2025 ᠣᠨ᠎ᠤ᠋ 11 ᠳ᠋ᠤᠭᠡᠷ ᠰᠠᠷ᠎ᠠ᠎ᠶᠢᠨ 5 ᠤ᠋ ᠡᠳᠦᠷ ᠡᠮᠴᠢᠯᠡᠭᠡᠨ᠎ᠦ ᠳᠠᠭᠠᠳᠭᠠᠯ᠎ᠤ᠋ᠨ ᠦᠵᠡᠭᠦᠯᠭᠡ᠎ᠶᠢᠨ ᠲᠠᠪᠴᠠᠩ ᠨᠠᠢ᠍ᠮᠠᠳᠤᠭᠠᠷ ᠬᠤᠭᠤᠴᠠᠭᠠᠨ᠎ᠤ᠋ ᠳᠤᠮᠳᠠᠳᠤ ᠤᠯᠤᠰ᠎ᠤ᠋ᠨ ᠣᠯᠠᠨ ᠤᠯᠤᠰ᠎ᠤ᠋ᠨ ᠭᠠᠳᠠᠭᠠᠳᠤᠠ᠋ᠴᠠ ᠣᠷᠣᠭᠤᠯᠬᠤ ᠦᠵᠡᠰᠭᠦᠯᠡᠩᠳᠤ ᠨᠢᠭᠤᠷ ᠵᠣᠯᠭ᠋ᠠᠪᠠ᠃ ᠲᠣᠰ ᠦᠵᠡᠭᠦᠯᠭᠡ᠎ᠶ᠋ᠢᠨ ᠲᠠᠪᠴᠠᠩ᠎ᠨᠢ 《 ᠳᠤᠮᠳᠠᠳᠤ ᠤᠯᠤᠰ᠎ᠤᠨ ᠡᠮᠴᠢᠯᠡᠭᠡᠨ᠎ᠦ ᠳᠠᠭᠠᠳᠭᠠᠯ᠂ ᠪᠥᠬᠦ᠌ ᠪᠥᠮᠪᠥᠷᠴᠡᠭ᠎ᠤᠨ ᠡᠮ ᠡᠮᠨᠡᠯᠭᠡ᠎ᠶ᠋ᠢᠨ ᠴᠢᠬᠤᠯᠠ ᠬᠤᠳᠠᠯᠳᠤᠨ ᠠᠪᠬᠤ ᠲᠠᠯ᠎ᠠ 》 ᠪᠠᠷ ᠭᠤᠤᠯ ᠰᠤᠳᠠᠰᠤ ᠪᠣᠯᠭᠠᠵᠤ᠂ ᠡᠮᠴᠢᠯᠡᠭᠡᠨ᠎ᠦ ᠳᠠᠭᠠᠳᠭᠠᠯ᠎ᠤᠨ ᠬᠡᠲᠦ ᠶᠡᠭᠡ ᠬᠡᠪᠴᠢᠶ᠎ᠡ᠎ᠪᠠᠷ ᠪᠦᠷᠬᠦᠭᠦᠯᠬᠦ᠎ᠶᠢ ᠪᠡᠶᠡᠯᠡᠭᠦᠯᠵᠦ᠍᠂ ᠬᠡᠲᠦ ᠶᠡᠭᠡ ᠬᠡᠪᠴᠢᠶ᠎ᠡ᠎ᠪᠠᠷ ᠬᠤᠳᠠᠯᠳᠤᠨ ᠠᠪᠴᠤ᠌᠂ ᠦᠨ᠎ᠡ ᠥᠷᠲᠡᠭ᠎ᠢᠶᠠᠷ ᠬᠤᠳᠠᠯᠳᠤᠨ ᠠᠪᠬᠤ᠎ᠶ᠋ᠢ ᠪᠠᠷᠢᠮᠲᠠᠯᠠᠵᠤ᠂ ᠪᠥᠬᠦ᠌ ᠪᠥᠮᠪᠥᠷᠴᠡᠭ᠎ᠤᠨ ᠱᠢᠨ᠎ᠡ᠎ᠶ᠋ᠢ ᠡᠭᠦᠳᠬᠦ᠌ ᠡᠮ᠎ᠤᠨ ᠪᠠᠭᠠᠵᠢ ᠬᠡᠷᠡᠭ᠌ᠰᠡᠯ᠎ᠢ ᠦᠷᠭᠦᠯᠵᠢᠯᠡᠨ ᠬᠤᠳᠠᠯᠳᠤᠨ ᠠᠪᠴᠤ᠌᠂ ᠡᠮ ᠡᠮᠨᠡᠯᠭᠡ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠪᠠᠲᠤ ᠳᠡᠮᠵᠢᠪᠡ᠃

