠢᠨ ᠳᠠᠭ᠋ᠠᠤ 2 ᠰᠠᠷ᠎ᠠ ᠭᠠᠷᠤᠢ ᠵᠢᠨ ᠬᠤᠭᠤᠴᠠᠭ᠎ᠠ᠎ᠪᠠᠷ  ᠬᠦᠴᠢᠷ ᠪᠡᠷᠬᠡᠰᠢᠶᠡᠯ᠎ᠢ ᠢᠯᠠᠨ ᠳᠠᠪᠠᠵᠤ᠂ ᠪᠦᠯᠬᠦᠮᠳᠡᠨ ᠬᠠᠮᠲᠤᠷᠠᠯᠴᠠᠵᠤ᠂ ᠤᠶᠠᠨ ᠬᠠᠳᠠᠨ ᠪᠥᠵᠢᠭ᠎ᠤᠨ ᠠᠯᠬᠤᠭ᠎ᠠ᠂ ᠠᠮᠢᠳᠤᠯᠢᠭ ᠰᠠᠶ᠋ᠢᠬᠠᠨ ᠠᠮᠢᠵᠢᠷᠠᠯ᠎ᠤᠨ ᠬᠦᠴᠦᠨ ᠵᠶ᠋ᠠᠷ ᠳᠤᠮᠳᠠᠳᠤ ᠵᠢᠨ ᠦᠨᠳᠦᠰᠦᠲᠡᠨ᠎ᠤ  ᠠᠮᠤᠷ ᠲᠠᠶ᠋ᠢᠪᠤᠩ ᠵᠣᠷᠢᠭ ᠰᠠᠨᠠᠭ᠎ᠠ ᠪᠣᠯᠤᠨ ᠡᠷᠡᠰ ᠬᠠᠲᠠᠭᠤ ᠠᠮᠢᠵᠢᠷᠠᠯ᠎ᠤᠨ ᠬᠦᠴᠦᠨ᠎ᠢ ᠢᠯᠡᠷᠡᠭᠦᠯᠵᠦ᠂ ᠡᠬᠡ ᠤᠯᠤᠰ᠎ᠤᠨ ᠴᠡᠴᠡᠭᠯᠡᠨ ᠬᠥᠭᠵᠢᠵᠦ᠂ ᠠᠮᠢᠵᠢᠷᠠᠯ᠎ᠤᠨ ᠬᠦᠴᠦᠨ ᠵᠶ᠋ᠠᠷ ᠪᠢᠯᠬᠠᠮ᠎ᠠ ᠪᠠᠶ᠋ᠢᠬᠤ ᠵᠢ ᠵᠥᠩᠨᠡᠪᠡ᠃


75周年华诞献礼2.jpg


   ᠰᠠᠯᠬᠢᠨ᠎ᠤ ᠠᠶᠠᠰ ᠵᠶ᠋ᠠᠷ ᠳᠠᠪᠠᠯᠭ᠋ᠠᠨ᠎ᠢ ᠰᠦᠷᠦᠨ ᠤᠷᠤᠭᠰᠢᠯᠠᠵᠤ᠂ ᠡᠷᠡᠮᠡᠬᠡᠶ᠋ᠢᠯᠡᠨ ᠲᠠᠪᠰᠢᠬᠤ᠎ᠨᠢ ᠶᠠᠭ ᠴᠠᠭ᠎ᠲᠤ᠎ᠪᠠᠨ ᠳᠣᠬᠢᠷᠠᠪᠠ᠃ ᠲᠡᠦᠬᠡ ᠵᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠪᠦᠬᠦ ᠺᠠᠳ᠋ᠷ ᠠᠵᠢᠯᠲᠠᠨ ᠠᠵᠢᠯᠴᠢᠨ ᠨᠡᠩ ᠣᠷᠭᠢᠯᠤᠮ᠎ᠠ ᠬᠠᠯᠠᠭᠤᠨ ᠰᠡᠳᠬᠢᠯᠭᠡ᠎ᠪᠠᠷ 《ᠬᠠᠳᠠᠭ᠋ᠠᠰᠤ ᠬᠠᠳᠠᠬᠤ》 ᠵᠣᠷᠢᠭ ᠰᠠᠨᠠᠭ᠎ᠠ ᠵᠢ ᠪᠠᠳᠠᠷᠠᠭᠤᠯᠵᠤ᠂ ᠤᠯᠠᠨ ᠲᠦᠮᠡᠨ᠎ᠤ 《ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ》 ᠪᠠᠶ᠋ᠢᠭ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠦᠬᠦ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ᠎ᠳᠤ ᠦᠢ᠍ᠯᠡᠴᠢᠯᠡᠵᠦ ᠪᠠᠲᠤᠯᠠᠬᠤ᠎ᠳᠤ ᠬᠦᠴᠦᠨ ᠴᠢᠳᠠᠯ ᠵᠶ᠋ᠠᠨ ᠡᠷᠭᠦᠬᠦ ᠪᠤᠯᠤᠨ᠎ᠠ᠃

