ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ 《 ᠡᠮᠴᠢᠯᠡᠭᠡᠨ᠎ᠤ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠡᠮᠨᠡᠯᠭᠡ᠎ᠶ᠋ᠢᠨ ᠬᠤᠷᠢᠶ᠎ᠠ᠎ᠳᠤ ᠣᠷᠣᠭᠤᠯᠬᠤ ᠳ᠋ᠠᠢ᠌ᠲ᠋ᠠ᠎ᠶ᠋ᠢᠨ ᠠᠮᠤᠷ ᠲᠦᠪᠱᠢᠨ ᠰᠡᠳᠭᠢᠯ᠎ᠳᠤ ᠰᠠᠭᠤᠬᠤ 》 ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2025-11-27

  ᠡᠮᠴᠢᠯᠡᠭᠡᠨ᠎ᠤ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠬᠥᠮᠦᠰ᠎ᠤᠨ ᠰᠡᠳᠭᠢᠯ᠎ᠳᠤ ᠬᠠᠳᠠᠩᠱᠢᠭᠤᠯᠬᠤ᠎ᠶ᠋ᠢ ᠠᠬᠢᠭᠤᠯᠵᠤ᠂ ᠡᠮᠴᠢᠯᠡᠭᠡᠨ᠎ᠤ ᠳᠠᠭᠠᠳᠭᠠᠯ᠎ᠤᠨ ᠳ᠋ᠠᠢ᠌ᠲ᠋ᠠ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠬᠢᠵᠢᠭᠦᠯᠬᠦ᠌᠎ᠶ᠋ᠢᠨ ᠲᠥᠯᠥᠭᠡ᠂ 11 ᠳ᠋ᠤᠭᠡᠷ ᠰᠠᠷ᠎ᠠ᠎ᠶ᠋ᠢᠨ 26 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ ᠬᠥᠬᠡᠬᠤᠲᠠ᠎ᠶ᠋ᠢᠨ ᠬᠢᠲᠠᠳ ᠮᠣᠩᠭᠤᠯ ᠡᠮᠨᠡᠯᠭᠡ᠎ᠶ᠋ᠢᠨ ᠬᠤᠷᠢᠶ᠎ᠠ᠎ᠳᠤ ᠬᠦᠷᠴᠦ᠍᠂ 《 ᠡᠮᠴᠢᠯᠡᠭᠡᠨ᠎ᠤ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠡᠮᠨᠡᠯᠭᠡ᠎ᠶ᠋ᠢᠨ ᠬᠤᠷᠢᠶ᠎ᠠ᠎ᠳᠤ ᠣᠷᠣᠭᠤᠯᠬᠤ   ᠳ᠋ᠠᠢ᠌ᠲ᠋ᠠ᠎ᠶ᠋ᠢᠨ ᠠᠮᠤᠷ ᠲᠦᠪᠱᠢᠨ ᠰᠡᠳᠭᠢᠯ᠎ᠳᠤ ᠰᠠᠭᠤᠬᠤ 》ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠵᠦ᠍᠂ ᠦᠢᠯᠡᠴᠢᠯᠡᠭᠡ᠎ᠶ᠋ᠢ ᠳᠣᠷᠣᠭ᠍ᠰᠢ ᠪᠠᠭᠤᠯᠭᠠᠵᠤ᠂ ᠠᠷᠭ᠎ᠠ ᠪᠣᠳᠣᠯᠭ᠎ᠠ᠎ᠶ᠋ᠢ ᠠᠷᠠᠳ᠎ᠲᠤ ᠬᠦᠷᠭᠡᠬᠦ᠌᠎ᠶ᠋ᠢ ᠠᠬᠢᠭᠤᠯᠪᠠ᠃

 

 

  ᠡᠮᠨᠡᠯᠭᠡ᠎ᠶ᠋ᠢᠨ ᠬᠤᠷᠢᠶᠠᠨ᠎ᠤ ᠡᠭᠦᠳᠡᠨ ᠡᠮᠨᠡᠯᠭᠡ᠎ᠶ᠋ᠢᠨ ᠶᠡᠭᠡ ᠲᠢᠩᠬᠢᠮ᠎ᠳᠤ᠂ ᠨᠠᠮ᠎ᠤᠨ ᠭᠡᠱᠢᠭᠦᠨ ᠨᠥᠬᠦᠳ ᠤᠬᠠᠭᠤᠯᠭ᠎ᠠ᠎ᠶ᠋ᠢᠨ ᠬᠠᠭᠤᠳᠠᠰᠤ ᠲᠠᠷᠬᠠᠭᠠᠬᠤ᠂ ᠠᠬᠤᠢ ᠲᠠᠯᠠᠪᠠᠢ᠎ᠳᠤ ᠮᠠᠳᠠᠭ᠎ᠲᠠᠢ ᠠᠰᠠᠭᠤᠳᠠᠯ᠎ᠢ ᠱᠢᠢᠳᠪᠦᠷᠢᠯᠡᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠳᠠᠭᠠᠳᠭᠠᠯ᠎ᠳᠤ ᠣᠷᠣᠯᠴᠠᠭ᠍ᠰᠠᠨ ᠡᠪᠡᠳᠴᠢᠲᠡᠨ᠎ᠳᠤ ᠣᠨᠳᠣᠤ ᠭᠠᠵᠠᠷ᠎ᠲᠤ ᠡᠮᠨᠡᠭᠦᠯᠬᠦ᠌᠎ᠶ᠋ᠢ ᠳᠠᠩᠰᠠᠯᠠᠬᠤ᠂ ᠮᠤᠵᠢ ᠠᠯᠤᠰᠯᠠᠨ ᠱᠢᠭᠤᠳ ᠳ᠋ᠦᠩᠨᠡᠨ ᠪᠤᠳᠤᠬᠤ ᠵᠡᠷᠭᠡ ᠠᠷᠠᠳ᠎ᠲᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢ ᠭᠤᠤᠯᠳᠠᠯᠭ᠎ᠠ᠎ᠲᠠᠢ ᠲᠠᠨᠢᠯᠴᠠᠭᠤᠯᠪᠠ᠃ ᠡᠭᠦᠨ᠎ᠤ ᠬᠠᠮᠲᠤ ᠰᠠᠨᠠᠯ ᠰᠠᠨᠠᠭᠤᠯᠭ᠎ᠠ᠎ᠶ᠋ᠢ ᠰᠣᠨᠣᠰᠴᠤ᠌᠂ ᠡᠮᠴᠢᠯᠡᠭᠡᠨ᠎ᠤ ᠳᠠᠭᠠᠳᠭᠠᠯ᠎ᠤᠨ ᠭᠠᠷᠲᠠᠨ ᠭᠦᠢᠴᠡᠳᠭᠡᠬᠦ᠌ ᠦᠢᠯᠡᠴᠢᠯᠡᠭᠡ᠎ᠶ᠋ᠢ ᠦᠷᠭᠦᠯᠵᠢᠯᠡᠨ ᠲᠡᠭᠦᠯᠳᠡᠷᠵᠢᠭᠦᠯᠬᠦ᠌᠎ᠳᠤ ᠴᠢᠬᠤᠯᠠ ᠯᠠᠪᠯᠠᠯᠲᠠ ᠬᠠᠩᠭᠠᠪᠠ᠃

 

 

