ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ 《AI ᠬᠡᠷᠡᠯ ᠵᠢᠷᠤᠭ ᠵᠶ᠋ᠠᠷ ᠴᠠᠭ ᠬᠤᠭᠤᠴᠠᠭ᠎ᠠ ᠪᠠ ᠣᠷᠣᠨ ᠵᠠᠶ ᠵᠢ ᠰᠤᠨᠳᠠᠯᠠᠭᠰᠠᠨ ᠤᠮᠠᠷᠠᠲᠤ ᠬᠢᠯᠢ ᠵᠢ ᠭᠡᠢ᠌ᠭᠦᠯᠦᠨᠡᠮ — 〈ᠥᠪᠥᠷ ᠮᠣᠩᠭᠤᠯ᠎ᠤᠨ ᠳᠤᠷᠠᠰᠤᠮᠵᠢ〉 ᠪᠣᠳᠠᠲᠤ ᠲᠡᠮᠳᠡᠭᠯᠡᠯ᠎ᠤᠨ ᠵᠢᠷᠤᠭ᠎ᠤᠨ ᠦᠵᠡᠰᠬᠦᠯᠡᠩ》᠎ᠢ ᠵᠣᠬᠢᠶᠠᠨ ᠪᠠᠶ᠋ᠢᠭᠤᠯᠤᠨ ᠲᠣᠭᠤᠷᠢᠨ ᠦᠵᠡᠪᠡ
ᠨᠡᠶ᠋ᠢᠲᠡᠯᠡᠭᠰᠡᠨ ᠴᠠᠭ᠄ 2025-07-31

  ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠮᠠᠷᠠᠲᠤ ᠬᠢᠯᠢ ᠵᠢᠨ ᠰᠣᠶᠣᠯ᠎ᠤᠨ ᠡᠯᠪᠡᠭ ᠪᠠᠶᠠᠯᠢᠭ ᠠᠭᠤᠯᠤᠭᠳᠠᠬᠤᠨ᠎ᠢ ᠬᠠᠶ᠋ᠢᠬᠤ ᠵᠢᠨ ᠲᠥᠯᠥᠭᠡ᠂ ᠨᠠᠮ ᠪᠠᠶ᠋ᠢᠭᠤᠯᠤᠭᠳᠠᠭᠰᠠᠨ 104 ᠵᠢᠯ᠎ᠤᠨ ᠣᠶ ᠵᠢᠨ ᠲᠠᠰᠢᠷᠠᠮ᠎ᠳᠤ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠠᠴᠠ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠶ᠋ᠢᠭᠤᠯᠤᠨ ᠬᠥᠬᠡᠬᠤᠲᠠ ᠵᠢᠨ ᠤᠷᠠᠨ ᠵᠢᠷᠤᠭ᠎ᠤᠨ ᠣᠷᠳᠣᠨ᠎ᠳᠤ ᠬᠦᠷᠴᠦ᠂ ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠎ᠠᠴᠠ ᠲᠥᠰᠦᠪᠯᠡᠨ ᠡᠷᠭᠢᠯᠡᠭᠰᠡᠨ 