ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ ᠪᠥᠬᠦ ᠣᠷᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠤᠨ ᠦᠨ᠎ᠡ ᠵᠢ ᠬᠠᠷᠭᠤᠭᠤᠯᠤᠨ ᠪᠠᠢ᠌ᠴᠠᠭ᠋ᠠᠬᠤ ᠪᠣᠯᠪᠠᠰᠤᠷᠠᠯ᠎ᠤᠨ ᠠᠩᠭᠢ ᠡᠷᠭᠢᠯᠡᠪᠡ
ᠨᠡᠶ᠋ᠢᠲᠡᠯᠡᠭᠰᠡᠨ ᠴᠠᠭ᠄ 2024-09-20

  2024 ᠣᠨ᠎ᠤ 9 ᠳ᠋ᠦ᠍ᠭᠡᠷ ᠰᠠᠷ᠎ᠠ ᠵᠢᠨ 13᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ ᠬᠥᠬᠡᠬᠤᠲᠠ᠎ᠳᠤ ᠪᠥᠬᠦ ᠣᠷᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠤᠨ ᠦᠨ᠎ᠡ ᠵᠢ ᠬᠠᠷᠭᠤᠭᠤᠯᠤᠨ ᠪᠠᠶ᠋ᠢᠴᠠᠭ᠋ᠠᠬᠤ ᠪᠣᠯᠪᠠᠰᠤᠷᠠᠯ᠎ᠤᠨ ᠠᠩᠭᠢ ᠵᠢ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ ᠡᠯ᠎ᠡ ᠠᠢ᠌ᠮᠠᠭ ᠬᠤᠲᠠ ᠵᠢᠨ ᠡᠮ ᠡᠮᠨᠡᠯᠭᠡ ᠬᠤᠳᠠᠯᠳᠤᠨ ᠠᠪᠬᠤ ᠬᠠᠮᠢᠶᠠᠷᠤᠯᠲᠠ ᠵᠢᠴᠢ ᠭᠠᠷᠲᠠᠨ ᠭᠦᠢ᠍ᠴᠡᠳᠭᠡᠬᠦ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠳ ᠪᠠ ᠡᠮᠴᠢᠯᠡᠭᠡᠨ᠎ᠤ ᠪᠠᠢ᠌ᠭᠤᠯᠤᠮᠵᠢ ᠵᠢᠨ ᠲᠤᠬᠠᠶ᠋ᠢᠯᠠᠭᠰᠠᠨ ᠠᠵᠢᠯ᠎ᠤᠨ ᠭᠤᠤᠯᠯᠠᠭᠴᠢ ᠬᠦᠴᠦᠨ ᠨᠡᠶ᠋ᠢᠲᠡ 136 ᠬᠥᠮᠦᠨ ᠬᠤᠷᠠᠯ᠎ᠳᠤ ᠣᠷᠣᠯᠴᠠᠵᠠᠶ᠃