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠬᠢᠭᠡᠳ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ ᠤᠯᠤᠰ ᠲᠥᠷᠥ ᠵᠢᠨ ᠵᠥᠪᠯᠡᠯᠭᠡᠨ᠎ᠤ ᠰᠠᠨᠠᠯ ᠳᠤᠷᠠᠳᠤᠯᠭ᠎ᠠ ᠵᠢ ᠰᠢᠢ᠍ᠳᠪᠦᠷᠢᠯᠡᠬᠦ ᠵᠥᠪᠳᠡᠯᠴᠡᠭᠡᠨ᠎ᠤ ᠰᠠᠭᠤᠳᠠᠯ᠎ᠤᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ ᠪᠥᠬᠦ ᠣᠷᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠤᠨ ᠦᠨ᠎ᠡ ᠵᠢ ᠬᠠᠷᠭᠤᠭᠤᠯᠤᠨ ᠪᠠᠢ᠌ᠴᠠᠭ᠋ᠠᠬᠤ ᠪᠣᠯᠪᠠᠰᠤᠷᠠᠯ᠎ᠤᠨ ᠠᠩᠭᠢ ᠡᠷᠭᠢᠯᠡᠪᠡ
ᠣᠯᠠᠨ ᠡᠰᠢᠲᠦ ᠲᠣᠭ᠋ᠠᠴᠠᠭ᠎ᠠ ᠬᠢᠬᠦ ᠲᠣᠭᠲᠠᠴᠠ ᠵᠢ ᠪᠠᠶ᠋ᠢᠭᠤᠯᠵᠤ ᠡᠮᠴᠢᠯᠡᠭᠡᠨ᠎ᠤ ᠪᠠᠲᠤᠯᠠᠭ᠎ᠠ ᠵᠢᠨ ᠴᠢᠨᠠᠷ ᠰᠠᠢ᠌ᠳᠠᠢ ᠬᠥᠭᠵᠢᠯᠲᠡ ᠵᠢ ᠠᠬᠢᠭᠤᠯᠤᠶ᠎ᠠ — ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠣᠷᠣᠨ ᠪᠦᠰᠡ ᠵᠢᠨ ᠴᠡᠭ᠎ᠤᠨ ᠠᠷᠭ᠎ᠠ ᠵᠢᠨ ᠶᠡᠷᠦᠩᠬᠡᠶ ᠲᠣᠭ᠎ᠠ ᠵᠢᠨ ᠲᠥᠰᠦᠪ ᠪᠠ ᠡᠪᠡᠳᠴᠢᠨ᠎ᠤ ᠲᠥᠷᠥᠯ᠎ᠤᠨ ᠬᠤᠪᠢ ᠵᠢᠨ ᠥᠷᠲᠡᠭ ᠵᠶ᠋ᠠᠷ ᠰᠦᠢ᠍ᠳᠭᠡᠯ ᠲᠤᠰᠢᠶᠠᠬᠤ ᠪᠣᠯᠪᠠᠰᠤᠷᠠᠭᠤᠯᠤᠯ᠎ᠤᠨ ᠬᠤᠷᠠᠯ᠎ᠢ ᠵᠣᠬᠢᠶᠠᠨ ᠪᠠᠶ᠋ᠢᠭᠤᠯᠤᠨ ᠦᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠠᠮᠢᠶᠠᠷᠤᠨ ᠡᠵᠡᠮᠳᠡᠬᠦ ᠲᠠᠪᠴᠠᠩ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠣᠤᠯ ᠳᠤᠭᠤᠶ᠋ᠢᠯᠠᠩ᠎ᠤᠨ ᠠᠷᠪᠠᠨ ᠭᠤᠷᠪᠠᠳᠤᠭ᠋ᠠᠷ ᠤᠳᠠᠭ᠎ᠠ ᠵᠢᠨ ᠰᠤᠷᠤᠯᠴᠠᠯᠭ᠎ᠠ (ᠦᠷᠭᠡᠳᠭᠡᠭᠰᠡᠨ) ᠵᠢᠨ ᠬᠤᠷᠠᠯ ᠬᠤᠷᠠᠯᠳᠤᠭᠤᠯᠪᠠ
 
            