  ᠡᠮᠨᠡᠯᠭᠡ᠎ᠶ᠋ᠢᠨ ᠬᠤᠷᠢᠶᠠᠨ᠎ᠤ ᠳᠣᠲᠣᠷᠠᠬᠢ ᠬᠤᠷᠠᠯ᠎ᠤᠨ ᠬᠡᠷ᠎ᠲᠤ ᠡᠮᠴᠢᠯᠡᠭᠡᠨ᠎ᠤ ᠳᠠᠭᠠᠳᠭᠠᠯ᠎ᠤᠨ ᠳ᠋ᠠᠢ᠌ᠲ᠋ᠠ᠎ᠶ᠋ᠢᠨ ᠠᠮᠤᠷ ᠲᠦᠪᠱᠢᠨ᠎ᠤ ᠪᠣᠯᠪᠠᠰᠤᠷᠠᠯ᠎ᠢ ᠥᠷᠨᠢᠭᠦᠯᠵᠦ᠍᠂ ᠡᠮᠴᠢᠯᠡᠭᠡᠨ᠎ᠤ ᠳᠠᠭᠠᠳᠭᠠᠯ᠎ᠤᠨ ᠳ᠋ᠠᠢ᠌ᠲ᠋ᠠ᠎ᠶ᠋ᠢᠨ ᠠᠮᠤᠷ ᠲᠦᠪᠱᠢᠨ᠎ᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭ᠍ᠲᠠᠭᠠᠯ ᠵᠢᠴᠢ ᠮᠡᠳᠡᠭᠡ ᠵᠠᠩᠭᠢ᠎ᠶ᠋ᠢᠨ ᠠᠮᠤᠷ ᠲᠦᠪᠱᠢᠨ᠎ᠤ ᠬᠠᠮᠢᠶᠠᠷᠤᠯᠲᠠ᠎ᠶ᠋ᠢᠨ ᠲᠦᠷᠢᠮ᠎ᠢ ᠭᠦᠨᠵᠡᠭᠡᠶ ᠲᠠᠢᠯᠪᠤᠷᠢᠯᠠᠵᠤ᠂ ᠨᠡᠢᠲᠡᠯᠢᠭ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ ᠳ᠋ᠠᠢ᠌ᠲ᠋ᠠ᠎ᠶ᠋ᠢ ᠵᠠᠳᠠᠷᠠᠭᠤᠯᠬᠤ ᠲᠦᠭ᠌ᠰᠢᠭᠦᠷᠢ᠎ᠶ᠋ᠢᠨ ᠴᠡᠭ᠎ᠢ ᠵᠠᠳᠠᠯᠵᠤ᠂ ᠰᠡᠷᠭᠡᠢᠯᠡᠬᠦ᠌ ᠤᠷ᠎ᠠ ᠮᠡᠷᠭᠡᠵᠢᠯ ᠬᠢᠭᠡᠳ ᠪᠠᠴᠢᠮ ᠪᠠᠢᠳᠠᠯ᠎ᠢ ᠠᠷᠭ᠋ᠠᠴᠠᠭ᠋ᠠᠨ ᠱᠢᠢᠳᠪᠦᠷᠢᠯᠡᠬᠦ᠌ ᠠᠷᠭ᠎ᠠ᠎ᠶ᠋ᠢ ᠵᠢᠭᠠᠪᠠ᠃ ᠪᠣᠯᠪᠠᠰᠤᠷᠠᠯ᠎ᠢᠶᠠᠷ ᠳᠠᠮᠵᠢᠭᠤᠯᠤᠨ ᠡᠮᠨᠡᠯᠭᠡ᠎ᠶ᠋ᠢᠨ ᠬᠤᠷᠢᠶᠠᠨ᠎ᠤ ᠨᠢᠭᠡᠳᠦᠭᠡᠷ ᠹᠷᠣᠨᠲ᠎ᠤᠨ ᠠᠵᠢᠯᠲᠠᠨ᠎ᠤ ᠲᠦᠭ᠌ᠰᠢᠭᠦᠷᠢ᠎ᠶ᠋ᠢ ᠢᠯᠭᠠᠨ ᠲᠠᠨᠢᠬᠤ ᠪᠠ ᠠᠷᠭ᠋ᠠᠴᠠᠭ᠋ᠠᠬᠤ ᠴᠢᠳᠠᠪᠤᠷᠢ᠎ᠶ᠋ᠢ ᠪᠦᠲᠦᠮᠵᠢᠲᠡᠶ ᠳᠡᠭᠡᠭ᠌ᠰᠢᠯᠡᠭᠦᠯᠵᠦ᠍᠂ ᠡᠮᠴᠢᠯᠡᠭᠡᠨ᠎ᠤ ᠳᠠᠭᠠᠳᠭᠠᠯ᠎ᠤᠨ ᠳ᠋ᠠᠢ᠌ᠲ᠋ᠠ᠎ᠶ᠋ᠢᠨ ᠠᠮᠤᠷ ᠲᠦᠪᠱᠢᠨ᠎ᠢ ᠬᠠᠮᠠᠭᠠᠯᠠᠬᠤ᠂ ᠭᠠᠷᠲᠠᠨ ᠭᠦᠢᠴᠡᠳᠭᠡᠬᠦ᠌ ᠦᠢᠯᠡᠴᠢᠯᠡᠭᠡᠨ᠎ᠤ ᠶᠠᠪᠤᠴᠠ᠎ᠶ᠋ᠢ ᠵᠢᠷᠤᠮᠵᠢᠭᠤᠯᠬᠤ᠎ᠳᠤ ᠪᠠᠲᠤ ᠪᠠᠬᠢ ᠰᠠᠭᠤᠷᠢ᠎ᠶ᠋ᠢ ᠲᠠᠯᠪᠢᠭ᠍ᠰᠠᠨ ᠪᠠᠢᠨ᠎ᠠ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            