价格核查培训班.png


   ᠲᠣᠰ ᠤᠳᠠᠭ᠋ᠠᠨ᠎ᠤ ᠪᠣᠯᠪᠠᠰᠤᠷᠠᠯ᠎ᠤᠨ ᠠᠩᠭᠢ᠎ᠨᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠤᠨ ᠬᠤᠷᠣᠭᠳᠠᠯ ᠮᠠᠲ᠋ᠧᠷᠢᠶᠠᠯ᠎ᠤᠨ ᠦᠨ᠎ᠡ ᠵᠢᠨ ᠵᠠᠰᠠᠯᠲᠠ ᠵᠢᠨ ᠠᠵᠢᠯ᠎ᠤᠨ ᠱᠠᠭ᠋ᠠᠷᠳᠠᠯᠭ᠎ᠠ ᠵᠢᠨ ᠲᠣᠭᠤᠷᠢᠨ᠎ᠳᠤ᠂ ᠨᠢᠭᠡ᠎ᠳᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ ᠵᠢᠴᠢ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠤᠨ ᠦᠨ᠎ᠡ ᠵᠢᠨ ᠵᠠᠰᠠᠯᠲᠠ ᠵᠢᠨ ᠲᠥᠷᠥ ᠵᠢᠨ ᠪᠣᠳᠣᠯᠭ᠎ᠠ ᠵᠢᠴᠢ ᠱᠠᠭ᠋ᠠᠷᠳᠠᠯᠭ᠎ᠠ᠎ᠳᠤ ᠪᠣᠯᠪᠠᠰᠤᠷᠠᠯ ᠬᠢᠪᠡ; ᠬᠤᠶᠠᠷ᠎ᠲᠤ᠂ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠤᠨ ᠦᠨ᠎ᠡ ᠵᠢ ᠬᠢᠨᠠᠨ ᠬᠡᠮᠵᠢᠬᠦ ᠲᠤᠬᠠᠶ᠋ᠢᠯᠠᠭᠰᠠᠨ ᠠᠵᠢᠯ᠎ᠤᠨ ᠶᠠᠪᠤᠴᠠ ᠵᠢ ᠲᠠᠶ᠋ᠢᠯᠪᠤᠷᠢᠯᠠᠪᠠ; ᠭᠤᠷᠪᠠ᠎ᠳᠤ᠂ ᠠᠶ᠋ᠢᠮᠠᠭ ᠬᠤᠲᠠ ᠵᠢᠴᠢ ᠡᠮᠴᠢᠯᠡᠭᠡᠨ᠎ᠤ ᠪᠠᠶ᠋ᠢᠭᠤᠯᠤᠮᠵᠢ ᠵᠢᠨ ᠲᠥᠯᠥᠭᠡᠯᠡᠭᠴᠢ ᠦᠨ᠎ᠡ ᠵᠢ ᠬᠢᠨᠠᠨ ᠬᠡᠮᠵᠢᠬᠦ ᠠᠵᠢᠯ᠎ᠤᠨ ᠬᠠᠮᠢᠶ᠎ᠠ ᠪᠥᠬᠦᠶ ᠲᠤᠷᠰᠢᠯᠭ᠎ᠠ ᠵᠢᠨ ᠲᠤᠬᠠᠶ ᠲᠠᠨᠢᠯᠴᠠᠭᠤᠯᠪᠠ; ᠲᠦᠷᠪᠡ᠎ᠳᠤ᠂ ᠠᠵᠢᠯ᠎ᠤᠨ ᠠᠰᠠᠭᠤᠳᠠᠯ ᠵᠢᠴᠢ ᠲᠥᠯᠥᠪᠯᠡᠭᠡ ᠵᠢ ᠪᠦᠬᠦ ᠲᠠᠯ᠎ᠠ᠎ᠪᠠᠷ ᠡᠮᠬᠢᠯᠡᠬᠦ ᠵᠢᠨ ᠬᠠᠮᠲᠤ᠂ ᠠᠶ᠋ᠢᠮᠠᠭ ᠬᠤᠳᠠ ᠪᠣᠯᠤᠨ ᠡᠮᠴᠢᠯᠡᠭᠡᠨ᠎ᠤ ᠪᠠᠶ᠋ᠢᠭᠤᠯᠤᠮᠵᠢ᠎ᠲᠠᠢ ᠲᠤᠬᠠᠢ ᠵᠢᠨ ᠲᠠᠯᠠᠪᠤᠷ᠎ᠲᠤ᠎ᠨᠢ ᠨᠢᠭᠤᠷᠳᠠᠨ ᠶᠠᠷᠢᠯᠴᠠᠵᠤ᠂ ᠠᠵᠢᠯ᠎ᠤᠨ ᠳᠤᠮᠳᠠ ᠣᠷᠣᠰᠢᠵᠤ ᠪᠠᠶ᠋ᠢᠭ᠎ᠠ ᠬᠦᠴᠢᠷ ᠲᠦᠪᠡᠭᠲᠡᠢ ᠠᠰᠠᠭᠤᠳᠠᠯ᠎ᠢ ᠵᠢᠭ᠋ᠠᠨ ᠵᠢᠯᠣᠭᠤᠳᠪᠠ᠃

   ᠲᠣᠰ ᠤᠳᠠᠭ᠋ᠠᠨ᠎ᠤ ᠪᠣᠯᠪᠠᠰᠤᠷᠠᠯ᠎ᠳᠤ ᠪᠥᠬᠦ ᠣᠷᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠤᠨ ᠦᠨ᠎ᠡ ᠵᠢᠨ ᠵᠠᠰᠠᠯᠲᠠ ᠵᠢᠨ ᠠᠵᠢᠯ᠎ᠤᠨ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠲᠣᠳᠣᠷᠬᠠᠶ᠋ᠢᠯᠠᠵᠤ᠂ ᠬᠠᠮᠢᠶ᠎ᠠ ᠪᠥᠬᠦᠶ ᠡᠩᠨᠡᠭᠡ ᠵᠢᠨ ᠣᠨᠣᠯ᠎ᠤᠨ ᠬᠡᠪ ᠴᠢᠨᠠᠷ ᠪᠠ ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠵᠢ ᠳᠡᠭᠡᠭᠰᠢᠯᠡᠭᠦᠯᠦᠨ᠂ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠤᠨ ᠦᠨ᠎ᠡ ᠵᠢᠨ ᠵᠠᠰᠠᠯᠲᠠ ᠵᠢᠨ ᠠᠵᠢᠯ᠎ᠢ ᠰᠠᠶ᠋ᠢᠲᠤᠷ ᠬᠢᠬᠦ᠎ᠳᠤ ᠬᠦᠴᠦᠲᠡᠶ ᠲᠤᠯᠭ᠋ᠠᠭᠤᠷᠢᠯᠠᠯ ᠬᠠᠩᠭ᠋ᠠᠪᠠ᠃