《AI ᠬᠡᠷᠡᠯ ᠵᠢᠷᠤᠭ ᠵᠶ᠋ᠠᠷ ᠴᠠᠭ ᠬᠤᠭᠤᠴᠠᠭ᠎ᠠ ᠪᠠ ᠣᠷᠣᠨ ᠵᠠᠶ ᠵᠢ ᠰᠤᠨᠳᠠᠯᠠᠭᠰᠠᠨ ᠤᠮᠠᠷᠠᠲᠤ ᠬᠢᠯᠢ ᠵᠢ ᠭᠡᠢ᠌ᠭᠦᠯᠦᠨᠡᠮ — 〈ᠥᠪᠥᠷ ᠮᠣᠩᠭᠤᠯ᠎ᠤᠨ ᠳᠤᠷᠠᠰᠤᠮᠵᠢ〉 ᠪᠣᠳᠠᠲᠤ ᠲᠡᠮᠳᠡᠭᠯᠡᠯ᠎ᠤᠨ ᠵᠢᠷᠤᠭ᠎ᠤᠨ ᠦᠵᠡᠰᠬᠦᠯᠡᠩ》 ᠵᠶ᠋ᠡᠷ ᠲᠣᠭᠤᠷᠢᠨ ᠦᠵᠡᠪᠡ᠃ 

 

 

  ᠦᠵᠡᠬᠦᠯᠬᠡ᠎ᠳᠤ 《ᠭᠤᠳᠤᠮᠵᠢ ᠵᠢᠨ ᠲᠠᠨᠢᠯ ᠪᠤᠰᠤ ᠭᠠᠯ》᠂ 《ᠬᠤᠲᠠ ᠵᠢᠨ ᠲᠠᠮᠠᠭ᠋ᠠᠯᠠᠯ》᠂ 《ᠲᠡᠮᠡᠴᠡᠯ᠎ᠤᠨ ᠢᠷᠠᠭᠤ ᠬᠠᠭᠤᠳᠠᠰᠤ》 ᠭᠡᠬᠦ ᠭᠤᠷᠪᠠᠨ ᠨᠢᠭᠡᠴᠢ ᠵᠢ ᠭᠠᠷᠭ᠋ᠠᠵᠤ᠂ ᠠᠮᠢᠳᠤᠯᠢᠭ ᠵᠢᠷᠤᠭ᠎ᠤᠳ᠎ᠨᠢ ᠥᠪᠥᠷ ᠮᠣᠩᠭᠤᠯ᠎ᠤᠨ ᠭᠠᠵᠠᠷ ᠣᠷᠣᠨ᠎ᠤ ᠪᠠᠶ᠋ᠢᠭ᠋ᠠᠯᠢ ᠵᠢᠨ ᠥᠩᠭᠡ ᠦᠵᠡᠮᠵᠢ᠂ ᠬᠥᠮᠦᠨ ᠰᠣᠶᠣᠯ᠎ᠤᠨ ᠦᠵᠡᠮᠵᠢ ᠵᠢᠴᠢ ᠥᠪᠥᠷ ᠮᠣᠩᠭᠤᠯ᠎ᠤᠨ ᠠᠷᠠᠳ ᠲᠦᠮᠡᠨ᠎ᠤ ᠨᠤᠭᠤᠷᠠᠰᠢ ᠥᠬᠡᠶ ᠴᠢᠷᠮᠠᠶ᠋ᠢᠨ ᠤᠷᠤᠭᠰᠢᠯᠠᠬᠤ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠢ ᠭᠦᠢ᠍ᠴᠡᠳ ᠢᠯᠡᠷᠡᠭᠦᠯᠵᠦ᠂ ᠥᠪᠥᠷ ᠮᠣᠩᠭᠤᠯ᠎ᠤᠨ ᠡᠷᠡᠮᠡᠬᠡᠶ᠋ᠢᠯᠡᠨ ᠤᠷᠤᠭᠰᠢᠯᠠᠭᠰᠠᠨ ᠬᠡᠷᠡᠯ ᠰᠠᠴᠤᠷᠠᠩᠭᠤᠶ ᠥᠩᠭᠡᠷᠡᠯᠲᠡ ᠵᠢ ᠪᠥᠬᠦ ᠲᠠᠯ᠎ᠠ᠎ᠪᠠᠷ ᠢᠯᠡᠷᠡᠭᠦᠯᠦᠭᠰᠡᠨ ᠪᠠᠶ᠋ᠢᠨ᠎ᠠ᠃ ᠨᠠᠮ᠎ᠤᠨ ᠭᠡᠰᠢᠭᠦᠨ ᠺᠠᠳ᠋ᠷᠴᠤᠳ ᠲᠣᠭᠤᠷᠢᠨ ᠦᠵᠡᠬᠦ ᠵᠢᠨ ᠳᠠᠭ᠋ᠠᠤ ᠶᠠᠷᠢᠯᠴᠠᠵᠠᠭ᠋ᠠᠨ᠂ ᠪᠠᠰᠠ ᠦᠵᠡᠭᠦᠯᠭᠡ ᠵᠢᠨ ᠬᠣᠶᠠᠷ ᠬᠡᠮᠵᠢᠯᠲᠦ ᠺᠣᠳ᠋᠎ᠢ ᠪᠠᠶ᠋ᠢᠨ ᠳᠠᠬᠢᠨ ᠰᠢᠷᠪᠢᠵᠦ᠂ ᠭᠦᠨᠵᠡᠭᠡᠢ ᠰᠤᠷᠤᠯᠴᠠᠨ ᠣᠶ᠋ᠢᠯᠠᠭ᠋ᠠᠪᠠ᠃ ᠲᠣᠭᠤᠷᠢᠨ ᠦᠵᠡᠬᠦ᠎ᠪᠠᠷ ᠲᠠᠮᠵᠢᠨ᠂ ᠤᠯᠠᠨ ᠵᠶ᠋ᠠᠷ ᠵᠶ᠋ᠠᠨ ᠨᠡᠶ᠋ᠢᠳᠡᠮ᠎ᠤᠨ ᠭᠦᠨᠵᠡᠭᠡᠢ ᠨᠠᠮᠴᠢ ᠴᠢᠨᠠᠷ᠎ᠤᠨ ᠬᠥᠮᠦᠵᠢᠯ ᠪᠣᠯᠤᠨ ᠤᠶᠤᠨ ᠰᠠᠨᠠᠭ᠋ᠠᠨ᠎ᠤ ᠳᠠᠪᠲᠠᠯᠲᠠ ᠵᠢ ᠥᠩᠭᠡᠷᠡᠭᠡᠵᠦ᠂ ᠬᠤᠶ᠋ᠢᠰᠢᠳᠠ ᠵᠢᠨ ᠠᠵᠢᠯ᠎ᠤᠨ ᠳᠤᠮᠳᠠ᠎ᠪᠠᠨ ᠠᠬᠠᠮᠠᠳ ᠦᠶ᠎ᠡ ᠵᠢᠨ᠎ᠬᠢᠨ᠎ᠤ ᠲᠡᠰᠪᠦᠷᠢ ᠬᠠᠲᠠᠭᠤᠵᠢᠯᠲᠠᠢ ᠲᠡᠮᠡᠴᠡᠬᠦ᠂ ᠵᠠᠮ ᠨᠡᠭᠡᠭᠡᠨ ᠤᠷᠤᠭᠰᠢᠯᠠᠬᠤ ᠵᠣᠷᠢᠭ ᠰᠠᠨᠠᠭ᠎ᠠ ᠵᠢ ᠢᠳᠡᠪᠬᠢᠲᠡᠢ ᠤᠯᠠᠮᠵᠢᠯᠠᠨ ᠪᠠᠳᠠᠷᠠᠭᠤᠯᠵᠤ᠂ ᠤᠮᠠᠷᠠᠲᠤ ᠬᠢᠯᠢ ᠵᠢᠨ ᠰᠣᠶᠣᠯ᠎ᠢ ᠪᠠᠳᠠᠷᠠᠭᠤᠯᠵᠤ᠂ ᠡᠷᠡᠯᠬᠡᠭᠯᠡᠨ ᠤᠷᠤᠭᠰᠢᠯᠠᠬᠤ ᠬᠦᠴᠦᠨ᠎ᠢ ᠰᠢᠩᠭᠡᠭᠡᠨ ᠠᠪᠴᠤ᠂ ᠨᠠᠮ᠎ᠤᠨ ᠭᠡᠰᠢᠭᠦᠨ᠎ᠤ ᠬᠤᠰᠢᠭᠤᠴᠢ ᠵᠢᠱ᠌ᠢᠶᠡᠴᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠤᠯ᠎ᠤᠨ ᠪᠦᠳᠦᠭᠡᠨ ᠪᠠᠶ᠋ᠢᠭᠤᠯᠤᠯᠲᠠ ᠵᠢ ᠪᠡᠶᠡᠯᠡᠭᠦᠯᠬᠦ᠎ᠳᠤ ᠥᠪᠡᠷ᠎ᠤᠨ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            