ᠡᠨᠡ ᠵᠢᠯ᠎ᠤᠨ 12 ᠳ᠋ᠤᠭ᠋ᠠᠷ ᠰᠠᠷ᠎ᠠ ᠵᠢᠨ 4᠎ᠤ ᠡᠳᠦᠷ ᠪᠣᠯ ᠤᠯᠤᠰ᠎ᠤᠨ ᠠᠷᠪᠠᠨ ᠨᠢᠭᠡᠳᠡᠬᠢ ᠦᠨᠳᠦᠰᠦᠨ ᠬᠠᠤᠯᠢ ᠵᠢᠨ ᠡᠳᠦᠷ ᠪᠣᠯᠣᠨ᠎ᠠ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠪᠣᠯᠣᠨ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠦᠨᠳᠦᠰᠦᠨ ᠬᠠᠤᠯᠢ ᠵᠢᠨ ᠤᠬᠠᠮᠰᠠᠷ ᠵᠶ᠋ᠠᠨ ᠴᠢᠩᠭ᠋ᠠᠷᠠᠭᠤᠯᠵᠤ ᠂ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ᠎ᠤ ᠤᠬᠠᠮᠰᠠᠷ᠎ᠠᠴᠠ᠎ᠪᠠᠨ ᠦᠨᠳᠦᠰᠦᠨ ᠬᠠᠤᠯᠢ ᠵᠢ ᠬᠦᠨᠳᠦᠳᠬᠡᠬᠦ᠂ ᠦᠨᠳᠦᠰᠦᠨ ᠬᠠᠤᠯᠢ ᠵᠢ ᠰᠤᠷᠤᠯᠴᠠᠬᠤ᠂ ᠦᠨᠳᠦᠰᠦᠨ ᠬᠠᠤᠯᠢ ᠵᠢ ᠵᠢᠷᠤᠮᠯᠠᠬᠤ᠂ ᠦᠨᠳᠦᠰᠦᠨ ᠬᠠᠤᠯᠢ᠎ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ᠎ᠪᠠᠨ ᠰᠠᠶ᠋ᠢᠲᠤᠷ ᠭᠦᠢ᠍ᠴᠡᠳᠬᠡᠬᠦ ᠵᠢ ᠵᠣᠷᠢᠭᠵᠢᠭᠤᠯᠤᠨ ᠬᠥᠮᠦᠵᠢᠭᠦᠯᠬᠦ ᠵᠢᠨ ᠲᠤᠰᠠᠳᠠ ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ 《ᠦᠨᠳᠦᠰᠦᠨ ᠬᠠᠤᠯᠢ ᠵᠢᠨ ᠵᠣᠷᠢᠭ ᠰᠠᠨᠠᠭ᠎ᠠ ᠵᠢ ᠶᠡᠭᠡ᠎ᠪᠠᠷ ᠪᠠᠳᠠᠷᠠᠭᠤᠯᠵᠤ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢ ᠠᠬᠢᠭᠤᠯᠬᠤ》᠎ᠪᠠᠷ ᠭᠤᠤᠯ ᠰᠡᠳᠦᠪ ᠪᠣᠯᠭ᠋ᠠᠵᠤ᠂ ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠣᠯᠠᠨ ᠵᠦᠢ᠍ᠯ᠎ᠤᠨ ᠬᠡᠯᠪᠡᠷᠢ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ ᠥᠷᠨᠢᠭᠦᠯᠪᠡ᠃
ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢᠨ ᠲᠥᠭᠡᠮᠡᠯᠵᠢᠭᠦᠯᠦᠯᠢ ᠪᠠᠶ᠋ᠢᠭᠤᠯᠭ᠎ᠠ᠎ᠳᠤ ᠬᠦᠷᠭᠡᠭᠰᠡᠨ
ᠠᠯᠪᠠᠨ ᠠᠰᠠᠷ᠎ᠤᠨ ᠶᠡᠭᠡ ᠲᠢᠩᠬᠢᠮ᠎ᠳᠤ᠂ ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠹᠢᠯᠢᠮ᠎ᠢ ᠲᠠᠰᠤᠷᠠᠯᠲᠠ ᠦᠭᠡᠢ ᠨᠡᠪᠲᠡᠷᠡᠭᠦᠯᠵᠦ᠂ ᠦᠨᠳᠦᠰᠦᠨ ᠬᠠᠤᠯᠢ ᠵᠢᠨ ᠠᠵᠢᠯᠯᠠᠭ᠎ᠠ ᠵᠢᠨ ᠤᠬᠠᠭᠤᠯᠭ᠎ᠠ ᠵᠢᠨ ᠬᠠᠭᠤᠳᠠᠰᠤ ᠵᠢ ᠲᠠᠷᠬᠠᠭ᠋ᠠᠬᠤ᠎ᠪᠠᠷ ᠳᠠᠮᠵᠢᠭᠤᠯᠤᠨ᠂ ᠲᠣᠪᠴᠢᠶᠠᠨ᠎ᠤ ᠰᠢᠰᠲ᠋ᠧᠮ᠎ᠤᠨ ᠺᠠᠳ᠋ᠷ ᠠᠵᠢᠯᠲᠠᠨ ᠠᠵᠢᠯᠴᠢᠨ᠎ᠤ ᠬᠠᠤᠯᠢ᠎ᠪᠠᠷ ᠵᠠᠰᠠᠬᠤ ᠰᠡᠳᠬᠢᠬᠦᠶ ᠵᠢ ᠤᠯᠠᠮ ᠨᠢᠭᠡ ᠠᠯᠬᠤᠮ ᠴᠢᠩᠭ᠋ᠠᠳᠬᠠᠵᠤ ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶ᠋ᠢᠯᠠᠭ᠋ᠠᠵᠤ᠂ ᠦᠨᠳᠦᠰᠦᠨ ᠬᠠᠤᠯᠢ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠵᠤ᠂ ᠦᠨᠳᠦᠰᠦᠨ ᠬᠠᠤᠯᠢ ᠵᠢᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠦᠨᠳᠦᠰᠦᠨ ᠬᠠᠤᠯᠢ ᠵᠢᠨ ᠡᠷᠬᠡ ᠰᠦᠷ᠎ᠢ ᠬᠠᠮᠠᠭ᠋ᠠᠯᠠᠪᠠ ᠃
ᠬᠦᠨᠳᠦ ᠲᠠᠩᠭ᠋ᠠᠷᠢᠭᠯᠠᠭᠰᠠᠨ
12 ᠳ᠋ᠤᠭ᠋ᠠᠷ ᠰᠠᠷ᠎ᠠ ᠵᠢᠨ 4᠎ᠤ ᠡᠳᠦᠷ᠎ᠤᠨ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠦᠨᠳᠦᠰᠦᠨ ᠬᠠᠤᠯᠢ᠎ᠳᠤ ᠲᠠᠩᠭ᠋ᠠᠷᠢᠭᠯᠠᠬᠤ ᠶᠣᠰᠣᠯᠠᠯ ᠶᠠᠪᠤᠭᠳᠠᠭᠤᠯᠪᠠ ᠃ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠴᠠᠩ ᠴᠢᠩ ᠵᠢᠶᠠᠨ ᠲᠠᠩᠭ᠋ᠠᠷᠢᠭᠯᠠᠭᠰᠠᠨ ᠪᠥᠭᠡᠳ ᠶᠠᠷᠢᠶ᠎ᠠ ᠲᠠᠯᠪᠢᠵᠤ᠂ ᠳᠡᠳ᠋ ᠲᠣᠪᠴᠢᠶᠠᠨ ᠳᠠᠷᠤᠭ᠎ᠠ ᠽᠧᠩ ᠵᠣᠣ ᠰᠢᠶᠠᠩ ᠬᠤᠷᠠᠯ᠎ᠢ ᠡᠷᠭᠢᠯᠡᠪᠡ᠃ ᠲᠣᠪᠴᠢᠶᠠᠨ᠎ᠤ ᠪᠠᠶ᠋ᠢᠭᠤᠯᠭ᠎ᠠ ᠵᠢᠨ ᠪᠦᠬᠦ ᠠᠵᠢᠯᠲᠠᠨ᠂ ᠬᠠᠷᠢᠶ᠎ᠠ ᠨᠢᠭᠡᠴᠢ ᠵᠢᠨ ᠪᠠᠭ᠎ᠤᠨ ᠭᠡᠰᠢᠭᠦᠳ ᠭᠡᠷᠡᠴᠢᠯᠡᠪᠡ᠃ ᠦᠨᠳᠦᠰᠦᠨ ᠬᠠᠤᠯᠢ᠎ᠳᠤ ᠲᠠᠩᠭ᠋ᠠᠷᠢᠭᠯᠠᠬᠤ ᠶᠣᠰᠣᠯᠠᠯ ᠳᠡᠭᠡᠷ᠎ᠡ᠂ ᠰᠢᠨ᠎ᠡ᠎ᠪᠠᠷ ᠲᠤᠰᠢᠶᠠᠯ᠎ᠳᠤ ᠭᠠᠷᠤᠭᠰᠠᠨ ᠭᠠᠵᠠᠷ᠎ᠤᠨ ᠲᠡᠰ᠎ᠤᠨ ᠺᠠᠳ᠋ᠷ ᠮᠥᠷᠯᠡᠨ ᠵᠣᠭᠰᠣᠵᠤ᠂ ᠳᠠᠭ᠋ᠠᠭᠤᠯᠤᠨ ᠲᠠᠩᠭ᠋ᠠᠷᠢᠭᠯᠠᠭᠰᠠᠳᠤᠨ ᠲᠠᠭ᠋ᠠᠭᠤᠯᠭ᠎ᠠ ᠳᠣᠣᠷ᠎ᠠ᠂ ᠬᠠᠮᠲᠤ᠎ᠪᠠᠷ ᠦᠨᠳᠦᠰᠦᠨ ᠬᠠᠤᠯᠢ᠎ᠳᠤ ᠲᠥᠪ ᠴᠢᠩᠭ᠎ᠠ᠎ᠪᠠᠷ ᠲᠠᠩᠭ᠋ᠠᠷᠢᠭᠯᠠᠪᠠ᠃ ᠲᠠᠩᠭ᠋ᠠᠷᠢᠭ᠎ᠨᠢ ᠡᠷᠡᠰ ᠴᠢᠩᠭ᠎ᠠ ᠪᠠᠶ᠋ᠢᠵᠤ᠂ ᠡᠮᠴᠢᠯᠡᠭᠡᠨ᠎ᠤ ᠪᠠᠲᠤᠯᠠᠭ᠎ᠠ ᠵᠢᠨ ᠺᠠᠳ᠋ᠷᠴᠤᠳ᠎ᠤᠨ ᠰᠠᠶ᠋ᠢᠨ ᠰᠠᠶ᠋ᠢᠬᠠᠨ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ ᠪᠠ ᠦᠨᠳᠦᠰᠦᠨ ᠬᠠᠤᠯᠢ᠂ ᠬᠠᠤᠯᠢ ᠴᠠᠭ᠋ᠠᠵᠠ ᠵᠢ ᠦᠨᠡᠨᠴᠢ᠎ᠪᠠᠷ ᠬᠡᠷᠡᠭᠵᠢᠭᠦᠯᠬᠦ ᠡᠷᠡᠰ ᠵᠣᠷᠢᠭ᠎ᠢ ᠭᠦᠢ᠍ᠴᠡᠳ ᠬᠠᠷᠠᠭᠤᠯᠪᠠ᠃

ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢᠨ ᠲᠥᠭᠡᠮᠡᠯᠵᠢᠭᠦᠯᠦᠯᠤᠨ ᠲᠠᠶ᠋ᠢᠯᠤᠮᠵᠢ
ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠬᠢᠨᠠᠮᠠᠭ᠋ᠠᠶ ᠰᠤᠷᠤᠯᠴᠠᠨ ᠲᠤᠭᠤᠰᠢᠯᠠᠭᠤᠯᠵᠤ᠂ ᠡᠮᠴᠢᠯᠡᠭᠡᠨ᠎ᠤ ᠪᠠᠲᠤᠯᠠᠭ᠎ᠠ ᠵᠢᠨ ᠰᠢᠰᠲ᠋ᠧᠮ᠎ᠤᠨ ᠠᠵᠢᠯᠲᠠᠨ᠎ᠤ ᠬᠠᠤᠯᠢ᠎ᠪᠠᠷ ᠵᠠᠰᠠᠬᠤ ᠬᠡᠪ ᠪᠣᠯᠪᠠᠰᠤᠷᠠᠯ᠎ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ ᠵᠢ ᠵᠢᠷᠤᠮᠵᠢᠭᠤᠯᠵᠤ᠂ ᠬᠠᠤᠯᠢ᠎ᠪᠠᠷ ᠵᠠᠰᠠᠬᠤ ᠡᠮᠴᠢᠯᠡᠭᠡᠨ᠎ᠤ ᠪᠠᠲᠤᠯᠠᠭ᠎ᠠ ᠵᠢᠨ ᠪᠠᠶ᠋ᠢᠭᠤᠯᠤᠯᠲᠠ ᠵᠢ ᠠᠬᠢᠭᠤᠯᠬᠤ ᠵᠢᠨ ᠲᠤᠰᠠᠳᠠ ᠂ 《ᠨᠠᠢ᠍ᠮᠠᠳᠤᠭ᠋ᠠᠷ ᠲᠠᠪᠤᠨ ᠵᠢᠯ》᠎ᠤᠨ ᠬᠠᠤᠯᠢ ᠲᠦᠭᠡᠮᠡᠯᠵᠢᠭᠦᠯᠬᠦ ᠯᠧᠺᠲ᠋ᠣᠷ᠎ᠤᠨ ᠪᠦᠯᠬᠦᠮ᠎ᠤᠨ ᠭᠡᠰᠢᠭᠦᠳ᠎ᠢ ᠤᠷᠢᠵᠤ᠂ 《ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠋ᠠᠨ᠎ᠤ ᠵᠢᠯᠣᠭᠤᠳᠣᠯᠭ᠎ᠠ ᠳᠣᠤᠷᠠᠬᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ ᠵᠢ ᠵᠢᠷᠤᠮᠵᠢᠭᠤᠯᠬᠤ ᠦᠢ᠍ᠯᠡᠳᠦᠯᠭᠡ》᠎ᠪᠠᠷ ᠭᠤᠤᠯ ᠰᠡᠳᠦᠪ ᠪᠣᠯᠭ᠋ᠠᠨ ᠬᠢᠴᠢᠶᠡᠯᠯᠡᠵᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠬᠠᠤᠯᠢ ᠶᠣᠰᠣᠭ᠋ᠠᠷ ᠵᠠᠰᠠᠭ ᠶᠠᠪᠤᠭᠤᠯᠬᠤ ᠴᠢᠳᠠᠪᠤᠷᠢ ᠪᠠ ᠬᠠᠤᠯᠢ ᠬᠡᠷᠡᠭᠵᠢᠭᠦᠯᠬᠦ ᠬᠢᠷᠢ ᠲᠦᠪᠰᠢᠨ᠎ᠢ ᠳᠡᠭᠡᠭᠰᠢᠯᠡᠭᠦᠯᠬᠦ᠎ᠳᠤ ᠬᠠᠤᠯᠢ᠎ᠪᠠᠷ ᠵᠠᠰᠠᠬᠤ ᠰᠠᠭᠤᠷᠢ ᠵᠢ ᠲᠠᠯᠪᠢᠪᠠ᠃

ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢᠨ ᠲᠥᠭᠡᠮᠡᠯᠵᠢᠭᠦᠯᠦᠯᠤᠨ ᠰᠢᠯᠭ᠋ᠠᠯᠲᠠ