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ
          
ᠬᠠᠮᠢᠶ᠎ᠡ ᠪᠦᠬᠦᠢ ᠰᠣᠨᠢᠨ
ᠣᠯᠠᠨ ᠡᠰᠢᠲᠦ ᠲᠣᠭ᠋ᠠᠴᠠᠭ᠎ᠠ ᠬᠢᠬᠦ ᠲᠣᠭᠲᠠᠴᠠ ᠵᠢ ᠪᠠᠶ᠋ᠢᠭᠤᠯᠵᠤ ᠡᠮᠴᠢᠯᠡᠭᠡᠨ᠎ᠤ ᠪᠠᠲᠤᠯᠠᠭ᠎ᠠ ᠵᠢᠨ ᠴᠢᠨᠠᠷ ᠰᠠᠢ᠌ᠳᠠᠢ ᠬᠥᠭᠵᠢᠯᠲᠡ ᠵᠢ ᠠᠬᠢᠭᠤᠯᠤᠶ᠎ᠠ — ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠣᠷᠣᠨ ᠪᠦᠰᠡ ᠵᠢᠨ ᠴᠡᠭ᠎ᠤᠨ ᠠᠷᠭ᠎ᠠ ᠵᠢᠨ ᠶᠡᠷᠦᠩᠬᠡᠶ ᠲᠣᠭ᠎ᠠ ᠵᠢᠨ ᠲᠥᠰᠦᠪ ᠪᠠ ᠡᠪᠡᠳᠴᠢᠨ᠎ᠤ ᠲᠥᠷᠥᠯ᠎ᠤᠨ ᠬᠤᠪᠢ ᠵᠢᠨ ᠥᠷᠲᠡᠭ ᠵᠶ᠋ᠠᠷ ᠰᠦᠢ᠍ᠳᠭᠡᠯ ᠲᠤᠰᠢᠶᠠᠬᠤ ᠪᠣᠯᠪᠠᠰᠤᠷᠠᠭᠤᠯᠤᠯ᠎ᠤᠨ ᠬᠤᠷᠠᠯ᠎ᠢ ᠵᠣᠬᠢᠶᠠᠨ ᠪᠠᠶ᠋ᠢᠭᠤᠯᠤᠨ ᠦᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠠᠮᠢᠶᠠᠷᠤᠨ ᠡᠵᠡᠮᠳᠡᠬᠦ ᠲᠠᠪᠴᠠᠩ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠣᠤᠯ ᠳᠤᠭᠤᠶ᠋ᠢᠯᠠᠩ᠎ᠤᠨ ᠠᠷᠪᠠᠨ ᠭᠤᠷᠪᠠᠳᠤᠭ᠋ᠠᠷ ᠤᠳᠠᠭ᠎ᠠ ᠵᠢᠨ ᠰᠤᠷᠤᠯᠴᠠᠯᠭ᠎ᠠ (ᠦᠷᠭᠡᠳᠭᠡᠭᠰᠡᠨ) ᠵᠢᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠣᠨᠳᠣᠤ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠳ᠋ᠦᠩᠨᠡᠨ ᠪᠤᠳᠤᠬᠤ ᠲᠥᠪ᠎ᠠᠴᠠ ᠰᠤᠷᠭ᠋ᠠᠭᠤᠯᠢ᠎ᠳᠤ ᠭᠦᠨᠵᠡᠭᠡᠶ᠋ᠢᠷᠡᠨ ᠣᠨᠳᠣᠤ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠳᠠᠩᠰᠠᠯᠠᠬᠤ ᠶᠠᠪᠤᠴᠠ ᠵᠢ ᠤᠬᠠᠭᠤᠯᠬᠤ ᠠᠵᠢᠯᠯᠠᠭ᠎ᠠ ᠥᠷᠨᠢᠭᠦᠯᠪᠡ
ᠤᠯᠤᠰ᠎ᠤᠨ ᠭᠡᠨᠡᠳᠡᠭᠦᠯᠦᠨ ᠪᠠᠶ᠋ᠢᠴᠠᠭ᠋ᠠᠬᠤ ᠳᠤᠭᠤᠶ᠋ᠢᠯᠠᠩ ᠪᠤᠭᠤᠲᠤ ᠬᠣᠲᠠ᠎ᠳᠤ ᠬᠦᠷᠴᠦ ᠬᠣᠶᠠᠳᠤᠭ᠋ᠠᠷ ᠪᠦᠯᠦᠭ᠎ᠤᠨ ᠬᠣᠶᠠᠳᠤᠭ᠋ᠠᠷ ᠡᠭᠡᠯᠵᠢ ᠵᠢᠨ ᠭᠡᠨᠡᠳᠡᠭᠦᠯᠦᠨ ᠪᠠᠶ᠋ᠢᠴᠠᠭ᠋ᠠᠯᠲᠠ ᠥᠷᠨᠢᠭᠦᠯᠪᠡ
 
            