ᠣᠶᠤᠨᠴᠢ ᠡᠮᠴᠢᠯᠡᠭᠡᠨ᠎ᠦ ᠳᠠᠭᠠᠳᠭᠠᠯ᠎ᠤᠨ ᠪᠥᠲᠥᠭᠡᠨ ᠪᠠᠢᠭᠤᠯᠤᠯᠲᠠ᠎ᠶ᠋ᠢᠨ ᠲᠠᠯ᠎ᠠ᠎ᠪᠠᠷ᠂ ᠦᠵᠡᠭᠦᠯᠭᠡ᠎ᠶ᠋ᠢᠨ ᠲᠣᠭᠤᠷᠢᠭ᠎ᠨᠢ ᠣᠯᠠᠨ ᠬᠡᠰᠡᠭ᠎ᠢᠶᠠᠷ ᠳᠠᠮᠵᠢᠭᠤᠯᠤᠨ ᠱᠢᠨ᠎ᠡ᠎ᠶ᠋ᠢ ᠡᠭᠦᠳᠦᠭ᠌ᠰᠡᠨ ᠦᠶ᠋ᠯᠡᠳᠦᠯᠭᠡ ᠦᠵᠡᠭᠦᠯᠵᠦ᠍᠂ ᠡᠭᠦᠨ᠎ᠳᠤ ᠡᠮᠴᠢᠯᠡᠭᠡᠨ᠎ᠦ ᠳᠠᠭᠠᠳᠭᠠᠯ᠎ᠤᠨ ᠳ᠋ᠠᠢ᠌ᠲ᠋ᠠ ᠬᠦᠴᠦᠨ ᠨᠡᠮᠡᠷᠢᠯᠡᠵᠦ ᠡᠮ ᠡᠮᠨᠡᠯᠭᠡ᠎ᠶ᠋ᠢᠨ ᠱᠢᠨ᠎ᠡ᠎ᠶ᠋ᠢ ᠡᠭᠦᠳᠬᠦ᠂ ᠡᠮᠴᠢᠯᠡᠭᠡᠨ᠎ᠦ ᠳᠠᠭᠠᠳᠭᠠᠯ᠎ᠤᠨ ᠵᠢᠷᠤᠮᠠᠭ᠎ᠤᠨ ᠡᠭᠦᠯᠡ᠂ ᠡᠮ᠎ᠤᠨ ᠵᠦᠶ᠋ᠯ᠎ᠤᠨ ᠮᠥᠷᠳᠡᠨ ᠨᠡᠬᠡᠮᠵᠢᠯᠡᠬᠦ᠌ ᠺᠣᠳ᠋ ᠵᠡᠷᠭᠡ᠎ᠶ᠋ᠢ ᠪᠠᠭᠲᠠᠭ᠋ᠠᠪᠠ᠃ ᠡᠭᠦᠨ᠎ᠠᠴᠠ ᠭᠠᠳᠠᠨ᠎ᠠ᠂ ᠦᠵᠡᠭᠦᠯᠭᠡ᠎ᠶ᠋ᠢᠨ ᠲᠠᠪᠴᠠᠩ᠎ᠨᠢ ᠪᠠᠰᠠ ᠣᠶᠤᠨᠴᠢ ᠤᠷᠲᠤ ᠬᠤᠭᠤᠴᠠᠭᠠᠨ᠎ᠤ ᠰᠤᠪᠢᠯᠠᠯᠲᠠ᠎ᠶᠢᠨ ᠳᠠᠭ᠋ᠠᠳᠬᠠᠯ᠂ ᠲᠠᠷᠢᠬᠢᠨ᠎ᠤ ᠮᠠᠱᠢᠨ᠎ᠤ ᠵᠠᠯᠭ᠋ᠠᠭ᠋ᠠᠳᠠᠰᠤ᠂ 2025 ᠣᠨ᠎ᠤ ᠪᠥᠬᠦ᠌ ᠤᠯᠤᠰ᠎ᠤᠨ ᠣᠶᠤᠨᠴᠢ ᠡᠮᠴᠢᠯᠡᠭᠡᠨ᠎ᠦ ᠳᠠᠭᠠᠳᠭᠠᠯ᠎ᠤᠨ ᠤᠷᠤᠯᠳᠤᠭᠠᠨ ( ᠱᠠᠩᠬᠠᠶ ) ᠵᠡᠷᠭᠡ ᠡᠮᠦᠨ᠎ᠡ ᠵᠠᠬ᠎ᠠ᠎ᠶ᠋ᠢᠨ ᠬᠦᠷᠢᠶ᠎ᠡ ᠴᠠᠷᠠᠭ᠋ᠠᠨ᠎ᠳᠠᠬᠢ ᠬᠠᠢᠨ ᠰᠥᠪᠡᠭ᠌ᠴᠢᠯᠡᠯᠲᠡ ᠪᠠ ᠪᠠᠷᠠᠯᠠᠯ᠎ᠢ ᠳᠡᠯᠭᠡᠨ ᠦᠵᠡᠭᠦᠯᠪᠡ᠃