ᠰᠢᠯᠭ᠋ᠠᠯᠲᠠ᠎ᠪᠠᠷ ᠰᠤᠷᠤᠯᠴᠠᠯᠭ᠎ᠠ ᠵᠢ ᠠᠬᠢᠭᠤᠯᠵᠤ ᠤᠳᠤᠷᠢᠳᠬᠤ ᠺᠠᠳ᠋ᠷᠴᠤᠳ᠎ᠤᠨ ᠬᠠᠤᠯᠢ ᠰᠤᠷᠴᠤ ᠬᠠᠤᠯᠢ ᠬᠡᠷᠡᠭᠯᠡᠬᠦ ᠵᠢ ᠠᠬᠢᠭᠤᠯᠵᠤ᠂ ᠰᠢᠨ᠎ᠡ᠎ᠪᠠᠷ ᠲᠤᠰᠢᠶᠠᠯ᠎ᠳᠤ ᠭᠠᠷᠤᠭᠰᠠᠨ ᠭᠠᠵᠠᠷ᠎ᠤᠨ ᠲᠠᠰ᠎ᠤᠨ ᠺᠠᠳ᠋ᠷ᠂ ᠡᠮᠴᠢᠯᠡᠭᠡᠨ᠎ᠤ ᠪᠠᠲᠤᠯᠠᠭ᠎ᠠ ᠵᠢᠨ ᠬᠠᠤᠯᠢ ᠬᠡᠷᠡᠭᠵᠢᠭᠦᠯᠬᠦ ᠠᠵᠢᠯᠲᠠᠨ᠎ᠤ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢᠨ ᠲᠥᠭᠡᠮᠡᠯᠵᠢᠭᠦᠯᠦᠯᠤᠨ ᠰᠢᠯᠭ᠋ᠠᠯᠲᠠ ᠵᠢ ᠡᠷᠭᠢᠯᠡᠵᠦ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠂ ᠦᠨᠳᠦᠰᠦᠨ ᠬᠠᠤᠯᠢ᠂ ᠢᠷᠭᠡᠨ᠎ᠤ ᠬᠠᠤᠯᠢ ᠵᠢᠨ ᠪᠢᠴᠢᠭ᠂ ᠤᠯᠤᠰ᠎ᠤᠨ ᠲᠤᠭ᠎ᠤᠨ ᠬᠠᠤᠯᠢ᠂ ᠤᠯᠤᠰ᠎ᠤᠨ ᠰᠦᠯᠳᠡ ᠵᠢᠨ ᠬᠠᠤᠯᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠭᠡᠯ ᠥᠭᠬᠦ ᠲᠦᠷᠢᠮ ᠵᠡᠷᠭᠡ ᠬᠠᠮᠢᠶ᠎ᠠ ᠪᠥᠬᠦᠶ ᠠᠭᠤᠯᠭ᠎ᠠ ᠵᠢ ᠬᠠᠮᠤᠷᠪᠠ᠃ ᠤᠳᠤᠷᠢᠳᠬᠤ ᠺᠠᠳ᠋ᠷᠴᠤᠳ᠎ᠤᠨ ᠮᠡᠳᠡᠪᠡᠰᠦ ᠵᠣᠬᠢᠬᠤ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ ᠪᠠ ᠤᠯᠤᠰ᠎ᠤᠨ ᠬᠠᠤᠯᠢ ᠴᠠᠭ᠋ᠠᠵᠠ ᠵᠢᠨ ᠨᠠᠷᠢᠨ ᠲᠠᠩᠰᠠ ᠵᠢᠨ ᠲᠦᠷᠢᠮ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠰᠢᠯᠭ᠋ᠠᠨ ᠪᠠᠶ᠋ᠢᠴᠠᠭ᠋ᠠᠬᠤ᠎ᠪᠠᠷ ᠳᠡᠮᠵᠢᠨ᠂ ᠬᠠᠤᠯᠢ ᠴᠠᠭ᠋ᠠᠵᠠ ᠵᠢᠨ ᠤᠬᠠᠮᠰᠠᠷ ᠪᠠ ᠬᠠᠤᠯᠢ᠎ᠪᠠᠷ ᠵᠠᠰᠠᠬᠤ ᠦᠵᠡᠯᠲᠡ ᠵᠢ᠎ᠨᠢ ᠳᠡᠭᠡᠭᠰᠢᠯᠡᠭᠦᠯᠵᠦ᠂ ᠬᠠᠤᠯᠢ ᠵᠢ ᠬᠦᠨᠳᠦᠳᠬᠡᠬᠦ ᠬᠠᠤᠯᠢ ᠵᠢ ᠰᠤᠷᠬᠤ ᠬᠠᠤᠯᠢ ᠵᠢ ᠬᠡᠷᠡᠭᠯᠡᠬᠦ ᠬᠠᠤᠯᠢ ᠵᠢ ᠰᠠᠬᠢᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠪᠠ ᠃